| ᠲᠣᠭᠯᠠᠯᠲᠠ ᠡᠬᠢᠯᠡᠬᠦ ᠠᠴᠠ ᠡᠮᠦᠨ᠎ᠡ᠂ ᠰᠢ ᠶᠢᠨ ᠫᠢᠩ ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ | ᠬᠥᠮᠦᠰ ᠤᠷᠠᠨ ᠰᠠᠶᠢᠬᠠᠨ ᠤ ᠲᠣᠭᠯᠠᠯᠲᠠ ᠶᠢᠨ ᠲᠣᠭᠯᠠᠭᠴᠢᠳ ᠤᠨ ᠲᠥᠯᠥᠭᠡᠯᠡᠭᠴᠢ᠂ ᠵᠣᠬᠢᠶᠠᠨ ᠪᠠᠶᠢᠭᠤᠯᠬᠤ | ᠺᠣᠮᠢᠰ ᠤᠨ ᠪᠦᠷᠢᠯᠳᠦᠬᠦᠨ᠂ 56 ᠦᠨᠳᠦᠰᠦᠲᠡᠨ ᠤ ᠦᠨᠳᠦᠰᠦᠨ ᠱᠠᠲᠤᠨ ᠤ ᠰᠢᠯᠢᠳᠡᠭ ᠨᠠᠮ ᠤᠨ ᠭᠡᠰᠢᠭᠦᠨ ᠤ | ᠲᠥᠯᠥᠭᠡᠯᠡᠭᠴᠢ ᠨᠡᠷ ᠲᠠᠢ ᠠᠭᠤᠯᠵᠠᠵᠦ ᠪᠠᠶᠢᠭ᠎ᠠ ᠨᠢ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠠᠨ ᠶᠠᠨ | ᠰᠡᠭᠦᠳᠡᠷᠯᠡᠪᠡ | | ᠤᠶᠠᠩᠭᠠᠳᠤ ᠲᠠᠭᠤᠤ ᠪᠠᠨ ᠬᠠᠨᠭ᠍ᠭᠢᠨᠠᠭᠤᠯᠤᠨ ᠵᠣᠯ ᠵᠢᠷᠭᠠᠯᠲᠤ ᠠᠮᠢᠳᠤᠷᠠᠯ ᠢᠶᠠᠨ ᠮᠠᠬᠳᠠᠨ ᠲᠠᠭᠤᠯᠠᠨ᠎ᠠ︔ ᠤᠷᠠᠨ | ᠪᠥᠵᠢᠭ ᠢᠶᠠᠨ ᠪᠦᠵᠢᠭᠯᠡᠨ ᠣᠮᠤᠭ ᠵᠣᠷᠢᠭ ᠢᠶᠠᠨ ᠢᠯᠡᠳᠭᠡᠨ ᠬᠠᠷᠠᠭᠤᠯᠤᠨ᠎ᠠ᠃ ᠵᠢᠷᠭᠤᠳᠤᠭᠠᠷ ᠬᠤᠭᠤᠴᠠᠭᠠᠨ ᠤ ᠪᠦᠬᠦ | ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢᠨ | ᠡᠬᠢᠯᠡᠯᠲᠡ ᠶᠢᠨ ᠶᠣᠰᠣᠯᠠᠯ ᠤᠨ ᠤᠷᠠᠨ ᠰᠠᠶᠢᠬᠠᠨ ᠤ ᠦᠳᠡᠰᠢᠯᠡᠭᠡ 8 ᠳ᠋ᠤᠭᠠᠷ ᠰᠠᠷ᠎ᠠ ᠶᠢᠨ 31 ᠤ ᠤᠷᠤᠢ | ᠪᠡᠭᠡᠵᠢᠩ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠰᠢ ᠶᠢᠨ ᠫᠢᠩ᠂ ᠯᠢ ᠺᠧ ᠴᠢᠶᠠᠩ᠂ ᠸᠠᠩ ᠶᠠᠩ᠂ ᠸᠠᠩ ᠬᠤ᠋ ᠨᠢᠩ | ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ ᠬᠥᠮᠦᠰ 3000 ᠰᠢᠬᠠᠮ ᠤᠯᠠᠨ ᠲᠦᠮᠡᠨ ᠲᠠᠢ ᠬᠠᠮᠲᠤ | ᠦᠳᠡᠰᠢᠯᠡᠭᠡ ᠶᠢ ᠰᠣᠨᠢᠷᠬᠠᠪᠠ᠃ | | ᠰᠢ ᠶᠢᠨ ᠫᠢᠩ᠂ ᠯᠢ ᠺᠧ ᠴᠢᠶᠠᠩ᠂ ᠸᠠᠩ ᠶᠠᠩ᠂ ᠸᠠᠩ ᠬᠤ᠋ ᠨᠢᠩ ᠵᠡᠷᠭᠡ ᠨᠠᠮ ᠪᠣᠯᠤᠨ ᠲᠦᠷᠦ ᠶᠢᠨ | ᠤᠳᠤᠷᠢᠳᠬᠤ ᠬᠥᠮᠦᠰ ᠲᠣᠭᠯᠠᠯᠲᠠ ᠶᠢ ᠰᠤᠨᠢᠷᠬᠠᠵᠤ ᠪᠠᠶᠢᠭ᠎ᠠ ᠨᠢ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠠᠨ | ᠶᠠᠨ ᠰᠡᠭᠦᠳᠡᠷᠯᠡᠪᠡ | | ᠠᠷᠠᠳ ᠤᠨ ᠶᠡᠭᠡ ᠬᠤᠷᠠᠯ ᠤᠨ ᠲᠠᠩᠬᠢᠮ ᠤᠨ ᠲᠦᠮᠡᠨ ᠬᠥᠮᠦᠨ ᠤ ᠶᠣᠰᠣᠯᠠᠯ ᠤᠨ ᠲᠠᠩᠬᠢᠮ ᠳᠤ ᠳ᠋ᠧᠩ ᠤᠨ | ᠬᠡᠷᠡᠯ ᠲᠤᠸᠠᠯᠠᠵᠤ᠂ ᠬᠦᠷ ᠪᠠᠶᠠᠷ ᠢᠶᠠᠷ ᠪᠢᠯᠬᠠᠨ᠎ᠠ᠃ 20 ᠴᠠᠭ ᠤᠨ ᠦᠶ᠎ᠡ ᠪᠠᠷ᠂ ᠰᠢ ᠶᠢᠨ ᠫᠢᠩ ᠨᠡᠷ ᠦᠳᠡᠰᠢᠯᠡᠭᠡ ᠶᠢᠨ | ᠠᠬᠤᠢ ᠲᠠᠯᠠᠪᠠᠢ ᠳᠤ ᠤᠷᠤᠵᠤ ᠢᠷᠡᠬᠦ ᠳᠤ ᠦᠳᠡᠰᠢᠯᠡᠭᠡ ᠶᠢᠨ ᠲᠠᠯᠠᠪᠠᠢ ᠳᠤ ᠬᠠᠯᠠᠭᠤᠨ ᠠᠯᠠᠭ᠎ᠠ ᠲᠠᠰᠢᠯᠳᠠ ᠶᠢᠨ | ᠲᠠᠭᠤᠨ ᠨᠢᠵᠢᠬᠢᠨᠡᠪᠡ᠃ ︽ᠦᠨᠳᠦᠰᠦᠲᠡᠨ ᠨᠦᠭᠦᠳ ᠤᠨ ᠬᠥᠪᠡᠭᠦᠳ ᠥᠬᠢᠳ ᠨᠠᠮ ᠢᠶᠠᠨ ᠲᠠᠭᠠᠨ᠎ᠠ︾ ᠭᠡᠬᠦ | ᠪᠠᠶᠠᠰᠬᠤᠯᠠᠩᠳᠦ ᠵᠢᠪᠬᠤᠭᠠᠯᠢᠭ ᠡᠬᠢᠯᠡᠯᠲᠡ ᠶᠢᠨ ᠳᠠᠭᠤᠤ ᠪᠥᠵᠢᠭ ᠢᠶᠠᠷ ᠢᠶᠠᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠨᠠᠮ ᠤᠨ ᠵᠠᠭᠤᠨ ᠵᠢᠯ ᠤᠨ ᠤᠢ ᠳᠤ ᠡᠷᠭᠦᠭᠦ ᠭᠦᠨ ᠵᠥᠩᠨᠡᠯ ᠢᠶᠠᠨ ᠳᠡᠪᠰᠢᠭᠦᠯᠵᠦ᠂ ᠡᠬᠢᠯᠡᠯᠲᠡ ᠶᠢᠨ | ᠶᠣᠰᠣᠯᠠᠯ ᠤᠨ ᠤᠷᠠᠨ ᠰᠠᠶᠢᠬᠠᠨ ᠤ ᠦᠳᠡᠰᠢᠯᠡᠭᠡ ︽ᠪᠦᠯᠬᠦᠮᠳᠡᠨ ᠲᠡᠮᠡᠴᠡᠬᠦ ᠰᠢᠨ᠎ᠡ ᠠᠶᠠᠨ︾ ᠤ ᠬᠥᠰᠢᠭᠡ ᠶᠢ ᠰᠡᠬᠦᠪᠡ᠃ | ᠦᠳᠡᠰᠢᠯᠡᠭᠡ ᠨᠢ ᠰᠢᠨ᠎ᠡ ᠵᠠᠮ ᠢ ᠨᠡᠭᠡᠭᠡᠭᠰᠡᠨ ᠨᠢ᠂ ᠰᠢᠨ᠎ᠡ ᠴᠠᠭ ᠦᠶ᠎ᠡ ᠳᠤ ᠡᠷᠡᠮᠡᠬᠡᠶᠢᠯᠡᠨ ᠤᠷᠤᠬᠰᠢᠯᠠᠬᠰᠠᠨ ᠨᠢ᠂ | ᠰᠢᠨ᠎ᠡ ᠠᠶᠠᠯᠠᠯ ᠢᠶᠠᠨ ᠡᠬᠢᠯᠡᠬᠦᠯᠦᠭᠰᠡᠨ ᠨᠢ ᠬᠡᠬᠦ ᠭᠤᠷᠪᠠᠨ ᠪᠦᠯᠦᠭ ᠢᠶᠠᠷ ᠪᠦᠷᠢᠯᠳᠦᠪᠡ᠃ ᠢᠷᠠᠭᠤ ᠨᠠᠶᠢᠷᠠᠭ ᠵᠢᠷᠤᠭ | ᠬᠦᠭᠵᠢᠮ ᠢ ᠬᠤᠤᠰᠯᠠᠭᠤᠯᠤᠬᠰᠠᠨ ︽ᠴᠢᠰᠤ ᠮᠢᠬᠠᠨ ᠤ ᠪᠠᠷᠢᠯᠳᠤᠯᠭ᠎ᠠ︾᠂ ᠪᠥᠵᠢᠭ ︽ᠴᠠᠰᠤᠲᠤ ᠦᠨᠳᠦᠷᠯᠢᠭ ᠤᠨ | ᠳᠤᠯᠠᠭᠠᠨ ᠨᠠᠷᠠ︾᠂ ᠴᠦᠷᠭᠡᠯᠡᠭᠡ ᠳᠠᠭᠤᠤ ︽ᠤᠶᠠᠩᠭᠠᠳᠤ ᠲᠠᠭᠤᠤ ᠮᠡᠳᠦ ᠤᠨ ᠰᠠᠷ᠎ᠠ︾᠂ ᠦᠵᠡᠭᠳᠡᠯᠲᠦ ᠳᠠᠭᠤᠤ | ᠪᠥᠵᠢᠭ ︽ᠠᠶᠢᠯ ᠲᠤᠰᠬᠤᠨ ᠤ ᠡᠭᠦᠯᠡᠨ ᠠᠮᠢᠳᠤᠷᠠᠯ︾᠂ ᠪᠣᠳᠠᠰ ᠤᠨ ᠪᠤᠰᠤ ᠰᠣᠶᠣᠯ ᠤᠨ ᠥᠪ ᠤᠨ ᠳᠠᠭᠤᠤ ᠪᠥᠵᠢᠭ | ︽ᠬᠡᠷᠡᠯᠳᠤ ᠰᠤᠪᠤᠳ ᠳᠤᠮᠳᠠᠳᠤ ᠶᠢ ᠭᠡᠶᠢᠭᠦᠯᠦᠨ᠎ᠡ︾᠂ ᠬᠥᠭᠵᠢᠮᠲᠦ ᠳᠠᠭᠤᠤ ︽ᠵᠣᠯ ᠵᠢᠷᠭᠠᠯ ᠤᠨ ᠪᠠᠶᠠᠷᠲᠤ ᠳᠠᠭᠤᠤ︾᠂ | ᠪᠥᠵᠢᠭ ︽ᠠᠯᠤᠰ ᠤᠨ ᠠᠶᠠᠯᠠᠯ︾ ᠁ ᠦᠨᠳᠦᠰᠦᠲᠡᠨ ᠤ ᠣᠨᠴᠠᠯᠢᠭ ᠢᠶᠠᠷ ᠢᠯᠡ ᠲᠣᠳᠣ᠂ ᠢᠯᠡᠷᠡᠭᠦᠯᠬᠦ | ᠬᠡᠯᠪᠡᠷᠢ ᠨᠢ ᠤᠯᠠᠨ ᠶᠠᠩᠵᠤ ᠪᠦᠬᠦᠢ᠂ ᠴᠠᠭ ᠦᠶ᠎ᠡ ᠶᠢᠨ ᠠᠭᠤᠷ ᠠᠮᠢᠰᠬᠤᠯ ᠢᠶᠠᠷ ᠥᠳᠬᠡᠨ᠂ ᠭᠤᠶᠢᠳᠠ ᠰᠠᠶᠢᠬᠠᠨ | ᠠᠯᠢ ᠤᠯᠠᠨ ᠲᠣᠭᠯᠠᠯᠲᠠ ᠨᠢ ᠦᠳᠡᠰᠢᠯᠡᠭᠡ ᠶᠢ ᠲᠠᠰᠤᠷᠠᠯᠳᠠ ᠦᠭᠡᠢ ᠬᠦᠭᠵᠢᠭᠡᠵᠦ ᠪᠠᠶᠢᠯ᠎ᠠ᠃ ᠪᠦᠬᠦ᠋ᠢᠯᠡ | ᠦᠳᠡᠰᠢᠯᠡᠭᠡ ᠨᠢ ᠰᠢ ᠶᠢᠨ ᠫᠢᠩ ᠨᠥᠬᠦᠷ ᠢᠶᠠᠷ ᠭᠤᠤᠯ ᠪᠤᠯᠭᠠᠬᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠪᠣᠯᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠥᠭᠭᠦᠭᠰᠡᠨ ᠳᠣᠲᠣᠨᠣ ᠬᠠᠯᠠᠮᠵᠢᠯᠠᠯ ᠢ | ᠬᠠᠯᠠᠭᠤᠨ ᠰᠡᠳᠬᠢᠯᠭᠡ ᠪᠠᠷ ᠮᠠᠭᠲᠠᠨ ᠳᠠᠭᠤᠯᠠᠵᠤ᠂ ᠳᠤᠮᠳᠠᠳᠤ ᠶᠢᠨ ᠰᠣᠶᠣᠯ ᠤᠨ ᠭᠤᠶᠢᠳᠠ ᠰᠠᠶᠢᠬᠠᠨ᠂ ᠡᠯᠪᠡᠭ | ᠪᠠᠶᠠᠯᠢᠭ ᠠᠭᠤᠯᠤᠭᠳᠠᠬᠤᠨ ᠢ ᠠᠮᠢᠳᠤᠯᠢᠭ ᠢᠶᠠᠷ ᠢᠯᠡᠷᠡᠭᠦᠯᠵᠦ᠂ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ | ᠠᠨᠠᠷ ᠤᠨ ᠦᠷ᠎ᠡ ᠰᠢᠭ ᠨᠢᠬᠳᠠᠷᠠᠨ ᠬᠠᠮᠳᠤ ᠪᠠᠷ ᠪᠦᠯᠬᠦᠮᠳᠡᠨ ᠲᠡᠮᠡᠴᠡᠵᠦ ᠪᠠᠶᠢᠭ᠎ᠠ ᠰᠦᠷᠯᠢᠭ ᠰᠠᠶᠢᠬᠠᠨ | ᠬᠠᠭᠤᠳᠠᠰᠤ ᠶᠢ ᠠᠮᠢᠳᠤᠯᠢᠭ ᠢᠶᠠᠷ ᠵᠢᠷᠤᠭᠯᠠᠵᠤ᠂ ᠳᠤᠮᠳᠠᠳᠤ ᠶᠢᠨ ᠬᠥᠪᠡᠭᠦᠳ ᠥᠬᠢᠳ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢᠶᠠᠨ ᠪᠦᠲᠦᠭᠡᠨ ᠪᠠᠶᠢᠭᠤᠯᠬᠤ᠂ ᠡᠷᠡᠰ ᠭᠤᠶᠢᠪᠢᠰᠢ | ᠦᠭᠡᠢ ᠪᠠᠷ ᠨᠠᠮ ᠢᠶᠠᠨ ᠳᠠᠭᠠᠬᠤ᠂ ᠴᠤᠭ ᠪᠠᠳᠠᠷᠠᠩᠭᠤᠢ ᠪᠠᠷ ᠡᠷᠡᠮᠡᠬᠡᠶᠢᠯᠡᠨ ᠤᠷᠤᠭᠰᠢᠯᠠᠬᠤ ᠰᠢᠨ᠎ᠡ ᠠᠶᠠᠨ ᠵᠠᠮ ᠳᠠᠬᠢ | ᠡᠷᠡᠰ ᠪᠠᠲᠤ ᠵᠣᠷᠢᠭ ᠪᠣᠯᠤᠨ ᠣᠮᠤᠭ ᠲᠡᠭᠦᠯᠳᠡᠷ ᠴᠤᠭ ᠵᠢᠪᠬᠤᠭ᠎ᠠ ᠶᠢ ᠬᠦᠢᠴᠡᠳ ᠲᠤᠰᠬᠠᠬᠰᠠᠨ ᠢᠶᠠᠷ ᠲᠠᠯᠠᠪᠠᠢ | ᠳᠠᠶᠠᠭᠠᠷ ᠪᠠᠶᠢᠨ ᠪᠠᠶᠢᠨ ᠨᠢᠵᠢᠭᠢᠨᠡᠲᠡᠯ᠎ᠡ ᠠᠯᠠᠭ᠎ᠠ ᠲᠠᠰᠢᠵᠠᠭᠠᠵᠤ ᠪᠠᠶᠢᠪᠠ᠃ ᠬᠠᠮᠤᠭ ᠰᠡᠬᠦᠯ ᠳᠤ᠂ ︽ᠡᠨᠡ ᠪᠣᠯ ᠮᠠᠨ ᠤ | ᠦᠵᠡᠮᠵᠢᠳᠦ ᠰᠠᠶᠢᠬᠠᠨ ᠭᠡᠷ ᠣᠷᠣᠨ︾ ᠭᠡᠬᠦ ᠤᠷᠬᠢᠯᠤᠮ᠎ᠠ ᠬᠦᠭ ᠠᠶᠠᠰ ᠪᠣᠯᠤᠨ ᠡᠯ᠎ᠡ ᠦᠨᠳᠦᠰᠦᠲᠡᠨ ᠤ | ᠲᠣᠭᠯᠠᠭᠴᠢᠳ ᠤᠨ ᠪᠡᠶᠠᠷ ᠪᠠᠶᠠᠰᠬᠤᠯᠠᠩᠳᠦ ᠲᠠᠭᠤᠤ ᠬᠦᠭᠵᠢᠮ ᠪᠦᠵᠢᠭ ᠤᠨ ᠲᠤᠮᠳᠠ ᠦᠳᠡᠰᠢᠯᠡᠭᠡ ᠥᠨᠳᠥᠷᠯᠡᠪᠡ᠃ | | ᠲᠣᠭᠯᠠᠯᠲᠠ ᠡᠬᠢᠯᠡᠬᠦ ᠠᠴᠠ ᠡᠮᠦᠨ᠎ᠡ᠂ ᠰᠢ ᠶᠢᠨ ᠫᠢᠩ ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ | ᠬᠥᠮᠦᠰ ᠤᠷᠠᠨ ᠰᠠᠶᠢᠬᠠᠨ ᠤ ᠬᠠᠮᠳᠤᠷᠠᠬᠰᠠᠨ ᠲᠣᠭᠯᠠᠯᠲᠠ ᠶᠢᠨ ᠲᠣᠭᠯᠠᠭᠴᠢᠳ ᠤᠨ ᠲᠥᠯᠥᠭᠡᠯᠡᠭᠴᠢ᠂ ᠵᠣᠬᠢᠶᠠᠨ | ᠪᠠᠶᠢᠭᠤᠯᠬᠤ ᠺᠣᠮᠢᠰ ᠤᠨ ᠪᠦᠷᠢᠯᠳᠦᠬᠦᠨ᠂ 56 ᠦᠨᠳᠦᠰᠦᠲᠡᠨ ᠤ ᠦᠨᠳᠦᠰᠦᠨ ᠱᠠᠲᠤᠨ ᠤ ᠰᠢᠯᠢᠳᠡᠭ ᠨᠠᠮ ᠤᠨ | ᠭᠡᠰᠢᠭᠦᠨ ᠤ ᠲᠥᠯᠥᠭᠡᠯᠡᠭᠴᠢ ᠨᠡᠷ ᠲᠠᠢ ᠠᠭᠤᠯᠵᠠᠵᠦ ᠪᠠᠶᠢᠭ᠎ᠠ ᠨᠢ᠃ ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ | ᠰᠢᠦᠸᠠᠢ ᠷᠧᠨ ᠰᠡᠭᠦᠳᠡᠷᠯᠡᠪᠡ | | ᠲᠣᠭᠯᠠᠯᠲᠠ ᠡᠬᠢᠯᠡᠬᠦ ᠠᠴᠠ ᠡᠮᠦᠨ᠎ᠡ᠂ ᠰᠢ ᠶᠢᠨ ᠫᠢᠩ ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ ᠬᠥᠮᠦᠰ | ᠤᠷᠠᠨ ᠰᠠᠶᠢᠬᠠᠨ ᠤ ᠬᠠᠮᠳᠤᠷᠠᠬᠰᠠᠨ ᠲᠣᠭᠯᠠᠯᠲᠠ ᠶᠢᠨ ᠲᠣᠭᠯᠠᠭᠴᠢᠳ ᠤᠨ ᠲᠥᠯᠥᠭᠡᠯᠡᠭᠴᠢ᠂ ᠵᠣᠬᠢᠶᠠᠨ ᠪᠠᠶᠢᠭᠤᠯᠬᠤ | ᠺᠣᠮᠢᠰ ᠤᠨ ᠪᠦᠷᠢᠯᠳᠦᠬᠦᠨ᠂ 56 ᠦᠨᠳᠦᠰᠦᠲᠡᠨ ᠤ ᠦᠨᠳᠦᠰᠦᠨ ᠱᠠᠲᠤᠨ ᠤ ᠰᠢᠯᠢᠳᠡᠭ ᠨᠠᠮ ᠤᠨ ᠭᠡᠰᠢᠭᠦᠨ ᠤ | ᠲᠥᠯᠥᠭᠡᠯᠡᠭᠴᠢ ᠨᠡᠷ ᠲᠠᠢ ᠠᠭᠤᠯᠵᠠᠭᠰᠠᠨ ᠪᠥᠭᠡᠳ ᠲᠡᠳᠡᠨ ᠲᠠᠢ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ | ᠦᠯᠡᠳᠡᠭᠡᠪᠡ᠃ | | ᠲᠣᠭᠯᠠᠯᠲᠠ ᠡᠬᠢᠯᠡᠬᠦ ᠠᠴᠠ ᠡᠮᠦᠨ᠎ᠡ᠂ ᠰᠢ ᠶᠢᠨ ᠫᠢᠩ ᠵᠡᠷᠭᠡ ᠨᠠᠮ ᠪᠣᠯᠤᠨ ᠲᠦᠷᠦ ᠶᠢᠨ ᠤᠳᠤᠷᠢᠳᠬᠤ | ᠬᠥᠮᠦᠰ ᠤᠷᠠᠨ ᠰᠠᠶᠢᠬᠠᠨ ᠤ ᠬᠠᠮᠳᠤᠷᠠᠬᠰᠠᠨ ᠲᠣᠭᠯᠠᠯᠲᠠ ᠶᠢᠨ ᠲᠣᠭᠯᠠᠭᠴᠢᠳ ᠤᠨ ᠲᠥᠯᠥᠭᠡᠯᠡᠭᠴᠢ᠂ ᠵᠣᠬᠢᠶᠠᠨ | ᠪᠠᠶᠢᠭᠤᠯᠬᠤ ᠺᠣᠮᠢᠰ ᠤᠨ ᠪᠦᠷᠢᠯᠳᠦᠬᠦᠨ᠂ 56 ᠦᠨᠳᠦᠰᠦᠲᠡᠨ ᠤ ᠦᠨᠳᠦᠰᠦᠨ ᠱᠠᠲᠤᠨ ᠤ ᠰᠢᠯᠢᠳᠡᠭ ᠨᠠᠮ ᠤᠨ | ᠭᠡᠰᠢᠭᠦᠨ ᠤ ᠲᠥᠯᠥᠭᠡᠯᠡᠭᠴᠢ ᠨᠡᠷ ᠲᠠᠢ ᠠᠭᠤᠯᠵᠠᠵᠦ ᠬᠠᠮᠲᠤ ᠶᠢᠨ ᠰᠡᠭᠦᠳᠡᠷ ᠲᠡᠳᠡᠭᠤᠯᠤᠨ ᠳᠤᠷᠠᠰᠬᠠᠯ ᠦᠯᠡᠳᠡᠭᠡᠵᠦ | ᠪᠠᠶᠢᠭ᠎ᠠ ᠨᠢ᠃ ᠰᠢᠨᠬᠤᠸᠠ ᠬᠤᠷᠢᠶᠠᠨ ᠤ ᠰᠤᠷᠪᠤᠯᠵᠢᠯᠠᠬᠴᠢ ᠯᠢ ᠰᠢᠦᠸᠠᠢ ᠷᠧᠨ ᠰᠡᠭᠦᠳᠡᠷᠯᠡᠪᠡ | | ᠳ᠋ᠢᠩ ᠰᠢᠦᠸᠠᠢ ᠰᠢᠶᠠᠩ᠂ ᠰᠦᠨ ᠴᠦᠨ ᠯᠠᠨ᠂ ᠵᠠᠩ ᠶᠢᠦ ᠰᠢᠶᠠ᠂ ᠬᠤᠸᠠᠩ ᠺᠦᠨ ᠮᠢᠩ᠂ ᠼᠠᠢ ᠴᠢ᠂ ᠶᠢᠦ | ᠴᠢᠦᠸᠠᠨ᠂ ᠪᠠᠳᠮᠠᠫᠧᠷᠠᠩᠯᠠᠢ᠂ ᠰᠢᠶᠤᠤ ᠵᠢᠶᠧ᠂ ᠮᠠ ᠪᠢᠶᠤᠤ᠂ ᠪᠠᠭᠠᠲᠤᠷ ᠬᠤᠯᠪᠣᠭᠳᠠᠯ ᠪᠥᠬᠦᠶ ᠠᠵᠢᠯᠯᠠᠭ᠎ᠠ ᠳᠤ | ᠣᠷᠣᠯᠴᠠᠪᠠ᠃ | ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠷᠠᠨ ᠰᠠᠶᠢᠬᠠᠨ ᠤ | ᠬᠠᠮᠲᠤᠷᠠᠭᠰᠠᠨ ᠲᠣᠭᠯᠠᠯᠲᠠ ᠶᠢ ᠤᠯᠤᠰ ᠤᠨ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ᠂ ᠰᠣᠶᠣᠯ ᠪᠠ | ᠵᠢᠭᠤᠯᠴᠢᠯᠠᠯ ᠤᠨ ᠶᠠᠮᠤᠨ᠂ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠤᠪᠴᠢᠶ᠎ᠠ᠂ ᠲᠥᠪ ᠤᠨ ᠷᠠᠳᠢᠣ᠋ | ᠲᠧᠯᠸᠢᠰ ᠤᠨ ᠶᠡᠷᠦᠩᠬᠡᠢ ᠬᠤᠷᠢᠶ᠎ᠠ ᠪᠠ ᠪᠡᠭᠡᠵᠢᠩ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ | ᠡᠷᠬᠢᠯᠡᠪᠡ᠃ ᠬᠠᠮᠳᠤᠷᠠᠬᠰᠠᠨ ᠲᠤᠬᠯᠠᠯᠳᠠ ᠨᠢ 8 ᠰᠠᠷ᠎ᠠ ᠶᠢᠨ 31 ᠤ ᠡᠳᠦᠷ ᠠᠴᠠ 9 ᠰᠠᠷ᠎ᠠ ᠶᠢᠨ 24 ᠤ ᠡᠳᠦᠷ | ᠪᠣᠯᠲᠠᠯ᠎ᠠ ᠶᠠᠪᠤᠬᠳᠠᠵᠤ᠂ ᠡᠨᠡ ᠬᠦ ᠬᠤᠭᠤᠴᠠᠭᠠᠨ ᠳᠤ ᠪᠦᠬᠦ ᠤᠯᠤᠰ ᠤᠨ ᠡᠯ᠎ᠡ ᠭᠠᠵᠠᠷ ᠠᠴᠠ ᠰᠢᠯᠢᠨ ᠰᠤᠩᠭᠤᠬᠰᠠᠨ | 42 ᠵᠦᠴᠦᠭᠡ ᠶᠢ ᠲᠥᠪ ᠤᠨ ᠲᠧᠯᠸᠢᠰ ᠬᠤᠷᠢᠶ᠎ᠠ ᠶᠢᠨ ᠰᠦᠯᠵᠢᠶ᠎ᠡ ᠪᠣᠯᠤᠨ ᠤᠯᠤᠰ ᠤᠨ ᠦᠨᠳᠦᠰᠦᠲᠡᠨ ᠤ ᠬᠡᠷᠡᠭ | ᠡᠷᠬᠢᠯᠡᠬᠦ ᠵᠦᠪᠯᠡᠯ ᠤᠨᠰᠦ᠋ᠯᠵᠢᠶᠡ ᠪᠠᠷ ᠨᠡᠪᠲᠡᠷᠡᠭᠦᠯᠬᠦ ᠪᠣᠯᠤᠨ᠎ᠠ᠃ | |