ᠬᠥᠬᠡᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠲᠡᠯᠬᠡᠷᠡᠬᠦᠯᠦᠨ ᠬᠡᠷᠡᠭᠯᠡᠵᠦ ᠪᠠᠶᠢᠭ᠎ᠠ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/9/16
     ᠣᠶᠢᠷ᠎ᠠ ᠳᠤ᠂ ᠬᠥᠬᠡᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠧ ᡁᠢ ᠮᠢᠨ ᠬᠥᠬᠡᠬᠤᠲᠠ ᠶᠢᠨ ᠮᠣᠩᠭᠤᠯ ᠦᠨᠳᠦᠰᠦᠲᠡᠨ ᠤ ᠰᠤᠷᠭᠠᠭᠤᠯᠢ᠂ ᠬᠥᠬᠡᠬᠤᠲᠠ  ᠶᠢᠨ ᠭᠤᠴᠢᠳᠤᠭᠠᠷ ᠳᠤᠮᠳᠠᠳᠤ ᠰᠤᠷᠭᠠᠭᠤᠯᠢ ︵ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠬᠤᠶᠠᠳᠤᠭᠠᠷ ᠰᠤᠷᠭᠠᠭᠤᠯᠢ︶ ᠳᠤ ᠬᠦᠷᠴᠦ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠰᠤᠷᠭᠠᠨ ᠬᠥᠮᠦᠵᠢᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃      ᠪᠠᠶᠢᠴᠠᠭᠠᠨ ᠰᠤᠳᠤᠯᠤᠯᠲᠠ ᠳᠤ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠨᠠᠮ ᠤᠨ ᠦᠨᠳᠦᠰᠦᠲᠡᠨ ᠤ ᠠᠵᠢᠯ  ᠤᠨ ᠭᠤᠣᠯ ᠰᠢᠵᠢᠮ ᠪᠣᠯᠭᠠᠵᠤ᠂ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠤᠷᠢᠳᠴᠢᠯᠠᠨ ᠠᠷᠭ᠎ᠠ ᠰᠦᠪᠡᠭᠴᠢᠯᠡᠵᠦ᠂ ᠨᠠᠶᠢᠳᠠᠪᠤᠷᠢᠵᠢᠭᠤᠯᠤᠯᠳᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠣᠯᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠠᠳᠬᠤᠬᠤ ᠬᠡᠷᠡᠭᠲᠡᠢ᠃ ᠰᠤᠷᠭᠠᠭᠤᠯᠢ ᠶᠢᠨ ᠬᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢᠨ ᠤᠯᠤᠰ ᠲᠦᠷᠦ  ᠶᠢᠨ ᠬᠡᠪ ᠴᠢᠨᠠᠷ ᠪᠣᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠵᠢᠭᠠᠨ ᠰᠤᠷᠭᠠᠯᠲᠠ ᠶᠢᠨ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠳᠤ ᠨᠡᠩ ᠰᠠᠶᠢᠲᠤᠷ ᠠᠭᠤᠰᠤᠯᠴᠠᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃
ᠢᠷᠡᠯᠲᠡ᠄ ᠬᠥᠬᠡᠬᠤᠲᠠ ᠶᠢᠨ ᠦᠨᠳᠦᠰᠦᠳᠡᠨ ᠤ ᠬᠡᠷᠡᠭ ᠡᠷᠭᠢᠯᠡᠬᠦ ᠵᠥᠪᠯᠡᠯ