8 ᠳ᠋ᠤᠭᠠᠷ ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ 2021 ᠣᠨ ᠤ 25 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ | ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠥᠪᠡᠳ ᠲᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ | ᠭᠠᠮᠰᠢᠭ ᠠᠴᠠ ᠠᠪᠤᠷᠠᠬᠤ ᠠᠵᠢᠯ ᠤᠨ ᠲᠤᠬᠠᠶ ᠴᠢᠬᠤᠯᠠ ᠵᠢᠭᠠᠪᠤᠷᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠬᠤᠷᠢᠶᠠᠨ ᠤ ᠠᠷᠪᠠᠨ | ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠪᠠᠶᠢᠩᠭᠤ ᠶᠢᠨ ᠬᠤᠷᠢᠶ᠎ᠠ ᠶᠢᠨ 274 ᠳ᠋ᠤᠭᠡᠷ ᠤᠳᠠᠭ᠎ᠠ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠭᠤᠷᠪᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ ᠸᠠᠩ ᠵᠢᠶᠦ᠋ᠨ ᠱᠦᠵᠢ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | | ᠸᠠᠩ ᠵᠢᠶᠦ᠋ᠨ ᠬᠤᠷᠠᠯ ᠢ ᠡᠷᠬᠢᠯᠡᠵᠦ ᠶᠠᠷᠢᠶ᠎ᠠ ᠲᠠᠯᠪᠢᠵᠦ ᠪᠠᠶᠢᠭ᠎ᠠ ᠨᠢ | | ᠬᠤᠷᠠᠯ ᠠᠴᠠ᠂ ᠲᠡᠦᠬᠡ ᠶᠢ ᠰᠤᠷᠤᠯᠴᠠᠵᠤ ᠴᠢᠷᠮᠠᠶᠢᠨ ᠦᠢᠯᠡᠳᠦᠯᠭᠡᠵᠢᠬᠦᠯᠬᠦ ᠪᠣᠯ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠤᠨ ᠵᠣᠭᠰᠣᠯᠲᠠ ᠮᠥᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠶᠢᠯᠠᠭᠠᠵᠤ ᠬᠦᠨᠵᠡᠭᠡᠢ ᠡᠵᠡᠮᠰᠢᠵᠦ᠂ ᠥᠷᠭᠡᠨ ᠤᠯᠠᠨ ᠨᠠᠮ ᠤᠨ | ᠭᠡᠰᠢᠭᠦᠨ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠪᠠᠷ | ᠨᠠᠮᠴᠢ ᠴᠢᠨᠠᠷ ᠤᠨ ᠪᠣᠯᠪᠠᠰᠤᠷᠠᠯ ᠢ ᠨᠢ ᠰᠢᠮᠡᠵᠢᠬᠦᠯᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠳᠤᠳᠬᠠᠵᠤ᠂ ᠤᠯᠤᠰ | ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠶᠢᠯᠠᠭᠠᠬᠤ ᠴᠢᠳᠠᠪᠤᠷᠢ᠂ ᠤᠯᠤᠰ ᠲᠦᠷᠦ ᠶᠢᠨ | ᠭᠦᠢᠴᠡᠳᠬᠡᠬᠦ ᠴᠢᠳᠠᠪᠤᠷᠢ ᠪᠠᠨ ᠲᠠᠰᠤᠷᠠᠯᠳᠠ ᠦᠭᠡᠢ ᠲᠡᠭᠡᠭᠰᠢᠯᠡᠬᠦᠯᠵᠦ᠂ ᠤᠬᠠᠮᠰᠠᠷ ᠠᠴᠠ ᠪᠠᠨ ᠨᠠᠮᠴᠢ ᠴᠢᠨᠠᠷ ᠢ | ᠳᠠᠪᠲᠠᠨ ᠪᠣᠯᠪᠠᠰᠤᠷᠠᠭᠤᠯᠬᠤ ᠪᠠ ᠠᠷᠠᠳ ᠲᠦᠮᠡᠨ ᠳᠤ ᠦᠢᠯᠡᠴᠢᠯᠡᠬᠦ᠂ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ | ᠴᠢᠷᠮᠠᠶᠢᠨ ᠦᠢᠯᠡᠳᠦᠯᠭᠡᠵᠢᠬᠦᠯᠵᠦ᠂ ᠲᠡᠦᠬᠡ ᠶᠢ ᠰᠤᠷᠤᠯᠴᠠᠵᠤ ᠶᠣᠰᠣ ᠤᠴᠢᠷ ᠢ ᠤᠶᠢᠯᠠᠭᠠᠬᠤ᠂ ᠲᠡᠦᠬᠡ ᠶᠢ | ᠰᠤᠷᠤᠯᠴᠠᠵᠤ ᠢᠳᠡᠭᠡᠯ ᠵᠤᠷᠢᠭ ᠢᠶᠠᠨ ᠨᠡᠮᠡᠭᠳᠡᠬᠦᠯᠬᠦ᠂ ᠲᠡᠦᠬᠡ ᠶᠢ ᠰᠤᠷᠤᠯᠴᠠᠵᠤ ᠶᠣᠰᠣ ᠰᠤᠷᠳᠠᠬᠤᠨ ᠢ ᠡᠷᠬᠢᠮᠯᠡᠬᠦ | ᠦᠷ᠎ᠡ ᠪᠦᠲᠦᠭᠡᠯ ᠢ ᠪᠡᠶᠡᠴᠢ ᠶᠢᠷᠲᠢᠨᠴᠦ ᠪᠠ ᠪᠤᠰᠤᠳᠴᠢ ᠶᠢᠷᠲᠢᠨᠴᠦ ᠶᠢ ᠥᠭᠡᠷᠡᠴᠢᠯᠡᠬᠦ ᠪᠣᠳᠠᠲᠤ ᠠᠵᠢᠯᠯᠠᠭ᠎ᠠ ᠪᠣᠯᠭᠠᠨ | ᠬᠤᠪᠢᠷᠠᠭᠤᠯᠬᠤ ᠬᠡᠷᠡᠭᠳᠡᠢ ᠬᠡᠵᠦ ᠵᠢᠭᠠᠵᠤ ᠭᠠᠷᠭᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ | ᠥᠭᠦᠯᠡᠯᠲᠡ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠪᠠᠷ ᠭᠤᠣᠯ ᠰᠢᠵᠢᠮ ᠪᠤᠯᠭᠠᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ᠃ | ᠰᠣᠶᠣᠯ ᠤᠨ ᠮᠡᠳᠡᠷᠡᠭᠦᠢ ᠶᠢ ᠴᠢᠩᠭᠠᠳᠬᠠᠵᠤ᠂ ᠵᠥᠪ ᠣᠨᠣᠪᠴᠢᠲᠠᠢ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ | ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠠᠲᠤ ᠪᠤᠢ ᠪᠣᠯᠭᠠᠵᠤ᠂ | ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠰᠠᠶᠢᠲᠤᠷ ᠪᠦᠳᠦᠭᠡᠨ ᠪᠠᠶᠢᠭᠤᠯᠬᠤ | ᠬᠡᠷᠡᠭᠲᠡᠢ᠃ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠪᠥᠬᠦ ᠲᠠᠯ᠎ᠠ ᠪᠠᠷ | ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠪᠣᠯᠤᠨ ᠡᠭᠦᠳᠦᠨ | ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠦᠨᠳᠦᠰᠦᠲᠡᠨ ᠨᠦᠭᠦᠳ ᠢ ᠠᠨᠠᠷ ᠤᠨ ᠦᠷ᠎ᠡ ᠰᠢᠭ ᠨᠢᠭᠲᠠᠷᠠᠨ | ᠪᠦᠯᠬᠦᠮᠳᠡᠭᠦᠯᠵᠦ᠂ ᠡᠬᠡ ᠤᠯᠤᠰ ᠤᠨ ᠬᠢᠯᠢ ᠬᠢᠵᠠᠭᠠᠷ ᠢ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ | ᠠᠮᠢᠳᠤᠷᠠᠯ ᠢ ᠬᠠᠮᠲᠤ ᠪᠠᠷ ᠴᠣᠭᠴᠠᠯᠠᠨ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ | ᠠᠯᠳᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃ | ᠬᠤᠷᠠᠯ ᠠᠴᠠ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠬᠦᠨᠳᠦ ᠨᠣᠴᠢᠲᠠᠢ | ᠴᠢᠨᠠᠷ ᠪᠣᠯᠤᠨ ᠨᠠᠷᠢᠨ ᠪᠤᠳᠤᠯᠢᠶᠠᠨᠲᠤ ᠴᠢᠨᠠᠷ ᠢ ᠭᠦᠢᠴᠡᠳ ᠲᠠᠨᠢᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠰᠢᠨ᠎ᠡ ᠪᠠᠶᠢᠷᠢᠯᠠᠭᠤᠯᠤᠯᠲᠠ ᠰᠢᠨ᠎ᠡ | ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢᠶᠠᠨ | ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠢ ᠲᠣᠭᠲᠠᠭᠠᠯ ᠢ ᠵᠢᠷᠤᠮᠯᠠᠵᠤ᠂ ᠨᠠᠮ ᠤᠨ | ᠭᠡᠰᠢᠭᠦᠨ ᠺᠠᠳ᠋ᠷᠴᠤᠳ ᠴᠢᠬᠤᠯᠠᠴᠢᠯᠠᠭ᠎ᠠ ᠦᠭᠡᠢ ᠪᠣᠯ ᠴᠤᠭᠯᠠᠷᠠᠬᠤ ᠦᠭᠡᠢ᠂ ᠴᠢᠬᠤᠯᠠᠴᠢᠯᠠᠭ᠎ᠠ ᠦᠭᠡᠢ ᠪᠣᠯ ᠠᠵᠢᠯ | ᠢᠶᠠᠷ ᠭᠠᠳᠠᠬᠰᠢ ᠭᠠᠷᠬᠤ ᠦᠭᠡᠢ ᠪᠠᠶᠢᠬᠤ ᠶᠢ ᠪᠠᠷᠢᠮᠲᠠᠯᠠᠵᠤ᠂ ᠬᠢᠵᠢᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ | ᠬᠥᠮᠦᠵᠢᠯ ᠤᠨ ᠵᠢᠯᠤᠭᠤᠳᠤᠮᠵᠢ ᠶᠢᠨ ᠠᠵᠢᠯ ᠢ ᠲᠦᠷᠦᠭᠦᠯᠡᠨ ᠰᠠᠶᠢᠲᠤᠷ ᠬᠢᠵᠦ᠂ ᠬᠢᠵᠢᠭ ᠢ ᠰᠡᠷᠭᠡᠶᠢᠯᠡᠨ ᠡᠵᠡᠮᠳᠡᠭᠰᠡᠨ | ᠬᠢᠯᠪᠠᠷ ᠪᠤᠰᠤ ᠦᠷ᠎ᠡ ᠪᠦᠲᠦᠮᠵᠢ ᠶᠢ ᠰᠠᠶᠢᠲᠤᠷ ᠬᠠᠮᠠᠭᠠᠯᠠᠬᠤ ᠬᠡᠷᠡᠭᠲᠡᠢ ᠱᠠᠭᠠᠷᠳᠠᠵᠠᠢ᠃ | | ᠬᠤᠷᠠᠯ ᠤᠨ ᠲᠠᠯᠠᠪᠠᠢ | | ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ | ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠲᠤ ᠲᠣᠮᠢᠯᠠᠨ | ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ | ᠰᠤᠯᠠ ᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ | ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠬᠡᠷ᠂ ᠵᠦᠪᠯᠡᠯ ᠤᠨ ᠬᠠᠷᠢᠶ᠎ᠠ ᠡᠯ᠎ᠡ | ᠨᠢᠭᠡᠴᠢ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | |