9 ᠳ᠋ᠦ᠋ᠬᠡᠷ ᠰᠠᠷ᠎ᠠ ᠶᠢᠨ 14 ᠤ ᠡᠳᠦᠷ᠂ 24 ᠳ᠋ᠦ᠋ᠭᠡᠷ ᠬᠤᠭᠤᠴᠠᠭᠠᠨ ᠤ ᠪᠥᠬᠦ ᠤᠯᠤᠰ ᠤᠨ ᠨᠡᠶᠢᠲᠡᠯᠢᠭ ᠬᠡᠯᠡ | ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠣᠷᠳᠣᠰ ᠲᠤ ᠡᠬᠢᠯᠡᠪᠡ᠃ ᠰᠤᠷᠭᠠᠨ ᠬᠥᠮᠦᠵᠢᠯ ᠤᠨ | ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠳᠠᠷᠤᠭ᠎ᠠ ᠬᠤᠸᠠᠢ ᠶᠢᠨ ᠫᠧᠩ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠸᠠᠩ ᠯᠢ ᠰᠢᠶᠠ ᠡᠬᠢᠯᠡᠯᠲᠡ ᠶᠢᠨ ᠶᠣᠰᠣᠯᠠᠯ ᠳᠤ ᠤᠷᠤᠯᠴᠠᠵᠤ ᠶᠠᠷᠢᠶ᠎ᠠ ᠲᠠᠯᠪᠢᠪᠠ᠃ | | 9 ᠳ᠋ᠦ᠋ᠬᠡᠷ ᠰᠠᠷ᠎ᠠ ᠶᠢᠨ 14 ᠤ ᠡᠳᠦᠷ᠂ 24 ᠳ᠋ᠦ᠋ᠭᠡᠷ ᠬᠤᠭᠤᠴᠠᠭᠠᠨ ᠤ ᠪᠥᠬᠦ ᠤᠯᠤᠰ ᠤᠨ ᠨᠡᠶᠢᠲᠡᠯᠢᠭ ᠬᠡᠯᠡ | ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠣᠷᠳᠣᠰ ᠲᠤ ᠡᠬᠢᠯᠡᠪᠡ᠃ ᠰᠤᠷᠭᠠᠨ ᠬᠥᠮᠦᠵᠢᠯ ᠤᠨ | ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠳᠠᠷᠤᠭ᠎ᠠ ᠬᠤᠸᠠᠢ ᠶᠢᠨ ᠫᠧᠩ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ | ᠣᠷᠣᠨ ᠤ ᠲᠡᠷᠢᠭᠦᠯᠡᠭᠴᠢ ᠸᠠᠩ ᠯᠢ ᠰᠢᠶᠠ ᠣᠷᠣᠯᠴᠠᠪᠠ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ | | 9 ᠳ᠋ᠦ᠋ᠬᠡᠷ ᠰᠠᠷ᠎ᠠ ᠶᠢᠨ 14 ᠤ ᠡᠳᠦᠷ᠂ ᠰᠤᠷᠭᠠᠨ ᠬᠥᠮᠦᠵᠢᠯ ᠤᠨ ᠶᠠᠮᠤᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠰᠠᠶᠢᠳ ᠬᠤᠸᠠᠢ ᠶᠢᠨ ᠫᠧᠩ 24 ᠳ᠋ᠦ᠋ᠭᠡᠷ ᠬᠤᠭᠤᠴᠠᠭᠠᠨ ᠤ ᠪᠥᠬᠦ ᠤᠯᠤᠰ ᠤᠨ | ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ | ᠳᠡᠭᠡᠷ᠎ᠡ ᠶᠠᠷᠢᠶ᠎ᠠ ᠲᠠᠯᠪᠢᠵᠤ ᠪᠠᠶᠢᠭ᠎ᠠ ᠨᠢ᠃ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠰᠣᠨᠢᠨ ᠤ ᠵᠠᠩ ᠶᠢᠨ | ᠰᠥᠩ ᠰᠡᠭᠦᠳᠡᠷᠯᠡᠪᠡ | | ᠬᠤᠸᠠᠢ ᠶᠢᠨ ᠫᠧᠩ᠂ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ᠦᠭᠡ ᠬᠡᠯᠡ ᠦᠰᠦᠭ | ᠪᠢᠴᠢᠭ ᠤᠨ ᠠᠵᠢᠯ ᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠵᠠᠢ᠃ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠤᠯᠠᠨ ᠤᠳᠠᠭ᠎ᠠ ᠴᠢᠬᠤᠯᠠ ᠵᠢᠭᠠᠪᠤᠷᠢ | ᠴᠣᠬᠤᠯᠠᠪᠤᠷᠢ ᠥᠭᠴᠦ᠂ ᠰᠢᠨ᠎ᠡ ᠴᠠᠭ ᠦᠶ᠎ᠡ ᠶᠢᠨ ᠦᠭᠡ ᠬᠡᠯᠡ ᠦᠰᠦᠭ ᠪᠢᠴᠢᠭ ᠤᠨ ᠠᠵᠢᠯ ᠢᠯᠠᠩᠭᠤᠶ᠎ᠠ ᠤᠯᠤᠰ | ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠳᠤ ᠤᠷᠤᠭᠰᠢᠯᠠᠯᠲᠠ | ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠪᠠ᠃ | 1998 ᠣᠨ ᠳᠤ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠨ ᠲᠤᠭᠳᠠᠭᠠᠭᠰᠠᠨ ᠪᠦᠬᠦ ᠤᠯᠤᠰ | ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠨᠢ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ᠂ ᠨᠡᠶᠢᠭᠡᠮ ᠤᠨ ᠬᠡᠷᠡᠭᠯᠡᠭᠡᠨ ᠤ ᠦᠬᠡ | ᠬᠡᠯᠡ ᠦᠰᠦᠭ ᠪᠢᠴᠢᠭ ᠢ ᠵᠢᠷᠤᠮᠵᠢᠭᠤᠯᠬᠤ ᠤᠬᠠᠮᠰᠠᠷ ᠢ ᠴᠢᠩᠭᠠᠳᠬᠠᠬᠤ᠂ ᠳᠤᠮᠳᠠᠳᠤ ᠶᠢᠨ ᠦᠭᠡ ᠬᠡᠯᠡᠨ ᠤ | ᠰᠢᠯᠢᠳᠡᠭ ᠰᠣᠶᠣᠯ ᠢ ᠤᠯᠠᠮᠵᠢᠯᠠᠨ ᠪᠠᠳᠠᠷᠠᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃ | ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ | ᠪᠣᠯᠤᠨ᠎ᠠ᠂ ᠮᠥᠨ ᠴᠦ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ | ᠪᠣᠯᠤᠨ᠎ᠠ᠂ ᠲᠡᠦᠬᠡ ᠶᠢᠨ ᠰᠢᠨ᠎ᠡ ᠪᠣᠱᠣᠭᠠᠨ ᠳᠡᠭᠡᠷ᠎ᠡ ᠵᠣᠭᠰᠣᠬᠤ ᠳᠤ ᠪᠠᠨ᠂ ᠪᠢᠳᠡ ᠶᠡᠷᠦᠩᠬᠡᠢ ᠱᠦᠵᠢ ᠰᠢ ᠶᠢᠨ ᠫᠢᠩ | ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠤᠶᠢᠯᠠᠭᠠᠨ ᠭᠦᠨᠵᠡᠭᠡᠢ | ᠲᠤᠭᠤᠰᠢᠯᠠᠭᠤᠯᠬᠤ ᠬᠡᠷᠡᠭᠲᠡᠢ᠂ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠢᠶᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠳᠤ ᠦᠶᠯᠡᠴᠢᠯᠡᠬᠦ ᠪᠠᠷ ᠭᠤᠤᠯ ᠰᠢᠵᠢᠮ ᠪᠣᠯᠭᠠᠬᠤ ᠶᠢ ᠪᠠᠷᠢᠮᠳᠠᠯᠠᠵᠤ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠪᠠᠷ ᠭᠤᠣᠯ | ᠡᠭᠦᠷᠭᠡ ᠪᠣᠯᠭᠠᠬᠤ ᠶᠢ ᠪᠠᠷᠢᠮᠳᠠᠯᠠᠵᠤ᠂ ᠦᠭᠡ ᠬᠡᠯᠡ ᠦᠰᠦᠭ ᠪᠢᠴᠢᠭ ᠤᠨ ᠠᠵᠢᠯ ᠤᠨ ᠲᠣᠮᠣ ᠪᠠᠶᠢᠷᠢᠰᠢᠯ ᠢ | ᠪᠠᠶᠢᠭᠤᠯᠬᠤ ᠪᠠᠷ ᠵᠠᠩᠭᠢᠯᠠᠭ᠎ᠠ ᠶᠢᠨ ᠭᠠᠷᠳᠠᠴᠠ ᠪᠣᠯᠭᠠᠬᠤ ᠶᠢ ᠪᠠᠷᠢᠮᠳᠠᠯᠠᠵᠤ᠂ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠳᠣᠤᠷ᠎ᠠ᠂ ᠪᠦᠬᠦᠳᠡᠬᠡᠷ ᠢᠶᠠᠨ ᠰᠡᠳᠬᠢᠯ ᠨᠢᠬᠡᠳᠴᠦ᠂ ᠤᠯᠠᠨ ᠢᠶᠠᠷ ᠢᠶᠠᠨ ᠬᠠᠮᠵᠢᠯᠴᠠᠵᠤ᠂ ᠦᠭᠡ ᠬᠡᠯᠡ | ᠦᠰᠦᠭ ᠪᠢᠴᠢᠭ ᠤᠨ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠲᠦᠯᠬᠢᠨ ᠠᠬᠢᠭᠤᠯᠬᠤ ᠬᠡᠷᠡᠭᠳᠡᠢ ᠬᠡᠵᠤ | ᠵᠢᠭᠠᠨ ᠭᠠᠷᠭᠠᠪᠠ᠃ | | 9 ᠳ᠋ᠦ᠋ᠬᠡᠷ ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ | ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ 24 ᠳ᠋ᠦ᠋ᠭᠡᠷ ᠬᠤᠭᠤᠴᠠᠭᠠᠨ ᠤ ᠪᠥᠬᠦ | ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠡᠬᠢᠯᠡᠯᠲᠡ | ᠶᠢᠨ ᠶᠣᠰᠣᠯᠠᠯ ᠳᠡᠭᠡᠷ᠎ᠡ ᠶᠠᠷᠢᠶ᠎ᠠ ᠲᠠᠯᠪᠢᠵᠤ ᠪᠠᠶᠢᠭ᠎ᠠ ᠨᠢ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ | | ᠸᠠᠩ ᠯᠢ ᠰᠢᠶᠠ᠂ ᠤᠷᠳᠤ ᠬᠤᠭᠤᠴᠠᠭᠠᠨ ᠤ ᠲᠤᠷᠰᠢ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠥᠪᠥᠷ ᠮᠣᠩᠭᠤᠯ ᠨᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠦᠭᠡ ᠬᠡᠯᠡ ᠦᠰᠦᠭ | ᠪᠢᠴᠢᠭ ᠤᠨ ᠠᠵᠢᠯ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠬᠡᠷᠡᠭᠵᠢᠭᠦᠯᠵᠦ᠂ ᠬᠤᠳᠠ ᠪᠣᠯᠤᠨ ᠬᠦᠳᠡᠭᠡ ᠲᠤᠰᠬᠤᠨ ᠮᠠᠯᠵᠢᠬᠤ ᠣᠷᠣᠨ᠂ ᠰᠤᠷᠭᠠᠭᠤᠯᠢ ᠭᠡᠷ ᠪᠦᠯᠢ ᠪᠣᠯᠤᠨ ᠨᠡᠶᠢᠭᠡᠮ | ᠲᠣᠭᠤᠷᠢᠭ᠂ ᠵᠢᠱᠢᠶ᠎ᠡ ᠦᠵᠡᠭᠦᠯᠬᠦ ᠴᠤᠩᠬᠤᠪᠴᠢ ᠨᠢᠭᠡᠴᠢ ᠬᠢᠬᠡᠳ ᠠᠵᠢᠯ ᠲᠦᠷᠦᠯ ᠤᠨ ᠬᠦᠷᠢᠶᠡᠨ ᠳᠤ | ᠲᠡᠯᠬᠡᠷᠡᠬᠦᠯᠦᠨ ᠲᠦᠭᠡᠮᠡᠯᠵᠢᠭᠦᠯᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠦᠬᠦ ᠣᠷᠣᠨ ᠤ | ᠨᠡᠶᠢᠲᠡᠯᠢᠭ ᠬᠡᠯᠡᠨ ᠤ ᠲᠦᠬᠡᠮᠡᠯᠵᠢᠬᠦᠯᠦᠭᠰᠡᠨ ᠨᠤᠷᠮ᠎ᠠ ᠪᠦᠬᠦ ᠤᠯᠤᠰ ᠤᠨ ᠳᠤᠮᠳᠠᠴᠢ ᠲᠦᠪᠰᠢᠨ ᠲᠠᠢ ᠣᠶᠢᠷᠠᠳᠴᠤ᠂ | ᠦᠨᠳᠦᠰᠦᠲᠡᠨ ᠨᠦᠭᠦᠳ ᠤᠨ ᠬᠤᠭᠤᠷᠣᠨᠳᠣᠬᠢ ᠦᠭᠡ ᠬᠡᠯᠡᠨ ᠤ ᠬᠠᠷᠰᠢ ᠰᠠᠭᠠᠳ ᠢ ᠦᠨᠳᠦᠰᠦᠨ ᠳᠤ ᠪᠠᠨ | ᠠᠷᠢᠯᠭᠠᠵᠤ᠂ ᠨᠡᠶᠢᠭᠡᠮ ᠤᠨ ᠬᠡᠷᠡᠭᠯᠡᠬᠡᠨ ᠤ ᠦᠬᠡ ᠬᠡᠯᠡ ᠦᠰᠦᠭ ᠪᠢᠴᠢᠭ ᠢ ᠨᠡᠩ ᠵᠢᠷᠤᠮᠵᠢᠭᠤᠯᠵᠤ᠂ ᠦᠭᠡ ᠬᠡᠯᠡ | ᠦᠰᠦᠭ ᠪᠢᠴᠢᠭ ᠢ ᠲᠦᠷᠢᠮᠵᠢᠬᠦᠯᠦᠨ ᠬᠡᠷᠡᠭᠯᠡᠬᠦ ᠣᠷᠴᠢᠨ ᠨᠥᠬᠦᠴᠡᠯ ᠢ ᠨᠢᠭᠡᠨᠲᠡ ᠪᠦᠷᠢᠯᠳᠦᠭᠦᠯᠪᠡ᠃ | ᠪᠢᠳᠠ ᠲᠤᠰ ᠬᠤᠭᠤᠴᠠᠭᠠᠨ ᠤ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ | ᠠᠵᠢᠯᠯᠠᠭ᠎ᠠ ᠪᠠᠷ ᠠᠵᠠ ᠲᠣᠬᠢᠶᠠᠯ ᠪᠤᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ | ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ | ᠳᠡᠯᠭᠡᠷᠡᠭᠦᠯᠦᠨ ᠲᠦᠭᠡᠮᠡᠯᠵᠢᠭᠦᠯᠬᠦ ᠶᠢ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠪᠣᠳᠠᠲᠠᠢ ᠠᠵᠢᠯᠯᠠᠭ᠎ᠠ | ᠪᠤᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠶᠢᠨ | ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠤᠯᠭᠠᠵᠤ᠂ ᠲᠤᠭ ᠲᠡᠮᠳᠡᠭ ᠲᠣᠳᠣᠷᠬᠠᠶ ᠪᠠᠷ ᠠᠬᠢᠭᠤᠯᠵᠤ᠂ ᠴᠢᠨᠠᠷ ᠰᠠᠶᠢᠲᠠᠶ | ᠥᠨᠳᠥᠷ ᠪᠦᠲᠦᠮᠵᠢᠲᠡᠶ ᠪᠠᠷ ᠨᠠᠶᠢᠳᠠᠪᠤᠷᠢᠵᠢᠭᠤᠯᠵᠤ᠂ ᠦᠨᠳᠦᠰᠦᠲᠡᠨ ᠨᠦᠭᠦᠳ ᠤᠨ ᠥᠷᠭᠡᠨ ᠶᠠᠪᠤᠯᠴᠠᠭ᠎ᠠ᠂ ᠪᠦᠬᠦ | ᠲᠠᠯ᠎ᠠ ᠶᠢᠨ ᠰᠣᠯᠢᠯᠴᠠᠭ᠎ᠠ᠂ ᠬᠦᠨᠵᠡᠬᠡᠢ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ | ᠬᠦᠳᠦᠯᠦᠨ ᠲᠠᠭᠠᠭᠤᠯᠵᠤ ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠳᠤᠮᠰᠢᠭ ᠢᠶᠠᠨ | ᠬᠠᠮᠲᠤᠳᠬᠠᠬᠤ᠂ ᠤᠢᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ | ᠴᠣᠭᠴᠠ ᠶᠢᠨ ᠣᠶᠢᠯᠠᠭᠠᠭᠳᠠᠬᠤᠨ ᠢ ᠪᠠᠳᠤ ᠪᠠᠬᠢ ᠪᠤᠢ ᠪᠤᠯᠭᠠᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ | ᠪᠦᠯᠬᠦᠮᠳᠡᠨ ᠲᠡᠮᠡᠴᠡᠵᠤ᠂ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠠᠭᠤᠤ ᠶᠡᠭᠡ ᠳᠤᠮᠳᠠᠳᠤ | ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠴᠠᠭ ᠦᠶ᠎ᠡ ᠶᠢᠨ ᠠᠶᠠᠨ ᠵᠠᠮ ᠳᠤ ᠢᠳᠡᠷᠡᠬᠦᠨ ᠠᠯᠬᠤᠭ᠎ᠠ ᠪᠠᠷ | ᠤᠷᠤᠭᠰᠢᠯᠠᠨ᠎ᠠ ᠬᠡᠵᠤ ᠢᠯᠡᠳᠬᠡᠪᠡ᠃ | | ᠣᠷᠳᠣᠰ ᠬᠤᠲᠠ ᠶᠢᠨ ᠤᠯᠠᠭᠠᠨᠮᠥ᠋ᠴᠢᠷ ᠠᠴᠠ ︽ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ | ᠪᠠᠷ ᠲᠡᠷᠭᠡᠯᠰᠢᠭᠦᠯᠦᠶ᠎ᠡ︾ ᠬᠡᠬᠦ ᠲᠤᠭᠯᠠᠯᠳᠠ ᠭᠠᠷᠭᠠᠵᠤ ᠪᠠᠶᠢᠭ᠎ᠠ ᠨᠢ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ | | ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠤᠨ ᠠᠬᠤᠶ ᠲᠠᠯᠠᠪᠠᠢ᠃ | ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ | | ᠳᠤᠮᠳᠠᠳᠤ ᠤᠯᠤᠰ ᠤᠨ ᠵᠠᠭᠤᠴᠢᠯᠠᠭᠤᠷ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠶᠡᠭᠡ ᠰᠤᠷᠭᠠᠭᠤᠯᠢ | ᠶᠢᠨ ᠤᠶᠤᠲᠠᠳ ᠤᠨ ᠲᠥᠯᠥᠭᠡᠯᠡᠭᠴᠢ ᠪᠣᠯᠤᠨ ᠤᠷᠳᠤᠰ ᠬᠤᠳᠠ ᠶᠢᠨ ᠤᠯᠠᠨ ᠲᠦᠮᠡᠨ ᠤ ᠲᠥᠯᠥᠭᠡᠯᠡᠭᠴᠢ ᠡᠬᠢᠯᠡᠯᠲᠡ | ᠶᠢᠨ ᠶᠣᠰᠣᠯᠠᠯ ᠳᠡᠭᠡᠷ᠎ᠡ ︽ᠳᠤᠮᠳᠠᠳᠤ ᠤᠯᠤᠰ ᠢᠶᠠᠨ ᠤᠩᠰᠢᠮᠤ︾ ᠭᠡᠬᠦ ᠨᠠᠶᠢᠷᠠᠭᠯᠠᠯ ᠢ ᠬᠠᠮᠲᠤ ᠪᠠᠷ ᠤᠶᠠᠩᠭᠠᠯᠠᠨ | ᠤᠩᠰᠢᠵᠤ ᠪᠠᠶᠢᠭ᠎ᠠ ᠨᠢ᠃ ᠰᠤᠷᠪᠤᠯᠵᠢᠯᠠᠭᠴᠢ ᠬᠠᠨ ᠴᠢᠩ ᠯᠢ ᠰᠡᠭᠦᠳᠡᠷᠯᠡᠪᠡ | | ᠳ᠋ᠦᠩᠱᠧᠩ ᠲᠣᠭᠤᠷᠢᠭ ᠤᠨ ᠲᠤᠷᠰᠢᠯᠲᠠ ᠶᠢᠨ ᠪᠠᠭ᠎ᠠ ᠰᠤᠷᠭᠠᠭᠤᠯᠢ ᠠᠴᠠ ︽ᠢᠷᠠᠭᠤ ᠨᠠᠶᠢᠷᠠᠭ ᠮᠢᠨᠦ | ᠰᠡᠳᠬᠢᠯ ᠢ ᠤᠮᠳᠠᠯᠠᠨᠠᠮ︾ ᠬᠡᠬᠦ ᠲᠤᠭᠯᠠᠯᠳᠠ ᠭᠠᠷᠭᠠᠵᠤ ᠪᠠᠶᠢᠭ᠎ᠠ ᠨᠢ᠃ ᠰᠤᠷᠪᠤᠯᠵᠢᠯᠠᠭᠴᠢ ᠬᠠᠨ ᠴᠢᠩ ᠯᠢ | ᠰᠡᠭᠦᠳᠡᠷᠯᠡᠪᠡ | | ᠣᠶᠢᠯᠠᠭᠠᠭᠰᠠᠨ ᠢᠶᠠᠷ᠂ ᠡᠨᠡ ᠵᠢᠯ ᠤᠨ ᠪᠥᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ | ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠨᠢ ︽ᠨᠡᠶᠢᠲᠡᠯᠢᠭ ᠬᠡᠯᠡ ᠪᠠᠷ ᠵᠠᠭᠤᠨ ᠵᠢᠯ ᠤᠨ ᠠᠤᠭ᠎ᠠ ᠦᠶᠯᠡᠰ ᠢ | ᠤᠶᠠᠩᠭᠠᠯᠠᠵᠤ ᠲᠦᠷᠢᠮᠵᠢᠭᠰᠡᠨ ᠦᠰᠦᠭ ᠢᠶᠠᠷ ᠴᠠᠭ ᠦᠶ᠎ᠡ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ︾ ᠭᠡᠬᠦ ᠪᠠᠷ | ᠭᠤᠤᠯ ᠰᠡᠳᠦᠪ ᠪᠤᠯᠭᠠᠵᠠᠢ᠃ ᠡᠨᠡ ᠬᠤᠭᠤᠴᠠᠭᠠᠨ ᠳᠤ᠂ ᠪᠦᠬᠦ ᠤᠯᠤᠰ ᠤᠨ ᠡᠯ᠎ᠡ ᠭᠠᠵᠠᠷ ᠤᠨ ᠬᠢᠨ ᠨᠠᠮ ᠤᠨ ᠲᠡᠦᠬᠡ | ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠵᠤ᠂ ᠤᠯᠠᠨ ᠬᠡᠯᠪᠡᠷᠢ ᠪᠦᠬᠦᠢ᠂ ᠪᠠᠶᠠᠯᠢᠭ ᠠᠭᠤᠯᠭ᠎ᠠ ᠲᠠᠢ᠂ ᠢᠯᠡ | ᠲᠣᠳᠣ ᠣᠨᠴᠠᠯᠢᠭ ᠲᠠᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ | ᠲᠦᠭᠡᠮᠡᠯᠵᠢᠭᠦᠯᠬᠦ ᠪᠠ ᠳᠤᠮᠳᠠᠳᠤ ᠶᠢᠨ ᠰᠢᠯᠢᠳᠡᠭ ᠦᠭᠡ ᠬᠡᠯᠡ ᠶᠢᠨ ᠰᠣᠶᠣᠯ ᠢ ᠤᠯᠠᠮᠵᠢᠯᠠᠨ ᠪᠠᠳᠠᠷᠠᠭᠤᠯᠬᠤ | ᠠᠵᠢᠯᠯᠠᠭ᠎ᠠ ᠶᠢ ᠥᠷᠨᠢᠭᠦᠯᠵᠦ᠂ ᠪᠦᠬᠦ ᠨᠡᠶᠢᠭᠡᠮ ᠢᠶᠠᠷ ᠢᠶᠠᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠢ ᠰᠤᠷᠤᠯᠴᠠᠨ ᠬᠡᠷᠡᠭᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠠᠢ᠃ |