ᠰᠢᠯᠢ ᠶᠢᠨ ᠭᠤᠣᠯ ᠠᠶᠢᠮᠠᠭ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢᠳ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/16
     ᠣᠶᠢᠷ᠎ᠠ ᠳᠤ᠂ ᠰᠢᠯᠢ ᠶᠢᠨ ᠭᠤᠤᠯ ᠠᠶᠢᠮᠠᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠠᠶᠢᠮᠠᠭ ᠤᠨ ᠦᠨᠳᠦᠰᠦᠲᠡᠨ ᠤ ᠵᠥᠪᠯᠡᠯ ᠨᠢ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢᠳ ᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠠᠨ ᠤᠯᠠᠮ ᠴᠢᠨᠠᠬᠰᠢᠳᠠ ᠨᠢᠭᠡᠳᠬᠡᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠰᠢᠶᠤᠤ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠷᠠᠯ ᠠᠴᠠ᠂ ᠪᠦᠬᠦ ᠠᠶᠢᠮᠠᠭ ᠤᠨ ᠴᠥᠭᠡᠨ ᠲᠣᠭᠠᠲᠤ ᠦᠨᠳᠦᠰᠦᠲᠡᠨ ᠤ ᠲᠥᠯᠥᠭᠡᠯᠡᠭᠴᠢᠳ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠤᠯᠭᠠᠵᠤ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠨᠢᠭᠡᠳᠭᠡᠵᠦ᠂ ᠤᠶᠤᠨ ᠤᠬᠠᠭᠠᠨ ᠪᠠ ᠬᠦᠴᠦᠨ ᠴᠢᠳᠠᠯ ᠢᠶᠠᠨ ᠦᠨᠡᠨ ᠬᠦ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠤᠯᠤᠨ ᠠᠶᠢᠮᠠᠭ ᠤᠨ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠡᠯ᠎ᠡ ᠵᠦᠢᠯ ᠤᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠲᠡᠭᠡᠷ᠎ᠡ ᠲᠦᠪᠯᠡᠷᠡᠭᠦᠯᠵᠦ᠂ ᠭᠤᠣᠯ ᠲᠥᠪ ᠪᠠ ᠶᠡᠭᠡ ᠲᠠᠯ᠎ᠠ ᠳᠤ ᠦᠢᠯᠡᠴᠢᠯᠡᠬᠦ ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠢᠭᠡ ᠰᠡᠳᠬᠢᠯ ᠨᠢᠭᠡ ᠵᠣᠷᠢᠭ ᠢᠶᠠᠷ ᠤᠯᠤᠰ ᠲᠥᠷᠥ ᠶᠢᠨ ᠬᠠᠮᠲᠤ ᠶᠢᠨ ᠲᠠᠨᠢᠯᠲᠠ ᠪᠠᠨ ᠨᠢᠬᠳᠠᠷᠠᠭᠤᠯᠵᠤ᠂ ᠨᠢᠭᠡ ᠰᠡᠳᠬᠢᠯ ᠨᠢᠭᠡ ᠴᠢᠭᠯᠡᠯ ᠢᠶᠠᠷ ᠠᠵᠤ ᠠᠬᠤᠶ ᠶᠢᠨ ᠬᠦᠭᠵᠢᠯᠳᠡ ᠨᠡᠶᠢᠭᠡᠮ ᠤᠨ ᠲᠤᠬᠳᠠᠭᠤᠨ ᠳᠤ ᠬᠦᠴᠦᠨ ᠨᠡᠮᠡᠷᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠳᠠᠯᠠᠵᠤ᠂ ᠪᠦᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠦᠷ᠎ᠡ ᠪᠦᠲᠦᠮᠵᠢ ᠣᠯᠬᠤ ᠶᠢ ᠬᠠᠮᠳᠤ ᠪᠠᠷ ᠠᠬᠢᠭᠤᠯᠬᠤ ᠬᠡᠷᠡᠭᠳᠡᠢ᠃ ᠡᠯ᠎ᠡ ᠱᠠᠲᠤᠨ ᠤ ᠨᠢᠭᠡᠳᠦᠮᠡᠯ ᠹᠷᠣᠨᠲ᠂ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠨᠢ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠶᠠᠷᠢᠶ᠎ᠠ ᠳᠠᠬᠢ ᠠᠷᠪᠠᠨ ᠬᠤᠶᠠᠷ ︽ᠡᠷᠬᠡᠪᠰᠢ︾ ᠶᠢᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠢ ᠣᠨᠣᠪᠴᠢᠲᠠᠶ ᠡᠵᠡᠮᠳᠡᠵᠦ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠵᠥᠪ ᠣᠨᠣᠪᠴᠢᠲᠠᠶ ᠨᠠᠶᠢᠳᠠᠪᠤᠷᠢᠵᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠪᠠ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠬᠢᠬᠦ ᠪᠠ ᠡᠭᠦᠳᠦᠨ ᠪᠠᠶᠢᠭᠤᠯᠬᠤ ᠵᠡᠷᠭᠡ ᠡᠯ᠎ᠡ ᠵᠦᠢᠯ ᠤᠨ ᠠᠵᠢᠯ ᠢ ᠭᠦᠨᠵᠡᠭᠡᠶ ᠯᠠᠪᠳᠠᠭᠤᠨ ᠰᠠᠶᠢᠲᠤᠷ ᠬᠢᠵᠦ᠂ ᠨᠢᠭᠡ ᠰᠡᠳᠬᠢᠯ ᠨᠢᠭᠡ ᠵᠣᠷᠢᠭ ᠢᠶᠠᠷ ᠪᠥᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠪᠠᠶᠢᠳᠠᠯ ᠢ ᠪᠤᠢ ᠪᠤᠯᠭᠠᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠰᠢᠯᠢ ᠶᠢᠨ ᠭᠤᠤᠯ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ