ᠪᠤᠭᠤᠲᠤ ᠬᠤᠲᠠ ᠶᠢᠨ ᠦᠨᠳᠦᠰᠦᠲᠡᠨ ᠤ ᠵᠥᠪᠯᠡᠯ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/16
     9 ᠳ᠋ᠤᠭᠡᠷ ᠰᠠᠷ᠎ᠠ ᠶᠢᠨ 8 ᠤ ᠡᠳᠦᠷ᠂ ᠪᠤᠭᠤᠲᠤ ᠬᠤᠲᠠ ᠶᠢᠨ ᠦᠨᠳᠦᠰᠦᠲᠡᠨ ᠤ ᠵᠥᠪᠯᠡᠯ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠨᠠᠶᠢᠳᠠᠪᠤᠷᠢᠵᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠪᠠ᠃
         ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠤᠯ ᠰᠢᠵᠢᠮ ᠪᠣᠯᠭᠠᠵᠤ᠂ ᠲᠠᠪᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠤᠭᠤᠲᠤ ᠬᠤᠲᠠ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ ᠨᠢᠭᠡ ᠳᠤ᠂ ᠵᠣᠬᠢᠶᠠᠨ ᠪᠠᠶᠢᠭᠤᠯᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠣᠯᠪᠢᠴᠠᠭᠰᠠᠨ᠂ ᠭᠤᠷᠪᠠ ᠶᠢ ᠨᠢᠭᠡ ᠴᠣᠭᠴᠠᠵᠢᠭᠤᠯᠤᠭᠰᠠᠨ ᠠᠵᠢᠯ ᠤᠨ ᠪᠠᠶᠢᠷᠢᠰᠢᠯ ᠢ ᠪᠠᠶᠢᠭᠤᠯᠤᠨ᠎ᠠ᠃ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠦ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠤᠰᠢᠭᠤ ᠰᠢᠶᠠᠨ ᠲᠣᠭᠤᠷᠢᠭ᠂ ᠰᠢᠶᠠᠩ ᠪᠠᠯᠭᠠᠰᠤ ᠵᠡᠭᠡᠯᠢ ᠭᠤᠳᠤᠮᠵᠢ᠂ ᠭᠠᠴᠠᠭ᠎ᠠ ᠲᠣᠰᠬᠤᠨ ᠨᠡᠶᠢᠭᠡᠮ ᠲᠣᠭᠤᠷᠢᠭ ᠤᠨ ᠦᠨᠳᠦᠰᠦᠲᠡᠨ ᠤ ᠠᠵᠢᠯ ᠤᠨ ︽ᠭᠤᠷᠪᠠᠨ ᠱᠠᠲᠤᠨ ᠤ ᠲᠤᠤᠷ ᠰᠦᠯᠵᠢᠶ᠎ᠡ︾ ᠶᠢᠨ ᠲᠤᠬᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠦᠨᠳᠦᠰᠦᠲᠡᠨ ᠤ ᠵᠥᠪᠯᠡᠯ ᠤᠨ  ᠬᠡᠰᠢᠭᠦᠨ ᠨᠢᠭᠡᠴᠢ ᠶᠢᠨ ᠲᠦᠷᠢᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠡᠰᠢᠭᠦᠨ ᠨᠢᠭᠡᠴᠢ ᠶᠢᠨ ᠦᠨᠳᠦᠰᠦᠲᠡᠨ ᠤ ᠠᠵᠢᠯ ᠤᠨ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠠᠶᠢᠭᠤᠯᠵᠤ᠂ ᠦᠨᠳᠦᠰᠦᠲᠡᠨ ᠤ ᠠᠵᠢᠯ ᠢ ᠪᠥᠬᠦ ᠨᠡᠶᠢᠭᠡᠮ ᠤᠨ ᠡᠯ᠎ᠡ ᠠᠵᠢᠯ ᠲᠥᠷᠥᠯ ᠡᠯ᠎ᠡ ᠰᠠᠯᠠᠭ᠎ᠠ ᠮᠥᠴᠢᠷ ᠲᠤ ᠪᠦᠷᠭᠦᠭᠦᠯᠦᠨ᠎ᠡ᠃ ᠬᠤᠶᠠᠷ ᠲᠤ᠂ ᠶᠡᠷᠦᠩᠬᠡᠶᠢᠯᠡᠨ ᠰᠤᠳᠤᠯᠵᠤ ᠮᠠᠭᠠᠳᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠦᠨᠳᠦᠰᠦᠲᠡᠨ ᠤ ᠬᠦᠷᠢᠶᠡᠨ ᠳᠤ ᠬᠢ ᠬᠡᠯᠪᠡᠶᠢᠭᠰᠡᠨ ᠢ ᠵᠦᠭᠰᠢᠷᠡᠭᠦᠯᠬᠦ ᠠᠵᠢᠯ ᠢ ᠪᠣᠯᠭᠤᠮᠵᠢᠲᠠᠢ ᠯᠠᠪᠳᠠᠭᠤᠨ ᠢᠶᠠᠷ ᠠᠬᠢᠭᠤᠯᠤᠨ᠎ᠠ᠃ ᠦᠨᠳᠦᠰᠦᠲᠡᠨ ᠤ ᠬᠦᠷᠢᠶᠡᠨ ᠳᠠᠬᠢ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠦᠨᠳᠦᠰᠦᠲᠡᠨ ᠤ ᠠᠵᠢᠯ ᠤᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠲᠥᠪ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠲᠠᠢ ᠤᠶᠠᠯᠳᠤᠭᠤᠯᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠠᠯ᠎ᠠ ᠪᠠᠷ ᠬᠢ ᠲᠤᠰᠬᠠᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠭᠤᠷᠪᠠ ᠳᠤ᠂ ᠬᠢᠨᠠᠯᠲᠠ ᠲᠠᠯᠪᠢᠵᠤ ᠰᠢᠯᠭᠠᠨ ᠦᠨᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠢ ᠪᠦᠲᠦᠮᠵᠢᠲᠡᠢ ᠠᠬᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠬᠢᠨᠠᠯᠲᠠ ᠲᠠᠯᠪᠢᠵᠤ ᠰᠢᠯᠭᠠᠨ ᠦᠨᠡᠯᠡᠬᠦ ︽ᠳᠣᠬᠢᠭᠤᠷ︾ ᠤᠨ ᠦᠢᠯᠡᠳᠦᠯ ᠢ ᠪᠠᠳᠠᠷᠠᠭᠤᠯᠵᠤ᠂ ᠦᠨᠳᠦᠰᠦᠲᠡᠨ ᠤ ᠠᠵᠢᠯ ᠳᠤ ᠬᠤᠯᠪᠣᠭᠳᠠᠬᠤ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠦᠨᠳᠦᠰᠦᠲᠡᠨ ᠤ ᠠᠵᠢᠯ ᠤᠨ ᠬᠦᠷᠢᠶᠡᠨ ᠳᠤ ᠬᠢ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠵᠤ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠳᠥᠷᠪᠡ ᠳᠤ᠂ ᠵᠢᠷᠤᠮᠵᠢᠭᠰᠠᠨ ᠡᠮᠬᠢ ᠵᠢᠷᠤᠮ ᠲᠠᠢ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠣᠷᠳᠣ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠳᠦᠷᠢᠮᠵᠢᠭᠦᠯᠬᠦ ᠶᠢ ᠴᠢᠬᠤᠯᠠᠴᠢᠯᠠᠨ᠂ ᠡᠮᠬᠢ ᠴᠡᠭᠴᠡᠲᠦ ᠴᠢᠨᠠᠷ ᠢ ᠳᠣᠪᠤᠶᠢᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠠᠶᠢᠡᠭᠭᠤᠵᠢᠭᠤᠯᠵᠤ᠂ ᠨᠠᠷᠢᠯᠢᠬᠵᠢᠭᠤᠯᠵᠤ ᠦᠷᠨᠢᠭᠦᠯᠭᠦ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠠᠬᠢᠭᠤᠯᠤᠨ᠎ᠠ᠃ ᠲᠠᠪᠤ ᠳᠤ᠂ ᠴᠢᠳᠠᠪᠤᠷᠢ ᠶᠢ ᠳᠡᠭᠡᠭᠰᠢᠯᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠴᠢᠳᠠᠪᠤᠷᠢ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠦᠨᠳᠦᠰᠦᠲᠡᠨ ᠤ ᠠᠵᠢᠯ ᠤᠨ ᠺᠠᠳ᠋ᠷ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ᠂ ᠦᠨᠳᠦᠰᠦᠲᠡᠨ ᠤ ᠠᠵᠢᠯ ᠤᠨ ᠲᠤᠰᠠᠯᠠᠭᠴᠢ ᠳᠤ ᠬᠠᠨᠳᠤᠯᠭ᠎ᠠ ᠲᠠᠢ ᠪᠣᠯᠪᠠᠰᠤᠷᠠᠯ ᠢ ᠰᠢᠰᠲ᠋ᠧᠮ ᠲᠠᠢ ᠥᠷᠨᠢᠭᠦᠯᠵᠦ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃
ᠢᠷᠡᠯᠲᠡ᠄ ᠪᠤᠭᠤᠲᠤ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ