ᠥᠭᠡᠷᠡᠴᠢᠯᠡᠯᠲᠡ ᠨᠡᠭᠡᠭᠡᠯᠲᠡ ᠠᠴᠠ ᠨᠠᠭᠠᠰᠢ᠂ ᠦᠨᠳᠦᠰᠦᠲᠡᠨ ᠤ ᠠᠵᠢᠯ ᠳᠤ ᠰᠢᠨ᠎ᠡ ᠪᠠᠶᠢᠳᠠᠯ ᠰᠢᠨ᠎ᠡ | ᠠᠰᠠᠭᠤᠳᠠᠯ ᠢᠯᠡᠷᠡᠬᠦ ᠪᠤᠯᠭᠠᠨ ᠳᠤ ᠨᠠᠮ ᠤᠨ ᠲᠥᠪ ᠬᠤᠷᠢᠶᠠᠨ ᠠᠴᠠ ᠢᠮᠠᠭᠳᠠ ᠴᠠᠭ ᠲᠤᠬᠠᠶ ᠳᠤ ᠨᠢ ᠬᠤᠷᠠᠯ ᠬᠢᠵᠤ᠂ | ᠪᠦᠬᠦ ᠨᠠᠮ ᠤᠨ ᠦᠵᠡᠯ ᠰᠠᠨᠠᠭ᠎ᠠ ᠶᠢ ᠨᠢᠭᠡᠳᠬᠡᠵᠦ᠂ ᠦᠨᠳᠦᠰᠦᠲᠡᠨ ᠤ ᠠᠵᠢᠯ ᠢ ᠰᠤᠳᠤᠯᠤᠨ ᠪᠠᠶᠢᠷᠢᠯᠠᠭᠤᠯᠳᠠᠭ᠃ | ᠲᠥᠪ ᠤᠨ ᠦᠨᠳᠦᠰᠦᠲᠡᠨ ᠤ ᠠᠵᠢᠯ ᠤᠨ ᠬᠤᠷᠠᠯ ᠪᠣᠯ ᠪᠠᠶᠢᠯᠳᠤᠬᠤ ᠪᠣᠳᠤᠯᠭ᠎ᠠ ᠪᠠ ᠪᠦᠬᠦ ᠲᠠᠯ᠎ᠠ ᠶᠢᠨ ᠦᠨᠳᠦᠷᠴᠡ | ᠠᠴᠠ ᠦᠨᠳᠦᠰᠦᠲᠡᠨ ᠤ ᠠᠵᠢᠯ ᠳᠤ ᠪᠠᠶᠢᠷᠢᠯᠠᠭᠤᠯᠤᠯᠲᠠ ᠬᠢᠳᠡᠭ ᠴᠢᠬᠤᠯᠠ ᠬᠤᠷᠠᠯ ᠪᠤᠯᠤᠨ᠎ᠠ᠃ ᠣᠳᠣ ᠪᠣᠯᠲᠠᠯ᠎ᠠ | ᠨᠡᠶᠢᠲᠡ ᠲᠠᠪᠤ ᠤᠳᠠᠭ᠎ᠠ ᠬᠤᠷᠠᠯᠳᠤᠪᠠ᠃ | 1992 ᠣᠨ ᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠭᠤᠣᠯ ᠰᠡᠳᠦᠪ ᠪᠣᠯ ᠡᠯ᠎ᠡ | ᠦᠨᠳᠦᠰᠦᠲᠡᠨ ᠤ ᠶᠡᠭᠡ ᠪᠦᠯᠬᠦᠮᠳᠡᠯ ᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ | ᠪᠦᠲᠦᠭᠡᠨ ᠪᠠᠶᠢᠭᠤᠯᠬᠤ ᠶᠢᠨ ᠲᠥᠯᠥᠭᠡ ᠭᠠᠷ ᠭᠠᠷ ᠢᠶᠠᠨ ᠬᠤᠯᠪᠤᠯᠴᠠᠨ ᠤᠷᠤᠭᠰᠢᠯᠠᠬᠤ ᠶᠠᠪᠤᠳᠠᠯ ᠪᠣᠯᠤᠨ᠎ᠠ᠃ ᠬᠤᠷᠠᠯ | ᠠᠴᠠ 20 ᠳ᠋ᠤᠭᠠᠷ ᠵᠠᠭᠤᠨ ᠤ ᠶᠡᠷᠡᠭᠡᠳ ᠣᠨ ᠤ ᠮᠠᠨ ᠤ ᠤᠯᠤᠰ ᠤᠨ ᠦᠨᠳᠦᠰᠦᠲᠡᠨ ᠤ ᠠᠵᠢᠯ ᠤᠨ ᠦᠨᠳᠦᠰᠦᠨ | ᠪᠣᠳᠣᠯᠭ᠎ᠠ ᠴᠢᠭᠯᠡᠯᠲᠡ ᠪᠠ ᠭᠤᠣᠯ ᠡᠭᠦᠷᠭᠡ ᠶᠢ ᠲᠣᠭᠲᠠᠭᠠᠪᠠ᠃ ᠡᠨᠡ ᠤᠳᠠᠭᠠᠨ ᠤ ᠬᠤᠷᠠᠯ ᠨᠢ ᠳᠡᠯᠡᠬᠡᠢ ᠶᠢᠨ | ᠭᠤᠷᠪᠠᠳᠤᠭᠠᠷ ᠤᠳᠠᠭᠠᠨ ᠤ ᠦᠨᠳᠦᠰᠦᠲᠡᠨ ᠤ ᠦᠵᠡᠯ ᠤᠨ ᠤᠷᠤᠰᠬᠠᠯ ᠤᠨ ᠨᠥᠯᠥᠭᠡ᠂ ᠢᠯᠠᠩᠭᠤᠶ᠎ᠠ ᠵᠥᠪᠯᠡᠯᠲᠦ | ᠬᠤᠯᠪᠣᠭᠠᠲᠤ ᠤᠯᠤᠰ ᠤᠨ ᠵᠠᠳᠠᠷᠠᠯ᠂ ᠵᠡᠭᠦᠨ ᠧᠦ᠋ᠷᠣᠫᠠ ᠶᠢᠨ ᠬᠡᠨᠡᠳᠳᠡ ᠶᠢᠨ ᠬᠤᠪᠢᠷᠠᠯᠲᠠ ᠠᠴᠠ ᠮᠠᠨ ᠤ ᠤᠯᠤᠰ | ᠤᠨ ᠦᠨᠳᠦᠰᠦᠲᠡᠨ ᠤ ᠬᠠᠷᠢᠴᠠᠭᠠᠨ ᠳᠤ ᠦᠵᠡᠭᠦᠯᠬᠦ ᠨᠥᠯᠥᠭᠡ ᠢ ᠵᠦᠪ ᠤᠨᠤᠪᠴᠢᠳᠡᠢ ᠪᠠᠷ ᠠᠷᠭᠠᠴᠠᠭᠠᠵᠤ᠂ ᠡᠯ᠎ᠡ | ᠦᠨᠳᠦᠰᠦᠲᠡᠨ ᠤ ᠶᠡᠭᠡ ᠪᠦᠯᠬᠦᠮᠳᠡᠯ ᠢ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠦᠨᠳᠦᠰᠦᠲᠡᠨ ᠤ ᠠᠷᠠᠳ | ᠲᠦᠮᠡᠨ ᠢ ᠳᠠᠶᠢᠴᠢᠯᠠᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠦᠲᠦᠭᠡᠨ ᠪᠠᠶᠢᠭᠤᠯᠬᠤ ᠶᠢᠨ | ᠲᠥᠯᠥᠭᠡ ᠭᠠᠷ ᠭᠠᠷ ᠢᠶᠠᠨ ᠬᠤᠯᠪᠤᠯᠴᠠᠨ ᠲᠡᠮᠡᠴᠡᠬᠦ ᠳᠤ ᠴᠢᠬᠤᠯᠠ ᠦᠢᠯᠡᠳᠦᠯ ᠦᠵᠡᠭᠦᠯᠵᠡᠢ᠃ | 1999 ᠣᠨ ᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠭᠤᠣᠯ ᠰᠡᠳᠦᠪ ᠪᠣᠯ ᠪᠠᠷᠠᠭᠤᠨ | ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠤᠯᠭ᠎ᠠ ᠶᠢ ᠲᠤᠭᠤᠰᠢᠯᠠᠭᠤᠯᠤᠨ᠂ ᠦᠨᠳᠦᠰᠦᠲᠡᠨ ᠤ | ᠭᠠᠵᠠᠷ ᠣᠷᠣᠨ ᠤ ᠬᠥᠭᠵᠢᠯᠲᠡ ᠶᠢ ᠲᠦᠷᠭᠡᠳᠬᠡᠵᠦ᠂ ᠮᠠᠨ ᠤ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ | ᠶᠢᠨ ᠦᠢᠯᠡᠰ ᠢ ᠰᠢᠨ᠎ᠡ ᠡᠷᠢᠨ ᠵᠠᠭᠤᠨ ᠳᠤ ᠲᠦᠯᠬᠢᠨ ᠣᠷᠣᠭᠤᠯᠬᠤ ᠶᠠᠪᠤᠳᠠᠯ ᠪᠣᠯᠤᠨ᠎ᠠ᠃ ᠡᠨᠡ ᠤᠳᠠᠭᠠᠨ ᠤ | ᠬᠤᠷᠠᠯ ᠨᠢ ᠦᠨᠳᠦᠰᠦᠲᠡᠨ ᠤ ᠭᠠᠵᠠᠷ ᠣᠷᠣᠨ ᠳᠤ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ | ᠪᠠᠶᠢᠯᠳᠤᠬᠤ ᠪᠣᠳᠤᠯᠭ᠎ᠠ ᠶᠢ ᠬᠡᠷᠡᠭᠵᠢᠭᠦᠯᠬᠦ ᠲᠠᠪᠤᠨ ᠭᠤᠣᠯ ᠡᠭᠦᠷᠭᠡ ᠶᠢ ᠠᠩᠬ᠎ᠠ ᠤᠳᠠᠭ᠎ᠠ ᠰᠢᠰᠲ᠋ᠧᠮ ᠲᠠᠢ᠂ | ᠲᠣᠳᠣᠷᠬᠠᠢ ᠳᠤᠷᠠᠳᠴᠤ᠂ ᠴᠥᠭᠡᠨ ᠲᠣᠭᠠᠲᠤ ᠦᠨᠳᠦᠰᠦᠲᠡᠨ ᠪᠠ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢ ᠲᠦᠷᠭᠡᠳᠬᠡᠬᠦ ᠶᠢ ᠤᠷᠢᠶᠠᠯᠠᠵᠠᠢ᠃ | 2005 ᠣᠨ ᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠨᠢ ᠴᠥᠭᠡᠨ ᠲᠣᠭᠠᠲᠤ ᠦᠨᠳᠦᠰᠦᠲᠡᠨ | ᠪᠠ ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠷᠬᠡᠳᠬᠡᠵᠤ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠬᠠᠷᠠᠯᠲᠠ ᠶᠢ ᠪᠡᠶᠡᠯᠡᠭᠦᠯᠬᠦ ᠶᠢ ᠭᠤᠣᠯᠳᠠᠯᠭ᠎ᠠ ᠲᠠᠢ | ᠰᠤᠳᠤᠯᠤᠨ ᠶᠠᠷᠢᠯᠴᠠᠵᠠᠢ᠃ ᠡᠨᠡ ᠤᠳᠠᠭᠠᠨ ᠤ ᠬᠤᠷᠠᠯ ᠤᠨ ᠲᠡᠦᠬᠡᠲᠦ ᠴᠢᠨᠠᠷᠲᠠᠢ ᠭᠤᠷᠪᠠᠨ ᠰᠢᠪᠲᠤᠯᠤᠯᠲᠠ ᠪᠣᠯ᠄ ᠨᠢᠭᠡ | ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ | ︽ᠦᠨᠳᠦᠰᠦᠲᠡᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ ᠴᠥᠭᠡᠨ ᠲᠣᠭᠠᠲᠤ ᠦᠨᠳᠦᠰᠦᠲᠡᠨ ᠪᠠ | ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠷᠭᠡᠳᠬᠡᠬᠦ ᠲᠤᠬᠠᠢ | ᠲᠣᠭᠲᠠᠭᠠᠯ︾ ᠢ ᠨᠡᠶᠢᠲᠡᠯᠡᠪᠡ︔ ᠬᠤᠶᠠᠷ ᠲᠤ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠲᠥᠷᠥ ᠶᠢᠨ ᠶᠠᠪᠤᠳᠠᠯ ᠤᠨ | ᠬᠤᠷᠢᠶᠠᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠲᠡᠨ ᠤ ᠣᠷᠣᠨ ᠤ ᠥᠪᠡᠷᠲᠡᠭᠡᠨ | ᠵᠠᠰᠠᠬᠤ ᠬᠠᠤᠯᠢ﹀ ᠶᠢ ᠬᠡᠷᠡᠭᠵᠢᠭᠦᠯᠬᠦ ᠲᠣᠭᠲᠠᠭᠠᠯ ᠤᠳ︾ ᠢ ᠨᠡᠶᠢᠲᠡᠯᠡᠪᠡ︔ ᠭᠤᠷᠪᠠ ᠳᠤ ᠲᠥᠷᠥ ᠶᠢᠨ ᠶᠠᠪᠤᠳᠠᠯ ᠤᠨ | ᠬᠤᠷᠢᠶ᠎ᠠ ᠠᠴᠠ ︽ᠬᠥᠮᠦᠨ ᠠᠮᠠ ᠴᠦᠬᠡᠪᠳᠦᠷ ᠴᠥᠭᠡᠨ ᠦᠨᠳᠦᠰᠦᠲᠡᠨ ᠤ ᠬᠥᠭᠵᠢᠯᠲᠡ ᠶᠢᠨ ᠲᠥᠯᠥᠪᠵᠢᠭᠦᠯᠭᠡ | ︵2005—2010 ᠣᠨ︶︾ ᠶᠢ ᠬᠢᠨᠠᠨ ᠪᠠᠳᠤᠯᠠᠵᠤ ᠵᠣᠬᠢᠶᠠᠨ ᠪᠠᠶᠢᠭᠤᠯᠤᠨ ᠬᠡᠷᠡᠭᠵᠢᠬᠦᠯᠪᠡ᠂ ᠲᠥᠷᠥ ᠶᠢᠨ ᠶᠠᠪᠤᠳᠠᠯ | ᠤᠨ ᠬᠤᠷᠢᠶᠠᠨ ᠤ ᠠᠯᠪᠠᠨ ᠲᠢᠩᠬᠢᠮ ᠠᠴᠠ ︽ᠴᠥᠭᠡᠨ ᠲᠣᠭᠠᠲᠤ ᠦᠨᠳᠦᠰᠦᠲᠡᠨ ᠤ ᠠᠵᠢᠯ ᠦᠶᠯᠡᠰ ᠤᠨ ︿ᠠᠷᠪᠠᠨ | ᠨᠢᠬᠡᠳᠦᠬᠡᠷ ᠲᠠᠪᠤᠨ ᠵᠢᠯ﹀ ᠤᠨ ᠲᠥᠯᠥᠪᠵᠢᠭᠦᠯᠭᠡ︾᠂ ︽ᠬᠢᠯᠢ ᠬᠢᠵᠠᠭᠠᠷ ᠣᠷᠣᠨ ᠢ ᠬᠦᠭᠵᠢᠬᠦᠯᠵᠦ ᠠᠷᠠᠳ ᠢ | ᠪᠠᠶᠠᠵᠢᠭᠤᠯᠬᠤ ᠠᠵᠢᠯᠯᠠᠭ᠎ᠠ ᠶᠢᠨ ︿ᠠᠷᠪᠠᠨ ᠨᠢᠬᠡᠳᠦᠬᠡᠷ ᠲᠠᠪᠤᠨ ᠵᠢᠯ﹀ ᠤᠨ ᠲᠥᠯᠥᠪᠵᠢᠭᠦᠯᠭᠡ︾ ᠶᠢ ᠳᠠᠷᠤᠮᠠᠯᠯᠠᠨ | ᠲᠠᠷᠬᠠᠭᠠᠵᠤ ᠵᠣᠬᠢᠶᠠᠨ ᠪᠠᠶᠢᠭᠤᠯᠤᠨ ᠬᠡᠷᠡᠭᠵᠢᠬᠦᠯᠪᠡ᠃ | 2014 ᠣᠨ ᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠭᠤᠣᠯ ᠰᠡᠳᠦᠪ ᠪᠣᠯ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ ᠳᠤᠮᠳᠠᠳᠤ | ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢ ᠪᠠᠷᠢᠮᠲᠠᠯᠠᠵᠤ᠂ | ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠢ ᠨᠡᠮᠡᠭᠳᠡᠭᠦᠯᠬᠦ᠂ ᠦᠨᠳᠦᠰᠦᠲᠡᠨ ᠨᠦᠭᠦᠳ ᠤᠨ ᠠᠷᠠᠳ | ᠲᠦᠮᠡᠨ ᠤ ᠠᠵᠠ ᠵᠢᠷᠭᠠᠯ ᠢ ᠨᠡᠮᠡᠭᠳᠡᠭᠦᠯᠬᠦ ᠪᠠᠷ ᠭᠤᠣᠯ ᠰᠡᠳᠦᠪ ᠢᠶᠠᠨ ᠪᠣᠯᠭᠠᠵᠤ᠂ ᠦᠨᠳᠦᠰᠦᠲᠡᠨ ᠨᠦᠭᠦᠳ ᠬᠠᠮᠲᠤ | ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠡᠶ᠎ᠡ ᠨᠠᠶᠢᠷᠲᠠᠢ ᠬᠠᠮᠲᠤ ᠣᠷᠣᠰᠢᠵᠤ᠂ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ᠂ ᠡᠶ᠎ᠡ ᠵᠣᠬᠢᠴᠠᠯ ᠲᠠᠢ ᠪᠠᠷ ᠬᠥᠭᠵᠢᠬᠦ ᠶᠢ ᠪᠡᠶᠡᠯᠡᠭᠦᠯᠵᠦ᠂ ᠦᠨᠳᠦᠰᠦᠲᠡᠨ ᠤ ᠭᠠᠵᠠᠷ | ᠣᠷᠣᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠬᠢᠴᠠ ᠶᠢ ᠲᠦᠷᠭᠡᠳᠬᠡᠵᠦ᠂ ︽ᠬᠤᠣᠰ | ᠵᠠᠭᠤᠨ ᠵᠢᠯ︾ ᠤᠨ ᠲᠡᠮᠡᠴᠡᠯ ᠤᠨ ᠬᠠᠷᠠᠯᠲᠠ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠳᠤᠮᠳᠠᠳᠤ ᠶᠢᠨ ᠬᠦᠰᠡᠯ ᠵᠡᠭᠦᠳᠦ ᠶᠢ ᠴᠢᠷᠮᠠᠶᠢᠨ ᠪᠡᠶᠡᠯᠡᠭᠦᠯᠬᠦ ᠶᠠᠪᠤᠳᠠᠯ ᠪᠣᠯᠤᠨ᠎ᠠ᠃ | 2021 ᠣᠨ ᠤ 8 ᠳ᠋ᠤᠭᠠᠷ ᠰᠠᠷ᠎ᠠ ᠶᠢᠨ 27 ᠠᠴᠠ 28 ᠤ ᠡᠳᠦᠷ ᠪᠣᠯᠲᠠᠯ᠎ᠠ ᠬᠤᠷᠠᠯᠳᠤᠭᠰᠠᠨ ᠲᠥᠪ ᠤᠨ | ᠦᠨᠳᠦᠰᠦᠲᠡᠨ ᠤ ᠠᠵᠢᠯ ᠤᠨ ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠠᠴᠠ ᠮᠠᠨ ᠤ ᠨᠠᠮ ᠤᠨ | ᠦᠨᠳᠦᠰᠦᠲᠡᠨ ᠤ ᠠᠵᠢᠯ ᠤᠨ ᠵᠠᠭᠤᠨ ᠵᠢᠯ ᠤᠨ ᠬᠡᠷᠡᠯ ᠰᠠᠴᠤᠷᠠᠩᠭᠤᠶ ᠥᠩᠭᠡᠷᠡᠯᠲᠡ ᠪᠠ ᠲᠡᠦᠬᠡ ᠶᠢᠨ ᠠᠮᠵᠢᠯᠲᠠ | ᠪᠦᠳᠦᠮᠵᠢ ᠶᠢ ᠪᠥᠬᠦ ᠲᠠᠯ᠎ᠠ ᠪᠠᠷ ᠡᠷᠭᠢᠴᠡᠭᠦᠯᠵᠦ᠂ ᠣᠳᠣᠬᠠᠨ ᠤ ᠨᠠᠮ ᠤᠨ ᠦᠨᠳᠦᠰᠦᠲᠡᠨ ᠤ ᠠᠵᠢᠯ ᠳᠤ ᠲᠤᠯᠭᠠᠷᠠᠵᠤ | ᠪᠠᠶᠢᠭ᠎ᠠ ᠰᠢᠨ᠎ᠡ ᠪᠠᠶᠢᠳᠠᠯ ᠢ ᠭᠦᠨᠵᠡᠭᠡᠶ ᠵᠠᠳᠠᠯᠵᠤ᠂ ᠮᠠᠨ ᠤ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠳᠤᠮᠳᠠᠳᠤ | ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠵᠤ᠂ | ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠶᠢᠨ ᠵᠢᠯᠣᠭᠤᠳᠬᠤ ᠦᠵᠡᠯ ᠰᠠᠨᠠᠭ᠎ᠠ᠂ ᠪᠠᠶᠢᠯᠳᠤᠬᠤ ᠪᠣᠳᠣᠯᠭ᠎ᠠ ᠶᠢᠨ ᠬᠠᠷᠠᠯᠲᠠ᠂ ᠭᠤᠤᠯᠳᠠᠯᠭ᠎ᠠ ᠲᠠᠢ | ᠡᠭᠦᠷᠭᠡ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ | 2021 ᠣᠨ ᠤ 8 ᠳ᠋ᠤᠭᠠᠷ ᠰᠠᠷ᠎ᠠ ᠶᠢᠨ 27 ᠠᠴᠠ 28 ᠤ ᠡᠳᠦᠷ ᠪᠣᠯᠲᠠᠯ᠎ᠠ ᠬᠤᠷᠠᠯᠳᠤᠭᠰᠠᠨ ᠲᠥᠪ ᠤᠨ | ᠦᠨᠳᠦᠰᠦᠲᠡᠨ ᠤ ᠠᠵᠢᠯ ᠤᠨ ᠬᠤᠷᠠᠯᠳᠤᠭᠠᠨ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠠᠴᠠ ᠮᠠᠨ ᠤ ᠨᠠᠮ ᠤᠨ | ᠦᠨᠳᠦᠰᠦᠲᠡᠨ ᠤ ᠠᠵᠢᠯ ᠢ ᠴᠢᠩᠭᠠᠳᠬᠠᠬᠤ ᠪᠠ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ | ᠣᠨᠣᠪᠴᠢᠲᠠᠢ ᠡᠵᠡᠮᠰᠢᠨ ᠪᠦᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠤᠯᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ | ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠦᠲᠦᠭᠡᠨ ᠪᠠᠶᠢᠭᠤᠯᠵᠤ᠂ ᠦᠨᠳᠦᠰᠦᠲᠡᠨ | ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠤ ᠭᠠᠵᠠᠷ ᠣᠷᠣᠨ ᠤ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠴᠠ ᠪᠠᠨ ᠲᠦᠷᠭᠡᠳᠬᠡᠬᠦ ᠶᠢ ᠠᠬᠢᠭᠤᠯᠵᠤ᠂ | ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠵᠦ᠂ | ᠦᠨᠳᠦᠰᠦᠲᠡᠨ ᠤ ᠬᠦᠷᠢᠶ᠎ᠡ ᠴᠠᠷᠠᠭᠠᠨ ᠳᠤ ᠬᠢ ᠠᠶᠤᠯ ᠲᠦᠭᠰᠢᠭᠦᠷᠢ ᠬᠡᠮ ᠰᠣᠭᠤᠭ ᠢ ᠰᠡᠷᠭᠡᠶᠢᠯᠡᠨ ᠰᠢᠢᠳᠪᠦᠷᠢᠯᠡᠵᠦ᠂ | ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ | ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠲᠠᠶᠢᠴᠢᠯᠠᠨ ᠨᠡᠶᠢᠭᠡᠮ ᠵᠢᠷᠤᠮᠲᠤ | ᠣᠳᠣᠬᠢᠴᠢᠯᠠᠭᠰᠠᠨ ᠬᠦᠴᠦᠷᠬᠡᠭ ᠤᠯᠤᠰ ᠢ ᠪᠦᠬᠦ ᠲᠠᠯ᠎ᠠ ᠪᠠᠷ ᠪᠠᠶᠢᠭᠤᠯᠤᠨ ᠪᠡᠶᠡᠯᠡᠭᠦᠯᠬᠦ ᠬᠤᠶᠠᠳᠤᠭᠠᠷ ᠵᠠᠭᠤᠨ ᠵᠢᠯ | ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠳᠡᠢ ᠬᠡᠵᠤ ᠴᠢᠬᠤᠯᠠᠴᠢᠯᠠᠪᠠ᠃ | ᠡᠨᠡ ᠵᠢᠯ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠰᠢ ᠶᠢᠨ ᠫᠢᠩ ᠶᠡᠷᠦᠩᠬᠡᠢ | ᠱᠦᠵᠢ ᠤᠨ ᠴᠢᠬᠤᠯᠠ ᠶᠠᠷᠢᠶ᠎ᠠ ᠨᠢ ᠠᠯᠤᠰ ᠬᠡᠳᠦ ᠶᠢᠨ ᠤᠳᠬ᠎ᠠ ᠠᠭᠤᠯᠭ᠎ᠠ ᠲᠠᠢ᠂ ᠭᠦᠨ ᠭᠦᠨᠵᠡᠭᠡᠢ ᠦᠵᠡᠯ | ᠰᠠᠨᠠᠭ᠎ᠠ ᠲᠠᠢ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠤᠨᠤᠯ ᠤᠨ ᠴᠢᠨᠠᠷ ᠲᠠᠢ | ᠪᠠᠶᠢᠵᠤ᠂ ᠨᠠᠮ ᠤᠨ ᠦᠨᠳᠦᠰᠦᠲᠡᠨ ᠤ ᠠᠵᠢᠯ ᠤᠨ ᠦᠢᠯᠡᠳᠦᠯᠭᠡ ᠶᠢᠨ ᠬᠠᠮᠤᠭ ᠤᠨ ᠰᠢᠨ᠎ᠡ ᠳ᠋ᠦᠩᠨᠡᠯᠲᠡ ᠮᠦᠨ᠂ | ᠮᠠᠷᠺᠰ ᠤᠨ ᠦᠵᠡᠯ ᠤᠨ ᠦᠨᠳᠦᠰᠦᠲᠡᠨ ᠤ ᠤᠨᠤᠯ ᠢ ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠡ ᠦᠷ᠎ᠡ | ᠪᠦᠲᠦᠭᠡᠯ ᠮᠦᠨ᠂ ᠨᠠᠮ ᠤᠨ ᠦᠨᠳᠦᠰᠦᠲᠡᠨ ᠤ ᠠᠵᠢᠯ ᠤᠨ ᠬᠦᠷᠢᠶ᠎ᠡ ᠴᠠᠷᠠᠭᠠᠨ ᠳᠤ ᠬᠢ ᠨᠠᠮ ᠤᠨ ᠲᠦᠷᠦ ᠶᠢ | ᠵᠠᠰᠠᠬᠤ ᠠᠷᠭ᠎ᠠ ᠪᠤᠳᠤᠯᠭ᠎ᠠ ᠶᠢᠨ ᠲᠥᠪᠯᠡᠷᠡᠩᠭᠦᠢ ᠢᠯᠡᠷᠡᠯ ᠮᠥᠨ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ | ᠤ ᠠᠵᠢᠯ ᠢ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠨ ᠦᠭᠴᠦ᠂ ᠦᠨᠳᠦᠰᠦᠨ | ᠵᠢᠷᠤᠮᠯᠠᠯ ᠬᠠᠩᠭᠠᠵᠠᠢ᠃ | |