9 ᠳ᠋ᠤᠭᠡᠷ ᠰᠠᠷ᠎ᠠ ᠶᠢᠨ 10 ᠤ ᠡᠳᠦᠷ᠂ ᠤᠯᠠᠭᠠᠨᠬᠠᠳᠠ ᠬᠤᠲᠠ ᠪᠥᠬᠦ ᠬᠤᠲᠠ ᠶᠢᠨ ᠡᠯ᠎ᠡ ᠦᠨᠳᠦᠰᠦᠲᠡᠨ ᠡᠯ᠎ᠡ | ᠡᠲᠡᠭᠡᠳ ᠤᠨ ᠵᠠᠯᠠᠭᠤᠴᠤᠳ ᠤᠨ ᠲᠦᠯᠦᠭᠡᠯᠡᠭᠴᠢᠳ ᠢ ᠵᠣᠬᠢᠶᠠᠨ ᠪᠠᠶᠢᠭᠤᠯᠵᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠲᠣᠭᠤᠷᠢᠨ ᠦᠵᠡᠵᠦ ᠰᠤᠷᠤᠯᠴᠠᠯᠭ᠎ᠠ ᠪᠠᠨ ᠬᠤᠪᠢᠶᠠᠯᠴᠠᠬᠤ | ᠬᠤᠷᠠᠯ ᠡᠷᠭᠢᠯᠡᠪᠡ᠃ ᠬᠤᠲᠠ ᠶᠢᠨ ᠵᠠᠯᠠᠭᠤᠴᠤᠳ ᠤᠨ ᠬᠤᠯᠪᠤᠭᠠᠳᠤ ᠬᠤᠷᠠᠯ ᠤᠨ ᠬᠡᠰᠢᠭᠦᠳ᠂ ᠵᠠᠯᠠᠭᠤ ᠠᠵᠤ | ᠠᠬᠤᠶᠢᠯᠠᠯᠳᠠᠳ ᠤᠨ ᠨᠡᠶᠢᠭᠡᠮᠯᠢᠭ ᠤᠨ ᠬᠡᠰᠢᠭᠦᠳ᠂ ᠦᠢᠯᠡᠰ ᠪᠤᠰᠬᠠᠵᠤ ᠪᠠᠶᠢᠭ᠎ᠠ ᠵᠠᠯᠠᠭᠤᠴᠤᠳ᠂ ᠰᠢᠨ᠎ᠡ ᠪᠠᠷ | ᠬᠥᠭᠵᠢᠭᠰᠡᠨ ᠠᠵᠢᠯ ᠦᠢᠯᠡᠰ ᠤᠨ ᠬᠦᠷᠢᠶᠡᠨ ᠳᠠᠬᠢ ᠵᠠᠯᠠᠭᠤᠴᠤᠳ᠂ ᠵᠠᠯᠠᠭᠤ ᠰᠠᠶᠢᠨ ᠳᠤᠷᠠᠴᠤᠳ᠂ ᠰᠤᠷᠭᠠᠭᠤᠯᠢ ᠳᠤ | ᠪᠠᠶᠢᠭ᠎ᠠ ᠤᠶᠤᠳᠠᠳ᠂ ᠦᠨᠳᠦᠰᠦᠨ ᠱᠠᠲᠤᠨ ᠤ ᠪᠦᠯᠬᠦᠮ ᠨᠡᠶᠢᠲᠡ ᠶᠢᠨ ᠺᠠᠳ᠋ᠷᠴᠤᠳ ᠵᠡᠷᠭᠡ 40 ᠬᠥᠮᠦᠨ | ᠠᠵᠢᠯᠯᠠᠭ᠎ᠠ ᠳᠤ ᠣᠷᠣᠯᠴᠠᠪᠠ᠃ | | | | | ᠬᠤᠷᠠᠯ ᠳᠤ ᠣᠷᠣᠯᠴᠠᠭᠰᠠᠳ ᠤᠷᠢᠳ ᠬᠤᠵᠢᠳ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ | ᠯᠢᠨ ᠬᠤᠧᠠᠩ ᠵᠢᠶᠠ ᠶᠤᠧᠠᠨ ᠨᠡᠶᠢᠭᠡᠮ ᠲᠣᠭᠤᠷᠢᠭ᠂ ᠬᠤᠩᠱᠠᠨ ᠲᠣᠭᠤᠷᠢᠭ ᠤᠨ ᠬᠤᠨᠭ᠌ ᠱᠠᠨ ᠵᠢᠶᠦ᠋ᠨ ᠨᠡᠶᠢᠭᠡᠮ | ᠲᠣᠭᠤᠷᠢᠭ ᠵᠡᠷᠭᠡ ᠵᠢᠱᠢᠶ᠎ᠡ ᠦᠵᠡᠭᠦᠯᠬᠦ ᠨᠢᠭᠡᠴᠢ ᠳᠤ ᠬᠦᠷᠴᠦ᠂ ᠲᠤᠬᠠᠶ ᠶᠢᠨ ᠭᠠᠵᠠᠷ ᠲᠤ ᠨᠢ ᠪᠠᠶᠢᠴᠠᠭᠠᠨ ᠦᠵᠡᠬᠦ᠂ | ᠲᠠᠶᠢᠯᠤᠮᠵᠢ ᠰᠣᠨᠣᠰᠬᠤ᠂ ᠸᠢᠳᠢᠣ᠋ ᠮᠠᠲ᠋ᠧᠷᠢᠶᠠᠯ ᠦᠵᠡᠬᠦ᠂ ᠲᠤᠬᠠᠶ ᠶᠢᠨ ᠲᠠᠯᠠᠪᠠᠶ ᠳᠤ ᠰᠠᠨᠠᠯ ᠢᠶᠠᠨ ᠰᠣᠯᠢᠯᠴᠠᠬᠤ ᠵᠡᠷᠭᠡ | ᠬᠡᠯᠪᠡᠷᠢ ᠪᠠᠷ ᠲᠣᠭᠤᠷᠢᠨ ᠦᠵᠡᠵᠦ ᠰᠤᠷᠤᠯᠴᠠᠨ᠂ ᠤᠯᠠᠭᠠᠨᠬᠠᠳᠠ ᠬᠤᠲᠠ ᠶᠢᠨ ᠦᠨᠳᠦᠰᠦᠲᠡᠨ ᠤ ᠠᠵᠢᠯ ᠤᠨ | ᠦᠨᠳᠦᠰᠦᠨ ᠪᠠᠶᠢᠳᠠᠯ ᠢ ᠭᠦᠨᠵᠡᠭᠡᠶ ᠣᠶᠢᠯᠠᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠤᠨ ᠰᠠᠶᠢᠨ ᠠᠷᠭ᠎ᠠ ᠲᠤᠷᠰᠢᠯᠭ᠎ᠠ ᠶᠢ ᠰᠤᠷᠤᠯᠴᠠᠪᠠ᠃ ᠲᠣᠭᠤᠷᠢᠨ ᠦᠵᠡᠵᠦ ᠳᠠᠭᠤᠰᠤᠭᠰᠠᠨ ᠤ | ᠳᠠᠷᠠᠭ᠎ᠠ᠂ ᠬᠤᠷᠠᠯ ᠳᠤ ᠣᠷᠣᠯᠴᠠᠭᠰᠠᠨ ᠪᠦᠬᠦ ᠬᠥᠮᠦᠰ ᠲᠤᠷᠰᠢᠯᠭ᠎ᠠ ᠪᠠᠨ ᠬᠤᠪᠢᠶᠠᠯᠴᠠᠨ ᠰᠣᠯᠢᠯᠴᠠᠬᠤ ᠬᠤᠷᠠᠯ | ᠬᠤᠷᠠᠯᠳᠤᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ | ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠠᠮᠳᠤ ᠪᠠᠷ ᠰᠤᠷᠤᠯᠴᠠᠭᠰᠠᠠ ᠤ ᠲᠠᠷᠠᠭ᠎ᠠ᠂ ᠤᠯᠠᠨ ᠢᠶᠠᠷ ᠢᠶᠠᠨ | ᠲᠤᠰ ᠲᠤᠰ ᠤᠨ ᠠᠵᠢᠯ ᠠᠮᠢᠳᠤᠷᠠᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠲᠣᠭᠤᠷᠢᠨ ᠳᠤ ᠪᠤᠳᠤᠯ ᠰᠠᠨᠠᠯ ᠢᠶᠠᠨ | ᠬᠤᠪᠢᠶᠠᠯᠴᠠᠨ ᠰᠤᠯᠢᠯᠴᠠᠪᠠ᠃ | | | ᠠᠵᠢᠯᠯᠠᠭ᠎ᠠ ᠪᠠᠷ ᠳᠠᠮᠵᠢᠭᠤᠯᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠵᠠᠯᠠᠭᠤᠴᠤᠳ ᠪᠠᠭᠠᠴᠤᠳ ᠢ | ᠤᠯᠠᠮ ᠨᠢᠭᠡ ᠠᠯᠬᠤᠮ ᠬᠥᠲᠥᠯᠥᠨ ᠵᠢᠯᠣᠭᠤᠳᠴᠤ ᠪᠠᠶᠢᠭᠠᠳ ︽ᠲᠠᠪᠤᠨ ᠮᠡᠳᠡᠷᠡᠭᠦᠢ︾ ᠶᠢ ᠪᠠᠲᠤᠳᠬᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ | ᠠᠬᠢᠭᠤᠯᠬᠤ ᠳᠤ ᠬᠦᠴᠦᠨ ᠴᠢᠳᠠᠯ ᠢ ᠨᠢ ᠡᠷᠭᠦᠭᠦᠯᠵᠦ ᠪᠠᠶᠢᠨ᠎ᠠ᠃ |