9 ᠳ᠋ᠤᠭᠡᠷ ᠰᠠᠷ᠎ᠠ ᠶᠢᠨ 7 ᠤ ᠡᠳᠦᠷ ᠠᠴᠠ 10 ᠤ ᠡᠳᠦᠷ ᠪᠣᠯᠲᠠᠯ᠎ᠠ᠂ ᠬᠢᠩᠭᠠᠨ ᠠᠶᠢᠮᠠᠭ ᠨᠢ ᠲᠥᠪ ᠤᠨ | ᠦᠨᠳᠦᠰᠦᠲᠡᠨ ᠤ ᠺᠠᠳ᠋ᠷ ᠤᠨ ᠳᠡᠭᠡᠳᠦ ᠰᠤᠷᠭᠠᠭᠤᠯᠢ ᠳᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠨᠠᠶᠢᠳᠠᠪᠤᠷᠢᠵᠢᠭᠤᠯᠬᠤ ᠲᠤᠰᠬᠠᠶ ᠪᠣᠯᠪᠠᠰᠤᠷᠠᠯ ᠤᠨ ᠠᠩᠭᠢ ᠡᠷᠭᠢᠯᠡᠪᠡ᠃ | | | ᠡᠨᠡ ᠬᠤᠭᠤᠴᠠᠭᠠᠨ ᠳᠤ᠂ ᠤᠯᠤᠰ ᠤᠨ ᠦᠨᠳᠦᠰᠦᠲᠡᠨ ᠤ ᠵᠥᠪᠯᠡᠯ᠂ ᠲᠥᠪ ᠤᠨ ᠦᠨᠳᠦᠰᠦᠲᠡᠨ ᠤ ᠺᠠᠳ᠋ᠷ ᠤᠨ | ᠳᠡᠭᠡᠳᠦ ᠰᠤᠷᠭᠠᠭᠤᠯᠢ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ᠂ ᠲᠥᠪ ᠤᠨ ᠨᠡᠶᠢᠭᠡᠮ ᠵᠢᠷᠤᠮ ᠤᠨ ᠳᠡᠭᠡᠳᠦ | ᠰᠤᠷᠭᠠᠭᠤᠯᠢ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠶᠢᠨ ᠲᠤᠰᠬᠠᠶ | ᠮᠡᠷᠭᠡᠵᠢᠯᠲᠡᠨ ᠫᠷᠤᠹᠧᠰᠰᠤᠷ ᠢ ᠤᠷᠢᠵᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ᠂ ᠰᠢᠨ᠎ᠡ ᠴᠠᠭ ᠦᠶ᠎ᠡ ᠶᠢᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠵᠡᠷᠭᠡ ᠭᠤᠤᠯ ᠰᠡᠳᠦᠪ ᠤᠨ | ᠲᠣᠭᠤᠷᠢᠨ ᠳᠤ ᠲᠤᠰᠬᠠᠶ ᠰᠡᠳᠦᠪᠳᠦ ᠲᠠᠶᠢᠯᠤᠮᠵᠢ ᠬᠢᠯᠭᠡᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ | ᠠᠵᠢᠯ ᠢ ᠰᠠᠶᠢᠲᠤᠷ ᠬᠢᠬᠦ ᠳᠤ ᠦᠵᠡᠯ ᠰᠠᠨᠠᠭ᠎ᠠ ᠣᠨᠣᠯ ᠤᠨ ᠰᠠᠭᠤᠷᠢ ᠶᠢ ᠲᠠᠯᠪᠢᠪᠠ᠃ | | | ᠬᠢᠩᠭᠠᠨ ᠠᠶᠢᠮᠠᠭ ᠤᠨ ᠡᠯ᠎ᠡ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ 70 ᠬᠥᠮᠦᠨ | ᠪᠣᠯᠪᠠᠰᠤᠷᠠᠯ ᠳᠤ ᠣᠷᠣᠯᠴᠠᠪᠠ᠃ | |