ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2021 ᠣᠨ ᠤ 12 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠨᠣᠮ ᠤᠩᠰᠢᠬᠤ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2021/9/10
     9 ᠳ᠋ᠤᠭᠡᠷ ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 12 ᠳ᠋ᠤᠭᠠᠷ ᠤᠳᠠᠭ᠎ᠠ ᠶᠢᠨ ᠨᠢᠭᠡᠳᠦᠯᠲᠡᠢ ᠰᠤᠷᠤᠯᠴᠠᠯᠭ᠎ᠠ ᠵᠢᠴᠢ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠨᠣᠮ ᠤᠩᠰᠢᠬᠤ ᠠᠩᠭᠢ ᠶᠢ ᠵᠣᠬᠢᠶᠠᠨ ᠪᠠᠶᠢᠭᠤᠯᠵᠤ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ ᠤᠬᠠᠮᠰᠠᠷ ᠢᠶᠠᠨ ᠤᠯᠠᠮ ᠴᠢᠨᠠᠬᠰᠢᠳᠠ ᠴᠢᠩᠭᠠᠳᠬᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ  ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠢᠶᠦ᠋ᠨ ᠬᠤᠷᠠᠯ ᠢ ᠡᠷᠭᠢᠯᠡᠪᠡ᠃
     ᠸᠠᠩ ᠵᠢᠶᠦ᠋ᠨ ᠬᠤᠷᠠᠯ ᠡᠷᠬᠢᠯᠡᠵᠦ ᠪᠠᠶᠢᠭ᠎ᠠ ᠨᠢ            ᠨᠣᠮ ᠤᠩᠰᠢᠬᠤ ᠠᠩᠬᠢ ᠨᠢ ᠭᠠᠵᠠᠷ ᠤᠨ ᠲᠡᠰ ᠠᠴᠠ ᠳᠡᠭᠡᠭᠰᠢᠬᠢ ᠺᠠᠳ᠋ᠷ ᠢᠶᠠᠷ ᠭᠤᠤᠯ ᠪᠣᠯᠭᠠᠵᠤ᠂ ᠪᠦᠬᠦ ᠨᠠᠮ ᠤᠨ ᠭᠡᠰᠢᠭᠦᠨ ᠺᠠᠳ᠋ᠷ ᠢ ᠬᠠᠮᠤᠷᠴᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ   ᠶᠢᠨ ᠪᠠᠶᠢᠩᠭᠤ ᠶᠢᠨ ᠬᠤᠷᠢᠶᠠᠨ ᠤ 279 ᠳ᠋ᠤᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ 5 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠬᠠᠮᠲᠤ ᠪᠠᠷ ᠰᠤᠷᠤᠯᠴᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠲᠤᠬᠠᠢ ᠦᠬᠦᠯᠡᠬᠦ ᠨᠢ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠲᠤᠬᠠᠢ ᠮᠠᠤ ᠽᠧ ᠳ᠋ᠦᠩ ᠳ᠋ᠧᠡᠭ ᠰᠢᠶᠤᠤ ᠫᠢᠡᠭ ᠵᠢᠶᠠᠩ ᠽᠧ ᠮᠢᠨ ᠬᠤ᠋ ᠶᠢᠨ ᠲᠤᠤ ᠶᠢᠨ ᠥᠭᠦᠯᠡᠯᠲᠡ ᠶᠢᠨ ᠲᠡᠭᠦᠪᠦᠷᠢ︾᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠲᠤᠬᠠᠢ ᠰᠤᠷᠤᠯᠴᠠᠯᠭ᠎ᠠ ᠶᠢᠨ ᠠᠰᠠᠭᠤᠯᠲᠠ ᠬᠠᠷᠢᠭᠤᠯᠲᠠ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠪᠴᠢ ᠲᠡᠦᠬᠡ︾ ᠳᠠᠬᠢ ᠦᠨᠳᠦᠰᠦᠲᠡᠨ ᠤ ᠠᠵᠢᠯ ᠤᠨ ᠲᠤᠬᠠᠢ ᠠᠭᠤᠯᠭ᠎ᠠ ᠶᠢ ᠦᠪᠡᠷᠳᠡᠭᠡᠨ ᠰᠤᠷᠤᠯᠴᠠᠵᠠᠢ᠃      9 ᠳ᠋ᠤᠭᠡᠷ ᠰᠠᠷ᠎ᠠ ᠶᠢᠨ 8 ᠤ ᠦᠳᠡ ᠶᠢᠨ ᠡᠮᠦᠨ᠎ᠡ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠲᠤᠰᠬᠠᠢ ᠰᠤᠳᠤᠯᠤᠨ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠢᠴᠢ ᠬᠡᠰᠡᠭ ᠭᠠᠵᠠᠷ ᠠᠯᠪᠠᠨ ᠭᠡᠷ ᠤᠨ ᠬᠠᠷᠢᠭᠤᠴᠠᠯᠭᠠᠲᠠᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠪᠠ᠃ ᠸᠠᠩ ᠵᠢᠶᠦ᠋ᠨ ᠨᠥᠬᠦᠷ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠦᠷᠭᠦᠯᠵᠢᠯᠡᠨ ᠭᠦᠨᠵᠡᠭᠡᠢ ᠰᠠᠶᠢᠲᠤᠷ ᠠᠳᠬᠤᠬᠤ ᠲᠤᠬᠠᠢ ᠱᠠᠭᠠᠷᠳᠠᠯᠭ᠎ᠠ ᠳᠤᠷᠠᠳᠪᠠ᠃
     ᠬᠤᠷᠠᠯ ᠤᠨ ᠲᠠᠯᠠᠪᠠᠢ          ᠬᠤᠷᠠᠯ ᠠᠴᠠ᠂ ᠰᠤᠷᠤᠯᠴᠠᠯᠭ᠎ᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠭᠦᠨᠵᠡᠭᠡᠢ ᠰᠤᠷᠤᠯᠴᠠᠨ ᠨᠡᠪᠳᠡᠷᠡᠳᠡᠯ᠎ᠡ ᠣᠶᠢᠯᠠᠭᠠᠵᠤ᠂ ᠦᠨᠳᠦᠰᠦᠲᠡᠨ ᠤ ᠠᠵᠢᠯ ᠤᠨ ᠮᠡᠷᠭᠡᠵᠢᠯᠲᠡᠨ ᠪᠣᠯᠬᠤ ᠪᠠᠷ ᠴᠢᠷᠮᠠᠶᠢᠬᠤ ᠬᠡᠷᠡᠭᠲᠡᠢ᠃ ᠭᠤᠤᠯᠳᠠᠯᠭ᠎ᠠ ᠲᠠᠢ ᠪᠠᠷ ᠰᠤᠷᠤᠯᠴᠠᠬᠤ ᠳᠠᠬᠢᠨ ᠳᠠᠪᠲᠠᠨ ᠰᠤᠷᠤᠯᠴᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠮᠡᠳᠡᠵᠦ᠂ ᠰᠡᠳᠬᠢᠯ ᠵᠢᠷᠦᠬᠡᠨ ᠳᠤ ᠪᠠᠨ ᠬᠠᠳᠠᠩᠰᠢᠭᠤᠯᠵᠤ᠂ ᠨᠠᠷᠢᠨ ᠲᠤᠳᠤᠷᠬᠠᠢ ᠡᠵᠡᠮᠰᠢᠬᠦ ᠬᠡᠷᠡᠭᠲᠡᠶ᠃ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠬᠤᠷᠠᠯ ᠤᠨ ᠵᠣᠷᠢᠭ ᠰᠠᠨᠠᠭ᠎ᠠ ᠪᠠᠷ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ ᠵᠢᠷᠤᠮᠯᠠᠯ ᠪᠠ ᠦᠨᠳᠦᠰᠦᠯᠡᠯ ᠪᠣᠯᠭᠠᠵᠤ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠠᠷ ᠦᠨᠡᠨ ᠬᠦ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠤᠨ᠂ ᠠᠵᠢᠯ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ︽ᠬᠥᠲᠥᠯᠪᠦᠷᠢ︾ ᠶᠢ ᠪᠠᠲᠤ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠪᠠᠳᠤᠳᠬᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠡᠦᠬᠡ ᠶᠢᠨ ᠵᠠᠶᠢᠯᠠᠰᠢ ᠦᠭᠡᠢ ᠴᠢᠨᠠᠷ᠂ ᠲᠤᠶᠢᠯ ᠤᠨ ᠴᠢᠬᠤᠯᠠ ᠴᠢᠨᠠᠷ ᠪᠠ ᠪᠣᠳᠠᠲᠤ ᠴᠢᠭᠯᠡᠬᠦᠯᠦᠯᠳᠦ ᠴᠢᠨᠠᠷ ᠢ ᠭᠦᠨᠵᠡᠭᠡᠢ ᠲᠠᠨᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠡᠯᠪᠡᠭ ᠪᠠᠶᠠᠯᠢᠭ ᠠᠭᠤᠯᠤᠭᠳᠠᠬᠤᠨ᠂ ᠤᠶᠦᠠ ᠰᠠᠨᠠᠭᠠᠨ ᠤ ᠮᠥᠨ ᠴᠢᠨᠠᠷ ᠢ ᠪᠠᠲᠤ ᠡᠵᠡᠮᠳᠡᠵᠦ᠂ ᠲᠤᠬᠠᠶᠢᠯᠠᠭᠰᠠᠨ ᠠᠵᠢᠯ ᠳᠤ ᠪᠠᠨ ᠰᠠᠭᠤᠷᠢᠯᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠰᠠᠶᠢᠲᠤᠷ ᠪᠠᠶᠢᠭᠤᠯᠬᠤ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮᠲᠤ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ ᠠᠬᠢᠭᠤᠯᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠲᠡᠭᠡᠭᠰᠢᠯᠡᠬᠦᠯᠬᠦ᠂ ᠦᠨᠳᠦᠰᠦᠲᠡᠨ ᠤ ᠬᠦᠷᠢᠶᠡᠨ ᠳᠠᠬᠢ ᠬᠦᠨᠳᠦ ᠶᠡᠭᠡ ᠲᠦᠭᠰᠢᠭᠦᠷᠢ ᠶᠢᠨ ᠳᠠᠯᠳᠠ ᠭᠡᠮ ᠢ ᠡᠷᠡᠰ ᠰᠡᠷᠭᠡᠶᠢᠯᠡᠬᠦ ᠲᠠᠪᠤᠨ ᠲᠠᠯ᠎ᠠ ᠶᠢᠨ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠴᠢᠷᠮᠠᠶᠢᠨ ᠬᠥᠲᠥᠯᠥᠨ ᠵᠢᠯᠣᠭᠤᠳᠴᠤ ᠪᠠᠶᠢᠭᠠᠳ ︽ᠲᠠᠪᠤᠨ ᠮᠡᠳᠡᠷᠡᠭᠦᠢ︾ ᠶᠢ ᠨᠢ ᠴᠢᠩᠭᠠᠳᠬᠠᠵᠤ᠂ ᠵᠢᠷᠭᠠᠯ ᠵᠣᠪᠠᠯ ᠢᠶᠠᠨ ᠬᠠᠮᠲᠤᠳᠬᠠᠬᠤ᠂ ᠠᠯᠳᠠᠷ ᠭᠤᠳᠤᠮᠰᠢᠭ  ᠢᠶᠠᠨ ᠬᠠᠮᠳᠤᠳᠬᠠᠬᠤ᠂  ᠠᠮᠢ ᠨᠠᠰᠤ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠳᠤ ᠪᠤᠢ ᠪᠤᠯᠭᠠᠬᠤ ᠬᠡᠷᠡᠭᠳᠡᠢ ᠬᠡᠵᠦ ᠴᠢᠬᠤᠯᠠᠴᠢᠯᠠᠪᠠ᠃      ᠬᠤᠷᠠᠯ ᠠᠴᠠ᠂ ᠰᠡᠳᠬᠢᠴᠡ ᠪᠠ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠦᠨᠡᠨ ᠬᠦ ᠠᠵᠢᠯ ᠦᠢᠯᠡᠳᠦᠯᠭᠡ ᠳᠤ ᠪᠠᠨ ᠨᠠᠶᠢᠳᠠᠪᠤᠷᠢᠵᠢᠭᠤᠯᠬᠤ ᠬᠡᠷᠡᠭᠲᠡᠢ᠃ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠰᠢᠨ᠎ᠡ ᠭᠠᠷᠤᠭ᠎ᠠ ᠪᠠ ᠴᠢᠬᠤᠯᠠ ᠠᠵᠠ ᠲᠣᠬᠢᠶᠠᠯ ᠪᠣᠯᠭᠠᠵᠤ᠂ ᠰᠡᠳᠬᠢᠴᠡ ᠪᠠ ᠠᠷᠭ᠎ᠠ ᠬᠡᠯᠪᠡᠷᠢ ᠪᠠᠨ ᠰᠢᠨᠡᠴᠢᠯᠡᠵᠦ᠂ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠠᠯ᠎ᠠ ᠪᠠᠷ ᠪᠠᠳᠤᠳᠬᠠᠵᠤ᠂ ᠦᠨᠳᠦᠰᠦᠲᠡᠨ ᠤ ᠵᠥᠪᠯᠡᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ ᠨᠠᠷᠢᠯᠢᠭ ᠬᠢᠵᠦ ᠪᠣᠳᠠᠲᠠᠢ ᠬᠢᠬᠦ ᠬᠡᠷᠡᠭᠲᠡᠢ ᠬᠡᠵᠦ ᠱᠠᠭᠠᠷᠳᠠᠵᠠᠢ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ