9 ᠳ᠋ᠦ᠋ᠬᠡᠷ ᠰᠠᠷ᠎ᠠ ᠶᠢᠨ 13 ᠠᠴᠠ 14 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ | ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠢᠶᠦ᠋ᠨ ᠪᠦᠯᠬᠦᠮ | ᠳᠠᠭᠠᠭᠤᠯᠤᠨ ᠲᠦᠩᠯᠢᠶᠣᠤ ᠬᠤᠲᠠ ᠳᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠵᠤ ᠤᠬᠠᠭᠤᠯᠤᠨ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠵᠤ ᠪᠠᠶᠢᠭ᠎ᠠ ᠵᠡᠷᠭᠡ ᠠᠵᠢᠯ ᠤᠨ ᠲᠤᠬᠠᠶ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ | | ᠲᠦᠩᠯᠢᠶᠣᠤ ᠬᠤᠲᠠ ᠶᠢᠨ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠶᠠᠷᠢᠯᠴᠠᠵᠤ ᠪᠠᠶᠢᠭ᠎ᠠ ᠨᠢ | | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠭᠠᠴᠠᠭ᠎ᠠ᠂ ᠰᠤᠮᠤ ᠰᠢᠶᠠᠩ ᠪᠠᠯᠭᠠᠰᠤᠨ | ᠤ ᠭᠤᠣᠯ ᠰᠤᠷᠭᠠᠭᠤᠯᠢ᠂ ᠠᠵᠤ ᠠᠬᠤᠶᠢᠯᠠᠯ᠂ ᠠᠯᠪᠠᠨ ᠪᠠᠶᠢᠭᠤᠯᠭ᠎ᠠ᠂ ᠶᠡᠭᠡ ᠳᠡᠭᠡᠳᠦ ᠰᠤᠷᠭᠠᠭᠤᠯᠢ ᠵᠡᠷᠭᠡ ᠨᠢᠭᠡᠴᠢ ᠳᠤ | ᠬᠦᠷᠴᠦ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ | ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ | ᠪᠠᠶᠢᠭ᠎ᠠ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠲᠤᠬᠠᠢ ᠶᠢᠨ ᠲᠠᠯᠠᠪᠠᠢ ᠳᠤ ᠠᠵᠢᠯ ᠤᠨ | ᠵᠢᠭᠠᠨ ᠵᠢᠯᠤᠭᠤᠳᠤᠯᠭ᠎ᠠ ᠬᠢᠵᠡᠢ︔ ᠲᠦᠩᠯᠢᠶᠣᠤ ᠬᠤᠲᠠ ᠶᠢᠨ ᠬᠤᠯᠪᠣᠭᠳᠠᠯ ᠪᠥᠬᠦᠶ ᠲᠠᠯ᠎ᠠ ᠶᠢᠨ ᠬᠢᠨ᠂ ᠥᠪᠥᠷ | ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠢᠨ ᠲᠠᠢ ᠲᠣᠰ ᠲᠣᠰ ᠶᠠᠷᠢᠯᠴᠠᠬᠤ ᠬᠤᠷᠠᠯ ᠬᠢᠵᠦ | ᠰᠠᠨᠠᠯ ᠢᠶᠠᠨ ᠰᠣᠯᠢᠯᠴᠠᠪᠠ᠃ | | ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠤ ᠣᠪᠣᠭ᠎ᠠ ᠰᠤᠮᠤᠨ ᠤ ᠪᠠᠶᠠᠨ ᠣᠪᠣᠭ᠎ᠠ ᠭᠠᠴᠠᠭ᠎ᠠ᠂ | ᠬᠤᠸᠠᠲᠤᠭᠤᠯ ᠭᠤᠤᠯ ᠰᠤᠷᠭᠠᠭᠤᠯᠢ ᠳᠤ ᠪᠠᠶᠢᠴᠠᠭᠠᠨ ᠰᠤᠳᠤᠯᠤᠯᠳᠠ ᠬᠢᠵᠤ ᠪᠠᠶᠢᠭ᠎ᠠ ᠨᠢ | | ᠸᠠᠩ ᠵᠢᠶᠦ᠋ᠨ ᠠᠴᠠ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠬᠡᠨ ᠬᠤᠭᠤᠴᠠᠭᠠᠨ ᠤ | ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠡᠯ᠎ᠡ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠨᠢᠭᠡᠴᠢ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ︽ᠲᠦᠷᠪᠡᠨ | ᠤᠬᠠᠮᠰᠠᠷ︾ ᠢᠶᠠᠨ ᠤᠯᠠᠮ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ | ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ | ᠶᠣᠰᠣᠭᠠᠷ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ | ᠲᠤᠬᠠᠢ ᠴᠢᠬᠤᠯᠠ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ | ᠵᠢᠯᠤᠭᠤᠳᠤᠭᠤᠯᠵᠤ᠂ ᠠᠵᠢᠯ ᠢᠶᠠᠨ ᠠᠬᠢᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠳᠡᠭᠡᠳᠦ ᠬᠡᠮᠵᠢᠶ᠎ᠡ ᠪᠠᠷ ᠨᠢᠭᠡᠳᠬᠡᠬᠦ ᠬᠡᠷᠡᠭᠲᠡᠢ ᠬᠡᠵᠤ | ᠵᠢᠭᠠᠪᠠ᠃ | | ᠲᠦᠩᠯᠢᠶᠣᠤ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠲᠠ ᠶᠢᠨ | ᠦᠨᠳᠦᠰᠦᠳᠡᠨ ᠤ ᠵᠥᠪᠯᠡᠯ ᠳᠤ ᠪᠠᠶᠢᠴᠠᠭᠠᠨᠰᠤᠳᠤᠯᠤᠯᠳᠠ ᠬᠢᠵᠤ ᠪᠠᠶᠢᠭ᠎ᠠ ᠨᠢ | | ᠸᠠᠩ ᠵᠢᠶᠦ᠋ᠨ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠤᠯ ᠰᠢᠵᠢᠮ ᠮᠥᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ ᠴᠢᠬᠤᠯᠠ ᠶᠡᠭᠡ | ᠠᠴᠢ ᠬᠤᠯᠪᠣᠭᠳᠠᠯ ᠢ ᠭᠦᠶᠴᠡᠳ ᠲᠠᠨᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤᠳᠬᠠᠬᠤ ᠶᠢ ᠨᠠᠮ ᠤᠨ ᠦᠨᠳᠦᠰᠦᠲᠡᠨ ᠤ ᠠᠵᠢᠯ ᠤᠨ ᠪᠥᠬᠦ ᠶᠠᠪᠤᠴᠠ᠂ ᠡᠯ᠎ᠡ ᠲᠠᠯ᠎ᠠ ᠳᠤ ᠦᠨᠡᠨ ᠬᠦ | ᠲᠤᠭᠤᠰᠢᠯᠠᠭᠤᠯᠵᠤ᠂ ᠪᠣᠶ ᠪᠥᠬᠦᠶ ᠠᠵᠢᠯ ᠢ ᠴᠥᠮ ᠡᠨᠡ ᠬᠦ ᠭᠤᠣᠯ ᠰᠢᠵᠢᠮ ᠵᠦᠭ ᠲᠥᠪᠯᠡᠷᠡᠭᠦᠯᠦᠨ ᠬᠦᠴᠦ ᠪᠠᠨ | ᠬᠠᠮᠲᠤᠳᠬᠠᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ | ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠳᠤᠮᠰᠢᠭ ᠢᠶᠠᠨ ᠬᠠᠮᠲᠤᠳᠬᠠᠬᠤ᠂ ᠠᠮᠢ ᠨᠠᠰᠤ ᠪᠠᠨ | ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ | ᠪᠠᠬᠢ ᠪᠣᠶ ᠪᠣᠯᠭᠠᠬᠤ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠲᠠᠢ ᠪᠥᠬᠦ ᠲᠠᠯ᠎ᠠ ᠪᠠᠷ ᠪᠠᠷᠢᠮᠵᠢᠶᠠᠯᠠᠨ ᠬᠠᠷᠭᠤᠭᠤᠯᠵᠤ᠂ | ᠦᠨᠳᠦᠰᠦᠲᠡᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠡᠯᠪᠡᠶᠢᠭᠦᠦ ᠶᠢ ᠭᠦᠨᠵᠡᠭᠡᠶ | ᠪᠠᠶᠢᠴᠠᠭᠠᠨ ᠦᠵᠡᠬᠦ ᠪᠠ ᠲᠤᠩᠭᠠᠨ ᠪᠣᠳᠣᠯᠬᠢᠯᠠᠵᠤ᠂ ᠲᠥᠪ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ | ᠰᠠᠨᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠬᠡᠯᠪᠡᠶᠢᠭᠦᠦ ᠶᠢ | ᠵᠠᠯᠠᠷᠠᠭᠤᠯᠵᠤ ᠵᠦᠪ ᠴᠢᠭᠯᠡᠯ ᠵᠦᠭ ᠲᠠᠭᠠᠭᠤᠯᠬᠤ ᠠᠵᠢᠯ ᠢ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ | ᠦᠨᠳᠦᠰᠦᠲᠡᠨ ᠤ ᠠᠵᠢᠯ ᠢ ᠦᠨᠡᠨ ᠬᠦ ᠴᠢᠩᠭᠠᠳᠬᠠᠨ ᠰᠠᠶᠢᠵᠢᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ | | ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠳᠤ ᠪᠠᠶᠢᠴᠠᠭᠠᠨ ᠰᠤᠳᠤᠯᠤᠯᠳᠠ ᠬᠢᠵᠤ | ᠪᠠᠶᠢᠭ᠎ᠠ ᠨᠢ | | ᠸᠠᠩ ᠵᠢᠶᠦ᠋ᠨ ᠠᠴᠠ᠂ ᠣᠳᠣᠬᠠᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ | ᠬᠡᠷ ᠣᠷᠣᠨ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠨᠦᠭᠦᠳ ᠤᠨ ᠬᠠᠮᠲᠤ | ᠪᠠᠷ ᠴᠢᠨᠡᠭᠡᠯᠢᠭᠵᠢᠬᠦ᠂ ᠨᠡᠶᠢᠭᠡᠮ ᠵᠢᠷᠤᠮᠲᠤ ᠣᠳᠣᠬᠢᠴᠢᠯᠠᠯᠲᠠ ᠶᠢ ᠬᠠᠮᠲᠤ ᠪᠠᠷ ᠪᠡᠶᠡᠯᠡᠭᠦᠯᠦᠨ ᠬᠠᠮᠲᠤ ᠪᠠᠷ ᠡᠳ᠋ᠯᠡᠬᠦ ᠶᠢ | ᠯᠠᠪᠳᠠᠭᠤᠨ ᠪᠠᠲᠤᠲᠠᠶ ᠠᠬᠢᠭᠤᠯᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠢᠳᠡᠪᠬᠢᠲᠡᠶ ᠠᠬᠢᠭᠤᠯᠬᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠳᠠ ᠶᠢᠨ ᠰᠢᠰᠲ᠋ᠧᠮ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠬᠦ᠂ ᠦᠨᠳᠦᠰᠦᠲᠡᠨ ᠤ | ᠬᠦᠷᠢᠶᠡᠨ ᠳᠠᠬᠢ ᠡᠯ᠎ᠡ ᠲᠥᠷᠥᠯ ᠤᠨ ᠲᠦᠭᠰᠢᠭᠦᠷᠢ ᠳᠠᠯᠳᠠ ᠬᠡᠮ ᠰᠤᠭᠤᠭ ᠢ ᠡᠷᠡᠰ ᠰᠡᠷᠭᠡᠶᠢᠯᠡᠬᠦ ᠵᠡᠷᠭᠡ ᠭᠤᠤᠯᠳᠠᠯᠭ᠎ᠠ | ᠲᠠᠢ ᠠᠵᠢᠯ ᠢ ᠬᠢᠨᠠᠮᠠᠭᠠᠶ ᠰᠠᠶᠢᠲᠤᠷ ᠠᠳᠬᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤᠳᠬᠠᠬᠤ ᠶᠢᠨ ᠴᠢᠬᠤᠯᠠ ᠭᠠᠷᠳᠠᠴᠠ ᠪᠣᠯᠭᠠᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠰᠡᠳᠬᠢᠴᠡ ᠪᠠ ᠪᠣᠳᠠᠲᠠᠶ ᠠᠷᠭ᠎ᠠ ᠬᠡᠮᠵᠢᠶ᠎ᠡ ᠶᠢ | ᠵᠤᠷᠪᠤᠰ ᠳᠠᠷᠠᠭᠠᠯᠠᠨ ᠰᠤᠳᠤᠯᠤᠨ ᠳᠤᠷᠠᠳᠬᠤ ᠬᠡᠷᠡᠭᠲᠡᠶ᠃ ᠦᠨᠳᠦᠰᠦᠲᠡᠨ ᠤ ᠵᠥᠪᠯᠡᠯ ᠤᠨ ᠬᠡᠰᠢᠭᠦᠳ ᠤᠨ ᠠᠵᠢᠯ᠂ | ᠦᠨᠳᠦᠰᠦᠲᠡᠨ ᠤ ᠠᠵᠢᠯ ᠢ ᠰᠢᠯᠭᠠᠨ ᠬᠢᠨᠠᠵᠤ ᠦᠨᠡᠯᠡᠬᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠵᠤ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ᠂ ᠦᠨᠳᠦᠰᠦᠲᠡᠨ ᠤ ᠬᠠᠤᠯᠢ ᠲᠣᠭᠲᠠᠭᠠᠯ ᠲᠥᠷᠥ ᠶᠢᠨ | ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠬᠤ᠂ ᠦᠨᠳᠦᠰᠦᠲᠡᠨ ᠤ | ᠬᠦᠷᠢᠶᠡᠨ ᠳᠠᠬᠢ ᠲᠦᠭᠰᠢᠭᠦᠷᠢ ᠲᠠᠯᠳᠠ ᠬᠡᠮ ᠰᠣᠭᠤᠭ ᠢ ᠰᠤᠳᠤᠯᠤᠨ ᠮᠠᠭᠠᠳᠯᠠᠵᠤ ᠰᠢᠶᠳᠪᠦᠷᠢᠯᠡᠬᠦ ᠵᠡᠷᠭᠡ ᠲᠣᠭᠲᠠᠴᠠ | ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠥᠪᠥᠷ ᠮᠣᠩᠭᠤᠯ ᠳᠤ ᠨᠠᠷᠢᠯᠢᠭ ᠪᠣᠳᠠᠲᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠰᠢᠨ᠎ᠡ ᠴᠠᠭ ᠦᠶ᠎ᠡ ᠶᠢᠨ | ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠬᠡᠵᠤ ᠱᠠᠭᠠᠷᠳᠠᠪᠠ᠃ | | ᠦᠨᠳᠦᠰᠦᠲᠡᠨ ᠤ ᠡᠮ ᠡᠮᠨᠡᠯᠭᠡ ᠶᠢᠨ ᠠᠵᠤ ᠠᠬᠤᠶᠢᠯᠠᠯ ᠳᠤ ᠪᠠᠶᠢᠴᠠᠭᠠᠨ ᠰᠤᠳᠤᠯᠤᠯᠳᠠ ᠬᠢᠵᠤ ᠪᠠᠶᠢᠭ᠎ᠠ ᠨᠢ |