9 ᠳ᠋ᠦ᠋ᠬᠡᠷ ᠰᠠᠷ᠎ᠠ ᠶᠢᠨ 6 ᠠᠴᠠ 10 ᠤ ᠡᠳᠦᠷ ᠪᠣᠯᠲᠠᠯ᠎ᠠ᠂ ᠣᠷᠳᠣᠰ ᠬᠤᠲᠠ ᠪᠤᠷᠤᠪᠠᠯᠭᠠᠰᠤ ᠶᠢᠨ | ᠦᠨᠳᠦᠰᠦᠲᠡᠨ ᠤ ᠺᠠᠳ᠋ᠷ ᠤᠨ ᠪᠤᠯᠪᠠᠰᠤᠷᠠᠯ ᠤᠨ ᠭᠠᠵᠠᠷ ᠲᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ︾ ᠪᠥᠬᠦ ᠬᠤᠲᠠ ᠶᠢᠨ ᠴᠥᠭᠡᠨ ᠲᠣᠭᠠᠲᠤ ᠦᠨᠳᠦᠰᠦᠲᠡᠨ ᠤ ᠵᠠᠯᠠᠭᠤ ᠨᠠᠮ | ᠤᠨ ᠭᠡᠰᠢᠭᠦᠨ ᠤ ᠵᠢᠱᠢᠶ᠎ᠡ ᠦᠵᠡᠭᠦᠯᠬᠦ ᠪᠣᠯᠪᠠᠰᠤᠷᠠᠯ ᠤᠨ ᠠᠩᠭᠢ ᠡᠷᠭᠢᠯᠡᠪᠡ᠃ | ᠪᠣᠯᠪᠠᠰᠤᠷᠠᠯ ᠤᠨ ᠠᠩᠭᠢ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠪᠠᠷ ᠭᠤᠣᠯ ᠰᠢᠵᠢᠮ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ︽7·1︾ ᠤ ᠴᠢᠬᠤᠯᠠ | ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠵᠡᠷᠭᠡ ᠶᠢ ᠭᠦᠨᠵᠡᠭᠡᠢ ᠰᠤᠷᠤᠯᠴᠠᠵᠤ᠂ | ᠲᠤᠰᠬᠠᠢ ᠰᠡᠳᠦᠪᠲᠦ ᠵᠢᠭᠠᠨ ᠰᠤᠷᠭᠠᠯᠲᠠ᠂ ᠲᠤᠬᠠᠢ ᠶᠢᠨ ᠲᠠᠯᠠᠪᠠᠢ ᠶᠢᠨ ᠵᠢᠭᠠᠨ ᠰᠤᠷᠭᠠᠯᠲᠠ᠂ ᠪᠡᠶᠡᠴᠢᠯᠡᠨ ᠣᠶᠢᠯᠠᠭᠠᠬᠤ | ᠵᠢᠭᠠᠨ ᠰᠤᠷᠭᠠᠯᠲᠠ ᠵᠡᠷᠭᠡ ᠬᠡᠯᠪᠡᠷᠢ ᠪᠠᠷ ᠲᠠᠮᠵᠢᠭᠤᠯᠤᠨ ᠪᠦᠬᠦ ᠬᠤᠲᠠ ᠶᠢᠨ ᠴᠥᠭᠡᠨ ᠲᠣᠭᠠᠲᠤ ᠦᠨᠳᠦᠰᠦᠲᠡᠨ ᠤ | ᠵᠠᠯᠠᠭᠤ ᠨᠠᠮ ᠤᠨ ᠭᠡᠰᠢᠭᠦᠨ ᠤ ᠨᠠᠮᠴᠢ ᠴᠢᠨᠠᠷ ᠤᠨ ᠪᠣᠯᠪᠠᠰᠤᠷᠠᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠦᠬᠦᠯᠢ | ᠴᠣᠭᠴᠠ ᠶᠢᠨ ᠬᠡᠪ ᠴᠢᠨᠠᠷ ᠪᠠ ᠴᠢᠳᠠᠪᠤᠷᠢ ᠶᠢ ᠨᠢ ᠳᠡᠭᠡᠭᠰᠢᠯᠡᠭᠦᠯᠪᠡ᠃ | ᠤᠷᠳᠤᠰ ᠬᠤᠳᠠ ᠶᠢᠨ ᠡᠯ᠎ᠡ ᠬᠤᠰᠢᠭᠤ ᠲᠣᠭᠤᠷᠢᠭ᠂ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ 50 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠪᠠ᠃ |