8 ᠳ᠋ᠤᠭᠠᠷ ᠰᠠᠷ᠎ᠠ ᠶᠢᠨ 25 ᠤ ᠡᠳᠦᠷ᠂ ᠦᠪᠡᠷᠳᠡᠬᠡᠨ ᠵᠠᠰᠠᠬᠤ ᠤᠷᠤᠨ ᠤ ᠦᠨᠳᠦᠰᠦᠳᠡᠨ ᠤ ᠵᠦᠪᠯᠡᠯ | 2021 ᠤᠨ ᠤ 11 ᠳ᠋ᠦ᠋ᠬᠡᠷ ᠤᠳᠠᠭᠠᠨ ᠤ ᠨᠠᠮ ᠤᠨ ᠤᠳᠤᠷᠢᠳᠬᠤ ᠲᠤᠭᠤᠶᠢᠯᠠᠩ ᠤᠨ ᠤᠨᠤᠯ ᠤᠨ ᠭᠤᠤᠯ | ᠲᠤᠭᠤᠶᠢᠯᠠᠩ ᠤᠨ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠭᠤᠯᠵᠤ᠂ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠨᠢᠬᠡᠳᠦᠮᠡᠯ ᠹᠷᠤᠨᠲ ᠤᠨ ᠬᠡᠯᠳᠡᠰ ᠤᠨ ᠪᠠᠶᠢᠩᠭᠤ ᠶᠢᠨ ᠲᠡᠳ᠋ | ᠲᠠᠷᠤᠭ᠎ᠠ᠂ ᠦᠪᠡᠷᠳᠡᠬᠡᠨ ᠵᠠᠰᠠᠬᠤ ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠤᠨ ᠨᠠᠮ ᠤᠨ ᠤᠳᠤᠷᠢᠳᠬᠤ | ᠲᠤᠭᠤᠶᠢᠯᠠᠩ ᠤᠨ ᠱᠦᠵᠢ ᠸᠠᠩ ᠵᠢᠶᠦ᠋ᠨ ᠬᠤᠷᠠᠯ ᠡᠷᠬᠢᠯᠡᠪᠡ᠃ ᠦᠪᠡᠷᠳᠡᠬᠡᠨ ᠵᠠᠰᠠᠬᠤ ᠤᠷᠤᠨ ᠤ ᠦᠨᠳᠦᠰᠦᠳᠡᠨ ᠤ | ᠬᠡᠷᠡᠭ ᠡᠷᠬᠢᠯᠡᠬᠦ ᠵᠦᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠭᠠᠵᠠᠷ ᠲᠠᠰᠤᠭ ᠵᠢᠴᠢ ᠵᠦᠪᠯᠡᠯ ᠤᠨ | ᠡᠯ᠎ᠡ ᠬᠠᠷᠢᠶ᠎ᠠ ᠨᠢᠬᠡᠴᠢ ᠶᠢᠨ ᠬᠠᠷᠢᠭᠤᠴᠠᠯᠭᠠᠳᠠᠨ ᠬᠤᠷᠠᠯ ᠳᠤ ᠤᠷᠤᠯᠴᠠᠵᠠᠢ᠃ | | ᠸᠠᠩ ᠵᠢᠶᠦ᠋ᠨ ᠬᠤᠷᠠᠯ ᠡᠷᠬᠢᠯᠡᠵᠤ ᠪᠠᠶᠢᠭ᠎ᠠ ᠨᠢ | | ᠬᠤᠷᠠᠯ ᠳᠤ᠂ ︽︿ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠰᠦᠯᠳᠡ ᠨᠠᠮ ᠤᠨ ᠲᠤᠭ ᠤᠨ | ᠠᠵᠢᠯ ᠤᠨ ᠲᠦᠷᠢᠮ﹀ ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠲᠤᠬᠠᠢ ᠮᠡᠳᠡᠭᠳᠡᠯ︾᠂ ᠪᠦᠬᠦ ᠤᠷᠤᠨ ᠤ | ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠤᠨ ︽ᠪᠢ ᠤᠯᠠᠨ ᠲᠦᠮᠡᠨ ᠳᠤ ᠪᠤᠳᠠᠳᠤ ᠶᠠᠪᠤᠳᠠᠯ ᠬᠢᠵᠤ ᠥᠭᠬᠦ︾ | ᠦᠢᠯᠡᠳᠦᠯᠬᠡ ᠶᠢᠨ ᠠᠵᠢᠯᠯᠠᠭᠠᠨ ᠤ ᠲᠤᠰᠬᠠᠢ ᠰᠡᠳᠦᠪᠳᠤ ᠠᠵᠢᠯ ᠵᠤᠬᠢᠴᠠᠭᠤᠯᠬᠤ ᠬᠤᠷᠠᠯ ᠪᠤᠯᠤᠨ ᠦᠪᠡᠷᠳᠡᠬᠡᠨ | ᠵᠠᠰᠠᠬᠤ ᠤᠷᠤᠨ ᠤ ᠦᠳᠡᠬᠦᠰ ᠤᠨ ᠠᠵᠢᠯ ᠤᠨ ᠵᠦᠪᠯᠡᠯ ᠤᠨ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠰᠦᠯᠳᠡ ᠨᠠᠮ ᠤᠨ ᠲᠤᠭ ᠤᠨ ᠠᠵᠢᠯ ᠤᠨ | ᠲᠦᠷᠢᠮ︾᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ ᠬᠡᠰᠢᠭᠦᠨ ᠤ ᠬᠦᠮᠦᠵᠢᠯ ᠤᠨ | ᠬᠠᠮᠢᠶᠠᠷᠤᠯᠳᠠ ᠶᠢᠨ ᠲᠦᠷᠢᠮ︾ ᠵᠡᠷᠬᠡ ᠨᠠᠮ ᠤᠨ ᠲᠤᠳᠤᠭᠠᠳᠤ ᠶᠢᠨ ᠬᠠᠤᠯᠢ ᠲᠤᠭᠳᠠᠭᠠᠯ ᠢ ᠬᠦᠨᠵᠡᠬᠡᠢ ᠰᠤᠷᠤᠯᠴᠠᠪᠠ᠃ | | ᠬᠤᠷᠠᠯ ᠤᠨ ᠠᠬᠤᠢ ᠲᠠᠯᠠᠪᠠᠢ | | ᠸᠠᠩ ᠵᠢᠶᠦ᠋ᠨ ᠠᠴᠠ ᠲᠦᠪ ᠤᠨ ᠪᠠ ᠦᠪᠡᠷᠳᠡᠬᠡᠨ ᠵᠠᠰᠠᠬᠤ ᠤᠷᠤᠨ ᠤ ᠡᠯ᠎ᠡ ᠵᠦᠢᠯ ᠤᠨ ᠰᠢᠢᠳᠪᠦᠷᠢᠳᠦ | ᠪᠤᠳᠤᠯᠭ᠎ᠠ ᠪᠠᠶᠢᠷᠢᠯᠠᠭᠤᠯᠤᠯᠳᠠ ᠪᠤᠯᠤᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠲᠡᠷᠡ | ᠶᠤᠰᠤᠭᠠᠷ ᠨᠢ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠬᠤ ᠬᠡᠷᠡᠭᠳᠡᠢ᠃ ᠨᠠᠮ ᠤᠨ ᠲᠦᠪ ᠬᠤᠷᠢᠶᠠᠨ ᠤ ᠨᠠᠮ ᠤᠨ | ᠲᠡᠤᠬᠡ ᠶᠢᠨ ᠰᠤᠷᠤᠯᠴᠠᠯᠭ᠎ᠠ ᠬᠦᠮᠦᠵᠢᠯ ᠢ ᠦᠷᠨᠢᠬᠦᠯᠵᠤ ᠪᠠᠶᠢᠭ᠎ᠠ ᠶᠢᠨ ᠬᠦᠨᠵᠡᠬᠡᠢ ᠤᠳᠬ᠎ᠠ ᠰᠠᠨᠠᠭ᠎ᠠ ᠶᠢ ᠨᠢ | ᠤᠶᠢᠯᠠᠭᠠᠵᠤ᠂ ︽ᠪᠤᠳᠠᠳᠠᠢ ᠪᠠᠶᠢᠬᠤ︾ ᠵᠠᠷᠴᠢᠮ ᠪᠠ ᠪᠠᠷᠢᠮᠵᠢᠶ᠎ᠠ ᠶᠢ ᠪᠠᠷᠢᠮᠳᠠᠯᠠᠵᠤ᠂ ᠮᠠᠨ ᠤ ᠵᠦᠪᠯᠡᠯ ᠤᠨ ︽ᠪᠤᠳᠠᠳᠤ | ᠶᠠᠪᠤᠳᠠᠯ ᠬᠢᠵᠤ ᠦᠭᠬᠦ︾ ᠨᠠᠷᠢᠨ ᠳᠠᠩᠰᠠ ᠲᠠᠢ ᠬᠠᠷᠭᠤᠭᠤᠯᠵᠤ᠂ ᠴᠠᠭ ᠲᠤᠬᠠᠢ ᠳᠤ ᠨᠢ ᠠᠵᠢᠯ ᠢᠶᠠᠨ ᠳ᠋ᠦᠩᠨᠡᠨ | ᠡᠮᠬᠢᠯᠡᠵᠤ᠂ ︽ᠪᠤᠳᠠᠳᠤ ᠶᠠᠪᠤᠳᠠᠯ ᠬᠢᠵᠤ ᠦᠭᠬᠦ︾ ᠠᠵᠢᠯ ᠤᠨ ᠪᠣᠳᠠᠲᠠᠢ ᠦᠷ᠎ᠡ ᠪᠦᠳᠦᠮᠵᠢ ᠤᠯᠬᠤ ᠶᠢ ᠠᠬᠢᠭᠤᠯᠵᠤ᠂ | ᠮᠠᠨ ᠤ ᠵᠦᠪᠯᠡᠯ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠤᠨ ᠪᠤᠳᠠᠳᠤ ᠦᠷ᠎ᠡ ᠪᠦᠳᠦᠮᠵᠢ ᠤᠯᠬᠤ ᠶᠢ | ᠪᠠᠳᠤᠯᠠᠬᠤ ᠬᠡᠷᠡᠭᠳᠡᠢ᠃ ᠤᠳᠤᠬᠠᠨ ᠤ ᠦᠳᠡᠬᠦᠰ ᠤᠨ ᠠᠵᠢᠯ ᠤᠨ ᠪᠠᠶᠢᠳᠠᠯ ᠪᠠ ᠡᠬᠦᠷᠬᠡ ᠶᠢ ᠬᠦᠨᠵᠠᠬᠡᠢ ᠲᠠᠨᠢᠵᠤ᠂ | ᠠᠵᠢᠯ ᠤᠨ ᠬᠠᠨᠳᠤᠯᠭᠠᠳᠤ ᠴᠢᠨᠠᠷ ᠪᠠ ᠴᠠᠭᠳᠤ ᠴᠢᠨᠠᠷ ᠢ ᠲᠡᠬᠡᠭᠰᠢᠯᠡᠬᠦᠯᠵᠦ᠂ ᠦᠢᠯᠡᠴᠢᠯᠡᠭᠡ ᠶᠢ ᠪᠠᠲᠤᠯᠠᠨ | ᠴᠢᠩᠭᠠᠳᠬᠠᠵᠤ᠂ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠤᠯᠤᠰ ᠲᠦᠷᠦ ᠪᠠ ᠠᠮᠢᠳᠦᠷᠠᠯ ᠤᠨ ᠤᠯᠭᠤᠮᠵᠢ | ᠬᠠᠷᠠᠭᠠᠯᠵᠠᠯ ᠢ ᠰᠠᠶᠢᠳᠤᠷ ᠨᠠᠶᠢᠳᠠᠪᠤᠷᠢᠵᠢᠭᠤᠯᠬᠤ ᠬᠡᠷᠡᠭᠳᠡᠢ᠃ ᠠᠬᠠᠮᠠᠳ ᠺᠠᠳ᠋ᠷᠴᠤᠳ ᠲᠠᠢ ᠤᠶᠢᠯᠠᠭᠠᠯᠴᠠᠭ᠎ᠠ ᠪᠣᠯᠣᠨ | ᠬᠤᠯᠪᠤᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠰᠠᠨᠠᠯ ᠰᠠᠨᠠᠭᠤᠯᠭ᠎ᠠ ᠶᠢ ᠨᠢ ᠢᠯᠡᠬᠦᠬᠡᠨ ᠰᠤᠨᠤᠰᠴᠤ᠂ ᠠᠬᠠᠮᠠᠳ | ᠺᠠᠳ᠋ᠷᠴᠤᠳ ᠢᠶᠠᠷ ᠢᠳᠡᠪᠬᠢᠳᠡᠢ ᠰᠠᠨᠠᠭᠤᠯᠭ᠎ᠠ ᠠᠷᠭ᠎ᠠ ᠪᠤᠳᠤᠯᠭ᠎ᠠ ᠭᠠᠷᠭᠠᠭᠤᠯᠵᠤ᠂ ᠰᠢᠨ᠎ᠡ ᠴᠠᠭ ᠦᠶ᠎ᠡ ᠶᠢᠨ | ᠦᠨᠳᠦᠰᠦᠳᠡᠨ ᠤ ᠠᠵᠢᠯ ᠢ ᠰᠠᠶᠢᠳᠤᠷ ᠬᠢᠬᠦ ᠳᠤ ᠦᠷᠬᠦᠯᠵᠢᠯᠡᠨ ᠵᠢᠳᠬᠦᠯ ᠦᠵᠡᠭᠦᠯᠬᠦ ᠬᠡᠷᠡᠭᠳᠡᠢ ᠬᠡᠵᠤ ᠱᠠᠭᠠᠷᠳᠠᠵᠠᠢ᠃ | |