ᠠᠯᠠᠱᠠ ᠠᠶᠢᠮᠠᠭ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠴᠢᠷᠮᠠᠶᠢᠨ ᠪᠠᠶᠢᠭᠤᠯᠬᠤ ᠠᠵᠢᠯ ᠢ ᠤᠯᠠᠮ ᠨᠢᠭᠡ ᠠᠯᠬᠤᠮ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/9/16
     9 ᠳ᠋ᠤᠭᠡᠷ ᠰᠠᠷ᠎ᠠ ᠶᠢᠨ 13 ᠤ ᠡᠳᠦᠷ᠂ ᠠᠯᠠᠱᠠ ᠠᠶᠢᠮᠠᠭ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠬᠠᠮᠢᠶ᠎ᠠ ᠪᠥᠬᠦᠶ ᠠᠵᠢᠯ ᠢ ᠤᠯᠠᠮ ᠨᠢᠭᠡ ᠠᠯᠬᠤᠮ ᠲᠣᠬᠢᠷᠠᠭᠤᠯᠤᠨ ᠪᠠᠶᠢᠷᠢᠯᠠᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠳᠠᠶᠢᠴᠢᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠷᠠᠯ ᠠᠴᠠ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠤᠨ ᠰᠢᠯᠭᠠᠨ ᠦᠨᠡᠯᠡᠬᠦ ᠪᠠᠷᠢᠮᠵᠢᠶ᠎ᠠ ᠪᠣᠯᠤᠨ ᠡᠭᠦᠷᠭᠡ ᠶᠢ ᠬᠤᠪᠢᠶᠠᠷᠢᠯᠠᠬᠤ ᠱᠠᠭᠠᠷᠳᠠᠯᠭ᠎ᠠ ᠲᠠᠢ ᠨᠠᠷᠢᠨ ᠬᠢᠨᠠᠮᠠᠭᠠᠢ ᠬᠠᠷᠭᠤᠭᠤᠯᠵᠤ᠂ ᠵᠦᠢᠯ ᠵᠤᠷᠪᠤᠰ ᠳᠠᠷᠠᠭᠠᠯᠠᠨ ᠪᠠᠷᠢᠮᠵᠢᠶᠠᠯᠠᠨ ᠪᠠᠶᠢᠴᠠᠭᠠᠵᠤ᠂ ᠣᠷᠬᠢᠭᠳᠠᠭᠰᠠᠨ ᠢ ᠨᠢ ᠪᠦᠭᠦ ᠲᠠᠯ᠎ᠠ ᠪᠠᠷ ᠨᠠᠷᠢᠯᠢᠭ ᠪᠠᠶᠢᠴᠠᠭᠠᠨ ᠲᠤᠲᠠᠭᠤ ᠶᠢ ᠨᠢ ᠨᠦᠭᠦᠵᠦ᠂ ᠡᠭᠦᠳᠦᠨ ᠪᠠᠶᠢᠭᠤᠯᠬᠤ ᠬᠠᠷᠠᠯᠲᠠ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠤᠬᠠᠭᠤᠯᠬᠤ ᠡᠷᠴᠢᠮ ᠢᠶᠠᠨ ᠨᠡᠮᠡᠭᠳᠡᠭᠦᠯᠵᠦ᠂ ᠣᠯᠠᠨ ᠬᠡᠯᠪᠡᠷᠢ ᠶᠢᠨ ᠡᠭᠦᠳᠦᠨ ᠪᠠᠶᠢᠭᠤᠯᠬᠤ ᠤᠬᠠᠭᠤᠯᠭ᠎ᠠ ᠶᠢᠨ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠵᠤ ᠦᠷᠨᠢᠭᠦᠯᠦᠨ᠂ ᠨᠡᠶᠢᠭᠡᠮ ᠲᠠᠶᠠᠭᠠᠷ ᠤᠨ ᠬᠦᠴᠦᠨ ᠢ ᠥᠷᠭᠡᠨ ᠢᠶᠠᠷ ᠳᠠᠶᠢᠴᠢᠯᠠᠨ᠂ ᠡᠭᠦᠳᠦᠨ ᠪᠠᠶᠢᠭᠤᠯᠬᠤ ᠠᠵᠢᠯ ᠢ ᠬᠠᠯᠠᠮᠵᠢᠯᠠᠨ ᠳᠡᠮᠵᠢᠵᠦ᠂ ᠢᠳᠡᠪᠬᠢᠲᠡᠶ ᠣᠷᠣᠯᠴᠠᠨ᠂ ᠡᠭᠦᠳᠦᠨ ᠪᠠᠶᠢᠭᠤᠯᠬᠤ ᠠᠵᠢᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ︽ᠭᠤᠷᠪᠠᠨ ᠰᠠᠯᠵᠤ ᠴᠢᠳᠠᠬᠤ ᠥᠬᠡᠶ︾᠂ ︽ᠲᠠᠪᠤᠨ ᠮᠡᠳᠡᠷᠡᠭᠦᠢ︾ ᠶᠢᠨ ᠦᠵᠡᠯ ᠰᠠᠨᠠᠭ᠎ᠠ ᠶᠢ ᠪᠥᠬᠦ ᠠᠶᠢᠮᠠᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠳᠤ ᠭᠦᠨ ᠬᠠᠳᠠᠩᠰᠢᠭᠤᠯᠬᠤ ᠬᠡᠷᠡᠭᠲᠡᠶ᠃ ᠡᠭᠦᠳᠦᠨ ᠪᠠᠶᠢᠭᠤᠯᠬᠤ ᠠᠵᠢᠯ ᠤᠨ ᠭᠢᠯᠠᠰ ᠴᠡᠭ ᠢ ᠢᠳᠡᠪᠬᠢᠲᠡᠶ ᠡᠭᠦᠳᠴᠦ᠂ ᠡᠭᠦᠳᠦᠨ ᠪᠠᠶᠢᠭᠤᠯᠬᠤ ᠠᠵᠢᠯ ᠤᠨ ᠳᠤᠮᠳᠠᠬᠢ ᠰᠠᠶᠢᠨ ᠠᠷᠭ᠎ᠠ ᠠᠪᠴᠠᠯ ᠪᠠ ᠦᠷ᠎ᠡ ᠪᠦᠲᠦᠮᠵᠢ ᠶᠢ ᠨᠠᠷᠢᠨ ᠬᠢᠨᠠᠮᠠᠭᠠᠶ ᠳ᠋ᠦᠩᠨᠡᠨ ᠠᠭᠤᠳᠠᠯᠵᠤ᠂ ᠲᠠᠩᠰᠠ ᠡᠪᠬᠡᠮᠡᠯ ᠮᠠᠲ᠋ᠧᠷᠢᠶᠠᠯ ᠢ ᠴᠤᠭᠯᠠᠭᠤᠯᠤᠨ ᠡᠮᠬᠢᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠯᠠᠱᠠ ᠠᠶᠢᠮᠠᠭ ᠤᠨ ᠦᠨᠳᠦᠰᠦᠲᠡᠨ ᠤ ᠪᠦᠯᠬᠦᠮᠳᠡᠯ ᠤᠨ ᠥᠯᠢᠭᠡᠷ ᠢ ᠦᠨᠡᠨ ᠬᠦ ᠰᠠᠶᠢᠲᠤᠷ ᠶᠠᠷᠢᠵᠤ᠂ ᠠᠯᠠᠱᠠ ᠠᠶᠢᠮᠠᠭ ᠤᠨ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠪᠠ ᠬᠢᠷᠢ ᠲᠦᠪᠰᠢᠨ ᠢ ᠭᠦᠢᠴᠡᠳ ᠢᠯᠡᠷᠡᠭᠦᠯᠬᠦ ᠬᠡᠷᠡᠭᠲᠡᠶ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠠᠮᠵᠢᠯᠴᠠᠨ ᠬᠠᠮᠲᠤᠷᠠᠯᠴᠠᠬᠤ ᠪᠠᠨ ᠴᠢᠩᠭᠠᠳᠬᠠᠵᠤ᠂ ᠱᠠᠭᠠᠷᠳᠠᠨ ᠪᠠᠶᠢᠴᠠᠭᠠᠬᠤ ᠪᠠ ᠦᠷ᠎ᠡ ᠪᠦᠲᠦᠮᠵᠢ ᠶᠢ ᠮᠥᠷᠳᠡᠨ ᠠᠰᠠᠭᠤᠬᠤ ᠡᠷᠴᠢᠮ ᠢᠶᠠᠨ ᠴᠢᠩᠭᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠨᠳᠥᠷ  ᠪᠥᠲᠥᠮᠵᠢ ᠲᠠᠢ ᠡᠮᠬᠢ ᠵᠢᠷᠤᠮ ᠲᠠᠢ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠠᠯᠠᠱᠠ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ