| ᠬᠤᠷᠠᠯ ᠤᠨ ᠲᠠᠯᠠᠪᠠᠢ | | 8 ᠳ᠋ᠤᠭᠠᠷ ᠰᠠᠷ᠎ᠠ ᠶᠢᠨ 3 ᠤ ᠡᠳᠦᠷ ᠠᠴᠠ 4 ᠤ ᠡᠳᠦᠷ ᠪᠣᠯᠲᠠᠯ᠎ᠠ᠂ ᠪᠥᠬᠦ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠤᠷᠰᠢᠯᠭ᠎ᠠ ᠰᠣᠯᠢᠯᠴᠠᠬᠤ ᠲᠤᠬᠠᠶ ᠶᠢᠨ ᠭᠠᠵᠠᠷ ᠤᠨ | ᠬᠤᠷᠠᠯ ᠬᠥᠯᠥᠨ ᠪᠤᠶᠢᠷ ᠬᠤᠲᠠ ᠳᠤ ᠬᠤᠷᠠᠯᠳᠤᠪᠠ᠃ ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ | ᠥᠭᠦᠯᠡᠯᠲᠡ ᠶᠢ ᠭᠦᠨᠵᠡᠭᠡᠶ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠷᠪᠠᠳᠤᠭᠠᠷ ᠬᠤᠭᠤᠴᠠᠭᠠᠨ ᠤ ᠠᠷᠪᠠᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠵᠤ᠂ ᠣᠶᠢᠷ᠎ᠠ ᠶᠢᠨ ᠵᠢᠯ ᠤᠨ ᠲᠤᠷᠰᠢᠬᠢ ᠮᠠᠨ ᠤ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠣᠯᠤᠭᠰᠠᠨ ᠰᠢᠨ᠎ᠡ ᠦᠷ᠎ᠡ ᠪᠦᠲᠦᠮᠵᠢ ᠶᠢ ᠳ᠋ᠦᠩᠨᠡᠵᠦ᠂ ᠡᠭᠦᠳᠦᠨ | ᠪᠠᠶᠢᠭᠤᠯᠬᠤ ᠠᠵᠢᠯ ᠤᠨ ᠲᠠᠷᠠᠭᠠᠴᠢ ᠶᠢᠨ ᠠᠯᠬᠤᠮ ᠤᠨ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ | ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ ᠸᠠᠩ ᠵᠢᠶᠦ᠋ᠨ ᠬᠤᠷᠠᠯ ᠳᠡᠭᠡᠷ᠎ᠡ ᠶᠠᠷᠢᠶ᠎ᠠ ᠲᠠᠯᠪᠢᠪᠠ᠃ | | | ᠸᠠᠩ ᠵᠢᠶᠦ᠋ᠨ ᠱᠦᠵᠢ ᠬᠤᠷᠠᠯ ᠳᠡᠭᠡᠷ᠎ᠡ ᠶᠠᠷᠢᠶ᠎ᠠ ᠲᠠᠯᠪᠢᠵᠦ ᠪᠠᠶᠢᠭ᠎ᠠ ᠨᠢ | | ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ | ᠡᠨᠡ ᠬᠦ ᠭᠤᠣᠯ ᠰᠢᠵᠢᠮ ᠢ ᠪᠠᠲᠤ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤᠳᠬᠠᠬᠤ ᠶᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ | ᠪᠦᠬᠦ ᠶᠠᠪᠤᠴᠠ ᠳᠤ᠂ ᠡᠯ᠎ᠡ ᠬᠦᠷᠢᠶ᠎ᠡ ᠡᠯ᠎ᠡ ᠲᠠᠯ᠎ᠠ ᠳᠤ ᠴᠥᠮ ᠲᠤᠭᠤᠰᠢᠯᠠᠭᠤᠯᠵᠤ᠂ ᠡᠭᠦᠳᠦᠨ ᠪᠠᠶᠢᠭᠤᠯᠬᠤ ᠠᠵᠢᠯ ᠤᠨ | ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ ᠶᠢ ᠢᠮᠠᠭᠲᠠ ᠪᠠᠲᠤᠯᠠᠬᠤ ᠬᠡᠷᠡᠭᠲᠡᠢ᠃ | ᠡᠭᠦᠳᠦᠨ ᠪᠠᠶᠢᠭᠤᠯᠬᠤ ᠠᠭᠤᠯᠭ᠎ᠠ ᠶᠢ ᠪᠠᠶᠠᠯᠢᠭᠵᠢᠭᠤᠯᠵᠤ᠂ ᠠᠴᠢᠶᠠᠯᠠᠪᠤᠷᠢ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ | ᠳᠤᠮᠳᠠᠳᠤ ᠶᠢᠨ ᠰᠣᠶᠣᠯ ᠢ ᠶᠡᠭᠡ ᠪᠠᠷ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠳᠤᠮᠳᠠᠳᠤ ᠶᠢᠨ ᠰᠣᠶᠣᠯ ᠤᠨ | ᠲᠤᠬᠠᠢ ᠮᠡᠳᠡᠷᠡᠭᠦᠢ ᠶᠢ ᠲᠠᠰᠤᠷᠠᠯᠲᠠ ᠦᠭᠡᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ | ᠰᠠᠨᠠᠭᠠᠨ ᠤ ᠭᠡᠷ ᠣᠷᠣᠨ ᠢ ᠬᠠᠮᠲᠤ ᠪᠠᠷ ᠪᠠᠶᠢᠭᠤᠯᠬᠤ ᠬᠡᠷᠡᠭᠲᠡᠢ᠃ ᠲᠥᠷᠥ ᠶᠢᠨ ᠪᠣᠳᠣᠯᠭ᠎ᠠ ᠳᠤ ᠲᠤᠬᠢᠷᠠᠭᠤᠯᠤᠨ | ᠬᠦᠮᠦᠵᠢᠯ ᠬᠦᠷᠳᠡᠭᠡᠬᠦ᠂ ᠣᠯᠠᠨ ᠲᠦᠮᠡᠨ ᠢ ᠲᠥᠷᠥᠯ ᠬᠤᠪᠢᠶᠠᠨ ᠤᠬᠠᠭᠤᠯᠤᠨ ᠲᠠᠶᠢᠯᠪᠤᠷᠢᠯᠠᠬᠤ ᠶᠢ ᠪᠠᠷᠢᠮᠲᠠᠯᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠴᠢᠨᠠᠭᠰᠢᠳᠠ ᠠᠬᠢᠭᠤᠯᠤᠨ | ᠺᠠᠳ᠋ᠷ ᠤᠨ ᠬᠥᠮᠦᠵᠢᠯ᠂ ᠠᠷᠠᠳ ᠢᠷᠭᠡᠳ ᠤᠨ ᠬᠥᠮᠦᠵᠢᠯ᠂ ᠨᠡᠶᠢᠭᠡᠮ ᠤᠨ ᠬᠥᠮᠦᠵᠢᠯ ᠢ ᠨᠡᠶᠢᠳᠡᠮ ᠬᠢᠬᠦ ᠶᠢ ᠪᠡᠶᠡᠯᠡᠭᠦᠯᠬᠦ | ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠨᠡᠶᠢᠭᠡᠮ ᠵᠢᠷᠤᠮ ᠤᠨ ᠭᠤᠤᠯᠯᠠᠬᠴᠢ | ᠦᠷᠳᠡᠭ ᠤᠨ ᠦᠵᠡᠯᠲᠡ ᠶᠢᠨ ᠬᠥᠮᠦᠵᠢᠯ᠂ ᠡᠭᠡ ᠣᠷᠣᠨᠴᠢ ᠦᠵᠡᠯ ᠤᠨ ᠬᠥᠮᠦᠵᠢᠯ᠂ ᠮᠠᠷᠺᠰ ᠤᠨ ᠦᠵᠡᠯ ᠤᠨ | ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ ᠶᠢᠨ | ᠬᠥᠮᠦᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ | ᠲᠠᠯ᠎ᠠ ᠶᠢᠨ ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ | ᠬᠦᠳᠦᠯᠦᠨ ᠵᠢᠯᠣᠭᠤᠳᠴᠤ ᠪᠠᠶᠢᠭᠠᠳ ᠠᠭᠤᠤ ᠶᠡᠭᠡ ᠡᠭᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ | ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠲᠤᠬᠠᠢ ᠮᠡᠳᠡᠷᠡᠭᠦᠢ ᠶᠢ ᠨᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠯᠢᠪᠠ ᠬᠥᠭᠵᠢᠯᠲᠡ ᠳᠤ ᠴᠥᠮ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠠᠴᠢ ᠬᠤᠯᠪᠣᠭᠳᠠᠯ ᠢ ᠠᠭᠤᠯᠬᠤ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ | ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯ ᠤᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ | ᠳᠡᠭᠡᠭᠰᠢᠯᠡᠭᠦᠯᠬᠦ ᠳᠤ ᠠᠰᠢᠭᠲᠠᠢ ᠪᠠᠶᠢᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠠᠮ ᠤᠨ ᠠᠴᠢ ᠳᠤ | ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠶᠢ ᠬᠦᠳᠤᠯᠤᠨ ᠵᠢᠯᠣᠭᠤᠳᠬᠤ ᠬᠡᠷᠡᠭᠲᠡᠢ ᠬᠡᠵᠦ | ᠱᠠᠭᠠᠷᠳᠠᠪᠠ᠃ | | | ᠬᠤᠷᠠᠯ ᠠᠴᠠ᠂ ᠦᠨᠳᠦᠰᠦᠲᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠨᠠᠭᠰᠢᠳᠠ ᠴᠢᠩᠭᠠᠳᠬᠠᠵᠤ᠂ | ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ ᠤᠨ ᠣᠷᠳᠣᠨ ᠬᠠᠷᠢᠭᠤᠴᠠᠭᠰᠠᠨ᠂ ᠰᠠᠯᠠᠭ᠎ᠠ ᠮᠥᠴᠢᠷ ᠬᠠᠮᠵᠢᠯᠴᠠᠭᠰᠠᠨ᠂ | ᠪᠦᠬᠦ ᠨᠡᠶᠢᠭᠡᠮ ᠢᠶᠠᠷ ᠢᠶᠠᠨ ᠥᠷᠭᠡᠨ ᠢᠶᠠᠷ ᠣᠷᠣᠯᠴᠠᠭᠰᠠᠨ ᠡᠭᠦᠳᠦᠨ ᠪᠠᠶᠢᠭᠤᠯᠬᠤ ᠠᠵᠢᠯ ᠤᠨ ᠪᠠᠶᠢᠷᠢᠰᠢᠯ ᠢ | ᠪᠦᠷᠢᠯᠳᠦᠭᠦᠯᠬᠦ ᠬᠡᠷᠡᠭᠲᠡᠢ᠃ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠪᠣᠯᠤᠨ | ᠦᠨᠳᠦᠰᠦᠲᠡᠨ ᠤ ᠵᠥᠪᠯᠡᠯ ᠤᠨ ᠭᠡᠰᠢᠭᠦᠨ ᠨᠢᠭᠡᠴᠢ ᠶᠢᠨ ᠲᠦᠷᠢᠮ ᠤᠨ ᠳᠠᠪᠠᠭᠤᠯᠢᠭ ᠦᠢᠯᠡᠳᠦᠯ ᠢ ᠭᠦᠢᠴᠡᠳ | ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠡᠯ᠎ᠡ ᠵᠦᠢᠯ ᠤᠨ | ᠪᠠᠶᠢᠭᠤᠯᠤᠮᠵᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠡᠯ᠎ᠡ ᠵᠦᠢᠯ ᠤᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ | ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠤᠷᠤᠨ ᠵᠢᠱᠢᠶ᠎ᠡ ᠦᠵᠡᠭᠦᠯᠬᠦ | ᠨᠢᠭᠡᠴᠢ ᠶᠢᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠵᠢᠱᠢᠶ᠎ᠡ ᠦᠵᠡᠭᠦᠯᠬᠦ ᠨᠡᠶᠢᠲᠡᠯᠢᠭ ᠵᠢᠱᠢᠶ᠎ᠡ ᠶᠢᠨ | ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠬᠡᠷᠡᠭᠲᠡᠶ᠃ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠡᠭᠦᠳᠦᠨ ᠪᠠᠶᠢᠭᠤᠯᠬᠤ ᠶᠢ ︽ᠨᠠᠢᠮᠠ ᠳᠤ ᠣᠷᠣᠭᠤᠯᠬᠤ︾ ᠠᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠨᠡᠶᠢᠭᠡᠮ ᠲᠣᠭᠤᠷᠢᠭ ᠲᠤ | ᠣᠷᠣᠭᠤᠯᠬᠤ ᠠᠵᠢᠯ ᠢ ᠰᠠᠶᠢᠲᠤᠷ ᠠᠳᠬᠤᠵᠤ᠂ ᠨᠡᠶᠢᠭᠡᠮ ᠲᠣᠭᠤᠷᠢᠭ ᠢ ᠦᠨᠳᠦᠰᠦᠲᠡᠨ ᠨᠦᠭᠦᠳ ᠤᠨ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠬᠤ ᠶᠡᠭᠡ ᠭᠡᠷ ᠣᠷᠣᠨ ᠪᠣᠯᠭᠠᠨ ᠪᠠᠶᠢᠭᠤᠯᠵᠤ᠂ ᠦᠨᠳᠦᠰᠦᠲᠡᠨ ᠨᠦᠭᠦᠳ ᠠᠨᠠᠷ ᠤᠨ ᠦᠷ᠎ᠡ | ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠬᠤ ᠬᠡᠷᠡᠭᠲᠡᠢ᠃ ᠡᠭᠦᠳᠦᠨ ᠪᠠᠶᠢᠭᠤᠯᠬᠤ ᠠᠵᠢᠯ ᠤᠨ ᠠᠯᠤᠰ ᠬᠡᠲᠦ ᠶᠢᠨ | ᠲᠥᠯᠥᠪᠵᠢᠭᠦᠯᠭᠡ ᠶᠢ ᠰᠠᠶᠢᠲᠤᠷ ᠬᠢᠵᠦ᠂ ᠡᠭᠦᠳᠦᠨ ᠪᠠᠶᠢᠭᠤᠯᠬᠤ ᠠᠵᠢᠯ ᠢ ᠤᠳᠠᠭᠠᠨ ᠳᠠᠭᠠᠭᠠᠮᠠᠭᠠᠶ ᠥᠷᠨᠢᠭᠦᠯᠬᠦ ᠶᠢ | ᠠᠬᠢᠭᠤᠯᠬᠤ ᠬᠡᠷᠡᠭᠲᠡᠶ ᠬᠡᠵᠦ ᠴᠢᠬᠤᠯᠠᠴᠢᠯᠠᠵᠠᠢ᠃ | | ᠬᠤᠷᠠᠯ ᠳᠤ ᠣᠷᠣᠯᠴᠠᠭᠰᠠᠳ ᠬᠠᠭᠤᠴᠢᠨ ᠪᠠᠷᠭᠤ ᠬᠤᠰᠢᠭᠤᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠵᠦ ᠪᠠᠶᠢᠭ᠎ᠠ ᠨᠢ | | ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠬᠥᠯᠥᠨ ᠪᠤᠶᠢᠷ ᠬᠤᠲᠠ ᠶᠢᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠠᠶᠢᠯᠠᠷ ᠤᠨ ᠬᠥᠯᠥᠨ ᠪᠠᠭ᠎ᠠ | ᠰᠤᠷᠭᠠᠭᠤᠯᠢ᠂ ᠬᠥᠯᠥᠨ ᠪᠤᠶᠢᠷ ᠬᠤᠲᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ᠂ ᠬᠠᠭᠤᠴᠢᠨ ᠪᠠᠷᠭᠤ | ᠬᠤᠰᠢᠭᠤᠨ ᠤ ᠲᠥᠪᠰᠢᠨ ᠨᠡᠶᠢᠭᠡᠮ ᠲᠣᠭᠤᠷᠢᠭ᠂ ᠬᠠᠭᠤᠴᠢᠨ ᠪᠠᠷᠭᠤ ᠬᠤᠰᠢᠭᠤᠨ ᠤ ᠤᠯᠠᠭᠠᠨᠴᠢᠯᠠᠭᠤ ᠭᠠᠴᠠᠭᠠᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠲᠣᠭᠤᠷᠢᠨ ᠦᠵᠡᠪᠡ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ᠂ ᠥᠪᠥᠷ ᠮᠣᠩᠭᠤᠯ ᠤᠨ | ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠥᠬᠡᠬᠤᠲᠠ ᠦᠨᠳᠦᠰᠦᠲᠡᠨ ᠤ | ᠳᠡᠭᠡᠳᠦ ᠰᠤᠷᠭᠠᠭᠤᠯᠢ᠂ ᠬᠥᠯᠥᠨ ᠪᠤᠶᠢᠷ ᠬᠤᠲᠠ ᠶᠢᠨ ᠦᠨᠳᠦᠰᠦᠲᠡᠨ ᠤ ᠵᠥᠪᠯᠡᠯ᠂ ᠬᠢᠩᠭᠠᠨ ᠠᠶᠢᠮᠠᠭ ᠤᠨ | ᠦᠨᠳᠦᠰᠦᠲᠡᠨ ᠤ ᠵᠥᠪᠯᠡᠯ᠂ ᠣᠷᠳᠣᠰ ᠬᠤᠲᠠ ᠶᠢᠨ ᠦᠨᠳᠦᠰᠦᠲᠡᠨ ᠤ ᠵᠥᠪᠯᠡᠯ ᠤᠨ ᠨᠦᠬᠦᠳ ᠰᠠᠨᠠᠯ ᠢᠶᠠᠨ | ᠰᠣᠯᠢᠯᠴᠠᠪᠠ᠃ | | ᠬᠤᠷᠠᠯ ᠳᠤ ᠣᠷᠣᠯᠴᠠᠭᠰᠠᠳ ᠬᠠᠭᠤᠴᠢᠨ ᠪᠠᠷᠭᠤ ᠬᠤᠰᠢᠭᠤᠨ ᠤ ᠲᠥᠪᠰᠢᠨ ᠨᠡᠶᠢᠭᠡᠮ ᠲᠣᠭᠤᠷᠢᠭ ᠤᠨ | ᠡᠭᠦᠳᠦᠨ ᠪᠠᠶᠢᠭᠤᠯᠬᠤ ᠠᠵᠢᠯ ᠢ ᠲᠣᠭᠤᠷᠢᠨ ᠦᠵᠡᠵᠦ ᠪᠠᠶᠢᠭ᠎ᠠ ᠨᠢ | | | | ᠬᠤᠷᠠᠯ ᠳᠤ ᠣᠷᠣᠯᠴᠠᠭᠰᠠᠳ ᠬᠥᠯᠥᠨ ᠪᠤᠶᠢᠷ ᠬᠤᠲᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠤᠨ | ᠡᠭᠦᠳᠦᠨ ᠪᠠᠶᠢᠭᠤᠯᠬᠤ ᠠᠵᠢᠯ ᠢ ᠲᠤᠭᠤᠷᠢᠨ ᠦᠵᠡᠵᠦ ᠪᠠᠶᠢᠭ᠎ᠠ ᠨᠢ | | ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ᠂ ᠳᠡᠳ᠋ ᠡᠷᠬᠢᠯᠡᠭᠴᠢ ᠶᠦᠨ ᠭᠦᠸᠧ ᠱᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ | ᠵᠥᠪᠯᠡᠯ᠂ ᠰᠤᠷᠭᠠᠨ ᠬᠥᠮᠦᠵᠢᠯ ᠤᠨ ᠲᠢᠩᠬᠢᠮ᠂ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠥᠬᠦᠶ | ᠬᠠᠷᠢᠭᠤᠴᠠᠯᠭᠠᠲᠠᠨ᠂ ᠡᠯ᠎ᠡ ᠠᠶᠢᠮᠠᠭ ᠬᠤᠲᠠ ᠶᠢᠨ ᠦᠨᠳᠦᠰᠦᠲᠡᠨ ᠤ ᠵᠥᠪᠯᠡᠯ ᠤᠨ ᠭᠤᠤᠯ ᠤᠳᠤᠷᠢᠳᠤᠯᠭ᠎ᠠ ᠵᠢᠴᠢ | ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | ᠬᠤᠷᠠᠯ ᠤᠨ ᠲᠠᠯᠠᠪᠠᠢ | |