ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠬᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/9/2
     8 ᠳ᠋ᠤᠭᠠᠷ ᠰᠠᠷ᠎ᠠ ᠶᠢᠨ 31 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ 2021 ᠣᠨ ᠤ 27 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 279 ᠳ᠋ᠦ᠋ᠭᠡᠷ ᠤᠳᠠᠭ᠎ᠠ ᠶᠢᠨ ︵ᠥᠷᠭᠡᠳᠬᠡᠭᠰᠡᠨ︶ ᠬᠤᠷᠠᠯ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2021 ᠣᠨ ᠤ 5 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃
      ᠸᠠᠩ ᠵᠢᠶᠦ᠋ᠨ ᠶᠠᠷᠢᠶ᠎ᠠ ᠲᠠᠯᠪᠢᠵᠦ ᠪᠠᠶᠢᠭ᠎ᠠ ᠨᠢ      ᠬᠤᠷᠠᠯ ᠠᠴᠠ᠂ ᠡᠨᠡ ᠤᠳᠠᠭ᠎ᠠ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠪᠣᠯ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠲᠠᠰᠢᠷᠠᠮ ᠳᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠵᠢᠯ ᠳᠤ ᠬᠤᠷᠠᠯᠳᠤᠭᠤᠯᠤᠭᠰᠠᠨ ᠨᠢᠭᠡ ᠤᠳᠠᠭ᠎ᠠ ᠶᠢᠨ ᠣᠨᠴᠠᠭᠠᠢ ᠴᠢᠬᠤᠯᠠ ᠠᠴᠢ ᠬᠤᠯᠪᠣᠭᠳᠠᠯ ᠲᠠᠢ ᠬᠤᠷᠠᠯ ᠪᠣᠯᠤᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠤᠳᠬ᠎ᠠ ᠰᠠᠨᠠᠭ᠎ᠠ ᠭᠦᠨ᠂ ᠦᠵᠡᠯ ᠰᠠᠨᠠᠭ᠎ᠠ ᠭᠦᠨᠵᠡᠭᠡᠢ᠂ ᠠᠭᠤᠯᠤᠭᠳᠠᠬᠤᠨ ᠪᠠᠶᠠᠯᠢᠭ ᠪᠠᠶᠢᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠳᠤ ᠶᠠᠮᠠᠷ ᠲᠤᠭ ᠢ ᠮᠠᠨᠳᠤᠭᠤᠯᠬᠤ᠂ ᠶᠠᠮᠠᠷ ᠵᠠᠮ ᠢᠶᠠᠷ ᠵᠠᠮᠨᠠᠬᠤ ᠵᠡᠷᠭᠡ ᠴᠢᠬᠤᠯᠠ ᠶᠡᠭᠡ ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠷᠢᠭᠤᠯᠲᠠ ᠥᠭᠴᠦ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠤᠨᠤᠯ ᠤᠨ ᠴᠢᠨᠠᠷ ᠲᠠᠢ ᠪᠦᠭᠡᠳ ᠨᠠᠮ ᠤᠨ ᠦᠨᠳᠦᠰᠦᠲᠡᠨ ᠤ ᠠᠵᠢᠯ ᠤᠨ ᠬᠦᠷᠢᠶᠡᠨ ᠳᠠᠬᠢ ᠨᠠᠮ ᠤᠨ ᠲᠦᠷᠦ ᠶᠢ ᠵᠠᠰᠠᠬᠤ ᠠᠷᠭ᠎ᠠ ᠪᠤᠳᠤᠯᠭ᠎ᠠ ᠶᠢᠨ ᠲᠥᠪᠯᠡᠷᠡᠩᠭᠦᠢ ᠢᠯᠡᠷᠡᠯ ᠮᠥᠨ᠂ ᠮᠠᠷᠺᠰ ᠤᠨ ᠦᠵᠡᠯ ᠤᠨ ᠦᠨᠳᠦᠰᠦᠲᠡᠨ ᠤ ᠤᠨᠤᠯ ᠤᠨ ᠳᠤᠮᠳᠠᠳᠤ ᠤᠯᠤᠰᠴᠢᠯᠠᠬᠰᠠᠨ ᠬᠠᠮᠤᠭ ᠤᠨ ᠰᠢᠨ᠎ᠡ ᠦᠷ᠎ᠡ ᠪᠦᠲᠦᠭᠡᠯ ᠮᠥᠨ᠂ ᠵᠠᠭᠤᠨ ᠵᠢᠯ ᠤᠨ ᠲᠤᠮᠤ ᠨᠠᠮ ᠤᠨ ᠦᠨᠳᠦᠰᠦᠲᠡᠨ ᠤ ᠤᠨᠤᠯ᠂ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠲᠤᠬᠠᠢ ᠪᠣᠯᠪᠠᠰᠤᠷᠠᠩᠭᠤᠢ ᠪᠣᠯᠤᠭᠰᠠᠨ ᠪᠠ ᠢᠲᠡᠭᠡᠯ ᠵᠣᠷᠢᠭ ᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ  ᠬᠡᠵᠦ ᠵᠢᠭᠠᠵᠤ ᠭᠠᠷᠭᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠦᠨᠡᠨ ᠬᠦ ᠦᠵᠡᠯ ᠰᠠᠨᠠᠭ᠎ᠠ᠂ ᠤᠯᠤᠰ ᠲᠦᠷᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠬᠦ ᠬᠡᠷᠡᠭᠲᠡᠢ᠃ ᠪᠥᠬᠦ ᠣᠷᠣᠨ ᠤ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ᠬᠢᠨ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠤᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠤᠨ᠂ ᠰᠤᠷᠤᠯᠴᠠᠯᠭ᠎ᠠ ᠬᠥᠮᠦᠵᠢᠯ ᠪᠤᠯᠪᠠᠰᠤᠷᠠᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠤᠷᠢᠳᠠᠪᠠᠷ ᠰᠤᠷᠤᠯᠴᠠᠬᠤ᠂ ᠴᠢᠨᠠᠬᠰᠢᠳᠠ ᠭᠦᠨᠵᠡᠭᠡᠶ ᠰᠤᠷᠤᠯᠴᠠᠬᠤ ᠶᠢ ᠪᠠᠷᠢᠮᠳᠠᠯᠠᠵᠤ᠂ ᠰᠤᠷᠤᠯᠴᠠᠨ ᠲᠤᠭᠤᠰᠢᠯᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠤᠯᠭᠠᠵᠤ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ ᠵᠥᠪ ᠣᠨᠣᠪᠴᠢᠲᠠᠶ ᠪᠥᠬᠦ ᠲᠠᠯ᠎ᠠ ᠪᠠᠷ ᠡᠵᠡᠮᠰᠢᠬᠦᠯᠵᠦ᠂ ᠨᠡᠶᠢᠲᠡᠯᠢᠭ ᠴᠢᠨᠠᠷ ᠪᠠ ᠵᠥᠷᠢᠶᠡᠲᠦ ᠴᠢᠨᠠᠷ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ ᠡᠯ᠎ᠡ ᠦᠨᠳᠦᠰᠦᠲᠡᠨ ᠤ ᠤᠬᠠᠮᠰᠠᠷ᠂ ᠳᠤᠮᠳᠠᠳᠤ ᠶᠢᠨ ᠰᠣᠶᠣᠯ ᠪᠠ ᠡᠯ᠎ᠡ ᠦᠨᠳᠦᠰᠦᠲᠡᠨ ᠤ ᠰᠣᠶᠣᠯ᠂ ᠪᠣᠳᠠᠰ ᠪᠠ ᠣᠶᠤᠨ ᠰᠠᠨᠠᠭᠠᠨ ᠤ ᠬᠠᠷᠢᠴᠠᠭ᠎ᠠ ᠶᠢ ᠵᠥᠪ ᠡᠵᠡᠮᠰᠢᠬᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠬᠦ ᠬᠡᠷᠡᠭᠲᠡᠶ  ᠬᠡᠵᠦ ᠴᠢᠬᠤᠯᠠᠴᠢᠯᠠᠪᠠ᠃      ᠬᠤᠷᠠᠯ ᠠᠴᠠ᠂ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠪᠠᠷ ᠪᠥᠬᠦ ᠲᠠᠯ᠎ᠠ ᠪᠠᠷ ᠪᠠᠷᠢᠮᠵᠢᠶᠠᠯᠠᠨ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ ᠦᠨᠳᠦᠰᠦᠲᠡᠨ ᠤ ᠵᠥᠪᠯᠡᠯ ᠤᠨ ᠠᠵᠢᠯ ᠳᠤᠮᠳᠠᠬᠢ ᠠᠰᠠᠭᠤᠳᠠᠯ ᠪᠣᠯᠤᠨ ᠵᠥᠷᠢᠶ᠎ᠡ ᠶᠢ ᠨᠠᠷᠢᠨ ᠬᠢᠨᠠᠮᠠᠭᠠᠶ ᠡᠷᠢᠵᠦ᠂ ᠠᠵᠢᠯ ᠳᠤᠮᠳᠠᠬᠢ ᠬᠦᠷᠦᠯᠴᠡᠬᠦ ᠥᠬᠡᠶ ᠲᠠᠯ᠎ᠠ ᠪᠣᠯᠤᠨ ᠵᠥᠷᠢᠶ᠎ᠡ ᠪᠠᠨ ᠤᠯᠠᠮ ᠴᠢᠨᠠᠬᠰᠢᠳᠠ ᠪᠠᠶᠢᠴᠠᠭᠠᠨ ᠦᠵᠡᠬᠦ ᠪᠠ ᠡᠷᠭᠢᠴᠡᠭᠦᠯᠦᠨ ᠪᠣᠳᠣᠯᠬᠢᠯᠠᠵᠤ᠂ ᠲᠥᠪ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠪᠣᠯᠤᠨ ᠸᠠᠩ ᠶᠠᠩ ᠲᠡᠷᠢᠭᠦᠯᠡᠭᠴᠢ ᠶᠢᠨ ᠥᠪᠥᠷ ᠮᠣᠩᠭᠤᠯ ᠤᠨ ᠦᠨᠳᠦᠰᠦᠲᠡᠨ ᠤ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠳᠤ ᠪᠠᠨ ᠵᠢᠭᠠᠵᠤ ᠭᠠᠷᠭᠠᠭᠰᠠᠨ ᠠᠰᠠᠭᠤᠳᠠᠯ ᠲᠠᠢ ᠤᠶᠠᠯᠳᠤᠭᠤᠯᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠬᠡᠯᠪᠠᠶᠢᠭᠦᠦ ᠲᠠᠯ᠎ᠠ ᠶᠢ ᠵᠠᠯᠠᠷᠠᠭᠤᠯᠬᠤ ᠠᠵᠢᠯ ᠢ ᠯᠠᠪᠳᠠᠭᠤᠨ ᠪᠠᠲᠤᠲᠠᠶ ᠪᠦᠲᠦᠮᠵᠢᠲᠡᠶ ᠰᠠᠶᠢᠲᠤᠷ ᠬᠢᠬᠦ ᠬᠡᠷᠡᠭᠲᠡᠶ ᠬᠡᠵᠦ ᠴᠢᠬᠤᠯᠠᠴᠢᠯᠠᠵᠠᠢ᠃      ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠪᠠᠶᠠᠵᠢᠬᠤ᠂ ᠨᠡᠶᠢᠭᠡᠮ  ᠵᠢᠷᠤᠮᠳᠦ ᠣᠳᠣᠬᠢᠴᠢᠯᠠᠯᠲᠠ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠢᠳᠡᠪᠬᠢᠲᠡᠶ ᠠᠬᠢᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠦᠨᠳᠦᠰᠦᠲᠡᠨ ᠤ ᠬᠦᠷᠢᠶᠡᠨ ᠳᠠᠬᠢ ᠡᠯ᠎ᠡ ᠲᠥᠷᠥᠯ ᠤᠨ ᠠᠶᠤᠯ ᠲᠦᠭᠰᠢᠭᠦᠷᠢ ᠬᠡᠮ ᠰᠣᠭᠤᠭ ᠢ ᠡᠷᠡᠰ ᠰᠡᠷᠭᠡᠶᠢᠯᠡᠵᠦ᠂ ᠮᠠᠨ ᠤ ᠣᠷᠣᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠦᠨᠡᠨ ᠬᠦ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃      ᠬᠤᠷᠠᠯ ᠠᠴᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠯ ᠨᠠᠮ ᠤᠨ ᠲᠦᠢᠯ ᠤᠨ ᠴᠢᠬᠤᠯᠠ ᠠᠵᠢᠯ ᠮᠥᠨ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠰᠣᠨᠣᠷ ᠰᠡᠷᠡᠮᠵᠢ ᠲᠠᠢ ᠪᠠᠶᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠤ ᠲᠤᠯᠭᠠᠷᠠᠵᠤ ᠪᠠᠶᠢᠭ᠎ᠠ ᠨᠠᠷᠢᠨ ᠪᠤᠳᠤᠯᠢᠶᠠᠨᠲᠠᠢ ᠪᠠᠶᠢᠳᠠᠯ ᠢ ᠭᠦᠨᠵᠡᠭᠡᠢ ᠲᠠᠨᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠤᠳᠤᠯ ᠲᠤᠯᠭᠠᠮ ᠰᠡᠳᠬᠢᠯᠭᠡ ᠪᠠᠨ ᠤᠯᠠᠮ ᠴᠢᠨᠠᠭᠰᠢᠳᠠ ᠴᠢᠩᠭᠠᠳᠬᠠᠬᠤ ᠬᠡᠷᠡᠭᠲᠡᠢ᠃ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠬᠠᠷᠢᠭᠤᠴᠠᠯᠭ᠎ᠠ ᠶᠢ ᠴᠢᠩᠭ᠎ᠠ ᠬᠦᠢᠴᠡᠳᠭᠡᠵᠦ᠂ ᠲᠦᠷᠢᠮ ᠲᠤᠬᠳᠠᠯᠴᠠᠭ᠎ᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠯᠤᠨ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠨᠢᠭᠲᠠ ᠤᠶᠠᠯᠳᠤᠭᠤᠯᠵᠤ᠂ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠡᠵᠡᠮᠳᠡᠵᠦ᠂ ᠵᠥᠪ ᠲᠠᠯ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠦᠨᠳᠦᠰᠦᠲᠡᠨ ᠤ ᠬᠦᠷᠢᠶ᠎ᠡ ᠴᠠᠷᠠᠭᠠᠨ ᠳᠤ ᠬᠤᠯᠪᠣᠭᠳᠠᠬᠤ ᠬᠦᠨᠳᠦ ᠶᠡᠭᠡ ᠠᠶᠤᠯ ᠲᠦᠭᠰᠢᠭᠦᠷᠢ ᠬᠡᠮ ᠰᠣᠭᠤᠭ ᠢ ᠭᠤᠤᠯᠳᠠᠯᠭ᠎ᠠ ᠲᠠᠢ ᠰᠡᠷᠭᠡᠶᠢᠯᠡᠨ ᠠᠷᠢᠯᠭᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠭᠤᠤᠯ ᠵᠢᠬᠠᠰᠠᠭᠠᠯ ᠤᠨ ᠭᠠᠵᠠᠷ ᠢ ᠰᠠᠶᠢᠲᠤᠷ ᠰᠠᠬᠢᠬᠤ ᠬᠡᠷᠡᠭᠲᠡᠶ ᠬᠡᠵᠦ ᠴᠢᠬᠤᠯᠠᠴᠢᠯᠠᠪᠠ᠃      ᠬᠤᠷᠠᠯ ᠠᠴᠠ᠂ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠭᠦᠷᠭᠡ ᠴᠢᠳᠠᠪᠬᠢ ᠪᠠᠨ ᠬᠤᠪᠢᠷᠠᠭᠤᠯᠬᠤ᠂ ᠠᠷᠭ᠎ᠠ ᠬᠡᠯᠪᠡᠷᠢ ᠪᠠᠨ ᠬᠤᠪᠢᠷᠠᠭᠤᠯᠬᠤ᠂ ᠰᠤᠷᠲᠠᠯ ᠢᠶᠠᠨ ᠬᠤᠪᠢᠷᠠᠭᠤᠯᠬᠤ ᠶᠢ ᠭᠦᠨᠵᠡᠭᠡᠢ ᠠᠬᠢᠭᠤᠯᠵᠤ᠂ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠣᠯᠤᠨ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠬᠤ ᠣᠪᠣᠷ ᠣᠨᠴᠠᠭᠠᠢ ᠡᠷᠡᠰ ᠪᠠᠳᠤ᠂ ᠵᠥᠪ ᠪᠤᠷᠤᠭᠤ ᠶᠢ ᠲᠣᠳᠣᠷᠬᠠᠢ ᠢᠯᠭᠠᠬᠤ ᠵᠣᠭᠰᠣᠯᠲᠠ ᠣᠨᠴᠠᠭᠠᠢ ᠰᠡᠷᠭᠡᠭ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠠᠵᠢᠯᠯᠠᠭ᠎ᠠ ᠣᠨᠴᠠᠭᠠᠢ ᠡᠷᠡᠰ ᠰᠢᠭᠤᠷᠬᠠᠢ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠠᠶᠢᠷᠠᠯᠠᠬᠤ ᠰᠡᠳᠬᠢᠯᠭᠡ ᠣᠨᠴᠠᠭᠠᠢ ᠦᠨᠡᠨᠴᠢ ᠪᠠᠶᠢᠬᠤ ᠦᠨᠳᠦᠰᠦᠲᠡᠨ ᠤ ᠭᠠᠵᠠᠷ ᠣᠷᠣᠨ ᠤ ᠺᠠᠳ᠋ᠷ ᠤᠨ ᠡᠩᠨᠡᠭᠡ ᠶᠢᠨ ᠪᠠᠷᠢᠮᠵᠢᠶ᠎ᠠ ᠶᠢ ᠪᠠᠷᠢᠮᠲᠠᠯᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠦᠨᠳᠦᠰᠦᠲᠡᠨ ᠤ ᠠᠵᠢᠯ ᠤᠨ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠲᠡᠢ ᠬᠡᠵᠦ ᠱᠠᠭᠠᠷᠳᠠᠵᠠᠢ᠃
      ᠬᠤᠷᠠᠯ ᠤᠨ ᠲᠠᠯᠠᠪᠠᠢ          ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ  ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠲᠤ ᠲᠣᠮᠢᠯᠠᠨ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠰᠤᠯᠠ ᠤᠷᠤᠯᠴᠠᠪᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠬᠡᠷ᠂ ᠵᠦᠪᠯᠡᠯ ᠤᠨ ᠬᠠᠷᠢᠶ᠎ᠠ ᠡᠯ᠎ᠡ ᠨᠢᠭᠡᠴᠢ ᠶᠢᠨ ᠳᠡᠳ᠋ ᠭᠠᠵᠠᠷ ᠤᠨ ᠲᠠᠰ ᠠᠴᠠ ᠳᠡᠭᠡᠭᠰᠢᠬᠢ ᠨᠠᠮ ᠤᠨ ᠭᠡᠰᠢᠭᠦᠨ ᠺᠠᠳ᠋ᠷ ᠬᠤᠷᠠᠯ ᠳᠤ ᠣᠷᠣᠯᠴᠠᠵᠠᠶ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ