︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯ ᠦᠭᠡᠶ ᠦᠢᠯᠡᠳᠪᠦᠷᠢᠯᠡᠯ ᠤᠨ ᠬᠠᠤᠯᠢ︾  ᠶᠢ ᠭᠦᠨᠵᠡᠭᠡᠶ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠦᠭᠡᠶ ᠦᠢᠯᠡᠳᠪᠦᠷᠢᠯᠡᠯ ᠤᠨ ᠵᠦᠪᠯᠡᠯ ᠤᠨ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/8/4
        ᠥᠪᠥᠷ ᠠᠶᠤᠯ ᠦᠭᠡᠶ ᠵᠦᠪᠯᠡᠯ ᠠᠯᠪᠠᠨ ᠭᠡᠷ ﹇2021﹈ 41 ᠳ᠋ᠦ᠋ᠬᠡᠷ ᠲᠤᠭᠠᠳᠤ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠠᠶᠤᠯ ᠦᠭᠡᠶ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠬᠡᠴᠢ᠄      ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯ ᠦᠬᠡᠢ ᠦᠢᠯᠡᠳᠪᠦᠷᠢᠯᠡᠯ ᠤᠨ ᠬᠠᠤᠯᠢ︾  ᠳᠤ ᠵᠠᠰᠠᠪᠤᠷᠢ ᠣᠷᠣᠭᠤᠯᠬᠤ ᠲᠤᠬᠠᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ ᠢ 2021 ᠣᠨ ᠤ 6 ᠳ᠋ᠤᠭᠠᠷ ᠰᠠᠷ᠎ᠠ ᠶᠢᠨ 10 ᠤ ᠡᠳᠦᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢ ᠶᠢᠰᠦᠳᠦᠭᠡᠷ ᠬᠤᠷᠠᠯᠳᠤᠭᠠᠨ ᠠᠴᠠ ᠬᠢᠨᠠᠨ ᠪᠠᠲᠤᠯᠠᠪᠠ᠂ 2021 ᠣᠨ ᠤ 9 ᠳ᠋ᠦ᠋ᠬᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯ ᠥᠬᠡᠶ ᠦᠶᠯᠡᠳᠪᠦᠷᠢᠯᠡᠯ ᠤᠨ ᠬᠠᠤᠯᠢ︾ ︵ᠳᠣᠷᠣᠭᠰᠢ ᠰᠢᠨ᠎ᠡ ︽ᠠᠶᠤᠯ ᠥᠬᠡᠶ ᠦᠶᠯᠡᠳᠪᠦᠷᠢᠯᠡᠯ ᠤᠨ ᠬᠠᠤᠯᠢ︾ ᠭᠡᠵᠦ ᠲᠣᠪᠴᠢᠯᠠᠨ᠎ᠠ) ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ ᠵᠦᠶᠯᠡᠰ ᠢ ᠳᠣᠤᠷᠠᠬᠢ ᠮᠡᠲᠦ ᠮᠡᠳᠡᠭᠳᠡᠰᠦᠬᠡᠢ᠄      ᠨᠢᠭᠡ᠂ ᠰᠢᠨ᠎ᠡ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾ ᠶᠢ ᠬᠡᠷᠡᠭᠵᠢᠬᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠶ      ︽ᠠᠶᠤᠯ ᠦᠬᠡᠢ ᠦᠶᠯᠡᠳᠪᠦᠷᠢᠯᠡᠯ ᠤᠨ ᠬᠠᠤᠯᠢ︾ ᠳᠤ ᠵᠠᠰᠠᠪᠤᠷᠢ ᠣᠷᠣᠭᠤᠯᠬᠤ ᠪᠣᠯ ᠶᠡᠷᠦᠩᠬᠡᠶ ᠱᠦᠵᠢ ᠰᠢ  ᠶᠢᠨ ᠫᠢᠩ ᠤᠨ ᠠᠶᠤᠯ ᠦᠬᠡᠢ ᠦᠶᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠠᠶᠤᠯ ᠦᠬᠡᠢ ᠦᠶᠯᠡᠳᠪᠦᠷᠢᠯᠡᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠬᠤ ᠶᠢᠨ ᠴᠢᠬᠤᠯᠠ ᠠᠷᠭ᠎ᠠ ᠬᠡᠮᠵᠢᠶ᠎ᠡ ᠪᠤᠯᠬᠤ ᠪᠦᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠠ ᠠᠶᠤᠯ ᠦᠬᠡᠢ ᠦᠶᠯᠡᠳᠪᠦᠷᠢᠯᠡᠯ ᠤᠨ ᠠᠵᠢᠯ ᠳᠤ ᠴᠢᠬᠤᠯᠠ ᠲᠦᠷᠢᠮ ᠤᠨ ᠲᠤᠯᠭᠠᠭᠤᠷᠢᠯᠠᠯ ᠬᠠᠩᠭᠠᠪᠠ᠃ ᠰᠢᠨ᠎ᠡ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾ ᠳᠤ ︽ᠠᠮᠢ ᠨᠠᠰᠤ ᠶᠢ ᠳᠡᠭᠡᠳᠦᠯᠡᠬᠦ᠂ ᠠᠷᠠᠳ ᠲᠦᠮᠡᠨ ᠢ ᠳᠡᠭᠡᠳᠦᠯᠡᠬᠦ︾ ᠬᠠᠤᠯᠢ ᠲᠣᠭᠲᠠᠭᠠᠬᠤ ᠤᠶᠢᠯᠠᠭᠠᠭᠳᠠᠬᠤᠨ ᠢ ᠪᠠᠷᠢᠮᠲᠠᠯᠠᠨ᠂ ᠡᠯ᠎ᠡ ᠱᠠᠲᠤᠨ ᠤ ᠵᠠᠰᠠᠭ ᠤᠨ ᠣᠷᠳᠣᠨ᠂ ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠰᠠᠯᠠᠭ᠎ᠠ ᠮᠥᠴᠢᠷ᠂ ᠦᠢᠯᠡᠳᠪᠦᠷᠢᠯᠡᠯ ᠡᠵᠡᠩᠨᠡᠯᠲᠡ ᠶᠢᠨ ᠨᠢᠬᠡᠴᠢ ᠵᠡᠷᠭᠡ ᠶᠢᠨ ᠠᠶᠤᠯ ᠦᠭᠡᠶ ᠦᠢᠯᠡᠳᠪᠦᠷᠢᠯᠡᠯ ᠤᠨ ᠠᠵᠢᠯ ᠤᠨ ᠳᠤᠮᠳᠠᠬᠢ ᠡᠭᠦᠷᠭᠡ ᠬᠠᠷᠢᠭᠤᠴᠠᠯᠭ᠎ᠠ ᠵᠡᠷᠭᠡ ᠶᠢᠨ ᠲᠤᠬᠠᠢ ᠲᠣᠳᠣᠷᠬᠠᠶ ᠲᠣᠭᠲᠠᠭᠠᠯ ᠭᠠᠷᠭᠠᠬᠰᠠᠨ ᠲᠤᠯᠠ ᠡᠯ᠎ᠡ ᠱᠠᠲᠤᠨ  ᠤ ᠡᠯ᠎ᠡ ᠰᠠᠯᠠᠭ᠎ᠠ ᠮᠥᠴᠢᠷ ᠪᠣᠯᠤᠨ ᠦᠢᠯᠡᠳᠪᠦᠷᠢᠯᠡᠯ ᠡᠵᠡᠩᠨᠡᠯᠲᠡ ᠶᠢᠨ ᠨᠢᠬᠡᠴᠢ ᠨᠦᠭᠦᠳ ᠨᠢ ᠰᠢᠨ᠎ᠡ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠴᠢᠨᠠᠷ ᠪᠣᠯᠤᠨ ᠲᠤᠯᠭᠠᠮ ᠴᠢᠨᠠᠷ ᠢ ᠭᠦᠢᠴᠡᠳ ᠲᠠᠨᠢᠵᠤ᠂ ᠦᠨᠡᠨ ᠬᠦ ᠬᠡᠷᠡᠭᠵᠢᠬᠦᠯᠵᠦ ᠪᠣᠯᠬᠤᠶᠢᠴᠠ ᠠᠷᠭ᠎ᠠ ᠬᠡᠮᠵᠢᠶ᠎ᠡ ᠠᠪᠴᠤ᠂ ᠰᠤᠷᠤᠯᠴᠠᠬᠤ᠂ ᠤᠬᠠᠭᠤᠯᠬᠤ ᠪᠠ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠬᠢᠨᠠᠮᠠᠭᠠᠶ ᠰᠠᠶᠢᠲᠤᠷ ᠠᠳᠬᠤᠬᠤ ᠬᠡᠷᠡᠭᠲᠡᠶ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠨ᠎ᠡ ︽ᠠᠶᠤᠯ ᠥᠬᠡᠶ ᠦᠶᠯᠡᠳᠪᠦᠷᠢᠯᠡᠯ ᠤᠨ ᠬᠠᠤᠯᠢ︾  ᠶᠢ ᠤᠬᠠᠭᠤᠯᠤᠨ ᠲᠤᠭᠤᠰᠢᠯᠠᠭᠤᠯᠬᠤ ᠲᠤᠬᠠᠶ ᠰᠢᠨ᠎ᠡ ᠱᠠᠭᠠᠷᠳᠠᠯᠭ᠎ᠠ ᠰᠢᠨ᠎ᠡ ᠪᠠᠶᠢᠷᠢᠯᠠᠭᠤᠯᠤᠯᠲᠠ ᠶᠢ  ᠨᠠᠷᠢᠨ ᠨᠢᠮᠪᠡᠢ ᠠᠩᠬᠠᠷᠴᠤ᠂ ᠴᠠᠭ ᠲᠤᠬᠠᠶ ᠳᠤ ᠨᠢ ᠲᠠᠭᠠᠵᠤ᠂ ᠭᠦᠨᠵᠡᠭᠡᠶ ᠲᠤᠭᠤᠰᠢᠯᠠᠭᠤᠯᠬᠤ ᠬᠡᠷᠡᠭᠳᠡᠢ᠃      ᠬᠤᠶᠠᠷ᠂ ᠰᠢᠨ᠎ᠡ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠬᠦ ᠬᠡᠷᠡᠭᠲᠡᠶ      ︵ᠨᠢᠭᠡ︶ ᠵᠠᠭᠤᠴᠢᠯᠠᠭᠤᠷ ᠤᠨ ᠡᠬᠢ ᠪᠠᠶᠠᠯᠢᠭ ᠢ ᠭᠦᠶᠴᠡᠳ ᠠᠰᠢᠭᠯᠠᠨ ᠰᠦᠷ ᠬᠦᠴᠦᠨ ᠲᠠᠢ ᠪᠠᠷ ᠤᠬᠠᠭᠤᠯᠤᠨ ᠮᠡᠳᠡᠬᠡᠯᠡᠬᠦ ᠬᠡᠷᠡᠭᠳᠡᠢ᠃ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ᠂ ᠰᠣᠨᠢᠨ ᠵᠡᠷᠭᠡ ᠤᠯᠠᠮᠵᠢᠯᠠᠯᠲᠤ ᠵᠠᠭᠤᠴᠢᠯᠠᠭᠤᠷ ᠪᠣᠯᠤᠨ ᠪᠢᠴᠢᠯ ᠪᠦᠷᠭᠡ᠂ ᠸᠢᠴᠠᠲ᠂ ᠭᠠᠷ ᠤᠲᠠᠰᠤᠨ ᠤ ᠬᠡᠷᠡᠭᠯᠡᠭᠴᠢ ᠶᠢᠨ ᠲᠠᠪᠴᠠᠩ ᠵᠡᠷᠭᠡ ᠰᠢᠨ᠎ᠡ ᠵᠠᠭᠤᠴᠢᠯᠠᠭᠤᠷ ᠢ ᠠᠰᠢᠭᠯᠠᠵᠤ᠂ ᠰᠢᠨ᠎ᠡ ︽ᠠᠶᠤᠯ ᠥᠬᠡᠶ ᠦᠶᠯᠡᠳᠪᠦᠷᠢᠯᠡᠯ ᠤᠨ ᠬᠠᠤᠯᠢ︾ ᠶᠢᠨ ᠵᠠᠰᠠᠪᠤᠷᠢ ᠣᠷᠣᠭᠤᠯᠤᠭᠰᠠᠨ ᠠᠭᠤᠯᠭ᠎ᠠ ᠶᠢᠨ ᠲᠤᠰᠬᠠᠶ ᠪᠤᠯᠤᠩ ᠲᠤᠰᠬᠠᠶ ᠰᠡᠳᠦᠪ ᠭᠠᠷᠭᠠᠵᠤ᠂ ᠬᠠᠤᠯᠢ ᠲᠦᠭᠡᠮᠡᠯᠵᠢᠭᠦᠯᠬᠦ ᠨᠡᠶᠢᠳᠡ ᠶᠢᠨ ᠵᠠᠷ ᠰᠤᠷᠲᠠᠯᠴᠢᠯᠠᠭ᠎ᠠ ᠬᠢᠬᠦ᠂ ᠲᠤᠰᠬᠠᠶ ᠮᠡᠷᠭᠡᠵᠢᠯᠲᠡᠨ ᠲᠠᠢ ᠶᠠᠷᠢᠯᠴᠠᠭ᠎ᠠ ᠬᠢᠬᠦ᠂ ᠲᠤᠰᠬᠠᠶ ᠰᠡᠳᠦᠪᠲᠦ ᠰᠢᠭᠦᠮᠵᠢ ᠨᠡᠶᠢᠳᠡᠯᠡᠬᠦ᠂ ᠲᠤᠰᠬᠠᠶ ᠰᠡᠳᠦᠪᠲᠦ ᠮᠡᠳᠡᠭᠡᠯᠡᠯ ᠬᠢᠬᠦ᠂ ᠤᠯᠤᠯᠳᠠ ᠲᠥᠷᠥᠭᠳᠡᠯ ᠤᠨ ᠵᠣᠬᠢᠶᠠᠯ ᠨᠡᠶᠢᠲᠡᠯᠡᠬᠦ ᠵᠡᠷᠭᠡ ᠬᠡᠯᠪᠡᠷᠢ ᠪᠠᠷ ᠳᠠᠮᠵᠢᠭᠤᠯᠤᠨ ᠰᠢᠨ᠎ᠡ ︽ᠠᠶᠤᠯ ᠥᠬᠡᠶ ᠦᠶᠯᠡᠳᠪᠦᠷᠢᠯᠡᠯ ᠤᠨ ᠬᠠᠤᠯᠢ︾ ᠳᠤ ᠲᠣᠭᠲᠠᠭᠠᠭᠰᠠᠨ ᠭᠤᠤᠯ ᠪᠣᠯᠬᠤ ᠲᠦᠷᠢᠮ ᠵᠢᠴᠢ ᠲᠡᠬᠦᠨ ᠤ ᠠᠭᠤᠯᠤᠭᠳᠠᠬᠤᠨ ᠤ ᠮᠥᠨ ᠴᠢᠨᠠᠷ᠂ ᠪᠠᠶᠢᠭᠤᠯᠤᠭᠰᠠᠨ ᠠᠵᠢᠯ ᠤᠨ ᠲᠤᠬᠳᠠᠯᠴᠠᠭ᠎ᠠ ᠵᠢᠴᠢ ᠲᠡᠬᠦᠨ ᠢ ᠨᠠᠶᠢᠳᠠᠪᠤᠷᠢᠵᠢᠭᠤᠯᠬᠤ ᠱᠠᠭᠠᠷᠳᠠᠯᠭ᠎ᠠ ᠶᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠳᠠᠭᠠᠭᠤᠯᠤᠨ ᠵᠢᠯᠣᠭᠤᠳᠴᠤ ᠪᠠᠶᠢᠭᠠᠳ ᠲᠡᠳᠡᠨ ᠳᠤ ᠰᠢᠨ᠎ᠡ ︽ᠠᠶᠤᠯ ᠥᠬᠡᠶ ᠦᠶᠯᠡᠳᠪᠦᠷᠢᠯᠡᠯ  ᠤᠨ ᠬᠠᠤᠯᠢ︾ ᠶᠢ ᠣᠨᠣᠪᠴᠢᠲᠠᠶ ᠣᠶᠢᠯᠠᠭᠠᠭᠤᠯᠤᠨ ᠡᠵᠡᠮᠰᠢᠭᠦᠯᠬᠦ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠤᠰ ᠭᠠᠵᠠᠷ ᠣᠷᠣᠨ᠂ ᠲᠤᠰ ᠰᠢᠰᠲ᠋ᠧᠮ ᠤᠨ ᠢᠶᠠᠨ ᠵᠠᠭᠤᠴᠢᠯᠠᠭᠤᠷ ᠤᠨ ᠡᠬᠢ ᠪᠠᠶᠠᠯᠢᠭ ᠢ ᠭᠦᠢᠴᠡᠳ ᠠᠰᠢᠭᠯᠠᠨ ᠥᠷᠭᠡᠨ ᠢᠶᠠᠷ ᠤᠬᠠᠭᠤᠯᠤᠨ ᠮᠡᠳᠡᠭᠡᠯᠡᠵᠦ᠂ ᠬᠠᠤᠯᠢ ᠲᠦᠭᠡᠮᠡᠯᠵᠢᠭᠦᠯᠬᠦ ᠤᠯᠠᠮᠵᠢᠯᠠᠯᠲᠤ ᠰᠡᠳᠬᠢᠬᠦᠶ ᠶᠢ ᠰᠢᠪᠲᠤᠯᠤᠨ ᠲᠠᠪᠠᠵᠤ᠂ ᠤᠬᠠᠭᠤᠯᠬᠤ ᠠᠷᠭ᠎ᠠ ᠵᠠᠮ ᠪᠣᠯᠤᠨ ᠠᠷᠭ᠎ᠠ ᠪᠠᠷᠢᠯ ᠢᠶᠠᠨ ᠥᠷᠭᠡᠵᠢᠭᠦᠯᠵᠦ᠂ ᠬᠦᠴᠦᠷᠬᠡᠭ ᠶᠡᠭᠡ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠪᠣᠯᠤᠨ ᠤᠬᠠᠭᠤᠯᠬᠤ ᠰᠦᠷ ᠬᠦᠴᠦᠨ ᠢ ᠪᠣᠶ ᠪᠣᠯᠭᠠᠬᠤ ᠬᠡᠷᠡᠭᠲᠡᠶ᠃      ︵ᠬᠤᠶᠠᠷ︶ ᠤᠳᠤᠷᠢᠳᠬᠤ ᠺᠠᠳ᠋ᠷ ᠤᠨ ᠶᠠᠷᠢᠶᠠᠨ ᠤ ᠲᠠᠪᠴᠠᠩ ᠢ ᠡᠷᠬᠢᠯᠡᠬᠦ ᠬᠡᠷᠡᠭᠳᠡᠢ᠃ ᠥᠪᠡᠷᠲᠡᠭᠡᠨ ᠵᠠᠰᠠᠬᠤ ᠣᠷᠣᠨ ᠤ ᠠᠶᠤᠯ ᠥᠬᠡᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠠᠴᠠ ᠤᠳᠤᠷᠢᠳᠬᠤ ᠺᠠᠳ᠋ᠷ ᠤᠨ ︽ᠠᠶᠤᠯ ᠥᠬᠡᠶ ᠦᠶᠯᠡᠳᠪᠦᠷᠢᠯᠡᠯ ᠤᠨ ᠬᠠᠤᠯᠢ︾ ᠶᠢᠨ ᠶᠠᠷᠢᠶᠠᠨ ᠤ ᠲᠠᠪᠴᠠᠩ ᠢ ᠵᠣᠬᠢᠶᠠᠨ ᠪᠠᠶᠢᠭᠤᠯᠤᠨ ᠡᠷᠭᠢᠯᠡᠵᠦ᠂ ᠲᠤᠰᠬᠠᠶ ᠮᠡᠷᠭᠡᠵᠢᠯᠲᠡᠨ ᠢ ᠤᠷᠢᠵᠤ ︽ᠠᠶᠤᠯ ᠥᠬᠡᠶ ᠦᠶᠯᠡᠳᠪᠦᠷᠢᠯᠡᠯ ᠤᠨ ᠬᠠᠤᠯᠢ︾ ᠳᠤ ᠵᠠᠰᠠᠪᠤᠷᠢ ᠣᠷᠣᠭᠤᠯᠤᠭᠰᠠᠨ ᠠᠬᠤᠶ ᠪᠠᠶᠢᠳᠠᠯ᠂ ᠴᠢᠬᠤᠯᠠ ᠶᠡᠭᠡ ᠠᠴᠢ ᠬᠤᠯᠪᠣᠭᠳᠠᠯ᠂ ᠭᠤᠤᠯ ᠠᠭᠤᠯᠭ᠎ᠠ ᠪᠠ ᠤᠨᠴᠠᠯᠢᠭᠳᠤ ᠬᠢᠯᠠᠰ ᠴᠡᠭ ᠵᠡᠷᠭᠡ ᠶᠢᠨ ᠲᠤᠬᠠᠢ ᠲᠠᠶᠢᠯᠤᠮᠵᠢ ᠬᠢᠯᠬᠡᠨ᠎ᠡ︔ ᠡᠯ᠎ᠡ ᠱᠠᠲᠤᠨ ᠤ ᠠᠶᠤᠯ ᠦᠭᠡᠶ ᠦᠢᠯᠡᠳᠪᠦᠷᠢᠯᠡᠯ ᠤᠨ ᠵᠦᠪᠯᠡᠯ ᠨᠢ ᠥᠪᠡᠷᠲᠡᠭᠡᠨ ᠵᠠᠰᠠᠬᠤ ᠣᠷᠣᠨ ᠤ ᠺᠠᠳ᠋ᠷ ᠤᠨ ᠶᠠᠷᠢᠶᠠᠨ ᠤ ᠲᠠᠪᠴᠠᠩ ᠤᠨ ᠠᠵᠢᠯᠯᠠᠭ᠎ᠠ ᠪᠠᠷ ᠯᠠᠪᠯᠠᠯᠳᠠ ᠪᠤᠯᠭᠠᠵᠤ᠂ ᠲᠤᠰ ᠭᠠᠵᠠᠷ ᠣᠷᠣᠨ ᠤ ᠪᠠᠨ ᠤᠳᠤᠷᠢᠳᠬᠤ ᠺᠠᠳ᠋ᠷ ᠤᠨ ᠪᠤᠯᠪᠠᠰᠤᠷᠠᠯ ᠤᠨ ᠠᠵᠢᠯ ᠢ ᠰᠠᠶᠢᠲᠤᠷ ᠵᠣᠬᠢᠶᠠᠨ ᠪᠠᠶᠢᠭᠤᠯᠬᠤ ᠬᠡᠷᠡᠭᠲᠡᠶ᠃     ︵ᠭᠤᠷᠪᠠ︶ ︽ᠠᠶᠤᠯ ᠥᠬᠡᠶ ᠦᠶᠯᠡᠳᠪᠦᠷᠢᠯᠡᠯ ᠤᠨ ᠬᠠᠤᠯᠢ︾ ᠶᠢᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ  ᠶᠢ ᠦᠷᠨᠢᠬᠦᠯᠬᠦ ᠬᠡᠷᠡᠭᠳᠡᠢ᠃ ᠰᠢᠨ᠎ᠡ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾ ᠶᠢ ᠤᠬᠠᠭᠤᠯᠤᠨ ᠲᠤᠭᠤᠰᠢᠯᠠᠭᠤᠯᠬᠤ ᠶᠢ ᠬᠠᠤᠯᠢ ᠲᠦᠭᠡᠮᠡᠯᠵᠢᠭᠦᠯᠬᠦ ᠠᠵᠢᠯ ᠤᠨ ᠭᠤᠣᠯᠳᠠᠯᠭ᠎ᠠ ᠪᠤᠯᠭᠠᠨ ᠤᠬᠠᠭᠤᠯᠭ᠎ᠠ ᠪᠠᠨ ᠭᠦᠨᠵᠡᠭᠡᠶ ᠥᠷᠨᠢᠭᠦᠯᠵᠦ᠂ ᠰᠢᠨ᠎ᠡ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾ ᠶᠢ ᠤᠶᠢᠯᠠᠭᠠᠨ ᠮᠡᠳᠡᠬᠦ ᠨᠡᠶᠢᠭᠡᠮ ᠤᠨ ᠭᠡᠪᠴᠢᠶ᠎ᠡ ᠶᠢ ᠥᠷᠭᠡᠳᠬᠡᠬᠦ ᠬᠡᠷᠡᠭᠲᠡᠶ᠃ ᠠᠶᠤᠯ ᠦᠬᠡᠢ ᠦᠢᠯᠡᠳᠪᠦᠷᠢᠯᠡᠯ ᠤᠨ ᠰᠠᠶᠢᠨ ᠳᠤᠷᠠᠴᠤᠳ ᠤᠨ ᠦᠢᠯᠡᠴᠢᠯᠡᠭᠡ᠂ ᠠᠶᠤᠯ ᠦᠬᠡᠢ ᠦᠢᠯᠡᠳᠪᠦᠷᠢᠯᠡᠯ ᠤᠨ ᠮᠡᠳᠡᠯᠭᠡ ᠶᠢᠨ ᠤᠷᠤᠯᠳᠤᠭᠠᠨ ᠢ ᠵᠣᠬᠢᠶᠠᠨ ᠪᠠᠶᠢᠭᠤᠯᠬᠤ ᠵᠡᠷᠭᠡ ᠠᠷᠭ᠎ᠠ ᠵᠠᠮ ᠢᠶᠠᠷ ᠳᠠᠮᠵᠢᠭᠤᠯᠵᠤ᠂ ᠰᠢᠨ᠎ᠡ ︽ᠠᠶᠤᠯ ᠦᠬᠡᠢ ᠦᠢᠯᠡᠳᠪᠦᠷᠢᠯᠡᠯ ᠤᠨ ᠬᠠᠤᠯᠢ︾ ᠶᠢᠨ ᠤᠬᠠᠭᠤᠯᠭ᠎ᠠ ᠶᠢ ᠪᠠᠶᠢᠭᠤᠯᠭ᠎ᠠ ᠳᠤ ᠣᠷᠣᠭᠤᠯᠬᠤ᠂ ᠬᠥᠳᠡᠭᠡ ᠲᠣᠰᠬᠤᠨ ᠮᠠᠯᠵᠢᠬᠤ ᠣᠷᠣᠨ ᠳᠤ ᠣᠷᠣᠭᠤᠯᠬᠤ᠂ ᠨᠡᠶᠢᠭᠡᠮ ᠲᠣᠭᠤᠷᠢᠭ ᠲᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ ︽ᠬᠠᠤᠯᠢ ᠴᠠᠭᠠᠵᠠ   ᠶᠢᠨ ᠤᠬᠠᠭᠤᠯᠭ᠎ᠠ ᠶᠢ ᠲᠠᠪᠤ ᠳᠤ ᠣᠷᠣᠭᠤᠯᠬᠤ︾ ᠠᠵᠢᠯᠯᠠᠭ᠎ᠠ ᠶᠢ ᠥᠷᠨᠢᠭᠦᠯᠦᠨ᠎ᠡ᠃ ᠵᠠᠰᠠᠭ ᠤᠨ ᠣᠷᠳᠣᠨ ᠤ ᠪᠠᠶᠢᠭᠤᠯᠭ᠎ᠠ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠪᠣᠯᠤᠨ ᠠᠭᠤᠳᠠᠮ ᠲᠠᠯᠠᠪᠠᠶ᠂ ᠴᠡᠴᠡᠷᠯᠢᠭ ᠵᠡᠷᠭᠡ ᠣᠯᠠᠨ ᠨᠡᠶᠢᠲᠡ ᠶᠢᠨ ᠭᠠᠵᠠᠷ ᠲᠠᠯᠠᠪᠤᠷ ᠤᠨ ᠡᠯᠧᠺᠲᠷᠣᠨ ᠳᠡᠯᠭᠡᠴᠡ᠂ ᠦᠢᠯᠡᠴᠢᠯᠡᠭᠡᠨ ᠤ ᠴᠤᠩᠬᠤᠪᠴᠢ ᠶᠢᠨ  ᠲᠡᠮᠳᠡᠷᠢᠬᠦᠯ ᠳᠡᠯᠭᠡᠴᠡ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠰᠢᠯᠵᠢᠮᠡᠯ ᠲᠧᠯᠸᠢᠰ ᠳᠡᠯᠭᠡᠴᠡ᠂ ᠵᠢᠴᠢ ᠬᠤᠳᠠᠯᠳᠤᠭ᠎ᠠ᠂ ᠴᠢᠯᠦᠭᠡᠲᠦ ᠳᠡᠯᠭᠡᠭᠦᠷ  ᠤᠨ ᠴᠠᠬᠢᠯᠭᠠᠨ ᠱᠠᠳᠤ᠂ ᠠᠰᠠᠷ ᠪᠠᠶᠢᠰᠢᠩ ᠤᠨ ᠵᠠᠷᠯᠠᠯ ᠤᠨ ᠲᠠᠪᠴᠠᠩ ᠪᠣᠯᠤᠨ ᠡᠯ᠎ᠡ ᠭᠠᠵᠠᠷ ᠤᠷᠤᠨ ᠤ ᠬᠦᠭᠵᠢᠶᠡᠨ ᠨᠠᠷᠭᠢᠶᠠᠨ ᠲᠠᠢ ᠭᠠᠵᠠᠷ ᠤᠨ LED ᠲᠣᠮᠣ ᠳᠡᠯᠭᠡᠴᠡ ᠶᠢ ᠭᠦᠢᠴᠡᠳ ᠠᠰᠢᠭᠯᠠᠵᠤ᠂ ︽ᠠᠶᠤᠯ ᠦᠭᠡᠶ ᠦᠢᠯᠡᠳᠪᠦᠷᠢᠯᠡᠯ  ᠤᠨ ᠬᠠᠤᠯᠢ︾ ᠶᠢᠨ ᠬᠤᠯᠪᠣᠭᠳᠠᠯ ᠪᠦᠬᠦᠢ ᠠᠭᠤᠯᠭ᠎ᠠ ᠶᠢ  ᠲᠠᠬᠢᠨ ᠲᠠᠪᠳᠠᠨ ᠨᠡᠪᠲᠡᠷᠡᠭᠦᠯᠬᠦ ᠬᠡᠷᠡᠭᠲᠡᠶ᠃ ᠲᠤᠰᠬᠠᠢ ᠨᠤᠮ ᠬᠡᠪᠯᠡᠨ ᠲᠠᠷᠬᠠᠭᠠᠬᠤ᠂ ᠤᠬᠠᠭᠤᠯᠭ᠎ᠠ ᠶᠢᠨ ᠪᠤᠯᠤᠩ ᠭᠠᠷᠭᠠᠬᠤ᠂ ᠤᠬᠠᠭᠤᠯᠭ᠎ᠠ ᠶᠢᠨ ᠬᠠᠭᠤᠳᠠᠰᠤ ᠲᠠᠷᠤᠮᠠᠯᠯᠠᠨ ᠲᠠᠷᠬᠠᠭᠠᠬᠤ᠂ ᠤᠬᠠᠭᠤᠯᠭ᠎ᠠ ᠶᠢᠨ ᠵᠢᠷᠤᠭ ᠪᠠ ᠤᠬᠠᠭᠤᠯᠭ᠎ᠠ ᠶᠢᠨ ᠬᠥᠨᠳᠡᠯᠡᠨ ᠡᠯᠭᠦᠭᠡᠰᠦ ᠵᠡᠷᠭᠡ  ᠶᠢ ᠠᠵᠤ ᠠᠬᠤᠶᠢᠯᠠᠯ  ᠳᠤ ᠣᠶᠢᠷᠠᠲᠤᠭᠤᠯᠬᠤ᠂ ᠠᠵᠢᠯᠲᠠᠨ ᠠᠵᠢᠯᠴᠢᠨ ᠳᠤ ᠣᠶᠢᠷᠠᠲᠤᠭᠤᠯᠬᠤ᠂ ᠣᠯᠠᠨ ᠲᠦᠮᠡᠨ ᠳᠤ ᠣᠶᠢᠷᠠᠲᠤᠭᠤᠯᠬᠤ ᠬᠡᠯᠪᠡᠷᠢ ᠪᠠᠷ ᠳᠠᠮᠵᠢᠭᠤᠯᠵᠤ᠂ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾ ᠳᠤ ᠵᠠᠰᠠᠪᠤᠷᠢ ᠣᠷᠣᠭᠤᠯᠤᠭᠰᠠᠨ ᠭᠤᠣᠯᠳᠠᠯᠭ᠎ᠠ ᠲᠠᠢ ᠠᠭᠤᠯᠭ᠎ᠠ ᠶᠢ ᠣᠯᠠᠨ ᠲᠦᠮᠡᠨ ᠪᠣᠯᠤᠨ ᠠᠵᠢᠯᠲᠠᠨ ᠠᠵᠢᠯᠴᠢᠨ ᠳᠤ ᠤᠶᠢᠯᠠᠭᠠᠭᠤᠯᠵᠤ᠂ ᠪᠦᠬᠦ ᠨᠡᠶᠢᠭᠡᠮ ᠢᠶᠠᠷ ᠢᠶᠠᠨ ᠦᠢᠯᠡᠳᠪᠦᠷᠢᠯᠡᠯ ᠤᠨ ᠠᠶᠤᠯ ᠦᠭᠡᠶ ᠪᠠᠶᠢᠬᠤ ᠠᠵᠢᠯ ᠢ ᠨᠡᠩ ᠢᠯᠡᠭᠦᠦ ᠠᠩᠬᠠᠷᠤᠨ ᠳᠡᠮᠵᠢᠵᠦ᠂ ᠠᠶᠤᠯ ᠦᠭᠡᠶ ᠦᠢᠯᠡᠳᠪᠦᠷᠢᠯᠡᠯ ᠤᠨ ᠠᠵᠢᠯ ᠤᠨ ᠬᠠᠤᠯᠢ ᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃      ︵ᠳᠥᠷᠪᠡ︶ ᠦᠶᠯᠡᠳᠪᠦᠷᠢᠯᠡᠯ ᠡᠵᠡᠩᠨᠡᠯᠲᠡ ᠶᠢᠨ ᠨᠢᠬᠡᠴᠢ ᠶᠢ ᠱᠠᠭᠠᠷᠳᠠᠨ ᠵᠢᠯᠣᠭᠤᠳᠴᠤ ᠪᠠᠶᠢᠭᠠᠳ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠠᠵᠢᠯ ᠢ ᠰᠠᠶᠢᠲᠤᠷ ᠬᠢᠬᠦ ᠬᠡᠷᠡᠭᠳᠡᠢ᠃ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠬᠡᠴᠢ ᠶᠢ ᠱᠠᠭᠠᠷᠳᠠᠨ ᠵᠢᠯᠣᠭᠤᠳᠴᠤ ᠪᠠᠶᠢᠭᠠᠳ ᠰᠢᠨ᠎ᠡ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾ ᠶᠢ ᠰᠤᠷᠤᠯᠴᠠᠨ ᠲᠤᠭᠤᠰᠢᠯᠠᠭᠤᠯᠬᠤ ᠶᠢ ᠬᠤᠶᠢᠰᠢᠳᠠ ᠶᠢᠨ ᠨᠢᠭᠡᠨ ᠬᠤᠭᠤᠴᠠᠭᠠᠨ ᠤ ᠠᠵᠤ ᠠᠬᠤᠶᠢᠯᠠᠯ ᠪᠣᠯᠤᠨ ᠡᠭᠡᠯᠵᠢ ᠳᠤᠭᠤᠶᠢᠯᠠᠩ ᠤᠨ ᠠᠮᠤᠷ ᠲᠦᠪᠰᠢᠨ ᠰᠣᠶᠣᠯ ᠤᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠭᠠᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠬᠡᠴᠢ ᠶᠢᠨ ᠳᠣᠲᠣᠭᠠᠳᠤ ᠳᠤ ᠪᠠᠨ ᠣᠯᠠᠨ ᠬᠡᠯᠪᠡᠷᠢ ᠶᠠᠩᠵᠤ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠰᠢᠨ᠎ᠡ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾ ᠶᠢ ᠥᠷᠭᠡᠨ ᠣᠯᠠᠨ ᠠᠵᠢᠯᠲᠠᠨ ᠠᠵᠢᠯᠴᠢᠳ ᠲᠤ ᠭᠦᠢᠴᠡᠳ ᠣᠶᠢᠯᠠᠭᠠᠭᠤᠯᠵᠤ᠂ ᠡᠵᠡᠮᠰᠢᠬᠦᠯᠦᠨ ᠬᠡᠷᠡᠭᠯᠡᠭᠦᠯᠵᠦ᠂ ᠦᠢᠯᠡᠳᠪᠦᠷᠢᠯᠡᠯ ᠡᠵᠡᠩᠨᠡᠯᠲᠡ ᠶᠢᠨ  ᠨᠢᠬᠡᠴᠢ ᠶᠢᠨ ᠰᠢᠨ᠎ᠡ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾ ᠶᠢ ᠰᠤᠷᠤᠯᠴᠠᠬᠤ᠂ ᠨᠠᠶᠢᠳᠠᠪᠤᠷᠢᠵᠢᠭᠤᠯᠬᠤ᠂ ᠵᠢᠷᠤᠮᠠᠯᠯᠠᠨ ᠰᠠᠬᠢᠬᠤ ᠤᠬᠠᠮᠰᠠᠷᠲᠤ ᠴᠢᠨᠠᠷ ᠢ ᠨᠡᠮᠡᠭᠳᠡᠭᠦᠯᠬᠦ ᠬᠡᠷᠡᠭᠲᠡᠶ᠃      ᠭᠤᠷᠪᠠ᠂ ᠰᠢᠨ᠎ᠡ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾ ᠶᠢᠨ ᠪᠤᠯᠪᠠᠰᠤᠷᠠᠯ ᠤᠨ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠬᠤ ᠬᠡᠷᠡᠭᠳᠡᠢ      ︵ᠨᠢᠭᠡ︶ ᠤᠳᠤᠷᠢᠳᠬᠤ ᠺᠠᠳ᠋ᠷ ᠤᠨ ᠰᠢᠨ᠎ᠡ ︽ᠠᠶᠤᠯ ᠦᠬᠡᠢ ᠦᠢᠯᠡᠳᠪᠦᠷᠢᠯᠡᠯ ᠤᠨ ᠬᠠᠤᠯᠢ︾ ᠶᠢᠨ ᠰᠤᠷᠤᠯᠴᠠᠯᠭ᠎ᠠ ᠶᠢ ᠪᠦᠬᠦ ᠲᠠᠯ᠎ᠠ ᠪᠠᠷ ᠰᠠᠶᠢᠲᠤᠷ ᠵᠣᠬᠢᠶᠠᠨ ᠪᠠᠶᠢᠭᠤᠯᠬᠤ ᠬᠡᠷᠡᠭᠳᠡᠢ᠃ ᠡᠯ᠎ᠡ ᠱᠠᠲᠤᠨ ᠤ ᠵᠣᠬᠢᠶᠠᠨ ᠪᠠᠶᠢᠭᠤᠯᠬᠤ ᠪᠠ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠵᠢᠴᠢ ᠨᠠᠮ ᠤᠨ ᠰᠤᠷᠭᠠᠭᠤᠯᠢ᠂ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠨᠤᠭᠤᠳ ᠨᠢ ᠰᠢᠨ᠎ᠡ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾ ᠶᠢ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠪᠤᠯᠪᠠᠰᠤᠷᠠᠯ ᠤᠨ ᠵᠠᠪᠠᠯ ᠰᠤᠷᠬᠤ ᠬᠢᠴᠢᠶᠡᠯ ᠪᠣᠯᠭᠠᠵᠤ᠂ ᠰᠢᠨ᠎ᠡ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾ ᠶᠢ ᠤᠳᠤᠷᠢᠳᠬᠤ ᠺᠠᠳ᠋ᠷ ᠤᠨ ᠪᠤᠯᠪᠠᠰᠤᠷᠠᠯ ᠤᠨ ᠠᠭᠤᠯᠭ᠎ᠠ ᠳᠤ ᠣᠷᠣᠭᠤᠯᠤᠨ᠂ ᠲᠤᠰᠬᠠᠶ ᠰᠡᠳᠦᠪᠲᠦ  ᠪᠤᠯᠪᠠᠰᠤᠷᠠᠯ ᠤᠨ ᠬᠢᠴᠢᠶᠡᠯ ᠤᠷᠤᠵᠤ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠤᠳᠤᠷᠢᠳᠬᠤ ᠺᠠᠳ᠋ᠷ ᠢ ᠲᠤᠰᠬᠠᠶ ᠰᠡᠳᠦᠪ ᠢᠶᠠᠷ ᠡᠭᠡᠯᠵᠢᠯᠡᠨ ᠪᠣᠯᠪᠠᠰᠤᠷᠠᠭᠤᠯᠵᠤ᠂ ᠤᠳᠤᠷᠢᠳᠬᠤ ᠺᠠᠳ᠋ᠷ ᠤᠨ ᠬᠠᠷᠢᠶᠠᠳᠤ ᠤᠷᠤᠨ ᠤ ᠪᠠᠨ ᠬᠠᠮᠢᠶᠠᠷᠤᠯᠳᠠ ᠶᠢᠨ ᠬᠠᠷᠢᠭᠤᠴᠠᠯᠭ᠎ᠠ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠬᠤ ᠴᠢᠳᠠᠪᠤᠷᠢ ᠪᠣᠯᠤᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠶ︔ ᠡᠯ᠎ᠡ ᠱᠠᠲᠤ᠂ ᠡᠯ᠎ᠡ ᠰᠠᠯᠠᠭ᠎ᠠ ᠮᠥᠴᠢᠷ᠂ ᠡᠯ᠎ᠡ ᠨᠢᠬᠡᠴᠢ   ᠨᠢ ᠬᠠᠤᠯᠢ ᠶᠣᠰᠣᠭᠠᠷ ᠠᠮᠤᠷ ᠢ ᠬᠠᠮᠠᠭᠠᠯᠠᠬᠤ ᠦᠨᠳᠦᠷᠴᠡ ᠳᠤ ᠵᠤᠬᠰᠤᠵᠤ᠂ ᠤᠳᠤᠷᠢᠳᠬᠤ ᠺᠠᠳ᠋ᠷ ᠤᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠢᠨ᠎ᠡ ︽ᠠᠶᠤᠯ ᠦᠬᠡᠢ ᠦᠶᠯᠡᠳᠪᠦᠷᠢᠯᠡᠯ ᠤᠨ ᠬᠠᠤᠯᠢ︾ ᠶᠢ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ᠂ ᠲᠤᠰ ᠨᠢᠬᠡᠴᠢ ᠶᠢᠨ ᠢᠶᠠᠨ ᠬᠠᠤᠯᠢ ᠰᠤᠷᠬᠤ ᠲᠥᠯᠥᠪᠯᠡᠭᠡ ᠳᠤ ᠣᠷᠣᠭᠤᠯᠬᠤ ᠶᠢᠨ ᠬᠠᠮᠲᠤ ᠤᠳᠤᠷᠢᠳᠬᠤ ᠪᠠᠭ ᠤᠨ ᠰᠤᠷᠤᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠤᠳᠤᠷᠢᠳᠬᠤ ᠨᠥᠬᠦᠳ ᠲᠦᠷᠦᠭᠦᠯᠡᠨ ᠰᠢᠨ᠎ᠡ ︽ᠠᠶᠤᠯ ᠦᠭᠡᠶ ᠦᠶᠯᠡᠳᠪᠦᠷᠢᠯᠡᠯ ᠤᠨ ᠬᠠᠤᠯᠢ︾ ᠶᠢ ᠰᠢᠰᠲ᠋ᠧᠮ ᠲᠠᠢ ᠰᠤᠷᠤᠯᠴᠠᠬᠤ ᠬᠡᠷᠡᠭᠲᠡᠶ︔ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠠᠮ ᠤᠨ ᠬᠤᠷᠢᠶ᠎ᠠ ᠵᠠᠰᠠᠭ ᠤᠨ ᠣᠷᠳᠣᠨ ᠨᠢ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠰᠤᠷᠤᠯᠴᠠᠯᠭ᠎ᠠ ᠠᠵᠢᠯᠯᠠᠭ᠎ᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠬᠦ ᠬᠡᠷᠡᠭᠲᠡᠶ᠃      ︵ᠬᠤᠶᠠᠷ︶ ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ  ᠲᠤᠰᠬᠠᠢ ᠮᠡᠷᠭᠡᠵᠢᠯ ᠤᠨ ᠪᠤᠯᠪᠠᠰᠤᠷᠠᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ᠃ ᠬᠡᠰᠡᠭᠯᠡᠨ ᠬᠤᠪᠢᠶᠠᠬᠤ ᠵᠠᠷᠴᠢᠮ  ᠤᠨ ᠶᠣᠰᠣᠭᠠᠷ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠲᠤᠰ ᠭᠠᠵᠠᠷ ᠣᠷᠣᠨ᠂ ᠲᠤᠰ ᠰᠢᠰᠲ᠋ᠧᠮ᠂ ᠲᠤᠰ ᠠᠵᠢᠯ ᠲᠥᠷᠥᠯ ᠤᠨ ᠢᠶᠠᠨ ᠬᠦᠷᠢᠶᠡᠨ ᠳᠤ ᠪᠠᠨ ᠱᠠᠳᠤ ᠳᠠᠷᠠᠭᠠᠯᠠᠨ ᠪᠤᠯᠪᠠᠰᠤᠷᠠᠯ ᠬᠢᠵᠦ᠂ ᠬᠤᠭᠤᠴᠠᠭ᠎ᠠ ᠪᠦᠯᠦᠭ ᠬᠤᠪᠢᠶᠠᠨ ᠪᠥᠬᠦ ᠣᠷᠣᠨ ᠤ ᠠᠶᠤᠯ ᠥᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠳᠠᠨ ᠳᠤ ᠲᠤᠰᠬᠠᠢ ᠰᠡᠳᠦᠪᠲᠦ ᠪᠤᠯᠪᠠᠰᠤᠷᠠᠯ ᠬᠢᠵᠦ᠂ ᠪᠤᠯᠪᠠᠰᠤᠷᠠᠯ ᠤᠨ ᠨᠤᠷᠮ᠎ᠠ ᠶᠢ 100%   ᠳᠤ ᠬᠦᠷᠬᠡᠬᠦ ᠶᠢ ᠪᠠᠲᠤᠯᠠᠨ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠨᠢ ᠬᠦᠴᠦᠨ ᠢᠶᠠᠨ ᠵᠣᠬᠢᠶᠠᠨ ᠪᠠᠶᠢᠭᠤᠯᠵᠤ ᠪᠠᠶᠢᠭᠠᠳ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠡᠰᠡᠭ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠳᠤ ᠰᠢᠭᠤᠳ ᠪᠤᠯᠪᠠᠰᠤᠷᠠᠯ ᠬᠢᠬᠦ ᠬᠡᠷᠡᠭᠲᠡᠶ︔ ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠪᠤᠰᠤᠳ ᠰᠠᠯᠠᠭ᠎ᠠ ᠮᠥᠴᠢᠷ ᠤᠳ ᠨᠢ ᠪᠠᠰᠠ ᠰᠢᠨ᠎ᠡ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾ ᠳᠤ ᠵᠠᠰᠠᠪᠤᠷᠢ ᠤᠷᠤᠭᠤᠯᠤᠭᠰᠠᠨ ᠭᠤᠣᠯᠳᠠᠯᠭ᠎ᠠ ᠲᠠᠢ ᠠᠭᠤᠯᠭ᠎ᠠ ᠶᠢ ᠦᠨᠳᠦᠰᠦᠯᠡᠨ᠂ ᠲᠤᠰ ᠰᠢᠰᠲ᠋ᠧᠮ᠂ ᠲᠤᠰ ᠠᠵᠢᠯ ᠲᠥᠷᠥᠯ ᠤᠨ ᠬᠦᠷᠢᠶ᠎ᠡ ᠴᠠᠷᠠᠭᠠᠨ ᠤ ᠪᠠᠨ ᠲᠤᠰᠬᠠᠶ ᠮᠡᠷᠭᠡᠵᠢᠯ ᠤᠨ ᠪᠤᠯᠪᠠᠰᠤᠷᠠᠯ ᠢ ᠰᠠᠶᠢᠲᠤᠷ ᠠᠳᠬᠤᠵᠤ᠂ ︽ᠪᠦᠬᠦ ᠲᠠᠯ᠎ᠠ ᠪᠠᠷ ᠬᠠᠤᠯᠢ ᠶᠢ ᠮᠡᠳᠡᠬᠦ᠂ ᠬᠠᠤᠯᠢ ᠶᠢ ᠪᠣᠯᠪᠠᠰᠤᠷᠠᠩᠭᠤᠶ ᠬᠡᠷᠡᠭᠯᠡᠬᠦ᠂ ᠬᠠᠤᠯᠢ ᠶᠢ ᠴᠢᠩᠭ᠎ᠠ ᠰᠠᠬᠢᠬᠤ᠂ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ︾ ᠶᠢ ᠪᠡᠶᠡᠯᠡᠭᠦᠯᠬᠦ ᠬᠡᠷᠡᠭᠲᠡᠶ᠃      ︵ᠭᠤᠷᠪᠠ︶ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ ᠳᠤ ︽ᠭᠤᠷᠪᠠᠨ ᠲᠥᠷᠥᠯ ᠤᠨ ᠬᠥᠮᠦᠰ︾ ᠤᠨ ᠪᠤᠯᠪᠠᠰᠤᠷᠠᠯ ᠢ ᠦᠷᠨᠢᠬᠦᠯᠬᠦ ᠬᠡᠷᠡᠭᠳᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ ᠶᠢᠨ ᠭᠤᠣᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠠᠶᠤᠯ ᠦᠭᠡᠶ ᠶᠢᠨ ᠬᠠᠮᠢᠶᠠᠷᠤᠯᠲᠠ ᠶᠢᠨ ᠠᠵᠢᠯᠲᠠᠨ ᠵᠡᠷᠭᠡ ᠡᠨᠡ ᠬᠦ ᠭᠤᠷᠪᠠᠨ ᠵᠠᠩᠭᠢᠯᠠᠭ᠎ᠠ ᠶᠢᠨ ᠬᠦᠮᠦᠰ ᠢ ᠴᠢᠩᠭ᠎ᠠ ᠠᠳᠬᠤᠵᠤ᠂ ᠡᠯ᠎ᠡ ᠲᠥᠷᠥᠯ ᠤᠨ ᠪᠤᠯᠪᠠᠰᠤᠷᠠᠯ ᠤᠨ ᠪᠠᠶᠢᠭᠤᠯᠤᠮᠵᠢ ᠶᠢ ᠵᠢᠭᠠᠨ ᠵᠢᠯᠤᠭᠤᠳᠴᠤ ᠪᠠᠶᠢᠭᠠᠳ ᠪᠤᠯᠪᠠᠰᠤᠷᠠᠯ  ᠤᠨ ᠲᠥᠯᠥᠪᠯᠡᠭᠡ ᠳᠤᠨᠢ ᠲᠣᠬᠢᠷᠠᠭᠤᠯᠤᠯᠲᠠ ᠬᠢᠯᠬᠡᠵᠤ᠂ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾ ᠶᠢᠨ ᠵᠠᠰᠠᠪᠤᠷᠢ ᠣᠷᠣᠭᠤᠯᠤᠭᠰᠠᠨ ᠠᠭᠤᠯᠭ᠎ᠠ ᠶᠢ ᠬᠤᠯᠪᠣᠭᠳᠠᠯ ᠪᠦᠬᠦᠢ ᠬᠢᠷᠢ  ᠬᠡᠮ᠂  ᠴᠢᠳᠠᠪᠤᠷᠢ ᠶᠢᠨ ᠪᠤᠯᠪᠠᠰᠤᠷᠠᠯ᠂ ᠬᠢᠨᠠᠨ ᠰᠢᠯᠭᠠᠬᠤ ᠠᠭᠤᠯᠭ᠎ᠠ ᠳᠤ ᠤᠷᠤᠭᠤᠯᠵᠤ᠂ ᠪᠤᠯᠪᠠᠰᠤᠷᠠᠯ᠂ ᠬᠢᠨᠠᠨ ᠰᠢᠯᠭᠠᠯᠳᠠ ᠳᠤ ᠬᠢᠷᠢ ᠲᠡᠩᠴᠡᠭᠰᠡᠨ ᠦᠭᠡᠶ ᠳᠤᠨᠢ ᠴᠥᠮ ᠦᠨᠡᠮᠯᠡᠯ ᠣᠯᠭᠤᠵᠤ ᠪᠣᠯᠬᠤ ᠦᠭᠡᠶ᠃      ︵ᠳᠥᠷᠪᠡ︶ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ ᠶᠢᠨ ᠳᠣᠲᠣᠭᠠᠳᠤ ᠶᠢᠨ ᠪᠤᠯᠪᠠᠰᠤᠷᠠᠯ ᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ ᠶᠢ  ᠱᠠᠭᠠᠷᠳᠠᠨ ᠵᠢᠯᠣᠭᠤᠳᠴᠤ ᠪᠠᠶᠢᠭᠠᠳ ᠲᠤᠰ ᠪᠡᠶ᠎ᠡ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠠᠵᠢᠯ ᠡᠷᠬᠢᠯᠡᠵᠤ ᠪᠠᠶᠢᠭ᠎ᠠ ᠪᠦᠬᠦ ᠠᠵᠢᠯᠲᠠᠨ ᠤ ᠪᠤᠯᠪᠠᠰᠤᠷᠠᠯ ᠢ ᠴᠢᠩᠭᠠᠳᠬᠠᠵᠤ᠂ ᠰᠢᠨ᠎ᠡ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾ ᠶᠢ ᠠᠵᠤ ᠠᠬᠤᠶᠢᠯᠠᠯ ᠤᠨ ᠭᠤᠷᠪᠠᠨ ᠱᠠᠲᠤᠨ ᠤ ᠪᠤᠯᠪᠠᠰᠤᠷᠠᠯ ᠤᠨ ᠠᠭᠤᠯᠭ᠎ᠠ ᠪᠣᠯᠭᠠᠵᠤ᠂ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾ ᠶᠢᠨ ᠵᠠᠰᠠᠪᠤᠷᠢ ᠣᠷᠣᠭᠤᠯᠤᠭᠰᠠᠨ ᠠᠭᠤᠯᠭ᠎ᠠ ᠶᠢᠨ ᠰᠤᠷᠤᠯᠴᠠᠯᠭ᠎ᠠ ᠪᠤᠯᠪᠠᠰᠤᠷᠠᠯ ᠢ ᠦᠢᠯᠡᠳᠪᠦᠷᠢ ᠶᠢᠨ ᠲᠠᠰᠤᠭ᠂ ᠡᠭᠡᠯᠵᠢ ᠳᠤᠭᠤᠶᠢᠯᠠᠩ᠂ ᠠᠵᠢᠯ ᠤᠨ ᠪᠠᠶᠢᠷᠢ ᠳᠤ ᠲᠦᠭᠡᠮᠡᠯᠵᠢᠬᠦᠯᠦᠨ ᠬᠦᠨᠵᠡᠬᠡᠶᠢᠷᠡᠬᠦᠯᠵᠤ᠂ ᠨᠢᠭᠡᠳᠦᠭᠡᠷ ᠹᠷᠣᠨᠲ ᠤᠨ ᠬᠠᠮᠢᠶᠠᠷᠤᠯᠲᠠ ᠶᠢᠨ ᠠᠵᠢᠯᠲᠠᠨ ᠳᠤ ᠰᠢᠨ᠎ᠡ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾ ᠶᠢᠨ ᠦᠨᠳᠦᠰᠦᠨ ᠠᠭᠤᠯᠭ᠎ᠠ ᠶᠢ ᠣᠶᠢᠯᠠᠭᠠᠭᠤᠯᠤᠨ ᠡᠵᠡᠮᠰᠢᠭᠦᠯᠵᠦ᠂ ᠰᠢᠨ᠎ᠡ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾ ᠶᠢᠨ ᠵᠣᠷᠢᠭ ᠰᠠᠨᠠᠭ᠎ᠠ ᠶᠢ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠤᠨ ᠠᠵᠢᠯᠲᠠᠨ ᠳᠤ ᠤᠯᠠᠮᠵᠢᠯᠠᠨ᠂ ᠪᠤᠯᠪᠠᠰᠤᠷᠠᠯ ᠢ ︽ᠨᠡᠶᠢᠳᠡᠮ ᠬᠢᠬᠦ︾ ᠶᠢ ᠪᠡᠶᠡᠯᠡᠭᠦᠯᠬᠦ ᠬᠡᠷᠡᠭᠲᠡᠶ᠃     ᠳᠥᠷᠪᠡ᠂ ᠰᠢᠨ᠎ᠡ ︽ᠠᠶᠤᠯ ᠦᠭᠡᠶ ᠦᠶᠯᠡᠳᠪᠦᠷᠢᠯᠡᠯ ᠤᠨ ᠬᠠᠤᠯᠢ︾ ᠶᠢ ᠬᠡᠷᠡᠭᠵᠢᠭᠦᠯᠬᠦ ᠠᠵᠢᠯ ᠢ ᠰᠠᠶᠢᠲᠤᠷ ᠬᠢᠬᠦ  ᠶᠢ ᠠᠬᠢᠭᠤᠯᠬᠤ ᠬᠡᠷᠡᠭᠲᠡᠶ     ︵ᠨᠢᠭᠡ︶ ᠬᠠᠮᠢᠶ᠎ᠠ ᠪᠦᠬᠦᠢ ᠢᠵᠢ ᠪᠦᠷᠢᠳᠦᠭᠰᠡᠨ ᠳᠦᠷᠢᠮ ᠲᠤᠭᠳᠠᠭᠠᠯ ᠢ ᠴᠠᠭ ᠲᠤᠬᠠᠶ ᠳᠤᠨᠢ ᠴᠡᠪᠡᠷᠯᠡᠵᠦ᠂ ᠵᠢᠷᠤᠮᠵᠢᠭᠤᠯᠵᠤ᠂ ᠲᠡᠭᠦᠯᠳᠡᠷᠵᠢᠭᠦᠯᠬᠦ ᠬᠡᠷᠡᠭᠲᠡᠶ᠃ ᠡᠯ᠎ᠡ ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ  ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠰᠠᠯᠠᠭ᠎ᠠ ᠮᠥᠴᠢᠷ ᠨᠢ ᠰᠢᠨ᠎ᠡ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾ ᠲᠠᠢ ᠬᠠᠷᠢᠴᠠᠭᠤᠯᠵᠤ᠂ ᠣᠳᠣ ᠶᠢᠨ ᠪᠠᠶᠢᠭ᠎ᠠ ᠣᠷᠣᠨ ᠨᠤᠲᠤᠭ ᠤᠨ ᠴᠢᠨᠠᠷᠲᠠᠶ ᠬᠠᠤᠯᠢ ᠲᠦᠷᠢᠮ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠵᠢᠴᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠢᠨᠠᠮᠠᠭᠠᠶ ᠡᠮᠬᠢᠯᠡᠵᠦ᠂ ᠬᠠᠮᠢᠶ᠎ᠠ ᠪᠦᠬᠦᠢ ᠠᠭᠤᠯᠭ᠎ᠠ ᠳᠤ ᠴᠠᠭ ᠲᠤᠬᠠᠶ ᠳᠤ ᠨᠢ ᠵᠠᠰᠠᠪᠤᠷᠢ ᠤᠷᠤᠭᠤᠯᠬᠤ ᠪᠤᠶᠤ ᠴᠡᠪᠡᠷᠯᠡᠬᠦ ᠬᠡᠷᠡᠭᠲᠡᠶ︔ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾ ᠳᠤ ᠵᠠᠰᠠᠪᠤᠷᠢ ᠣᠷᠣᠭᠤᠯᠤᠭᠰᠠᠨ ᠤ ᠳᠠᠷᠠᠭ᠎ᠠ ᠰᠢᠨ᠎ᠡ ᠪᠠᠷ ᠨᠡᠮᠡᠭᠰᠡᠨ ᠳᠦᠷᠢᠮ ᠵᠢᠴᠢ ᠠᠭᠤᠯᠭ᠎ᠠ ᠶᠢᠨ ᠲᠤᠬᠠᠢ ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠰᠠᠯᠠᠭ᠎ᠠ ᠮᠥᠴᠢᠷ ᠤᠳ ᠨᠢ ᠬᠤᠯᠪᠣᠭᠳᠠᠯ ᠪᠦᠬᠦᠢ ᠳᠦᠷᠢᠮ ᠲᠣᠭᠲᠠᠭᠠᠯ ᠢ ᠴᠠᠭ ᠲᠤᠬᠠᠶ ᠳᠤ ᠨᠢ ᠲᠣᠭᠲᠠᠭᠠᠬᠤ ᠶᠢᠨ ᠬᠠᠮᠲᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠲᠦᠷᠢᠮ ᠲᠣᠭᠲᠠᠭᠠᠯ ᠤᠨ ᠬᠠᠤᠯᠢ ᠶᠣᠰᠣᠴᠢ ᠴᠢᠨᠠᠷ᠂ ᠵᠢᠷᠤᠮᠵᠢᠯ ᠤᠨ ᠴᠢᠨᠠᠷ  ᠢ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠥᠬᠡᠶ ᠦᠶᠯᠡᠳᠪᠦᠷᠢᠯᠡᠯ ᠤᠨ ᠲᠦᠷᠢᠮ︾ ᠳᠤ ᠵᠠᠰᠠᠪᠤᠷᠢ ᠤᠷᠤᠭᠤᠯᠬᠤ  ᠪᠡᠯᠡᠳᠭᠡᠯ ᠠᠵᠢᠯ ᠢ ᠢᠳᠡᠪᠬᠢᠲᠡᠶ ᠰᠠᠶᠢᠲᠤᠷ ᠬᠢᠵᠦ᠂ ᠲᠣᠭᠤᠷᠢᠭ ᠪᠠᠶᠢᠭᠤᠯᠤᠭᠰᠠᠨ ᠨᠥᠬᠦᠴᠡᠯ ᠲᠠᠢ ᠬᠤᠲᠠ ᠨᠢ ᠲᠣᠰ ᠭᠠᠵᠠᠷ ᠤᠷᠤᠨ ᠤ ᠪᠠᠨ ᠪᠣᠳᠠᠲᠠᠶ  ᠲᠠᠢ ᠪᠠᠨ ᠤᠶᠠᠯᠳᠤᠭᠤᠯᠵᠤ᠂ ᠲᠣᠰ ᠬᠤᠲᠠ ᠶᠢᠨ ᠢᠶᠠᠨ ᠲᠦᠷᠢᠮ ᠪᠤᠶᠤ ᠬᠡᠷᠡᠭᠵᠢᠭᠦᠯᠬᠦ ᠨᠠᠷᠢᠨ ᠲᠦᠷᠢᠮ ᠢ ᠲᠤᠭᠤᠷᠪᠢᠨ ᠨᠡᠶᠢᠲᠡᠯᠡᠵᠦ ᠪᠣᠯᠤᠨ᠎ᠠ᠃      ︵ᠬᠤᠶᠠᠷ︶ ᠦᠶᠯᠡᠳᠪᠦᠷᠢᠯᠡᠯ ᠡᠵᠡᠩᠨᠡᠯᠲᠡ ᠶᠢᠨ ᠨᠢᠬᠡᠴᠢ ᠶᠢ ᠱᠠᠭᠠᠷᠳᠠᠨ ᠵᠢᠯᠣᠭᠤᠳᠴᠤ ᠪᠠᠶᠢᠭᠠᠳ ᠦᠪᠡᠷ ᠢ ᠪᠠᠨ ᠪᠠᠶᠢᠴᠠᠭᠠᠬᠤ ᠠᠵᠢᠯ ᠢ ᠴᠠᠭ ᠲᠤᠬᠠᠶ ᠳᠤ ᠨᠢ ᠦᠷᠨᠢᠬᠦᠯᠬᠦ ᠬᠡᠷᠡᠭᠳᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠬᠠᠷᠢᠶ᠎ᠠ ᠭᠠᠵᠠᠷ ᠣᠷᠣᠨ ᠤ ᠪᠠᠨ ᠳᠣᠲᠣᠷᠠᠬᠢ ᠦᠢᠯᠡᠳᠪᠦᠷᠢᠯᠡᠯ ᠡᠵᠡᠩᠨᠡᠯᠲᠡ ᠶᠢᠨ ᠨᠢᠬᠡᠴᠢ ᠶᠢ ᠱᠠᠭᠠᠷᠳᠠᠨ ᠵᠢᠯᠣᠭᠤᠳᠴᠤ ᠪᠠᠶᠢᠭᠠᠳ ᠰᠢᠨ᠎ᠡ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾ ᠶᠢᠨ ᠬᠠᠮᠢᠶ᠎ᠠ ᠪᠦᠬᠦᠢ ᠵᠦᠢᠯ ᠵᠤᠷᠪᠤᠰ ᠲᠠᠢ ᠬᠠᠷᠢᠴᠠᠭᠤᠯᠤᠨ ᠨᠢᠭᠡ ᠤᠳᠠᠭ᠎ᠠ ᠪᠦᠬᠦ ᠲᠠᠯ᠎ᠠ ᠪᠠᠷ ᠳᠠᠷᠠᠭᠠᠯᠠᠨ ᠪᠠᠶᠢᠴᠠᠭᠠᠨ ᠡᠮᠬᠢᠯᠡᠵᠦ᠂ ᠠᠶᠤᠯ ᠦᠭᠡᠶ ᠬᠠᠮᠢᠶᠠᠷᠤᠯᠲᠠ ᠶᠢᠨ ᠲᠠᠯ᠎ᠠ ᠪᠠᠷ ᠬᠢ ᠠᠯᠳᠠᠰᠢ ᠪᠣᠯᠤᠨ ᠳᠦᠷᠢᠮ ᠤᠨ ᠡᠮᠵᠡᠭ ᠢ ᠨᠢ ᠡᠷᠢᠨ ᠭᠠᠷᠭᠠᠵᠤ᠂ ᠠᠵᠤ ᠠᠬᠤᠶᠢᠯᠠᠯ ᠤᠨ ᠳᠣᠲᠣᠭᠠᠳᠤ ᠶᠢᠨ ᠠᠶᠤᠯ ᠦᠭᠡᠶ ᠦᠢᠯᠡᠳᠪᠦᠷᠢᠯᠡᠯ ᠤᠨ ᠳᠦᠷᠢᠮ ᠲᠣᠭᠲᠠᠭᠠᠯ ᠪᠣᠯᠤᠨ ᠠᠶᠤᠯ ᠦᠭᠡᠶ ᠠᠵᠢᠯᠯᠠᠭᠤᠯᠬᠤ ᠵᠢᠷᠤᠮ ᠳᠤ ᠴᠠᠭ ᠲᠤᠬᠠᠶ ᠳᠤᠨᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠦᠨ᠂ ᠲᠤᠰ ᠪᠡᠶ᠎ᠡ ᠳᠤ ᠪᠠᠨ ᠣᠷᠣᠰᠢᠵᠤ ᠪᠠᠶᠢᠭ᠎ᠠ ᠡᠯ᠎ᠡ ᠵᠦᠢᠯ ᠤᠨ ᠠᠳᠡᠯ ᠤᠨ ᠳᠠᠯᠳᠠ ᠭᠡᠮ ᠰᠤᠭᠤᠭ ᠢ ᠴᠠᠭ ᠲᠤᠬᠠᠶ ᠳᠤᠨᠢ ᠪᠠᠶᠢᠴᠠᠭᠠᠨ ᠡᠷᠢᠵᠦ ᠴᠡᠭᠴᠡᠯᠡᠨ ᠰᠠᠶᠢᠵᠢᠷᠠᠭᠤᠯᠵᠤ᠂ ᠡᠯ᠎ᠡ ᠵᠦᠢᠯ ᠤᠨ ᠠᠶᠤᠯ ᠦᠭᠡᠶ ᠶᠢᠨ ᠠᠷᠭ᠎ᠠ ᠬᠡᠮᠵᠢᠶ᠎ᠡ ᠪᠣᠯᠤᠨ ᠬᠠᠤᠯᠢ ᠪᠠᠷ ᠲᠣᠭᠲᠠᠭᠠᠭᠰᠠᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠶᠤᠯ ᠦᠭᠡᠶ ᠦᠢᠯᠡᠳᠪᠦᠷᠢᠯᠡᠯ ᠤᠨ ᠪᠠᠲᠤᠯᠠᠭ᠎ᠠ ᠶᠢᠨ ᠬᠢᠷᠢ  ᠲᠦᠪᠰᠢᠨ ᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ᠃      ︵ᠭᠤᠷᠪᠠ︶ ᠬᠢᠨᠠᠯᠲᠠ ᠬᠠᠮᠢᠶᠠᠷᠤᠯᠲᠠ ᠳᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠬᠤ ᠬᠡᠷᠡᠭᠲᠡᠶ᠃ ᠡᠯ᠎ᠡ ᠱᠠᠲᠤᠨ ᠤ ᠠᠶᠤᠯ ᠦᠭᠡᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠰᠠᠯᠠᠭ᠎ᠠ ᠮᠥᠴᠢᠷ ᠨᠢ ᠰᠢᠨ᠎ᠡ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾ ᠶᠢ ᠨᠠᠶᠢᠳᠠᠪᠤᠷᠢᠵᠢᠭᠤᠯᠬᠤ ᠶᠢ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠬᠦ ᠶᠢᠨ ᠴᠢᠬᠤᠯᠠ ᠠᠭᠤᠯᠭ᠎ᠠ ᠪᠠᠨ ᠪᠣᠯᠭᠠᠵᠤ᠂ ᠰᠢᠨ᠎ᠡ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠣᠳᠣᠬᠠᠨ ᠤ ᠠᠶᠤᠯ ᠦᠭᠡᠶ ᠦᠢᠯᠡᠳᠪᠦᠷᠢᠯᠡᠯ ᠤᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠦᠨᠡᠨ ᠬᠦ ᠰᠠᠶᠢᠲᠤᠷ ᠬᠢᠬᠦ ᠯᠦᠭᠡ ᠤᠶᠠᠯᠳᠤᠭᠤᠯᠵᠤ᠂ ᠲᠣᠪᠣᠶᠢᠮ᠎ᠠ ᠵᠥᠷᠢᠴᠡᠯ ᠪᠣᠯᠤᠨ ᠠᠰᠠᠭᠤᠳᠠᠯ ᠲᠤᠳᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠴᠠ ᠬᠦᠨᠳᠦ ᠶᠡᠭᠡ ᠠᠳᠡᠯ ᠢ ᠦᠨᠳᠦᠰᠦᠨ ᠠᠴᠠ ᠨᠢ ᠰᠡᠷᠭᠡᠶᠢᠯᠡᠨ ᠵᠠᠰᠠᠬᠤ ᠪᠠ ᠬᠤᠷᠢᠭᠯᠠᠬᠤ ᠳᠡᠭᠡᠷ᠎ᠡ ᠬᠦᠴᠦ ᠪᠠᠨ ᠲᠠᠯᠪᠢᠵᠤ᠂ ᠠᠶᠤᠯ ᠦᠭᠡᠶ ᠦᠢᠯᠡᠳᠪᠦᠷᠢᠯᠡᠯ ᠤᠨ ᠬᠦᠷᠢᠶ᠎ᠡ ᠴᠠᠷᠠᠭᠠᠨ ᠤ ᠬᠠᠤᠯᠢ ᠶᠣᠰᠣᠭᠠᠷ ᠵᠠᠰᠠᠯᠳᠠ ᠬᠢᠬᠦ ᠶᠢ ᠶᠡᠭᠡ ᠪᠠᠷ ᠠᠬᠢᠭᠤᠯᠵᠤ᠂ ᠬᠢᠨᠠᠯᠲᠠ ᠬᠠᠮᠢᠶᠠᠷᠤᠯᠲᠠ ᠳᠤ ᠬᠠᠤᠯᠢ ᠬᠡᠷᠡᠭᠵᠢᠭᠦᠯᠬᠦ ᠠᠵᠢᠯ ᠤᠨ ᠡᠷᠴᠢᠮ ᠢ ᠴᠢᠩᠭᠠᠷᠠᠭᠤᠯᠵᠤ᠂ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠭ᠎ᠠ ᠦᠢᠯᠡᠳᠪᠦᠷᠢᠯᠡᠯ ᠡᠵᠡᠩᠨᠡᠯᠲᠡ ᠶᠢᠨ ᠨᠢᠬᠡᠴᠢ ᠳᠤ ᠬᠠᠤᠯᠢ ᠶᠣᠰᠣᠭᠠᠷ ᠵᠣᠬᠢᠴᠠᠩᠭᠤᠶ ᠠᠷᠭ᠎ᠠ ᠬᠡᠮᠵᠢᠶ᠎ᠡ ᠠᠪᠬᠤ ᠬᠡᠷᠡᠭᠲᠡᠶ᠃ ᠰᠢᠨ᠎ᠡ ︽ᠠᠶᠤᠯ ᠦᠭᠡᠶ ᠦᠶᠯᠡᠳᠪᠦᠷᠢᠯᠡᠯ ᠤᠨ ᠬᠠᠤᠯᠢ︾ ᠶᠢ ᠵᠢᠩᠬᠢᠨᠢ ᠪᠠᠷ ᠬᠡᠷᠡᠭᠵᠢᠭᠦᠯᠦᠭᠰᠡᠨ ᠤ ᠳᠠᠷᠠᠭ᠎ᠠ᠂ ᠰᠢᠨ᠎ᠡ ︽ᠠᠶᠤᠯ ᠦᠭᠡᠶ ᠦᠶᠯᠡᠳᠪᠦᠷᠢᠯᠡᠯ ᠤᠨ ᠬᠠᠤᠯᠢ︾ ᠶᠢ ᠵᠥᠷᠢᠴᠡᠭᠰᠡᠨ ᠨᠢᠭᠡ ᠪᠦᠯᠦᠭ ᠬᠠᠤᠯᠢ ᠠᠴᠠ ᠵᠥᠷᠢᠴᠡᠭᠰᠡᠨ ᠬᠡᠷᠡᠭ ᠢ ᠴᠢᠩᠭ᠎ᠠ ᠰᠢᠶᠳᠪᠦᠷᠢᠯᠡᠬᠦ ᠬᠡᠷᠡᠭᠲᠡᠶ᠃ ᠨᠢᠭᠡ ᠪᠦᠯᠦᠭ ᠠᠶᠤᠯ ᠥᠬᠡᠶ ᠦᠶᠯᠡᠳᠪᠦᠷᠢᠯᠡᠯ ᠤᠨ ᠬᠦᠨᠳᠦ ᠶᠡᠭᠡ ᠳᠠᠯᠳᠠ ᠡᠮᠵᠡᠭ᠂ ᠠᠶᠤᠯ ᠥᠬᠡᠶ ᠦᠶᠯᠡᠳᠪᠦᠷᠢᠯᠡᠯ ᠤᠨ ᠬᠠᠤᠯᠢ ᠲᠣᠭᠲᠠᠭᠠᠯ ᠢ ᠵᠥᠷᠢᠴᠡᠭᠰᠡᠨ ᠦᠶᠯᠡ ᠠᠵᠢᠯᠯᠠᠭ᠎ᠠ ᠶᠢ ᠢᠯᠡᠴᠢᠯᠡᠵᠦ᠂ ᠠᠶᠤᠯ ᠥᠬᠡᠶ ᠦᠶᠯᠡᠳᠪᠦᠷᠢᠯᠡᠯ ᠤᠨ ᠬᠠᠤᠯᠢ ᠴᠠᠭᠠᠵᠠ ᠶᠢᠨ ᠲᠠᠯᠬᠢᠳᠠᠵᠤ ᠪᠤᠯᠤᠰᠢ ᠦᠭᠡᠢ ᠢᠯᠡ ᠲᠣᠳᠣ ᠤᠳᠤᠷᠢᠳᠤᠮᠵᠢ ᠶᠢ ᠪᠣᠶ ᠪᠣᠯᠭᠠᠬᠤ ᠶᠢ ᠠᠬᠢᠭᠤᠯᠬᠤ ᠬᠡᠷᠡᠭᠳᠡᠢ᠃      ᠲᠠᠪᠤ᠂ ᠰᠢᠨ᠎ᠡ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾ ᠶᠢ ᠤᠬᠠᠭᠤᠯᠤᠨ ᠲᠤᠭᠤᠰᠢᠯᠠᠭᠤᠯᠬᠤ ᠶᠢ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠶ        ︵ᠨᠢᠭᠡ︶ ᠵᠣᠬᠢᠶᠠᠨ  ᠪᠠᠶᠢᠭᠤᠯᠤᠨ ᠤᠳᠤᠷᠢᠳᠬᠤ ᠠᠵᠢᠯ ᠢ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢ ᠰᠢᠨ᠎ᠡ ︽ᠠᠶᠤᠯ ᠦᠭᠡᠶ ᠦᠶᠯᠡᠳᠪᠦᠷᠢᠯᠡᠯ ᠤᠨ ᠬᠠᠤᠯᠢ︾ ᠶᠢ ᠤᠬᠠᠭᠤᠯᠤᠨ  ᠲᠤᠭᠤᠰᠢᠯᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠤ᠂ ᠰᠢᠨ᠎ᠡ ︽ᠠᠶᠤᠯ ᠦᠭᠡᠶ ᠦᠶᠯᠡᠳᠪᠦᠷᠢᠯᠡᠯ ᠤᠨ ᠬᠠᠤᠯᠢ︾ ᠶᠢ ᠬᠢᠨᠠᠮᠠᠭᠠᠶ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠶᠢ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠡᠭᠦᠷᠭᠡ ᠪᠤᠯᠭᠠᠵᠤ᠂ ᠠᠵᠢᠯ ᠤᠨ ᠲᠥᠯᠥᠪᠯᠡᠭᠡ ᠳᠤ ᠪᠠᠨ ᠣᠷᠣᠭᠤᠯᠵᠤ᠂ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠨ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠬᠢᠨᠠᠮᠠᠭᠠᠶ ᠲᠥᠯᠥᠪᠯᠡᠵᠦ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠤᠨ ᠲᠥᠰᠦᠯ ᠲᠣᠭᠲᠠᠭᠠᠵᠤ᠂ ᠠᠵᠢᠯ ᠤᠨ ᠵᠠᠷᠤᠳᠠᠯ ᠮᠦᠩᠬᠦ ᠶᠢ ᠨᠠᠶᠢᠳᠠᠪᠤᠷᠢᠵᠢᠭᠤᠯᠵᠤ᠂ ᠰᠢᠨ᠎ᠡ ︽ᠠᠶᠤᠯ ᠦᠭᠡᠶ ᠦᠶᠯᠡᠳᠪᠦᠷᠢᠯᠡᠯ ᠤᠨ ᠬᠠᠤᠯᠢ︾ ᠶᠢ ᠤᠬᠠᠭᠤᠯᠤᠨ ᠲᠤᠭᠤᠰᠢᠯᠠᠭᠤᠯᠬᠤ ᠠᠵᠢᠯ ᠬᠢᠭᠡᠳ ᠪᠦᠬᠦᠯᠢ ᠴᠣᠭᠴᠠ ᠶᠢᠨ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ ᠠᠬᠢᠭᠤᠯᠬᠤ ᠶᠢ ᠪᠠᠲᠤᠯᠠᠬᠤ ᠬᠡᠷᠡᠭᠲᠡᠶ᠃      ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠡᠯ᠎ᠡ ᠠᠶᠢᠮᠠᠭ ᠬᠤᠲᠠ ᠶᠢᠨ ᠠᠶᠤᠯ ᠦᠭᠡᠶ ᠦᠢᠯᠡᠳᠪᠦᠷᠢᠯᠡᠯ ᠤᠨ ᠵᠥᠪᠯᠡᠯ ᠪᠣᠯᠤᠨ ᠥᠪᠡᠷᠲᠡᠭᠡᠨ ᠵᠠᠰᠠᠬᠤ ᠣᠷᠣᠨ ᠤ ᠠᠶᠤᠯ ᠦᠭᠡᠶ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠬᠡᠴᠢ ᠶᠢᠨ ᠭᠤᠣᠯ ᠬᠠᠷᠢᠭᠤᠴᠠᠯᠭᠠᠲᠠᠨ ᠨᠢ ᠲᠤᠰ ᠵᠠᠰᠠᠭ ᠵᠠᠬᠢᠷᠭᠠᠨ ᠤ ᠭᠠᠵᠠᠷ ᠣᠷᠣᠨ ᠪᠣᠯᠤᠨ ᠠᠵᠢᠯ ᠲᠥᠷᠥᠯ ᠤᠨ ᠬᠦᠷᠢᠶ᠎ᠡ ᠬᠡᠪᠴᠢᠶᠡᠨ ᠤ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠠᠵᠢᠯ ᠤᠨ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠬᠠᠤᠯᠢ ᠳᠦᠷᠢᠮ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠨᠢ ᠪᠣᠳᠠᠲᠠᠶ ᠬᠠᠷᠢᠭᠤᠴᠠᠨ᠂ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠨᠢ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠥᠷᠥᠯ ᠤᠨ ᠬᠦᠷᠢᠶ᠎ᠡ ᠬᠡᠪᠴᠢᠶᠡᠨ ᠤ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠠᠵᠢᠯ ᠢ ᠬᠠᠷᠢᠭᠤᠴᠠᠬᠤ ᠬᠡᠷᠡᠭᠳᠡᠢ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠬᠠᠷᠢᠶ᠎ᠠ ᠨᠡᠭᠡᠭᠡᠯᠲᠡ ᠶᠢᠨ ᠲᠣᠭᠤᠷᠢᠭ᠂ ᠰᠢᠶᠠᠩ ᠪᠠᠯᠭᠠᠰᠤ ᠪᠠᠨ ᠬᠠᠮᠲᠤ ᠳᠤᠨᠢ ᠵᠢᠭᠠᠨ ᠵᠢᠯᠤᠭᠤᠳᠴᠤ᠂ ᠬᠠᠪᠰᠤᠷᠴᠤ ᠪᠠᠶᠢᠭᠠᠳ ︽ᠠᠶᠤᠯ ᠦᠭᠡᠶ ᠦᠢᠯᠡᠳᠪᠦᠷᠢᠯᠡᠯ ᠤᠨ ᠬᠠᠤᠯᠢ︾ ᠶᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠶ᠃      ︵ᠭᠤᠷᠪᠠ︶ ᠱᠠᠭᠠᠷᠳᠠᠨ ᠵᠢᠭᠠᠵᠤ ᠵᠢᠯᠣᠭᠤᠳᠬᠤ ᠪᠠᠨ ᠴᠢᠩᠭᠠᠳᠬᠠᠬᠤ ᠬᠡᠷᠡᠭᠳᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢ ᠱᠠᠭᠠᠷᠳᠠᠨ ᠵᠢᠭᠠᠵᠤ ᠵᠢᠯᠣᠭᠤᠳᠬᠤ ᠪᠠᠨ ᠴᠢᠩᠭᠠᠳᠬᠠᠵᠤ᠂ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠠᠵᠢᠯ ᠤᠨ ᠪᠣᠳᠠᠲᠤ ᠦᠷ᠎ᠡ ᠪᠦᠳᠦᠮᠵᠢᠳᠦ ᠴᠢᠨᠠᠷ ᠢ ᠦᠨᠡᠨ ᠬᠦ ᠴᠢᠩᠭᠠᠳᠬᠠᠵᠤ᠂ ᠰᠢᠨ᠎ᠡ ︽ᠠᠶᠤᠯ ᠥᠬᠡᠶ ᠦᠶᠯᠡᠳᠪᠦᠷᠢᠯᠡᠯ ᠤᠨ ᠬᠠᠤᠯᠢ︾ ᠶᠢ ᠤᠬᠠᠭᠤᠯᠤᠨ ᠲᠤᠭᠤᠰᠢᠯᠠᠭᠤᠯᠬᠤ ᠠᠵᠢᠯ ᠢ ᠱᠠᠲᠤ ᠱᠠᠲᠤ ᠪᠠᠷ ᠠᠬᠢᠭᠤᠯᠬᠤ ᠪᠠ  ᠵᠦᠢᠯ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠠᠶᠤᠯ ᠥᠬᠡᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠨᠢ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠤᠬᠠᠭᠤᠯᠤᠨ ᠲᠤᠭᠤᠰᠢᠯᠠᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ  ᠢ ᠴᠠᠭ ᠲᠤᠬᠠᠢ ᠳᠤ ᠨᠢ ᠵᠣᠬᠢᠶᠠᠨ ᠪᠠᠶᠢᠭᠤᠯᠤᠨ ᠥᠷᠨᠢᠭᠦᠯᠬᠦ ᠶᠢᠨ ᠬᠠᠮᠲᠤ᠂ ᠲᠡᠭᠦᠨ ᠢ 2021 ᠣᠨ ᠤ ᠠᠶᠤᠯ ᠥᠬᠡᠶ ᠦᠶᠯᠡᠳᠪᠦᠷᠢᠯᠡᠯ ᠤᠨ ᠠᠵᠢᠯ ᠤᠨ ᠬᠢᠨᠡᠨ ᠰᠢᠯᠭᠠᠬᠤ ᠠᠭᠤᠯᠭ᠎ᠠ ᠳᠤ ᠤᠷᠤᠭᠤᠯᠬᠤ ᠬᠡᠷᠡᠭᠳᠡᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠥᠬᠡᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ                      2021 ᠣᠨ ᠤ 8 ᠳ᠋ᠤᠭᠠᠷ ᠰᠠᠷ᠎ᠠ ᠶᠢᠨ 3 ᠤ ᠡᠳᠦᠷ  
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠥᠬᠡᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ