ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠭᠤᠴᠢᠨ ᠨᠠᠢᠮᠠᠳᠠᠭᠢ ᠠᠵᠢᠯᠯᠠᠭ᠎ᠠ ᠶᠢᠨ ᠰᠠᠷ᠎ᠠ ᠲᠠᠢ | ᠤᠶᠠᠯᠳᠤᠭᠤᠯᠤᠨ᠂ ᠳᠠᠷᠬᠠᠨ ᠮᠦ᠋ᠦᠮᠢᠩᠭᠠᠨ ᠬᠤᠯᠪᠣᠭᠠᠲᠤ ᠬᠤᠰᠢᠭᠤᠨ ᠤ ᠡᠯ᠎ᠡ ᠰᠤᠷᠭᠠᠭᠤᠯᠢ ᠥᠪᠡᠷᠮᠢᠴᠡ ᠣᠨᠴᠠᠯᠢᠭ | ᠪᠥᠬᠦᠶ ︽ᠦᠨᠳᠦᠰᠦᠲᠡᠨ ᠨᠦᠭᠦᠳ ᠪᠦᠯᠭᠦᠮᠲᠡᠨ ᠨᠢᠭᠡ ᠬᠡᠷ ᠪᠦᠯᠢ ᠶᠢᠨ ᠬᠢᠨ ᠮᠡᠲᠦ ᠳᠣᠲᠣᠨᠣ ᠪᠠᠶᠢᠯᠴᠠᠶᠠ︾ ᠭᠡᠭᠦ | ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ ᠤᠨ ᠠᠵᠢᠯᠯᠠᠭ᠎ᠠ ᠶᠢ ᠢᠳᠡᠪᠬᠢᠲᠡᠶ ᠵᠣᠬᠢᠶᠠᠨ ᠪᠠᠶᠢᠭᠤᠯᠵᠤ ᠥᠷᠨᠢᠭᠦᠯᠪᠡ᠃ | | | ᠰᠢᠪᠠᠷ ᠬᠦᠷᠢᠶ᠎ᠡ ᠪᠠᠯᠭᠠᠰᠤᠨ ᠤ ᠬᠡᠦᠬᠡᠳ ᠤᠨ ᠴᠡᠴᠡᠷᠯᠢᠭ ᠨᠢ ︽ᠭᠤᠶᠣ ᠰᠠᠶᠢᠬᠠᠨ ᠦᠨᠳᠦᠰᠦᠲᠡᠨ ᠤ | ᠬᠤᠪᠴᠠᠰᠤ ᠵᠠᠰᠠᠯ︾ ᠭᠡᠬᠦ ᠭᠤᠤᠯ ᠰᠡᠳᠦᠪᠲᠦ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠦᠵᠡᠭᠦᠯᠭᠦ᠂ ᠶᠠᠷᠢᠭᠤᠯᠬᠤ᠂ | ᠵᠢᠷᠤᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ ᠦᠨᠳᠦᠰᠦᠲᠡᠨ ᠤ ᠪᠦᠯᠬᠦᠮᠳᠡᠯ ᠤᠨ ᠣᠶᠢᠯᠠᠭᠠᠭᠳᠠᠬᠤᠨ᠂ | ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠡᠤᠭᠡᠳ ᠲᠤ ᠤᠳ ᠰᠡᠳᠬᠢᠯ ᠳᠤ ᠨᠢ ᠠᠭᠤᠰᠬᠠᠵᠤ᠂ ᠤᠯᠤᠰ ᠢᠶᠠᠨ | ᠬᠠᠶᠢᠷᠠᠯᠠᠬᠤ ᠦᠵᠡᠯ ᠤᠨ ᠦᠷ᠎ᠡ ᠶᠢ ᠲᠡᠳᠡᠨ ᠤ ᠰᠡᠳᠬᠢᠯ ᠳᠤ ᠦᠷᠭᠦᠯᠵᠢᠯᠡᠨ ᠦᠨᠳᠦᠰᠦᠯᠡᠭᠦᠯᠦᠨ ᠰᠤᠶᠤᠭᠠᠯᠠᠭᠤᠯᠪᠠ᠃ | ᠨᠢᠭᠡᠳᠦᠭᠡᠷ ᠪᠠᠭ᠎ᠠ ᠰᠤᠷᠭᠠᠭᠤᠯᠢ ᠨᠢ ᠡᠯ᠎ᠡ ᠠᠩᠭᠢ ᠶᠢᠨ ᠰᠤᠷᠤᠭᠴᠢᠳ ᠢ ᠵᠣᠬᠢᠶᠠᠨ ᠪᠠᠶᠢᠭᠤᠯᠵᠤ ᠦᠨᠳᠦᠰᠦᠲᠡᠨ ᠤ | ᠪᠦᠯᠬᠦᠮᠳᠡᠯ ᠤᠨ ᠥᠯᠢᠭᠡᠷ ᠢ ᠶᠠᠷᠢᠭᠤᠯᠵᠤ᠂ ᠡᠯ᠎ᠡ ᠦᠨᠳᠦᠰᠦᠲᠡᠨ ᠤ ᠵᠠᠩ ᠳᠠᠳᠬᠠᠯ᠂ ᠤᠯᠠᠮᠵᠢᠯᠠᠯᠲᠤ ᠪᠠᠶᠠᠷ ᠤᠨ ᠡᠳᠦᠷ᠂ | ᠡᠯ᠎ᠡ ᠦᠨᠳᠦᠰᠦᠲᠡᠨ ᠤ ᠢᠳᠡᠭᠡᠨ ᠤᠮᠳᠠᠭᠠᠨ ᠤ ᠲᠤᠬᠠᠢ ᠲᠠᠨᠢᠯᠴᠠᠭᠤᠯᠵᠤ᠂ ᠬᠡᠦᠬᠡᠳ ᠤᠳ ᠤᠨ ᠳᠤᠮᠳᠠᠳᠤ ᠶᠢᠨ | ᠰᠣᠶᠣᠯ ᠤᠨ ᠲᠤᠬᠠᠶ ᠣᠶᠢᠯᠠᠭᠠᠯᠲᠠ ᠶᠢ ᠨᠢ ᠭᠦᠨᠵᠡᠭᠡᠶᠢᠷᠡᠭᠦᠯᠵᠦ᠂ ᠳᠤᠮᠳᠠᠳᠤ ᠶᠢᠨ ᠰᠣᠶᠣᠯ ᠤᠨ ᠲᠤᠬᠠᠶ ᠮᠡᠳᠡᠷᠡᠭᠦᠢ ᠶᠢ | ᠨᠢ ᠨᠡᠮᠡᠭᠳᠡᠭᠦᠯᠪᠡ᠃ ᠮᠣᠩᠭᠤᠯ ᠦᠨᠳᠦᠰᠦᠲᠡᠨ ᠤ ᠰᠤᠷᠭᠠᠭᠤᠯᠢ ᠨᠢ ᠪᠠᠭᠰᠢ ᠨᠠᠷ ᠢ ᠵᠣᠬᠢᠶᠠᠨ ᠪᠠᠶᠢᠭᠤᠯᠵᠤ ᠡᠯ᠎ᠡ | ᠣᠨ ᠤ ᠰᠤᠷᠤᠭᠴᠢᠳ ᠲᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ︾ ᠭᠤᠤᠯ ᠰᠡᠳᠦᠪᠲᠦ ᠬᠢᠴᠢᠶᠡᠯ ᠵᠢᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠶᠢ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠳᠤᠮᠳᠠ | ᠭᠦᠨᠵᠡᠭᠡᠶᠢᠷᠡᠭᠦᠯᠵᠦ᠂ ᠦᠭᠡ ᠶᠠᠷᠢᠶ᠎ᠠ ᠦᠢᠯᠡ ᠠᠵᠢᠯᠯᠠᠭᠠᠵᠢᠭᠤᠯᠤᠨ ᠢᠯᠡᠷᠡᠭᠦᠯᠪᠡ᠃ ᠮᠣᠩᠭᠤᠯ ᠦᠨᠳᠦᠰᠦᠲᠡᠨ ᠤ | ᠬᠡᠦᠬᠡᠳ ᠤᠨ ᠴᠡᠴᠡᠷᠯᠢᠭ ᠨᠢ ᠡᠯ᠎ᠡ ᠠᠩᠭᠢ ᠶᠢᠨ ᠬᠡᠦᠬᠡᠳ ᠤᠨ ᠨᠠᠰᠤᠨ ᠤ ᠣᠨᠴᠠᠯᠢᠭ ᠢ ᠦᠨᠳᠦᠰᠦᠯᠡᠨ᠂ | ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠶᠠᠷᠢᠬᠤ᠂ ᠡᠯ᠎ᠡ ᠦᠨᠳᠦᠰᠦᠲᠡᠨ ᠤ ᠰᠣᠶᠣᠯ ᠤᠷᠠᠯᠢᠭ ᠢ | ᠲᠠᠨᠢᠯᠴᠠᠭᠤᠯᠬᠤ ᠵᠡᠷᠭᠡ ᠡᠯᠪᠡᠭ ᠪᠠᠶᠠᠯᠢᠭ ᠣᠯᠠᠨ ᠶᠠᠩᠵᠤ ᠬᠡᠯᠪᠡᠷᠢ ᠶᠢᠨ ᠭᠤᠤᠯ ᠰᠡᠳᠦᠪᠲᠦ ᠬᠥᠮᠦᠵᠢᠯ ᠤᠨ | ᠠᠵᠢᠯᠯᠠᠭ᠎ᠠ ᠶᠢ ᠥᠷᠨᠢᠭᠦᠯᠪᠡ᠃ ᠬᠤᠩᠭᠤᠷᠲᠠᠯ᠎ᠠ ᠬᠡᠦᠬᠡᠳ ᠤᠨ ᠴᠡᠴᠡᠷᠯᠢᠭ ᠨᠢ ᠰᠤᠷᠭᠠᠭᠤᠯᠢ ᠡᠬᠢᠯᠡᠭᠰᠡᠨ ᠠᠩᠬᠠᠨ ᠤ | ᠡᠳᠦᠷ᠂ ᠬᠡᠦᠬᠡᠳ ᠤᠳ ᠲᠤ ᠤᠯᠤᠰ ᠤᠨ ᠲᠤᠭ ᠢ ᠲᠠᠨᠢᠭᠤᠯᠬᠤ᠂ ᠤᠯᠤᠰ ᠤᠨ ᠳᠠᠭᠤᠤ ᠶᠢ ᠰᠣᠨᠣᠰᠬᠠᠬᠤ᠂ ᠤᠯᠤᠰ ᠤᠨ | ᠲᠤᠭ ᠤᠨ ᠥᠯᠢᠭᠡᠷ ᠢ ᠶᠠᠷᠢᠬᠤ᠂ ᠲᠠᠪᠤᠨ ᠣᠳᠣᠲᠤ ᠤᠯᠠᠭᠠᠨ ᠲᠤᠭ ᠢᠶᠠᠨ ᠬᠠᠶᠢᠷᠠᠯᠠᠬᠤ ᠵᠡᠷᠭᠡ ᠠᠵᠢᠯᠯᠠᠭ᠎ᠠ ᠪᠠᠷ | ᠳᠠᠮᠵᠢᠭᠤᠯᠤᠨ᠂ ᠬᠡᠦᠬᠡᠳ ᠤᠳ ᠤᠨ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ ᠪᠠ ᠳᠤᠮᠳᠠᠳᠤ ᠶᠢᠨ | ᠰᠣᠶᠣᠯ ᠤᠨ ᠲᠤᠬᠠᠶ ᠮᠡᠳᠡᠷᠡᠭᠦᠢ ᠶᠢ ᠨᠢ ᠨᠡᠮᠡᠭᠳᠡᠭᠦᠯᠪᠡ᠃ | | | | | | | | |