ᠰᠤᠷᠪᠤᠯᠵᠢᠯᠠᠭᠴᠢ 7 ᠳ᠋ᠤᠭᠠᠷ ᠰᠠᠷ᠎ᠠ ᠶᠢᠨ 26 ᠤ ᠡᠳᠦᠷ ᠥᠪᠡᠷᠲᠡᠭᠡᠨ ᠵᠠᠰᠠᠬᠤ ᠣᠷᠣᠨ ᠤ ᠰᠣᠶᠣᠯ | ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠲᠠᠪᠤᠳᠤᠭᠠᠷ ᠪᠦᠯᠦᠭ ᠤᠨ ᠤᠯᠤᠰ ᠤᠨ | ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠤᠨ ᠨᠡᠷᠡᠰ ᠤᠨ | ᠵᠢᠭᠰᠠᠭᠠᠯᠲᠠ ᠶᠢ ᠨᠡᠶᠢᠲᠡᠯᠡᠪᠡ᠂ ᠡᠭᠦᠨ ᠳᠤ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ | ᠲᠥᠯᠥᠭᠡᠯᠡᠬᠦ ᠴᠢᠨᠠᠷᠲᠠᠶ ᠲᠥᠷᠥᠯ ᠵᠦᠢᠯ 185᠂ᠥᠷᠭᠡᠳᠬᠡᠭᠰᠡᠨ ᠲᠥᠷᠥᠯ ᠵᠦᠢᠯ 140 ᠪᠣᠶ᠃ ᠥᠪᠥᠷ | ᠮᠣᠩᠭᠤᠯ ᠤᠨ 17 ᠲᠥᠷᠥᠯ ᠵᠦᠢᠯ ᠰᠤᠩᠭᠤᠬᠳᠠᠨ ᠤᠷᠤᠵᠤ᠂ ᠡᠭᠦᠨ ᠳᠤ 5 ᠲᠥᠷᠥᠯ ᠵᠦᠢᠯ ᠰᠢᠨ᠎ᠡ ᠪᠠᠷ ᠨᠡᠮᠡᠭᠳᠡᠵᠦ᠂ | ᠦᠷᠭᠡᠳᠭᠡᠭᠰᠡᠨ ᠲᠦᠷᠦᠯ ᠵᠦᠢᠯ 12 ᠪᠤᠢ᠃ | ᠡᠨᠡ ᠤᠳᠠᠭᠠᠨ ᠤ 17 ᠲᠦᠷᠦᠯ ᠵᠦᠢᠯ ᠤᠨ ᠪᠣᠳᠠᠰ ᠤᠨ ᠪᠤᠰᠤ ᠰᠣᠶᠣᠯ ᠤᠨ ᠥᠪ ᠨᠢ ᠲᠤᠰ ᠲᠤᠰ᠄ | ᠵᠢᠩᠭᠠᠷ᠂ ᠡᠸᠡᠩᠬᠢ ᠦᠨᠳᠦᠰᠦᠲᠡᠨ ᠤ ᠠᠷᠠᠳ ᠤᠨ ᠠᠮᠠᠨ ᠦᠯᠢᠭᠡᠷ᠂ ᠬᠤᠱᠤᠳ ᠠᠷᠠᠳ ᠤᠨ ᠳᠠᠭᠤᠤ᠂ | ᠦᠵᠦᠮᠦᠴᠢᠨ ᠤᠷᠲᠤ ᠶᠢᠨ ᠳᠠᠭᠤᠤ᠂ ᠰᠠᠪᠠᠷᠳᠠᠩ᠂ ᠡᠯ ᠷᠧᠨ ᠲᠠᠢ᠂ ᠦᠦᠰᠢᠨ ᠤ ᠵᠢᠷᠤᠭ᠎ᠠ ᠮᠤᠷᠢᠨ ᠤ ᠤᠷᠤᠯᠳᠤᠭᠠᠨ᠂ | ᠴᠠᠬᠠᠷ ᠨᠣᠣᠰᠣᠨ ᠬᠠᠳᠬᠤᠮᠠᠯ᠂ ᠮᠣᠩᠭᠤᠯ ᠦᠨᠳᠦᠰᠦᠲᠡᠨ ᠤ ᠠᠷᠠᠰᠤᠨ ᠤᠷᠠᠯᠠᠯ᠂ ᠲᠦᠰᠢᠶᠡᠲᠦ ᠶᠢᠨ ᠬᠠᠳᠬᠤᠮᠠᠯ᠂ | ᠠᠳᠤᠭᠤᠨ ᠤ ᠲᠠᠯ ᠢᠶᠠᠷ ᠬᠠᠳᠬᠤᠮᠠᠯᠯᠠᠬᠰᠠᠨ ᠲᠠᠩᠺᠠ ᠵᠢᠷᠤᠭ᠂ ᠪᠠᠭᠠᠷᠢᠨ ᠤ ᠴᠢᠯᠠᠭᠤᠨ ᠰᠡᠶᠢᠯᠦᠮᠡᠯ᠂ ᠮᠣᠩᠭᠤᠯ | ᠡᠮᠨᠡᠯᠭᠡ ᠶᠢᠨ ᠤᠯᠠ ᠡᠪᠡᠰᠦᠨ ᠲᠦᠭᠡᠨᠡᠯᠭᠡ ᠶᠢᠨ ᠮᠡᠷᠭᠡᠵᠢᠯ᠂ ᠤᠷᠠᠳ ᠤᠨ ᠵᠡᠰ ᠮᠥᠩᠭᠦᠨ ᠡᠳ᠋ᠯᠡᠯ ᠬᠢᠬᠦ ᠮᠡᠷᠭᠡᠵᠢᠯ᠂ | ᠰᠠᠨ ᠺᠦᠩ ᠯᠢ ᠣᠪᠣᠭᠲᠠᠨ ᠤ ᠶᠠᠰᠤ ᠪᠠᠷᠢᠬᠤ ᠮᠡᠷᠭᠡᠵᠢᠯ᠂ ᠪᠠᠶᠠᠨ ᠵᠢᠷᠦᠬᠡ ᠠᠭᠤᠯᠠ ᠶᠢᠨ ᠲᠠᠬᠢᠯᠭ᠎ᠠ᠂ ᠵᠢᠷᠠᠨ | ᠬᠠᠶᠢᠯᠠᠰᠤ ᠶᠢᠨ ᠲᠠᠬᠢᠯᠭ᠎ᠠ᠃ | ᠤᠳᠤ ᠪᠣᠯᠲᠠᠯ᠎ᠠ ᠥᠪᠥᠷ ᠮᠣᠩᠭᠤᠯ ᠳᠤ ᠬᠥᠮᠦᠨ ᠲᠥᠷᠥᠯᠬᠢᠲᠡᠨ ᠤ ᠪᠣᠳᠠᠰ ᠤᠨ ᠪᠤᠰᠤ ᠰᠣᠶᠣᠯ ᠤᠨ | ᠥᠪ ᠤᠨ ᠲᠥᠯᠥᠭᠡᠯᠡᠭᠴᠢ ᠪᠦᠲᠦᠭᠡᠯ 2 ᠪᠣᠶ ︵ᠣᠷᠳᠣ ᠶᠢᠨ ᠳᠠᠭᠤᠤ᠂ ᠬᠥᠭᠡᠮᠡᠶ︶᠂ ᠡᠭᠦᠨ ᠳᠤ ᠮᠣᠩᠭᠤᠯ | ᠦᠨᠳᠦᠰᠦᠲᠡᠨ ᠤ ᠣᠷᠳᠣ ᠶᠢᠨ ᠳᠠᠭᠤᠤ ᠶᠢ ᠳᠤᠮᠳᠠᠳᠤ ᠮᠣᠩᠭᠤᠯ ᠬᠤᠶᠠᠷ ᠤᠯᠤᠰ ᠬᠠᠮᠲᠤᠷᠠᠨ ᠡᠷᠡᠮᠡᠯᠵᠡᠨ | ᠮᠡᠳᠡᠭᠦᠯᠦᠭᠰᠡᠨ ᠶᠤᠮ᠂ ᠡᠨᠡ ᠨᠢ ᠮᠠᠨ ᠤ ᠤᠯᠤᠰ ᠠᠩᠬ᠎ᠠ ᠤᠳᠠᠭ᠎ᠠ ᠭᠠᠳᠠᠭᠠᠳᠤ ᠤᠯᠤᠰ ᠲᠠᠢ ᠬᠠᠮᠲᠤ ᠪᠠᠷ ᠠᠳᠠᠯᠢ | ᠨᠢᠭᠡᠨ ᠪᠣᠳᠠᠰ ᠤᠨ ᠪᠤᠰᠤ ᠰᠣᠶᠣᠯ ᠤᠨ ᠥᠪ ᠢ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ | ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠳᠤ ᠡᠷᠡᠮᠡᠯᠵᠡᠯᠡᠨ ᠮᠡᠳᠡᠭᠦᠯᠵᠦ | ᠪᠠᠳᠤᠯᠠᠬᠳᠠᠬᠰᠠᠨ ᠲᠥᠷᠥᠯ ᠵᠦᠢᠯ ᠪᠣᠯᠤᠨ᠎ᠠ︔ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ | ᠲᠥᠯᠥᠭᠡᠯᠡᠬᠦ ᠴᠢᠨᠠᠷᠲᠠᠶ ᠲᠦᠷᠦᠯ ᠵᠦᠢᠯ 98᠂ ᠬᠠᠮᠠᠭᠠᠯᠠᠯᠲᠠ ᠶᠢᠨ ᠨᠢᠭᠡᠴᠢ 106 ᠪᠤᠢ᠃ |