ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠢᠶᠠᠨ ᠪᠣᠯᠭᠠᠵᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠯ ᠳᠠᠪᠰᠢᠯᠲᠠ ᠶᠢᠨ ᠶᠡᠭᠡ ᠰᠠᠶᠢᠨ ᠪᠠᠶᠢᠳᠠᠯ ᠢ ᠪᠠᠬᠢᠵᠢᠭᠦᠯᠦᠨ ᠬᠦᠭᠵᠢᠭᠦᠯᠦᠶ᠎ᠡ — ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠢᠶᠦ᠋ᠨ ᠢ ᠰᠤᠷᠪᠤᠯᠵᠢᠯᠠᠬᠰᠠᠨ ᠨᠢ
ᠨᠡᠶᠢᠲᠡᠯᠡᠭᠰᠡᠨ ᠴᠠᠭ᠄
2021/8/6
     ︽ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠮᠠᠨ ᠤ ᠨᠠᠮ ᠤᠨ ᠵᠠᠭᠤᠨ ᠵᠢᠯ ᠤᠨ ᠲᠡᠮᠡᠴᠡᠯ ᠤᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠡᠷᠭᠢᠴᠡᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠭᠡᠭᠡᠨ ᠰᠠᠷᠠᠭᠤᠯ ᠢᠷᠡᠭᠡᠳᠦᠢ ᠶᠢ ᠪᠠᠷᠠᠯᠠᠵᠠᠢ᠃ ᠶᠠᠷᠢᠶᠠᠨ ᠳᠤ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠠᠩᠬ᠎ᠠ ᠤᠳᠠᠭ᠎ᠠ ᠳᠤᠷᠠᠳᠴᠤ᠂ ᠲᠡᠦᠬᠡ ᠪᠠᠷ ᠲᠤᠯᠢ ᠪᠤᠯᠭᠠᠵᠤ ᠢᠷᠡᠭᠡᠳᠦᠢ ᠶᠢ ᠨᠡᠭᠡᠭᠡᠬᠦ ᠳᠤ ᠡᠷᠬᠡᠪᠰᠢ ᠪᠠᠲᠤ ᠡᠵᠡᠮᠳᠡᠬᠦ ︿ᠶᠢᠰᠦᠨ ᠡᠷᠬᠡᠪᠰᠢ﹀ ᠶᠢᠨ ᠲᠤᠷᠰᠢᠯᠭ᠎ᠠ ᠶᠢᠨ ᠰᠡᠩᠬᠡᠷᠡᠭᠦᠯᠦᠯ ᠪᠣᠯᠤᠨ ᠦᠨᠳᠦᠰᠦᠨ ᠱᠠᠭᠠᠷᠳᠠᠯᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠰᠢᠨ᠎ᠡ ᠠᠶᠠᠨ ᠵᠠᠮ ᠳᠠᠬᠢ ᠨᠠᠮ ᠪᠣᠯᠤᠨ ᠤᠯᠤᠰ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠤᠷᠤᠭᠰᠢᠯᠠᠬᠤ ᠴᠢᠭᠯᠡᠯ ᠢ ᠲᠤᠳᠤᠷᠬᠠᠶᠢᠯᠠᠬᠰᠠᠨ ᠶᠤᠮ︾ ᠭᠡᠵᠦ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠭᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠢᠶᠦ᠋ᠨ ᠤᠶᠢᠷ᠎ᠠ ᠳᠤ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠤ ᠪᠠᠨ ᠬᠡᠯᠡᠪᠡ᠃      ᠸᠠᠩ ᠵᠢᠶᠦ᠋ᠨ ᠤ ᠦᠵᠡᠭᠦ ᠪᠠᠷ᠂ ᠶᠡᠷᠦᠩᠬᠡᠶ ᠱᠦᠵᠢ ᠰᠢ ᠶᠢᠨ ᠫᠢᠩ ᠤᠨ ︽7·1︾ ᠤ ᠴᠢᠬᠤᠯᠠ  ᠶᠠᠷᠢᠶ᠎ᠠ ᠶᠢᠨ ᠪᠦᠭᠦ ᠠᠭᠤᠯᠭ᠎ᠠ ᠳᠤ ᠮᠠᠷᠺᠰ ᠤᠨ ᠦᠵᠡᠯ ᠤᠨ ᠦᠨᠡᠨ ᠶᠣᠰᠣᠨ ᠤ ᠬᠡᠷᠡᠯ ᠭᠢᠯᠪᠠᠭ᠎ᠠ ᠰᠠᠴᠤᠷᠠᠵᠤ᠂ ᠡᠷᠡᠰ ᠪᠠᠲᠤ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠲᠤᠭᠤᠰᠢᠯᠠᠬᠳᠠᠵᠤ᠂ ᠵᠠᠭᠤᠨ ᠵᠢᠯ ᠤᠨ ᠲᠣᠮᠣ ᠨᠠᠮ ᠤᠨ ᠭᠦᠨ ᠭᠦᠨᠵᠡᠭᠡᠶ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ᠂ ᠪᠠᠲᠤ ᠴᠢᠩᠭ᠎ᠠ ᠬᠠᠷᠢᠭᠤᠴᠠᠯᠭ᠎ᠠ ᠡᠭᠦᠷᠭᠡᠯᠡᠯ᠂ ᠠᠷᠠᠳ ᠲᠦᠮᠡᠨ ᠤ ᠲᠥᠯᠥᠭᠡ ᠵᠢᠳᠬᠦᠬᠦ ᠴᠢᠩ ᠦᠨᠡᠨᠴᠢ ᠬᠠᠶᠢᠷ᠎ᠠ ᠰᠡᠳᠬᠢᠯᠭᠡ ᠶᠢ ᠭᠦᠢᠴᠡᠳ ᠢᠯᠡᠷᠡᠭᠦᠯᠵᠦ᠂ ᠨᠠᠮ ᠠᠴᠠ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠡᠶᠢᠭᠡᠮ ᠵᠢᠷᠤᠮᠳᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠰᠢᠯᠭᠠᠯᠲᠠ ᠶᠢᠨ ᠵᠠᠮ ᠳᠤ ᠭᠠᠷᠬᠤ ᠤᠯᠤᠰ ᠲᠥᠷᠥ ᠶᠢᠨ ᠲᠤᠩᠬᠠᠭ ᠮᠥᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠬᠠᠮᠤᠭ ᠤᠨ ᠰᠢᠨ᠎ᠡ ᠦᠷ᠎ᠡ ᠪᠦᠲᠦᠭᠡᠯ ᠮᠥᠨ ᠭᠡᠪᠡ᠃      ᠸᠠᠩ ᠵᠢᠶᠦ᠋ᠨ ᠶᠡᠷᠦᠩᠬᠡᠶ ᠱᠦᠵᠢ ᠰᠢ ᠶᠢᠨ ᠫᠢᠩ ᠤᠨ ︽7·1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠭᠦᠨᠵᠡᠭᠡᠶ ᠰᠤᠷᠤᠯᠴᠠᠨ ᠤᠶᠢᠯᠠᠭᠠᠵᠤ ᠲᠤᠭᠤᠰᠢᠯᠠᠭᠤᠯᠬᠤ ᠲᠤᠬᠠᠶ ᠶᠠᠷᠢᠬᠤ ᠳᠤ ᠪᠠᠨ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠠᠵᠢᠯ ᠤᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠬᠰᠢᠯᠠᠬᠤ ᠰᠢᠨ᠎ᠡ ᠠᠶᠠᠨ ᠵᠠᠮ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠦᠨᠳᠦᠰᠦᠲᠡᠨ ᠤ ᠠᠵᠢᠯ ᠢ ᠪᠥᠬᠦ ᠲᠠᠯᠠᠲᠤ ᠴᠢᠨᠠᠷᠲᠠᠶ᠂ ᠰᠢᠰᠲ᠋ᠧᠮᠲᠦ ᠴᠢᠨᠠᠷᠲᠠᠶ᠂ ᠲᠥᠰᠥᠭᠡᠯᠡᠬᠦ ᠴᠢᠨᠠᠷᠲᠠᠶ᠂ ᠰᠢᠨᠵᠢᠯᠡᠬᠦ ᠤᠬᠠᠭᠠᠨᠴᠢ ᠴᠢᠨᠠᠷᠲᠠᠶ ᠪᠠᠷ ᠲᠥᠯᠥᠪᠵᠢᠭᠦᠯᠬᠦ ᠬᠡᠷᠡᠭᠲᠡᠶ᠃ ᠦᠨᠳᠦᠰᠦᠲᠡᠨ ᠤ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠤᠯ ᠰᠢᠵᠢᠮ ᠢᠶᠠᠨ ᠪᠣᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠳᠤ ᠦᠨᠳᠦᠰᠦᠲᠡᠨ ᠤ ᠠᠵᠢᠯ ᠢ ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ᠂ ︽ᠳᠤᠮᠳᠠᠳᠤ ᠶᠢᠨ ᠦᠨᠳᠦᠰᠦᠲᠡᠨ ᠨᠢᠭᠡ ᠬᠡᠷ ᠪᠦᠯᠢ ᠶᠢᠨ ᠬᠢᠨ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ︾ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠬᠡᠷᠡᠭᠲᠡᠶ ᠬᠡᠪᠡ᠃      ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠰᠢᠨ᠎ᠡ ᠠᠶᠠᠨ ᠳᠤ ᠪᠠᠨ ᠮᠤᠷᠳᠠᠨᠠᠮ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠬᠢᠨ ᠪᠦᠬᠦ ᠣᠷᠣᠨ ᠤ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠰᠢᠭᠤᠷᠬᠠᠢ ᠪᠠᠷ ᠳᠠᠭᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ︽7·1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ︽ᠨᠢᠭᠡ ᠰᠢᠵᠢᠮ︾ ᠢ ᠪᠠᠷᠢᠮᠲᠠᠯᠠᠬᠤ᠂ ︽ᠬᠤᠶᠠᠷ ᠲᠦᠷᠢᠮ︾ ᠢ ᠲᠤᠭᠤᠰᠢᠯᠠᠭᠤᠯᠬᠤ᠂ ︽ᠭᠤᠷᠪᠠᠨ ᠲᠥᠷᠥᠯ︾ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠬᠤ᠂ ︽ᠲᠦᠷᠪᠡᠨ ᠵᠦᠢᠯ︾ ᠤᠨ ᠪᠠᠲᠤᠯᠠᠭ᠎ᠠ ᠶᠢᠨ ᠲᠣᠭᠲᠠᠴᠠ ᠶᠢ ᠰᠠᠶᠢᠲᠤᠷ ᠪᠠᠶᠢᠭᠤᠯᠬᠤ ᠰᠡᠳᠬᠢᠮᠵᠢ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠪᠣᠳᠠᠲᠠᠢ ᠰᠠᠶᠢᠲᠤᠷ ᠠᠳᠬᠤᠨ᠎ᠠ᠃      ᠨᠢᠭᠡᠳᠦᠭᠡᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠨ᠎ᠡ      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠣᠯ ᠶ᠊‍ᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠦᠨᠳᠦᠰᠦᠲᠡᠨ ᠤ ᠣᠨᠣᠯ ᠢ ᠴᠠᠭ ᠦᠶ᠎ᠡ ᠲᠠᠢ ᠵᠡᠷᠭᠡ ᠪᠠᠷ ᠤᠷᠤᠬᠰᠢᠯᠠᠭᠤᠯᠤᠬᠰᠠᠨ ᠡᠭᠦᠳᠦᠯᠲᠡᠲᠦ ᠬᠥᠭᠵᠢᠯᠲᠡ ᠮᠥᠨ᠂ ᠮᠠᠷᠺᠰ ᠤᠨ ᠦᠵᠡᠯ ᠤᠨ ᠦᠨᠳᠦᠰᠦᠲᠡᠨ ᠤ ᠣᠨᠣᠯ ᠢ ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠡ ᠦᠷ᠎ᠡ ᠪᠦᠲᠦᠭᠡᠯ ᠮᠥᠨ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠮᠥᠨ᠂ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ᠪᠣᠶ ᠪᠥᠬᠦᠶ ᠠᠵᠢᠯ ᠤᠨ ᠡᠬᠢᠯᠡᠯᠲᠡ ᠪᠠ ᠵᠣᠭᠰᠣᠴᠠ ᠮᠥᠨ᠂ ᠡᠨᠡ ᠬᠦ ᠭᠤᠤᠯ ᠰᠢᠵᠢᠮ ᠢ ᠦᠨᠳᠦᠰᠦᠲᠡᠨ ᠤ ᠠᠵᠢᠯ ᠤᠨ ᠪᠥᠬᠦ ᠶᠠᠪᠤᠴᠠ ᠪᠠ ᠡᠯ᠎ᠡ ᠭᠤᠭᠴᠤᠭ᠎ᠠ ᠳᠤ ᠲᠤᠭᠤᠰᠢᠯᠠᠭᠤᠯᠬᠤ ᠶᠢ ᠢᠮᠠᠭᠲᠠ ᠪᠠᠷᠢᠮᠲᠠᠯᠠᠬᠤ ᠬᠡᠷᠡᠭᠲᠡᠶ᠃      ᠬᠤᠶᠠᠳᠤᠭᠠᠷ ᠲᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠲᠦᠷᠢᠮ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠦᠷᠢᠮ︾  ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ      ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾ ᠳᠤ ᠦᠨᠳᠦᠰᠦᠲᠡᠨ ᠤ ᠠᠵᠢᠯ ᠪᠠ ᠦᠨᠳᠦᠰᠦᠲᠡᠨ ᠤ ᠵᠦᠪᠯᠡᠯ ᠤᠨ ᠠᠵᠢᠯ ᠳᠤ ᠲᠣᠳᠣᠷᠬᠠᠢ ᠲᠣᠭᠲᠠᠭᠠᠯ ᠭᠠᠷᠭᠠᠪᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠲᠦᠷᠢᠮ︾ ᠪᠣᠯ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠦᠨ᠂ ᠲᠡᠷᠡ ᠨᠢ ᠮᠠᠨ ᠤ ᠣᠷᠣᠨ ᠤ ᠦᠨᠳᠦᠰᠦᠲᠡᠨ ᠤ ᠠᠵᠢᠯ ᠢ ᠰᠠᠶᠢᠲᠤᠷ ᠬᠢᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠪᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠠᠩ ᠶᠡᠭᠡ ᠪᠣᠳᠠᠲᠠᠶ ᠶᠢ ᠡᠷᠬᠢᠮᠯᠡᠭᠰᠡᠨ᠂ ᠲᠤᠰᠠᠲᠠᠶ᠂ ᠬᠠᠨᠳᠤᠯᠭᠠᠲᠤ ᠴᠢᠨᠠᠷᠲᠠᠶ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ ᠪᠥᠬᠦ ᠣᠷᠣᠨ ᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ︽ᠬᠤᠶᠠᠷ ᠲᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠢᠳᠡᠪᠭᠢᠲᠡᠢ ᠠᠬᠢᠭᠤᠯᠵᠤ᠂ ᠮᠠᠨ ᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠲᠠᠰᠤᠷᠠᠯᠲᠠ ᠥᠬᠡᠶ ᠠᠬᠢᠭᠤᠯᠤᠨ᠎ᠠ᠃      ᠭᠤᠷᠪᠠᠳᠤᠭᠠᠷ ᠲᠤ᠂ ︽ᠭᠤᠷᠪᠠᠨ ᠲᠥᠷᠥᠯ︾ ᠤᠨ ᠠᠵᠢᠯ ᠢ ᠭᠤᠣᠯᠳᠠᠯᠭ᠎ᠠ ᠪᠣᠯᠭᠠᠨ ᠰᠠᠶᠢᠲᠤᠷ ᠠᠳᠬᠤᠨ᠎ᠠ      ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ︽7·1︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠶᠢ ᠴᠥᠬᠦᠷᠡᠰᠢ ᠦᠭᠡᠢ ᠪᠠᠶᠢᠩᠭᠤ ᠠᠳᠬᠤᠬᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠮᠥᠨ ᠴᠢᠨᠠᠷ ᠪᠣᠯᠤᠨ ᠪᠠᠶᠠᠯᠢᠭ ᠠᠭᠤᠯᠤᠭᠳᠠᠬᠤᠨ ᠢ ᠭᠦᠨᠵᠡᠭᠡᠢ ᠤᠢᠢᠯᠠᠭᠠᠨ ᠡᠵᠡᠮᠰᠢᠵᠦ᠂ ᠨᠠᠮ ᠤᠨ ᠦᠨᠳᠦᠰᠦᠲᠡᠨ ᠤ ᠠᠵᠢᠯ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠤᠶᠤᠨ ᠲᠠᠷᠢᠬᠢ ᠪᠠᠨ ᠦᠨᠡᠨ ᠬᠦ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠤᠨ᠂ ᠠᠵᠢᠯ ᠢᠶᠠᠨ ᠠᠬᠢᠭᠤᠯᠬᠤ ᠬᠡᠷᠡᠭᠲᠡᠢ᠃ ᠬᠤᠶᠠᠷ ᠲᠤ᠂ ᠤᠯᠤᠰ ᠲᠦᠷᠦ ᠶᠢᠨ ᠵᠢᠯᠤᠭᠤᠳᠤᠮᠵᠢ ᠶᠢ ᠪᠠᠷᠢᠮᠲᠠᠯᠠᠵᠤ᠂ ᠲᠥᠪ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠶᠢᠳᠠᠪᠤᠷᠢᠵᠢᠭᠤᠯᠬᠤ ᠶᠢ ᠴᠢᠩᠭ᠎ᠠ ᠨᠠᠷᠢᠯᠢᠭ ᠪᠣᠳᠠᠲᠠᠢ ᠠᠳᠬᠤᠵᠤ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠵᠦᠪ ᠣᠨᠣᠪᠴᠢᠲᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠲᠠᠨᠢᠯᠲᠠ ᠪᠠ ᠠᠵᠢᠯ ᠤᠨ ᠦᠢᠯᠡᠳᠦᠯᠭᠡ ᠳᠤᠮᠳᠠᠬᠢ ᠵᠦᠷᠢᠶ᠎ᠡ ᠶᠢ ᠡᠷᠡᠰ ᠵᠠᠯᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠨ᠎ᠠ᠃ ᠭᠤᠷᠪᠠ ᠳᠤ᠂ ᠠᠷᠭ᠎ᠠ ᠬᠡᠯᠪᠡᠷᠢ ᠠᠴᠢᠶᠠᠯᠠᠪᠤᠷᠢ ᠪᠠᠨ ᠰᠢᠨᠡᠴᠢᠯᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠭᠡᠨ ᠳᠡᠯᠭᠡᠷ ᠭᠦᠨ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠦᠨ᠎ᠡ᠃ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠴᠢᠬᠤᠯᠠ ᠭᠠᠷᠳᠠᠴᠠ ᠪᠣᠯᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠥᠭᠵᠢᠯᠲᠡ ᠶᠢᠨ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ ᠪᠠ ᠰᠠᠶᠢᠲᠤᠷ ᠨᠠᠶᠢᠳᠠᠪᠤᠷᠢᠵᠢᠭᠤᠯᠵᠤ᠂ ᠪᠦᠬᠦ ᠣᠷᠣᠨ ᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠪᠣᠳᠠᠲᠠᠶ ᠲᠠᠢ ᠪᠠᠨ ᠤᠶᠠᠯᠳᠤᠭᠤᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠷᠭ᠎ᠠ ᠪᠠ ᠠᠴᠢᠶᠠᠯᠠᠪᠤᠷᠢ ᠪᠠᠨ ᠰᠢᠨᠡᠴᠢᠯᠡᠭᠦ ᠶᠢ ᠵᠢᠯᠣᠭᠤᠳᠴᠤ᠂ ᠡᠭᠦᠳᠦᠨ ᠪᠠᠶᠢᠭᠤᠯᠬᠤ ᠠᠭᠤᠯᠭ᠎ᠠ ᠶᠢ ᠪᠠᠶᠠᠯᠢᠭᠵᠢᠭᠤᠯᠤᠨ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ᠳᠥᠷᠪᠡᠳᠦᠭᠡᠷ ᠲᠤ᠂ ︽ᠲᠦᠷᠪᠡᠨ ᠵᠦᠢᠯ︾ ᠤᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ      ᠨᠢᠭᠡ ᠳᠤ᠂ ᠦᠨᠳᠦᠰᠦᠲᠡᠨ ᠤ ᠵᠥᠪᠯᠡᠯ ᠤᠨ ᠬᠡᠰᠢᠭᠦᠨ ᠨᠢᠭᠡᠴᠢ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠦᠨᠳᠦᠰᠦᠲᠡᠨ ᠤ ᠵᠥᠪᠯᠡᠯ ᠤᠨ ᠭᠡᠰᠢᠭᠦᠨ ᠨᠢᠭᠡᠴᠢ ᠶᠢᠨ ᠠᠵᠢᠯ ᠤᠨ ᠲᠤᠰᠢᠶᠠᠯ ᠬᠠᠷᠢᠭᠤᠴᠠᠯᠭ᠎ᠠ᠂ ᠬᠡᠰᠢᠭᠦᠨ ᠨᠢᠭᠡᠴᠢ ᠶᠢᠨ ᠠᠵᠢᠯ ᠤᠨ ᠲᠦᠷᠢᠮ ᠳᠤ ᠪᠥᠬᠦ ᠲᠠᠯ᠎ᠠ ᠪᠠᠷ ᠵᠠᠰᠠᠪᠤᠷᠢ ᠤᠷᠤᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠬᠡᠰᠢᠭᠦᠨ ᠨᠢᠭᠡᠴᠢ ᠶᠢᠨ ᠪᠥᠬᠦᠳᠡ ᠬᠤᠷᠠᠯ ᠢ ᠬᠤᠷᠠᠯᠳᠤᠭᠤᠯᠵᠤ᠂ ᠡᠯ᠎ᠡ ᠭᠡᠰᠢᠭᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠦ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠬᠦᠴᠦ ᠪᠠᠨ ᠬᠠᠮᠲᠤᠳᠬᠠᠨ ᠰᠠᠶᠢᠲᠤᠷ ᠬᠢᠬᠦ ᠳᠤ ᠱᠠᠭᠠᠷᠳᠠᠯᠭ᠎ᠠ ᠳᠤᠷᠠᠳᠴᠤ᠂ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠨ᠂ ᠪᠠᠳᠠᠷᠠᠭᠤᠯᠪᠠᠰᠤ ᠵᠣᠬᠢᠬᠤ ᠦᠢᠯᠡᠳᠦᠯ ᠢ ᠨᠢ ᠦᠨᠡᠨ ᠬᠦ ᠪᠠᠳᠠᠷᠠᠭᠤᠯᠵᠤ᠂ ᠰᠢᠨ᠎ᠡ ᠴᠠᠭ ᠦᠶ᠎ᠡ ᠳᠤ ᠦᠨᠳᠦᠰᠦᠲᠡᠨ ᠤ ᠠᠵᠢᠯ ᠢ ᠰᠠᠶᠢᠲᠤᠷ ᠬᠢᠬᠦ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠬᠳᠠᠷᠠᠭᠤᠯᠤᠨ᠎ᠠ᠃ ᠬᠤᠶᠠᠷ ᠲᠤ᠂ ᠦᠨᠳᠦᠰᠦᠲᠡᠨ ᠤ ᠠᠵᠢᠯ ᠢ ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠢᠨᠠᠨ ᠰᠢᠯᠭᠠᠵᠤ ᠦᠨᠡᠯᠡᠬᠦ ᠡᠨᠡ ᠬᠦ ᠵᠢᠭᠠᠪᠤᠷᠢ ᠳᠣᠬᠢᠶ᠎ᠠ ᠪᠠ ᠳᠣᠬᠢᠶᠠᠨ ᠲᠡᠮᠳᠡᠭ ᠢ ᠭᠦᠢᠴᠡᠳ ᠰᠠᠶᠢᠲᠤᠷ ᠬᠡᠷᠡᠭᠯᠡᠵᠦ᠂ ᠦᠨᠳᠦᠰᠦᠲᠡᠨ ᠤ ᠠᠵᠢᠯ ᠢ ᠬᠢᠨᠠᠨ ᠰᠢᠯᠭᠠᠬᠤ ᠡᠨᠡ ᠬᠦ ᠵᠥᠭᠡᠯᠡᠨ ᠵᠢᠭᠠᠯᠳᠠ ᠲᠤᠭ᠎ᠠ ᠪᠠᠷ ᠴᠢᠩᠭ᠎ᠠ ᠬᠢᠵᠠᠭᠠᠷᠯᠠᠯ ᠪᠣᠯᠭᠠᠨ ᠬᠤᠪᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ ᠲᠠᠢ ᠬᠠᠮᠵᠢᠯᠴᠠᠨ ᠨᠢᠭᠡᠨ ᠢᠵᠢ ᠰᠢᠨᠵᠢᠯᠡᠬᠦ ᠤᠬᠠᠭᠠᠨᠴᠢ ᠪᠦᠲᠦᠮᠵᠢᠲᠡᠶ ᠬᠢᠨᠠᠨ ᠰᠢᠯᠭᠠᠬᠤ ᠵᠢᠭᠠᠯᠳᠠ ᠲᠤᠭ᠎ᠠ ᠶᠢ ᠪᠠᠶᠢᠭᠤᠯᠬᠤ ᠪᠠᠷ ᠳᠠᠮᠵᠢᠨ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠦᠨᠳᠦᠰᠦᠲᠡᠨ ᠤ ᠠᠵᠢᠯ ᠢ ᠪᠤᠰᠤᠳᠴᠢ ᠪᠠᠷ᠂ ᠲᠥᠪ ᠭᠤᠣᠯᠴᠢ ᠪᠠᠷ᠂ ᠣᠨᠣᠪᠴᠢᠲᠠᠶ ᠪᠠᠷ ᠦᠨᠡᠯᠡᠨ᠎ᠡ᠃ ᠭᠤᠷᠪᠠ ᠳᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠤᠷᠤᠨ ᠵᠢᠱᠢᠶ᠎ᠡ ᠦᠵᠡᠭᠦᠯᠬᠦ ᠨᠢᠭᠡᠴᠢ ᠶᠢ ᠰᠢᠯᠭᠠᠨ ᠦᠨᠡᠯᠡᠭᠦ ᠪᠠᠷᠢᠮᠵᠢᠶ᠎ᠠ ᠪᠠ ᠰᠢᠯᠭᠠᠨ ᠦᠨᠡᠯᠡᠭᠦ ᠠᠷᠭ᠎ᠠ ᠶᠢ ᠴᠢᠩᠭ᠎ᠠ ᠬᠡᠷᠡᠭᠵᠢᠭᠦᠯᠵᠦ᠂ ᠬᠥᠳᠡᠯᠦᠩᠭᠦᠶ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠎ᠠ᠃ ᠠᠶᠢᠮᠠᠭ ᠬᠤᠲᠠ ᠬᠤᠰᠢᠭᠤ ᠰᠢᠶᠠᠨ ᠤ ᠪᠥᠬᠦ ᠤᠯᠤᠰ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠵᠢᠱᠢᠶ᠎ᠡ ᠦᠵᠡᠭᠦᠯᠬᠦ ᠨᠢᠭᠡᠴᠢ ᠶᠢ ᠴᠢᠷᠮᠠᠶᠢᠨ ᠪᠠᠶᠢᠭᠤᠯᠬᠤ ᠤᠯᠤᠰ ᠲᠥᠷᠥ ᠶᠢᠨ ᠪᠣᠭᠤᠮᠲᠠ ᠪᠠ ᠬᠢᠨᠠᠨ ᠲᠣᠭᠲᠠᠭᠠᠬᠤ ᠪᠣᠭᠤᠮᠲᠠ ᠶᠢ ᠰᠠᠶᠢᠲᠤᠷ ᠡᠵᠡᠮᠳᠡᠵᠦ᠂ ᠡᠷᠬᠡ ᠲᠡᠭᠰᠢ ᠲᠥᠪ ᠭᠤᠤᠯᠴᠢ᠂ ᠰᠢᠨᠵᠢᠯᠡᠬᠦ ᠤᠬᠠᠭᠠᠨᠴᠢ᠂ ᠵᠦᠶ ᠵᠣᠬᠢᠰᠲᠠᠶ ᠪᠠᠶᠢᠬᠤ ᠶᠢ ᠪᠡᠶᠡᠯᠡᠭᠦᠯᠦᠨ᠎ᠡ᠃ ᠳᠥᠷᠪᠡ ᠳᠤ᠂ ᠦᠨᠳᠦᠰᠦᠲᠡᠨ ᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠰᠠᠯᠠᠭ᠎ᠠ ᠮᠥᠴᠢᠷ ᠯᠦᠭᠡ ᠨᠢᠭᠲᠠ ᠬᠠᠮᠲᠤᠷᠠᠯᠴᠠᠵᠤ᠂ ᠬᠢᠨᠠᠯᠲᠠ ᠳᠡᠯᠪᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠪᠣᠯᠵᠣᠨ ᠶᠠᠷᠢᠯᠴᠠᠬᠤ᠂ ᠰᠠᠨᠠᠭᠤᠯᠬᠤ᠂ ᠮᠡᠳᠡᠭᠳᠡᠬᠦ᠂ ᠬᠠᠷᠢᠭᠤᠴᠠᠯᠭ᠎ᠠ ᠲᠤᠯᠭᠠᠬᠤ ᠵᠡᠷᠭᠡ ᠠᠷᠭ᠎ᠠ ᠪᠠᠷᠢᠯ ᠢ ᠰᠠᠶᠢᠲᠤᠷ ᠬᠡᠷᠡᠭᠯᠡᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠱᠠᠯᠠᠪᠳᠠᠭᠤᠯᠤᠨ ᠱᠠᠭᠠᠷᠳᠠᠵᠤ ᠪᠠᠶᠢᠭᠠᠳ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠨᠢ ᠴᠢᠩᠭᠠᠷᠠᠭᠤᠯᠤᠨ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠲᠠᠢ ᠬᠤᠯᠪᠣᠭᠳᠠᠬᠤ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠡᠷᠡᠰ ᠬᠠᠮᠠᠭᠠᠯᠠᠨ᠎ᠠ᠃
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ