ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠴᠢᠨ ᠨᠠᠢᠮᠠᠳᠠᠭᠢ ᠠᠵᠢᠯᠯᠠᠭ᠎ᠠ ᠶᠢᠨ ᠰᠠᠷ᠎ᠠ ᠡᠬᠢᠯᠡᠪᠡ
ᠨᠡᠶᠢᠲᠡᠯᠡᠭᠰᠡᠨ ᠴᠠᠭ᠄
2021/9/10
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ︽ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠴᠢᠨ ᠨᠠᠢᠮᠠᠳᠠᠭᠢ ᠠᠵᠢᠯᠯᠠᠭ᠎ᠠ ᠶᠢᠨ ᠰᠠᠷ᠎ᠠ ᠶᠢᠨ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠴᠢᠨ ᠨᠠᠢᠮᠠᠳᠠᠭᠢ ᠠᠵᠢᠯᠯᠠᠭ᠎ᠠ ᠶᠢᠨ ᠰᠠᠷ᠎ᠠ ᠶᠢ ᠡᠬᠢᠯᠡᠭᠦᠯᠪᠡ᠃ ᠲᠣᠰ ᠤᠳᠠᠭᠠᠨ ᠤ ᠠᠵᠢᠯᠯᠠᠭ᠎ᠠ ᠶᠢᠨ ᠰᠠᠷ᠎ᠠ ᠨᠢ ︽ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠶ᠎ᠠ︾ ᠭᠡᠰᠡᠨ ᠢᠶᠠᠷ ᠭᠤᠤᠯ ᠰᠡᠳᠦᠪ ᠢᠶᠠᠨ ᠪᠣᠯᠭᠠᠵᠤ᠂ 3 ᠠᠵᠢᠯᠯᠠᠭ᠎ᠠ ᠶᠢ ᠭᠤᠤᠯᠳᠠᠯᠭ᠎ᠠ ᠲᠠᠢ ᠥᠷᠨᠢᠭᠦᠯᠵᠦ ᠡᠬᠢᠯᠡᠪᠡ᠃ ᠨᠢᠭᠡ ᠳᠤ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭᠠᠨ ᠤ ᠤᠬᠠᠭᠤᠯᠭ᠎ᠠ ᠬᠥᠮᠦᠵᠢᠯ ᠢ ᠰᠠᠶᠢᠲᠤᠷ ᠬᠢᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠴᠢᠩᠭᠠᠳᠬᠠᠬᠤ ᠪᠠ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠤᠬᠠᠭᠤᠯᠭ᠎ᠠ ᠶᠢ ᠭᠦᠨᠵᠡᠭᠡᠢ ᠥᠷᠨᠢᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠦᠲᠦᠯᠦᠨ ᠵᠢᠯᠤᠭᠤᠳᠴᠤ ᠪᠠᠶᠢᠭᠠᠳ ᠦᠵᠡᠯ ᠰᠠᠨᠠᠭ᠎ᠠ ᠲᠠᠨᠢᠯᠲᠠ ᠶᠢ ᠨᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠨ᠎ᠡ᠃ ᠬᠤᠶᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠦᠨᠡᠨ ᠬᠦ ᠴᠢᠩᠭᠠᠳᠬᠠᠨ ᠰᠠᠶᠢᠵᠢᠷᠠᠭᠤᠯᠤᠨ᠎ᠠ᠃ ᠭᠤᠷᠪᠠ ᠳᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠨᠢᠭᠲᠠ ᠤᠶᠠᠯᠳᠤᠭᠤᠯᠵᠤ᠂ ᠬᠦᠴᠦᠨ ᠢᠶᠠᠨ ᠲᠥᠪᠯᠡᠷᠡᠭᠦᠯᠦᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠬᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠬᠤ ᠳᠤ ᠠᠰᠢᠭᠲᠠᠶ ᠨᠢᠭᠡ ᠪᠦᠯᠦᠭ ᠰᠠᠶᠢᠨ ᠶᠠᠪᠤᠳᠠᠯ ᠪᠣᠳᠠᠲᠤ ᠶᠠᠪᠤᠳᠠᠯ ᠢ ᠬᠢᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠤᠯ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠦᠲᠦᠯᠦᠨ ᠵᠢᠯᠤᠭᠤᠳᠴᠤ ᠪᠠᠶᠢᠭᠠᠳ ᠨᠠᠮ ᠤᠨ ᠦᠭᠡ ᠶᠢ ᠰᠣᠨᠣᠰᠬᠤ᠂ ᠨᠠᠮ ᠤᠨ ᠠᠴᠢ ᠳᠤ ᠲᠠᠯᠠᠷᠬᠠᠬᠤ᠂ ᠨᠠᠮ ᠢᠶᠠᠨ ᠳᠠᠭᠠᠬᠤ ᠪᠣᠯᠭᠠᠬᠤ ᠪᠣᠯᠣᠨ᠎ᠠ᠃      ᠪᠦᠬᠦ ᠣᠷᠣᠨ ᠤ ᠡᠯ᠎ᠡ ᠠᠶᠢᠮᠠᠭ ᠬᠤᠲᠠ ᠶᠢᠨ ᠬᠢᠨ ᠴᠠᠭ ᠲᠤᠬᠠᠶ ᠳᠤ ᠨᠢ ᠪᠠᠶᠢᠷᠢᠯᠠᠭᠤᠯᠵᠤ᠂ ᠦᠳᠲᠡᠷ ᠲᠦᠷᠭᠡᠨ ᠬᠥᠳᠡᠯᠦᠯᠴᠡᠵᠦ᠂ ᠭᠠᠵᠠᠷ ᠣᠷᠣᠨ ᠤ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠪᠠᠶᠠᠯᠢᠭ ᠰᠠᠶᠢᠬᠠᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠭᠦᠯᠪᠡ᠃ ᠪᠤᠭᠤᠲᠤ ᠬᠤᠲᠠ ︽ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠴᠢᠨ ᠨᠠᠢᠮᠠᠳᠠᠭᠢ ᠠᠵᠢᠯᠯᠠᠭ᠎ᠠ ᠶᠢᠨ ᠰᠠᠷ᠎ᠠ ᠶᠢᠨ ᠤᠬᠠᠭᠤᠯᠤᠨ ᠮᠡᠳᠡᠭᠡᠯᠡᠬᠦ ᠠᠵᠢᠯ ᠢ ᠴᠢᠨᠠᠭᠰᠢᠳᠠ ᠴᠢᠩᠭᠠᠳᠬᠠᠬᠤ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠪᠣᠳᠠᠲᠤ ᠶᠠᠪᠤᠳᠠᠯ ᠪᠣᠯᠤᠨ ᠨᠡᠶᠢᠲᠡᠯᠢᠭ ᠦᠢᠯᠡ ᠠᠵᠢᠯᠯᠠᠭ᠎ᠠ ᠶᠢ ᠭᠦᠨᠵᠡᠭᠡᠶ ᠠᠭᠤᠳᠠᠯᠤᠨ ᠡᠮᠬᠢᠯᠡᠵᠦ᠂ ᠭᠤᠤᠯ ᠵᠠᠭᠤᠴᠢᠯᠠᠭᠤᠷ ᠪᠣᠯᠤᠨ ᠰᠢᠨ᠎ᠡ ᠵᠠᠭᠤᠴᠢᠯᠠᠭᠤᠷ ᠢ ᠭᠦᠢᠴᠡᠳ ᠠᠰᠢᠭᠯᠠᠨ ᠤᠬᠠᠭᠤᠯᠭ᠎ᠠ ᠥᠷᠨᠢᠭᠦᠯᠵᠦ᠂ ᠦᠨᠳᠦᠰᠦᠲᠡᠨ ᠨᠦᠭᠦᠳ ᠪᠦᠯᠭᠦᠮᠳᠡᠭᠰᠡᠨ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠦᠨᠡᠨ ᠬᠦ ᠪᠣᠶ ᠪᠣᠯᠭᠠᠪᠠ᠃ ᠲᠦᠩᠯᠢᠶᠣᠤ ᠬᠤᠲᠠ᠂ ᠣᠷᠳᠣᠰ ᠬᠤᠲᠠ ᠶᠢᠨ ᠬᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠶᠢᠨ ᠤᠷᠤᠯᠳᠤᠭᠠᠨ ᠤ ᠰᠦᠯᠵᠢᠶᠡᠨ ᠲᠡᠭᠡᠷᠡᠭᠢ ᠱᠠᠩᠨᠠᠯᠳᠤ ᠰᠡᠳᠦᠪ ᠬᠠᠷᠢᠭᠤᠯᠬᠤ ᠠᠵᠢᠯᠯᠠᠭ᠎ᠠ ᠥᠷᠨᠢᠭᠦᠯᠵᠦ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠭᠠᠷᠭᠠᠪᠠ᠃ ᠤᠯᠠᠭᠠᠨᠬᠠᠳᠠ ᠬᠤᠲᠠ ᠶᠢᠨ ᠬᠢᠨ ᠲᠥᠪ ᠤᠨ ᠦᠨᠳᠦᠰᠦᠲᠡᠨ ᠤ ᠺᠠᠳ᠋ᠷᠴᠤᠳ ᠤᠨ ᠳᠡᠭᠡᠳᠦ ᠰᠤᠷᠭᠠᠭᠤᠯᠢ ᠳᠤ ︽ᠤᠯᠠᠭᠠᠨᠬᠠᠳᠠ ᠬᠤᠲᠠ ᠶᠢᠨ ᠰᠢᠨ᠎ᠡ ᠴᠠᠭ ᠦᠶ᠎ᠡ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠰᠤᠳᠤᠯᠤᠨ ᠶᠠᠷᠢᠯᠴᠠᠬᠤ ᠠᠩᠭᠢ︾ ᠶᠢ ᠡᠷᠬᠢᠯᠡᠵᠦ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠣᠭᠤᠷᠢᠨ ᠤᠬᠠᠭᠤᠯᠵᠤ ᠲᠠᠶᠢᠯᠪᠤᠷᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠬᠦᠮᠦᠵᠢᠭᠦᠯᠵᠦ ᠬᠦᠲᠦᠯᠦᠨ ᠵᠢᠯᠣᠭᠤᠳᠴᠤ ᠪᠠᠶᠢᠭᠠᠳ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠡᠵᠡᠮᠳᠡᠨ ᠲᠤᠭᠤᠰᠢᠯᠠᠭᠤᠯᠵᠤ ᠪᠠᠶᠢᠨ᠎ᠠ᠃ ᠤᠯᠠᠭᠠᠨᠴᠠᠪ ᠬᠤᠳᠠ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠡᠯᠭᠡᠷᠡᠭᠦᠯᠦᠨ ᠬᠡᠷᠡᠭᠯᠡᠭᠦ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢ ᠬᠥᠮᠦᠰ ᠵᠢᠴᠢ ᠠᠵᠢᠯ ᠠᠴᠠ ᠪᠠᠨ ᠠᠮᠠᠷᠠᠭᠰᠠᠨ ᠨᠠᠮ ᠤᠨ ᠭᠡᠰᠢᠭᠦᠳ ᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠲᠦᠯᠦᠭᠡᠯᠡᠭᠴᠢᠳ ᠪᠣᠯᠤᠨ ᠨᠠᠮ ᠤᠨ ᠭᠡᠰᠢᠭᠦᠳ ᠤᠨ ᠵᠥᠪ ᠲᠠᠯ᠎ᠠ ᠶᠢᠨ ᠤᠬᠠᠭᠤᠯᠭ᠎ᠠ ᠬᠥᠮᠦᠵᠢᠯ ᠤᠨ ᠵᠢᠱᠢᠶ᠎ᠡ ᠦᠵᠡᠭᠦᠯᠵᠦ ᠬᠦᠳᠦᠯᠥᠨ ᠳᠠᠭᠠᠭᠤᠯᠬᠤ ᠦᠢᠯᠡᠳᠦᠯ ᠢ ᠨᠢ ᠪᠠᠳᠠᠷᠠᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠳᠤᠮᠳᠠᠬᠢ ᠢᠳᠡᠪᠬᠢ ᠬᠦᠴᠦᠨ ᠢ ᠳᠠᠮᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠨᠢ ᠪᠠᠲᠤᠳᠬᠠᠪᠠ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ