ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠳᠥᠷᠪᠡᠳᠦᠭᠡᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ
ᠨᠡᠶᠢᠲᠡᠯᠡᠭᠰᠡᠨ ᠴᠠᠭ᠄
2021/8/20
     8 ᠳ᠋ᠤᠭᠠᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠨᠢ 2021 ᠣᠨ ᠤ 26 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠨ ᠳᠥᠷᠪᠡᠳᠦᠭᠡᠷ ᠪᠥᠬᠦᠳᠡ ᠬᠤᠷᠠᠯ ᠪᠣᠯᠤᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠢᠶᠦ᠋ᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
      ᠸᠠᠩ ᠵᠢᠶᠦ᠋ᠨ ᠱᠦᠵᠢ ᠬᠤᠷᠠᠯ ᠡᠷᠬᠢᠯᠡᠬᠦ ᠶᠢᠨ ᠬᠠᠮᠳᠤ ᠶᠠᠷᠢᠶ᠎ᠠ ᠲᠠᠯᠪᠢᠵᠤ ᠪᠠᠶᠢᠭ᠎ᠠ ᠨᠢ            ᠬᠤᠷᠠᠯ ᠠᠴᠠ᠂ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠨᠠᠶᠢᠳᠠᠪᠤᠷᠢᠵᠢᠭᠤᠯᠬᠤ ᠬᠡᠷᠡᠭᠲᠡᠶ᠃ ᠲᠤᠰᠬᠠᠶ ᠰᠡᠳᠦᠪᠲᠦ ᠰᠤᠷᠤᠯᠴᠠᠯᠭ᠎ᠠ ᠶᠢ ᠳᠣᠪᠣᠶᠢᠯᠭᠠᠨ ᠰᠠᠶᠢᠲᠤᠷ ᠠᠳᠬᠤᠵᠤ᠂ ᠨᠠᠮ ᠤᠨ ᠲᠡᠦᠬᠡ ᠪᠠ ᠶᠡᠷᠦᠩᠬᠡᠶ ᠱᠦᠵᠢ ᠰᠢ ᠶᠢᠨ ᠫᠢᠩ ᠤᠨ ︽7·1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠬᠤ ᠪᠠᠷ ᠭᠤᠤᠯᠳᠠᠯᠭ᠎ᠠ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠢᠮᠠᠭᠲᠠ ᠪᠠᠷᠢᠮᠳᠠᠯᠠᠵᠤ᠂ ᠨᠠᠮ ᠤᠨ ᠭᠡᠰᠢᠭᠦᠨ ᠺᠠᠳ᠋ᠷᠴᠤᠳ ᠤᠨ ᠣᠭ ᠰᠠᠨᠠᠭ᠎ᠠ ᠪᠠᠨ ᠰᠠᠬᠢᠬᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠳᠣᠲᠣᠭᠠᠳᠤ ᠶᠢᠨ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠬᠤ ᠶᠢ ᠬᠥᠲᠥᠯᠥᠨ ᠳᠠᠭᠠᠭᠤᠯᠬᠤ ᠬᠡᠷᠡᠭᠲᠡᠶ᠃ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠪᠣᠳᠠᠲᠠᠢ ᠶᠢ ᠡᠷᠬᠢᠮᠯᠡᠨ ᠥᠷᠨᠢᠭᠦᠯᠵᠦ᠂ ᠤᠯᠠᠨ ᠲᠦᠮᠡᠨ ᠤ ᠲᠤᠯᠭᠠᠮ ᠱᠠᠭᠠᠷᠳᠠᠵᠤ ᠪᠠᠶᠢᠭ᠎ᠠ᠂ ᠪᠡᠷᠭᠡᠳᠡᠵᠦ ᠪᠠᠶᠢᠭ᠎ᠠ᠂ ᠵᠤᠪᠠᠵᠤ ᠪᠠᠶᠢᠭ᠎ᠠ᠂ ᠬᠦᠰᠡᠵᠦ ᠪᠠᠶᠢᠭ᠎ᠠ ᠠᠰᠠᠭᠤᠳᠠᠯ ᠢ ᠰᠠᠶᠢᠳᠤᠷ ᠠᠩᠬᠠᠷᠴᠤ᠂ ᠠᠷᠠᠳ ᠤᠨ ᠵᠤᠪᠠᠭᠤᠷᠢ ᠶᠢ ᠲᠠᠶᠢᠯᠬᠤ᠂ ᠠᠷᠠᠳ ᠤᠨ ᠬᠦᠴᠢᠷᠳᠡᠯ ᠢ ᠰᠢᠢᠳᠪᠦᠷᠢᠯᠡᠬᠦ ᠳᠤᠮᠳᠠ ᠨᠠᠮ ᠤᠯᠠᠨ ᠲᠦᠮᠡᠨ ᠪᠠ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠲᠣᠭᠤᠷᠢᠨ ᠳᠤ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ᠃ ᠦᠨᠳᠦᠰᠦᠲᠡᠨ ᠤ ᠠᠵᠢᠯ ᠢ ᠨᠠᠮ ᠤᠨ ᠬᠤᠷᠢᠶᠠᠨ ᠤ ᠵᠢᠯ ᠤᠨ ᠱᠠᠭᠠᠷᠳᠠᠨ ᠪᠠᠶᠢᠴᠠᠭᠠᠬᠤ ᠲᠥᠯᠥᠪᠯᠡᠭᠡ᠂ ᠲᠣᠭᠤᠷᠢᠨ ᠪᠠᠶᠢᠴᠠᠭᠠᠬᠤ ᠴᠠᠭᠳᠠᠨ ᠦᠵᠡᠬᠦ᠂ ᠲᠤᠰᠬᠠᠢ ᠲᠦᠷᠦᠯ ᠢᠶᠠᠷ ᠪᠠᠶᠢᠴᠠᠭᠠᠬᠤ ᠠᠭᠤᠯᠭ᠎ᠠ ᠳᠤ ᠣᠷᠣᠭᠤᠯᠬᠤ ᠶᠢ ᠢᠳᠡᠪᠬᠢᠲᠡᠢ ᠠᠬᠢᠭᠤᠯᠵᠤ᠂ ᠰᠢᠯᠭᠠᠨ ᠦᠨᠡᠯᠡᠬᠦ ᠶᠢᠨ ᠵᠢᠭᠠᠪᠤᠷᠢ ᠳᠣᠬᠢᠶ᠎ᠠ ᠪᠣᠯᠣᠨ ᠲᠣᠬᠢᠶᠠᠨ ᠲᠡᠮᠳᠡᠭ ᠢ ᠭᠦᠢᠴᠡᠳ ᠰᠠᠶᠢᠲᠤᠷ ᠠᠰᠢᠭᠯᠠᠵᠤ᠂ ᠦᠨᠳᠦᠰᠦᠲᠡᠨ ᠤ ᠠᠵᠢᠯ ᠢ ᠰᠢᠯᠭᠠᠨ ᠦᠨᠡᠯᠡᠬᠦ ︽ᠰᠤᠯᠠ ᠪᠠᠷᠢᠮᠵᠢᠶ᠎ᠠ︾ ᠶᠢ ︽ᠴᠢᠩᠭ᠎ᠠ ᠪᠠᠷᠢᠮᠵᠢᠶ᠎ᠠ︾ ᠪᠣᠯᠭᠠᠬᠤ ᠬᠡᠷᠡᠭᠲᠡᠢ᠃ ᠲᠥᠪ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠦᠨᠳᠦᠰᠦᠲᠡᠨ ᠤ ᠠᠵᠢᠯ ᠤᠨ ᠲᠤᠰᠬᠠᠶ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠬᠦᠯᠬᠦ ᠪᠠ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠶ ᠮᠡᠳᠡᠷᠡᠭᠦᠢ ᠶᠢ ᠲᠠᠰᠤᠷᠠᠯᠲᠠ ᠥᠬᠡᠶ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠬᠦ ᠬᠡᠷᠡᠭᠲᠡᠶ ᠬᠡᠵᠦ ᠴᠢᠬᠤᠯᠠᠴᠢᠯᠠᠪᠠ᠃ ᠬᠤᠷᠠᠯ ᠠᠴᠠ᠂ ᠣᠳᠣᠬᠠᠨ ᠤ ᠬᠢᠵᠢᠭ ᠤᠨ ᠪᠠᠶᠢᠳᠠᠯ ᠢ ᠵᠥᠪ ᠲᠠᠨᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠰᠢᠵᠢᠮ ᠢ ᠴᠠᠭ ᠢᠮᠠᠭᠲᠠ ᠴᠢᠩᠭᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠢᠶᠠᠨ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠡᠯ᠎ᠡ ᠵᠦᠢᠯ ᠤᠨ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠭ  ᠤᠨᠤᠪᠴᠢᠳᠠᠢ ᠨᠠᠶᠢᠳᠠᠪᠤᠷᠢᠵᠢᠭᠤᠯᠵᠤ᠂ ᠴᠢᠬᠤᠯᠠ ᠶᠡᠭᠡ ᠠᠵᠢᠯᠯᠠᠭ᠎ᠠ ᠶᠢ ᠬᠢᠨᠠᠨ ᠵᠥᠪᠰᠢᠶᠡᠷᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠠᠰᠠᠷ ᠪᠠᠶᠢᠰᠢᠩ ᠪᠣᠯᠤᠨ ᠠᠯᠪᠠᠯᠠᠬᠤ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠬᠥᠮᠦᠨ ᠬᠠᠷ᠎ᠠ ᠬᠤᠷᠠᠨ ᠴᠤᠭᠯᠠᠷᠠᠬᠤ ᠶᠢ ᠪᠠᠭᠠᠰᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠬᠦ ᠬᠡᠷᠡᠭᠲᠡᠶ ᠬᠡᠵᠦ ᠴᠢᠬᠤᠯᠠᠴᠢᠯᠠᠵᠠᠢ᠃
      ᠬᠤᠷᠠᠯ ᠤᠨ ᠲᠠᠯᠠᠪᠠᠢ              ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃      ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ  ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠤ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠵᠢᠶᠠᠩ ᠶᠠᠨ ᠸᠧᠨ ᠬᠤᠷᠠᠯ ᠳᠤ ᠰᠤᠯᠠ ᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠭᠡᠷ᠂  ᠵᠦᠪᠯᠡᠯ ᠤᠨ ᠡᠯ᠎ᠡ ᠬᠠᠷᠢᠶ᠎ᠠ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ