ᠡᠨᠡ ᠵᠢᠯ ᠤᠨ 9 ᠳ᠋ᠤᠭᠡᠷ ᠰᠠᠷ᠎ᠠ ᠪᠣᠯ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ | ᠠᠵᠢᠯᠯᠠᠭ᠎ᠠ ᠶᠢᠨ ᠭᠤᠴᠢᠨ ᠨᠠᠶᠢᠮᠠᠳᠡᠬᠢ ᠰᠠᠷ᠎ᠠ ᠪᠣᠯᠤᠨ᠎ᠠ᠂ ᠰᠢᠯᠢ ᠶᠢᠨ ᠭᠤᠣᠯ ᠠᠶᠢᠮᠠᠭ ᠤᠨ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ︽ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠳᠬᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠭᠤᠣᠯ ᠰᠡᠳᠦᠪ ᠤᠨ | ᠲᠣᠭᠤᠷᠢᠨ ᠳᠤ ᠤᠯᠠᠨ ᠶᠠᠩᠵᠤ ᠬᠡᠯᠪᠡᠷᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠰᠢᠯᠢ ᠶᠢᠨ ᠭᠤᠤᠯ ᠠᠶᠢᠮᠠᠭ ᠤᠨ ᠦᠨᠳᠦᠰᠦᠲᠡᠨ ᠤ ᠵᠥᠪᠯᠡᠯ ᠨᠢ ᠨᠠᠮ ᠤᠨ ᠦᠨᠳᠦᠰᠦᠲᠡᠨ ᠤ ᠣᠨᠣᠯ | ᠲᠥᠷᠥ ᠶᠢᠨ ᠪᠣᠳᠣᠯᠭ᠎ᠠ ᠪᠠ ᠦᠨᠳᠦᠰᠦᠲᠡᠨ ᠤ ᠬᠠᠤᠯᠢ ᠴᠠᠭᠠᠵᠠ ᠬᠠᠤᠯᠢ ᠲᠦᠷᠢᠮ ᠤᠨ ᠮᠡᠳᠡᠯᠭᠡ ᠶᠢᠨ ᠰᠦᠯᠵᠢᠶᠡᠨ ᠤ | ᠱᠠᠩᠨᠠᠯᠲᠤ ᠤᠷᠤᠯᠳᠤᠭᠠᠨ ᠤ ᠠᠵᠢᠯᠯᠠᠭ᠎ᠠ ᠥᠷᠨᠢᠭᠦᠯᠵᠦ᠂ ᠪᠥᠬᠦ ᠠᠶᠢᠮᠠᠭ ᠲᠤ ᠨᠠᠮ ᠤᠨ ᠦᠨᠳᠦᠰᠦᠲᠡᠨ ᠤ ᠬᠠᠤᠯᠢ | ᠴᠠᠭᠠᠵᠠ ᠬᠠᠤᠯᠢ ᠲᠦᠷᠢᠮ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠰᠤᠷᠤᠯᠴᠠᠬᠤ ᠥᠷᠨᠢᠯᠲᠡ ᠭᠠᠷᠭᠠᠪᠠ᠃ | ᠵᠡᠭᠦᠨ ᠦᠵᠦᠮᠦᠴᠢᠨ ᠬᠤᠰᠢᠭᠤᠨ ᠤ ᠦᠨᠳᠦᠰᠦᠲᠡᠨ ᠤ ᠵᠥᠪᠯᠡᠯ ᠨᠢ ︽ᠬᠠᠤᠯᠢ ᠴᠠᠭᠠᠵᠠ ᠶᠢ ᠰᠤᠷᠭᠠᠭᠤᠯᠢ ᠶᠢᠨ | ᠬᠦᠷᠢᠶᠡᠨ ᠳᠤ ᠤᠬᠠᠭᠤᠯᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠠᠭᠰᠢ ᠰᠣᠷᠣᠭᠴᠢ᠂ ᠬᠡᠷ ᠤᠨ | ᠠᠬᠠᠮᠠᠳ ᠲᠤ ︽ᠢᠷᠭᠡᠨ ᠤ ᠬᠠᠤᠯᠢ ᠶᠢᠨ ᠪᠢᠴᠢᠭ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠵᠤ᠂ ᠥᠷᠭᠡᠨ ᠣᠯᠠᠨ ᠪᠠᠭᠰᠢ ᠰᠣᠷᠣᠭᠴᠢ ᠶᠢᠨ ᠬᠠᠤᠯᠢ ᠪᠠᠷ ᠵᠠᠰᠠᠬᠤ ᠤᠬᠠᠮᠰᠠᠷ ᠪᠠ ᠬᠠᠤᠯᠢ ᠰᠤᠷᠬᠤ | ᠬᠠᠤᠯᠢ ᠶᠢ ᠬᠦᠨᠳᠦᠳᠬᠡᠬᠦ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠤᠬᠠᠮᠰᠠᠷ ᠢ ᠳᠡᠭᠡᠭᠰᠢᠯᠡᠭᠦᠯᠪᠡ᠃ ᠰᠥᠨᠢᠳ | ᠵᠡᠭᠦᠨ ᠬᠤᠰᠢᠭᠤᠨ ᠤ ᠦᠨᠳᠦᠰᠦᠲᠡᠨ ᠤ ᠵᠥᠪᠯᠡᠯ ᠨᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ︽ᠬᠠᠷᠢᠯᠴᠠᠨ ᠪᠠᠶᠢᠴᠠᠭᠠᠵᠤ ᠬᠠᠷᠢᠯᠴᠠᠨ ᠰᠤᠷᠤᠯᠴᠠᠬᠤ︾ ᠠᠵᠢᠯᠯᠠᠭ᠎ᠠ ᠥᠷᠨᠢᠭᠦᠯᠵᠦ᠂ ᠪᠦᠬᠦ ᠬᠤᠰᠢᠭᠤᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠠᠢ᠃ | ᠰᠢᠯᠢ ᠶᠢᠨ ᠬᠤᠲᠠ ᠶᠢᠨ ᠦᠨᠳᠦᠰᠦᠲᠡᠨ ᠤ ᠵᠥᠪᠯᠡᠯ ᠨᠢ ᠡᠯ᠎ᠡ ᠰᠤᠮᠤ ᠪᠠᠯᠭᠠᠰᠤ᠂ ᠭᠠᠴᠠᠭ᠎ᠠ᠂ ᠨᠡᠶᠢᠭᠡᠮ ᠲᠣᠭᠤᠷᠢᠭ ᠲᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ | ᠲᠦᠷᠢᠮ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ | ᠬᠥᠲᠥᠯᠥᠨ ᠵᠢᠯᠣᠭᠤᠳᠴᠤ ᠪᠠᠶᠢᠭᠠᠳ ︽ᠭᠤᠷᠪᠠᠨ ᠰᠠᠯᠵᠤ ᠴᠢᠳᠠᠬᠤ ᠦᠭᠡᠢ︾ ᠪᠠ ︽ᠲᠠᠪᠤᠨ ᠮᠡᠳᠡᠷᠡᠭᠦᠢ︾ ᠶᠢᠨ | ᠦᠵᠡᠯ ᠰᠠᠨᠠᠭ᠎ᠠ ᠶᠢ ᠴᠢᠩᠭᠠᠳᠬᠠᠪᠠ᠃ ᠬᠥᠪᠡᠭᠡᠲᠦ ᠰᠢᠷ᠎ᠠ ᠬᠤᠰᠢᠭᠤᠨ ᠤ ᠦᠨᠳᠦᠰᠦᠲᠡᠨ ᠤ ᠵᠥᠪᠯᠡᠯ ᠨᠢ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠲᠤᠰᠬᠠᠶ ᠰᠡᠳᠦᠪᠲᠦ | ᠤᠬᠠᠭᠤᠯᠭ᠎ᠠ ᠲᠠᠶᠢᠯᠪᠤᠷᠢᠯᠠᠯᠳᠠ ᠬᠢᠬᠦ᠂ ᠣᠯᠠᠨ ᠲᠦᠮᠡᠨᠴᠢ ᠴᠢᠨᠠᠷᠲᠠᠶ ᠤᠷᠠᠨ ᠰᠠᠶᠢᠬᠠᠨ ᠤ ᠲᠣᠭᠯᠠᠯᠲᠠ ᠭᠠᠷᠭᠠᠬᠤ᠂ | ︽ᠦᠨᠳᠦᠰᠦᠲᠡᠨ ᠤ ᠪᠦᠯᠬᠦᠮᠳᠡᠯ ᠤᠨ ᠬᠠᠮᠤᠭ ᠤᠨ ᠭᠤᠶᠣ ᠬᠡᠷ ᠪᠦᠯᠢ︾ ᠶᠢ ᠬᠥᠬᠢᠭᠦᠯᠦᠨ ᠰᠠᠶᠢᠰᠢᠶᠠᠬᠤ ᠵᠡᠷᠭᠡ | ᠠᠵᠢᠯᠯᠠᠭ᠎ᠠ ᠦᠷᠨᠢᠬᠦᠯᠬᠦ ᠪᠠᠷ ᠳᠠᠮᠵᠢᠭᠤᠯᠤᠨ ᠦᠨᠳᠦᠰᠦᠲᠡᠨ ᠤ ᠪᠦᠯᠬᠦᠮᠳᠡᠯ ᠤᠨ ᠭᠦᠨ ᠵᠤᠵᠠᠭᠠᠨ ᠠᠭᠤᠷ | ᠠᠮᠢᠰᠬᠤᠯ ᠢ ᠪᠣᠶ ᠪᠣᠯᠭᠠᠪᠠ᠃ | |