9 ᠳ᠋ᠤᠭᠡᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠦᠨᠳᠦᠰᠦᠲᠡᠨ ᠤ ᠠᠵᠢᠯ ᠤᠨ ᠬᠤᠷᠠᠯ ᠢ ᠬᠥᠬᠡᠬᠤᠲᠠ ᠳᠤ ᠬᠤᠷᠠᠯᠳᠤᠭᠤᠯᠪᠠ᠃ ᠬᠤᠷᠠᠯ ᠠᠴᠠ ᠲᠥᠪ ᠤᠨ | ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠰᠢᠨ᠎ᠡ ᠪᠠᠶᠢᠳᠠᠯ ᠳᠤᠤᠷᠠᠬᠢ ᠮᠠᠨ ᠤ ᠣᠷᠣᠨ ᠤ ᠦᠨᠳᠦᠰᠦᠲᠡᠨ ᠤ ᠠᠵᠢᠯ ᠢ ᠰᠤᠳᠤᠯᠤᠨ ᠪᠠᠶᠢᠷᠢᠯᠠᠭᠤᠯᠵᠤ᠂ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠰᠠᠬᠢᠨ ᠪᠡᠷᠡᠯᠡᠵᠦ | ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠣᠳᠣᠬᠢᠴᠢᠯᠠᠭᠰᠠᠨ ᠥᠪᠥᠷ ᠮᠣᠩᠭᠤᠯ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠬᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ | ᠲᠥᠯᠥᠭᠡ ᠴᠥᠬᠦᠷᠡᠰᠢ ᠥᠬᠡᠶ ᠴᠢᠷᠮᠠᠶᠢᠬᠤ ᠬᠡᠷᠡᠭᠲᠡᠢ ᠭᠡᠵᠦ ᠳᠠᠶᠢᠴᠢᠯᠠᠪᠠ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠱᠢ ᠲᠠᠢ ᠹᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | | 9 ᠳ᠋ᠦ᠋ᠭᠡᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ | ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠰᠤᠷᠪᠤᠯᠵᠢᠯᠠᠭᠴᠢ ᠶᠤᠧᠠᠨ ᠶᠦᠩ ᠬᠤᠩ ᠰᠡᠭᠦᠳᠡᠷᠯᠡᠪᠡ | | 9 ᠳ᠋ᠦ᠋ᠭᠡᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ | ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠢ ᠡᠷᠭᠢᠯᠡᠪᠡ᠃ ᠰᠤᠷᠪᠤᠯᠵᠢᠯᠠᠭᠴᠢ | ᠶᠤᠧᠠᠨ ᠶᠦᠩ ᠬᠤᠩ ᠰᠡᠭᠦᠳᠡᠷᠯᠡᠪᠡ | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ | ᠲᠡᠷᠢᠭᠦᠯᠡᠭᠴᠢ ᠸᠠᠩ ᠯᠢ ᠰᠢᠶᠠ ᠠᠩᠬᠠᠳᠤᠭᠠᠷ ᠤᠳᠠᠭ᠎ᠠ ᠶᠢᠨ ᠪᠥᠬᠦᠳᠡ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ | ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠯᠢ ᠰᠢᠤ ᠯᠢᠩ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ | ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠤᠳᠤᠷᠢᠳᠬᠤ ᠨᠥᠬᠦᠳ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠵᠡᠪᠰᠡᠭᠲᠦ ᠴᠠᠭᠳᠠᠭ᠎ᠠ ᠶᠢᠨ ᠥᠪᠥᠷ | ᠮᠣᠩᠭᠤᠯ ᠤᠨ ᠶᠡᠷᠦᠩᠬᠡᠶ ᠠᠩᠭᠢ ᠶᠢᠨ ᠺᠣᠮᠠᠨᠳ᠋ᠯᠠᠭᠴᠢ ᠬᠤᠷᠠᠯ ᠳᠤ ᠣᠷᠣᠯᠴᠠᠪᠠ᠃ ᠬᠤᠶᠠᠳᠤᠭᠠᠷ ᠤᠳᠠᠭ᠎ᠠ ᠶᠢᠨ | ᠪᠥᠬᠦᠳᠡ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠤᠸᠠᠨ ᡁᠢ ᠴᠢᠶᠠᠩ ᠳ᠋ᠦᠩᠨᠡᠯᠲᠡ ᠶᠢᠨ ᠶᠠᠷᠢᠶ᠎ᠠ ᠲᠠᠯᠪᠢᠵᠤ᠂ | ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊·ᠪᠠᠲᠤ ᠬᠤᠷᠠᠯ ᠢ ᠡᠷᠭᠢᠯᠡᠪᠡ᠃ | | 9 ᠳ᠋ᠦ᠋ᠭᠡᠷ ᠰᠠᠷ᠎ᠠ ᠶᠢᠨ 23 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠢ ᠬᠥᠬᠡᠬᠤᠲᠠ ᠳᠤ ᠬᠤᠷᠠᠯᠳᠤᠭᠤᠯᠪᠠ᠃ ᠰᠤᠷᠪᠤᠯᠵᠢᠯᠠᠭᠴᠢ | ᠶᠤᠧᠠᠨ ᠶᠦᠩ ᠬᠤᠩ ᠰᠡᠭᠦᠳᠡᠷᠯᠡᠪᠡ | | ᠱᠢ ᠲᠠᠢ ᠹᠧᠡᠭ᠄ ᠦᠨᠳᠦᠰᠦᠲᠡᠨ ᠤ ᠠᠵᠢᠯ ᠢ ᠰᠠᠶᠢᠲᠤᠷ ᠬᠢᠬᠦ ᠪᠣᠯ ᠪᠢᠳᠡᠨ ᠤ ᠡᠷᠬᠡᠪᠰᠢ ᠰᠡᠳᠬᠢᠯ ᠳᠤ ᠪᠠᠨ | ᠢᠮᠠᠭᠲᠠ ᠪᠤᠳᠤᠬᠤ ︽ᠤᠯᠤᠰ ᠤᠨ ᠶᠡᠭᠡ ᠶᠠᠪᠤᠳᠠᠯ︾ ᠮᠥᠨ᠃ ᠳᠤᠮᠳᠠᠳᠤ ᠶᠢᠨ ᠦᠨᠳᠦᠰᠦᠲᠡᠨ ᠬᠦᠴᠦᠷᠬᠡᠭᠵᠢᠭᠰᠡᠨ | ᠥᠨᠥᠳᠦᠷ᠂ ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ ᠳᠤ ᠭᠦᠨᠵᠡᠭᠡᠶ ᠬᠤᠪᠢᠷᠠᠯᠲᠠ ᠭᠠᠷᠴᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠵᠠᠩᠭᠢᠯᠠᠭ᠎ᠠ ᠶᠢᠨ ᠴᠠᠭ ᠦᠶ᠎ᠡ ᠳᠤ ᠣᠷᠣᠵᠤ᠂ | ᠨᠠᠮ ᠤᠨ ᠦᠨᠳᠦᠰᠦᠲᠡᠨ ᠤ ᠠᠵᠢᠯ ᠳᠤ ᠴᠤ ᠱᠠᠲᠤ ᠦᠶᠡᠴᠢ ᠴᠢᠨᠠᠷᠲᠠᠶ ᠰᠢᠨ᠎ᠡ ᠣᠨᠴᠠᠯᠢᠭ ᠢᠯᠡᠷᠡᠵᠦ᠂ ᠰᠢᠨ᠎ᠡ ᠴᠠᠭ | ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠳᠤ ᠡᠷᠬᠡᠪᠰᠢ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠡᠬᠢᠯᠡᠯᠲᠡ ᠪᠠ | ᠵᠣᠭᠰᠣᠴᠠᠠ ᠪᠠᠨ ᠪᠣᠯᠭᠠᠵᠤ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠰᠦᠷ ᠳᠠᠯᠠᠶᠢᠴᠠᠲᠠᠶ | ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠬᠤ ᠬᠡᠷᠡᠭᠲᠡᠶ᠃ | ᠪᠢᠳᠡ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠤᠯᠤᠰ ᠲᠥᠷᠥ ᠶᠢᠨ | ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡᠨ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠰᠢᠨ᠎ᠡ | ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ ᠪᠣᠯᠤᠨ ᠴᠢᠬᠤᠯᠠ ᠡᠭᠦᠷᠭᠡ ᠶᠢ | ᠣᠨᠣᠪᠴᠢᠲᠠᠶ ᠡᠵᠡᠮᠳᠡᠵᠦ᠂ ᠠᠰᠠᠭᠤᠳᠠᠯ ᠪᠠ ᠵᠥᠷᠢᠶ᠎ᠡ ᠳᠤ ᠵᠥᠪ ᠢᠶᠠᠷ ᠬᠠᠨᠳᠤᠵᠤ᠂ ᠠᠶᠤᠯ ᠲᠦᠭᠰᠢᠭᠦᠷᠢ ᠬᠡᠮ | ᠰᠣᠭᠤᠭ ᠢ ᠲᠣᠳᠣᠷᠬᠠᠶ ᠲᠠᠨᠢᠵᠤ᠂ ᠮᠠᠨ ᠤ ᠣᠷᠣᠨ ᠤ ᠦᠨᠳᠦᠰᠦᠲᠡᠨ ᠤ ᠬᠦᠷᠢᠶᠡᠨ ᠳᠠᠬᠢ ᠡᠯ᠎ᠡ ᠵᠦᠢᠯ ᠤᠨ ᠠᠵᠢᠯ ᠢ | ᠨᠠᠩ ᠰᠢᠨᠵᠢᠯᠡᠬᠦ ᠤᠬᠠᠭᠠᠨᠴᠢ᠂ ᠨᠠᠷᠢᠯᠢᠭ ᠣᠨᠣᠴᠠᠲᠠᠶ᠂ ᠦᠷ᠎ᠡ ᠪᠦᠲᠦᠮᠵᠢᠲᠡᠶ ᠰᠠᠶᠢᠲᠤᠷ ᠬᠢᠬᠦ ᠬᠡᠷᠡᠭᠲᠡᠶ ᠭᠡᠵᠦ ᠵᠢᠭᠠᠵᠤ | ᠭᠠᠷᠭᠠᠪᠠ᠃ | ᠱᠢ ᠲᠠᠢ ᠹᠧᠩ᠄ ᠦᠨᠳᠦᠰᠦᠲᠡᠨ ᠤ ᠠᠵᠢᠯ ᠪᠣᠯ ᠤᠯᠤᠰ ᠲᠦᠷᠦᠴᠢ ᠴᠢᠨᠠᠷ᠂ ᠲᠥᠷᠥ ᠶᠢᠨ ᠪᠣᠳᠣᠯᠭᠠᠲᠤ | ᠴᠢᠨᠠᠷ ᠢᠶᠠᠷ ᠮᠠᠰᠢ ᠴᠢᠩᠭ᠎ᠠ ᠠᠵᠢᠯ ᠮᠥᠨ᠂ ᠨᠠᠮ ᠤᠨ ᠦᠨᠳᠦᠰᠦᠲᠡᠨ ᠤ ᠣᠨᠣᠯ ᠪᠣᠯᠤᠨ ᠦᠨᠳᠦᠰᠦᠲᠡᠨ ᠤ | ᠲᠥᠷᠥ ᠶᠢᠨ ᠪᠣᠳᠣᠯᠭ᠎ᠠ ᠶᠢ ᠰᠠᠶᠢᠲᠤᠷ ᠰᠤᠷᠤᠯᠴᠠᠵᠤ ᠰᠠᠶᠢᠲᠤᠷ ᠬᠡᠷᠡᠭᠯᠡᠬᠦ ᠨᠢ ᠡᠩ ᠲᠡᠷᠢᠭᠦᠨ ᠳᠤ ᠤᠯᠤᠰ | ᠲᠥᠷᠥ ᠶᠢᠨ ᠱᠠᠭᠠᠷᠳᠠᠯᠭ᠎ᠠ ᠪᠣᠯᠬᠤ ᠪᠥᠭᠡᠳ ᠪᠠᠰᠠ ᠴᠤ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ | ᠦᠨᠳᠦᠰᠦᠨ ᠱᠠᠭᠠᠷᠳᠠᠯᠭ᠎ᠠ ᠮᠦᠨ᠃ | ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ | ᠭᠡᠰᠢᠭᠦᠨ᠂ ᠺᠠᠳ᠋ᠷᠴᠤᠳ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠᠷ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢᠨ | ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠣᠯᠭᠠᠵᠤ᠂ ᠡᠨᠡ ᠬᠦ ᠴᠢᠬᠤᠯᠠ ᠦᠵᠡᠯ ᠰᠠᠨᠠᠭᠠᠨ ᠤ ᠪᠠᠶᠠᠯᠢᠭ | ᠠᠭᠤᠯᠤᠭᠳᠠᠬᠤᠨ᠂ ᠭᠤᠤᠯ ᠠᠭᠤᠯᠭ᠎ᠠ ᠪᠠ ᠦᠢᠯᠡᠳᠣᠯᠭᠡ ᠶᠢᠨ ᠱᠠᠭᠠᠷᠳᠠᠯᠭ᠎ᠠ ᠶᠢ ᠬᠦᠨᠵᠡᠭᠡᠢ ᠲᠠᠨᠢᠬᠤ ᠪᠠ | ᠤᠨᠤᠪᠴᠢᠳᠠᠢ ᠡᠵᠡᠮᠳᠡᠵᠤ᠂ ᠰᠠᠶᠢᠳᠤᠷ ᠤᠢᠢᠯᠠᠭᠠᠵᠤ ᠲᠤᠭᠤᠷᠠᠳᠠᠯ᠎ᠡ ᠮᠡᠳᠡᠬᠦ᠂ ᠭᠦᠨᠵᠡᠭᠡᠶ ᠰᠤᠷᠤᠯᠴᠠᠵᠤ ᠨᠡᠪᠲᠡᠷᠡᠲᠡᠯ᠎ᠡ | ᠣᠶᠢᠯᠠᠭᠠᠬᠤ ᠳᠡᠭᠡᠷ᠎ᠡ ᠬᠦᠴᠦ ᠤᠷᠤᠭᠤᠯᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠦᠷᠭᠦᠯᠵᠢᠯᠡᠨ ᠤᠶᠠᠯᠳᠤᠭᠤᠯᠵᠤ᠂ | ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠲᠠᠯ᠎ᠠ ᠪᠠᠷ ᠦᠨᠡᠨ ᠬᠦ ᠴᠢᠷᠮᠠᠶᠢᠵᠤ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ | ᠦᠨᠳᠦᠰᠦᠲᠡᠨ ᠤ ᠠᠰᠠᠭᠤᠳᠠᠯ ᠢ ᠵᠠᠳᠠᠯᠤᠨ ᠰᠢᠢᠳᠪᠤᠷᠢᠯᠡᠬᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠤᠬᠠᠮᠰᠠᠷᠲᠤ | ᠴᠢᠨᠠᠷ ᠰᠠᠨᠠᠭᠠᠴᠢᠯᠠᠭᠠᠲᠤ ᠴᠢᠨᠠᠷ ᠡᠷᠡᠰ ᠪᠠᠲᠤ ᠴᠢᠨᠠᠷ ᠢ ᠲᠠᠰᠤᠷᠠᠯᠳᠠ ᠦᠭᠡᠢ ᠴᠢᠩᠭᠠᠷᠠᠭᠤᠯᠵᠤ᠂ ᠦᠨᠡᠨ ᠶᠣᠰᠣᠨ ᠤ | ᠬᠦᠴᠦᠨ ᠢ ᠬᠡᠷᠡᠭᠯᠡᠨ ᠮᠠᠨ ᠤ ᠣᠷᠣᠨ ᠤ ᠦᠨᠳᠦᠰᠦᠲᠡᠨ ᠤ ᠠᠵᠢᠯ ᠤᠨ ᠶᠡᠭᠡ ᠣᠷᠴᠢᠨ ᠲᠣᠭᠤᠷᠢᠨ ᠢ | ᠰᠠᠶᠢᠵᠢᠷᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠤᠷᠢᠯᠡᠬᠦ ᠵᠥᠪ | ᠵᠠᠮ ᠢᠶᠠᠷ ᠭᠤᠶᠢᠪᠢᠰᠢ ᠦᠭᠡᠶ ᠵᠠᠮᠨᠠᠬᠤ ᠭᠡᠷᠡᠭᠳᠠᠢ ᠭᠡᠵᠤ ᠴᠢᠬᠤᠯᠠᠴᠢᠯᠠᠪᠠ᠃ | ᠱᠢ ᠲᠠᠢ ᠹᠧᠩ᠄ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠦᠢᠯᠡᠳᠣᠯᠭᠡ ᠶᠢᠨ ᠱᠠᠭᠠᠷᠳᠠᠯᠭ᠎ᠠ ᠶᠢ ᠤᠶᠢᠯᠠᠭᠠᠨ | ᠡᠵᠡᠮᠰᠢᠬᠦ ᠶᠢ ᠭᠦᠨᠵᠡᠭᠡᠶᠢᠷᠡᠭᠦᠯᠵᠦ᠂ ᠡᠨᠡ ᠬᠦ ᠭᠤᠤᠯ ᠰᠢᠵᠢᠮ ᠢ ᠦᠨᠳᠦᠰᠦᠲᠡᠨ ᠤ ᠠᠵᠢᠯ ᠤᠨ ᠪᠥᠬᠦ ᠶᠠᠪᠤᠴᠠ ᠡᠯ᠎ᠡ | ᠲᠠᠯ᠎ᠠ ᠳᠤ ᠦᠨᠡᠨ ᠬᠦ ᠲᠤᠭᠤᠰᠢᠯᠠᠭᠤᠯᠵᠤ᠂ ᠪᠣᠶ ᠪᠥᠬᠦᠶ ᠠᠵᠢᠯ ᠢ ᠴᠥᠮ ᠡᠭᠦᠨ ᠳᠡᠭᠡᠷ᠎ᠡ ᠲᠥᠪᠯᠡᠷᠡᠭᠦᠯᠬᠦ ᠬᠡᠷᠡᠭᠲᠡᠶ᠃ | ᠨᠡᠶᠢᠲᠡᠯᠢᠭ ᠴᠢᠨᠠᠷ ᠪᠠ ᠵᠥᠷᠢᠶᠡᠲᠦ ᠴᠢᠨᠠᠷ ᠤᠨ ᠬᠠᠷᠢᠴᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠪᠠ ᠦᠨᠳᠦᠰᠦᠲᠡᠨ ᠨᠦᠭᠦᠳ ᠤᠨ ᠤᠬᠠᠮᠰᠠᠷ ᠤᠨ ᠬᠠᠷᠢᠴᠠᠭ᠎ᠠ᠂ ᠳᠤᠮᠳᠠᠳᠤ ᠶᠢᠨ ᠰᠣᠶᠣᠯ ᠪᠠ | ᠦᠨᠳᠦᠰᠦᠲᠡᠨ ᠨᠦᠭᠦᠳ ᠤᠨ ᠰᠣᠶᠣᠯ ᠤᠨ ᠬᠠᠷᠢᠴᠠᠭ᠎ᠠ᠂ ᠪᠣᠳᠠᠰ ᠪᠠ ᠤᠶᠤᠨ ᠰᠠᠨᠠᠭᠠᠨ ᠤ ᠬᠠᠷᠢᠴᠠᠭ᠎ᠠ ᠶᠢ ᠵᠥᠪ ᠢᠶᠠᠷ | ᠡᠵᠡᠮᠰᠢᠵᠦ᠂ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠳᠤ ᠪᠤᠷᠤᠭᠤ ᠭᠠᠷᠭᠠᠬᠤ ᠦᠭᠡᠢ᠂ ᠦᠨᠳᠦᠰᠦᠲᠡᠨ ᠤ | ᠬᠠᠷᠢᠴᠠᠭ᠎ᠠ ᠶᠢ ᠵᠣᠬᠢᠴᠠᠭᠤᠯᠬᠤ ᠳᠤ ᠶᠠᠩᠵᠤᠯᠠᠬᠤ ᠦᠭᠡᠢ᠂ ᠦᠨᠳᠦᠰᠦᠲᠡᠨ ᠤ ᠠᠵᠢᠯ ᠢ ᠠᠬᠢᠭᠤᠯᠬᠤ ᠳᠤ ᠬᠡᠯᠪᠠᠶᠢᠬᠦ | ᠦᠭᠡᠢ ᠪᠠᠶᠢᠬᠤ ᠶᠢ ᠦᠨᠡᠨ ᠬᠦ ᠪᠠᠳᠤᠯᠠᠬᠤ ᠭᠡᠷᠡᠭᠳᠠᠢ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠲᠠ ᠶᠢ | ᠪᠦᠬᠦ ᠲᠠᠯ᠎ᠠ ᠪᠠᠷ ᠠᠬᠢᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠤᠰ ᠠᠷᠠᠳ ᠤᠨ ᠰᠤᠷᠭᠠᠨ | ᠬᠥᠮᠦᠵᠢᠯ᠂ ᠶᠣᠰᠣ ᠰᠤᠷᠲᠠᠬᠤᠨ ᠤ ᠪᠠᠶᠢᠭᠤᠯᠤᠯᠲᠠ᠂ ᠰᠣᠶᠣᠯ ᠤᠨ ᠡᠭᠦᠳᠦᠯᠲᠡ ᠪᠠ ᠦᠢᠯᠡᠳᠪᠦᠷᠢᠯᠡᠯ ᠠᠮᠢᠳᠤᠷᠠᠯ ᠳᠤ | ᠠᠭᠤᠰᠤᠯᠴᠠᠭᠤᠯᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ | ᠥᠷᠭᠡᠨ ᠤᠯᠠᠨ ᠺᠠᠳ᠋ᠷ ᠤᠯᠠᠨ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ︽ᠲᠦᠷᠪᠡᠨ ᠬᠠᠮᠲᠤ︾ ᠶᠢᠨ | ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠦᠵᠡᠯᠲᠡ ᠶᠢ ᠪᠠᠲᠤ ᠪᠤᠢ ᠪᠣᠯᠭᠠᠬᠤ ᠬᠡᠷᠡᠭᠲᠡᠢ᠃ | ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠬᠠᠮᠲᠤ ᠪᠠᠷ ᠪᠠᠶᠢᠭᠤᠯᠵᠤ | ᠬᠠᠮᠲᠤ ᠪᠠᠷ ᠡᠳ᠋ᠯᠡᠬᠦ ᠶᠢ ᠪᠦᠬᠦ ᠬᠦᠴᠦᠨ ᠢᠶᠠᠷ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ᠂ ᠥᠨᠳᠥᠷ ᠲᠦᠪᠰᠢᠨ | ᠪᠦᠬᠦᠢ ᠬᠠᠮᠠᠭᠠᠯᠠᠯᠲᠠ᠂ ᠴᠢᠨᠠᠷ ᠰᠠᠶᠢᠲᠠᠢ ᠠᠮᠢᠳᠤᠷᠠᠯ᠂ ᠥᠨᠳᠥᠷ ᠪᠦᠲᠦᠮᠵᠢᠲᠡᠢ ᠵᠠᠰᠠᠯᠲᠠ ᠶᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠠᠳᠬᠤᠵᠤ᠂ ᠦᠨᠳᠦᠰᠦᠲᠡᠨ ᠤ ᠪᠦᠯᠬᠦᠮᠳᠡᠯ ᠢ ᠪᠠᠬᠢᠵᠢᠭᠦᠯᠬᠦ᠂ ᠨᠡᠶᠢᠭᠡᠮ ᠤᠨ | ᠲᠣᠭᠲᠠᠭᠤᠨ ᠢ ᠬᠠᠮᠠᠭᠠᠯᠠᠬᠤ᠂ ᠬᠢᠯᠢ ᠬᠢᠵᠠᠭᠠᠷ ᠤᠨ ᠠᠮᠤᠷ ᠲᠦᠪᠰᠢᠨ ᠪᠠ ᠠᠮᠢ ᠠᠬᠤᠢ ᠶᠢᠨ ᠠᠮᠤᠷ ᠲᠦᠪᠰᠢᠨ ᠢ | ᠪᠠᠲᠤᠯᠠᠬᠤ ᠵᠡᠷᠭᠡ ᠲᠠᠯ᠎ᠠ ᠪᠠᠷ ᠤᠬᠠᠮᠰᠠᠷ ᠠᠴᠠ ᠪᠠᠨ ᠶᠡᠭᠡ ᠲᠠᠯ᠎ᠠ ᠶᠢ ᠡᠷᠬᠢᠮᠯᠡᠵᠦ᠂ ᠬᠦᠨᠳᠦ ᠬᠠᠷᠢᠭᠤᠴᠠᠯᠭ᠎ᠠ | ᠡᠭᠦᠷᠭᠡᠯᠡᠵᠦ᠂ ᠬᠤᠪᠢ ᠨᠡᠮᠡᠷᠢ ᠦᠵᠡᠭᠦᠯᠬᠦ ᠬᠡᠷᠡᠭᠲᠡᠢ᠃ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠢᠳᠡᠪᠬᠢᠲᠡᠢ ᠠᠬᠢᠭᠤᠯᠵᠤ᠂ | ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ᠂ ᠲᠦᠷᠢᠮ ᠤᠨ ᠪᠠᠲᠤᠯᠠᠭ᠎ᠠ ᠪᠣᠯᠤᠨ ᠤᠷᠮᠠᠰᠢᠭᠤᠯᠤᠨ | ᠵᠣᠷᠢᠭᠵᠢᠭᠤᠯᠬᠤ ᠲᠣᠭᠲᠠᠴᠠ ᠶᠢ ᠲᠠᠰᠤᠷᠠᠯᠳᠠ ᠦᠭᠡᠢ ᠪᠦᠷᠢᠨᠰᠢᠬᠦᠯᠦᠨ ᠲᠡᠭᠦᠯᠳᠡᠷᠵᠢᠭᠦᠯᠵᠦ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠵᠤ ᠬᠠᠮᠲᠤ ᠪᠠᠷ | ᠠᠵᠢᠯᠯᠠᠵᠤ ᠬᠠᠮᠲᠤ ᠪᠠᠷ ᠪᠠᠶᠠᠰᠤᠯᠴᠠᠬᠤ ᠨᠡᠶᠢᠭᠡᠮ ᠤᠨ ᠨᠥᠬᠦᠴᠡᠯ ᠢ ᠴᠢᠷᠮᠠᠶᠢᠨ ᠡᠭᠦᠳᠴᠦ᠂ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠵᠦ᠂ ᠦᠨᠳᠦᠰᠦᠲᠡᠨ ᠨᠦᠭᠦᠳ ᠤᠨ | ᠤᠯᠠᠨ ᠲᠦᠮᠡᠨ ᠤ ᠡᠶ᠎ᠡ ᠨᠠᠶᠢᠷᠲᠠᠢ ᠪᠠᠷ ᠬᠠᠮᠲᠤ ᠣᠷᠣᠰᠢᠬᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ᠂ ᠡᠶ᠎ᠡ | ᠵᠤᠬᠢᠴᠠᠯ ᠲᠠᠢ ᠪᠠᠷ ᠬᠥᠭᠵᠢᠬᠦ ᠶᠢ ᠨᠡᠩ ᠰᠠᠶᠢᠲᠤᠷ ᠠᠬᠢᠭᠤᠯᠬᠤ ᠬᠡᠷᠡᠭᠲᠡᠢ᠃ | ᠬᠠᠤᠯᠢ ᠪᠠᠷ ᠵᠠᠰᠠᠬᠤ ᠵᠠᠮ ᠢᠶᠠᠷ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠶᠢ ᠪᠠᠷᠢᠮᠲᠠᠯᠠᠵᠤ᠂ | ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠲᠣᠬᠲᠠᠯᠴᠠᠭ᠎ᠠ ᠪᠣᠯᠤᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ | ᠦᠨᠳᠦᠰᠦᠲᠡᠨ ᠤ ᠬᠦᠷᠢᠶᠡᠨ ᠳᠠᠬᠢ ᠠᠶᠤᠯ ᠲᠦᠭᠰᠢᠭᠦᠷᠢ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠵᠦ᠂ ᠡᠯ᠎ᠡ | ᠲᠦᠷᠦᠯ ᠤᠨ ᠴᠤᠬᠤᠶᠢᠯᠠᠯ ᠤᠨ ᠴᠢᠨᠠᠷᠲᠠᠢ ᠬᠡᠯᠪᠡᠷᠢᠯ ᠤᠨ ᠴᠢᠨᠠᠷᠲᠠᠢ ᠠᠰᠠᠭᠤᠳᠠᠯ ᠢ ᠴᠠᠭ ᠲᠤᠬᠠᠢ ᠳᠤ ᠨᠢ | ᠢᠯᠡᠷᠡᠭᠦᠯᠵᠦ᠂ ᠡᠷᠡᠰ ᠰᠢᠭᠤᠷᠬᠠᠢ ᠰᠢᠢᠳᠪᠦᠷᠢᠯᠡᠬᠦ ᠬᠡᠷᠡᠭᠲᠡᠢ᠃ | ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠦᠨᠳᠦᠰᠦᠲᠡᠨ ᠤ | ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠦᠨᠳᠦᠰᠦᠲᠡᠨ ᠤ ᠠᠵᠢᠯ ᠪᠣᠯᠤᠨ | ᠦᠨᠳᠦᠰᠦᠲᠡᠨ ᠤ ᠠᠰᠠᠭᠤᠳᠠᠯ ᠢ ᠤᠯᠤᠰ ᠲᠦᠷᠦ ᠶᠢᠨ ᠲᠠᠯ᠎ᠠ ᠠᠴᠠ ᠦᠵᠡᠬᠦ᠂ ᠤᠯᠤᠰ ᠲᠦᠷᠦ ᠶᠢᠨ ᠲᠠᠯ᠎ᠠ ᠠᠴᠠ | ᠭᠦᠢᠴᠡᠳᠭᠡᠬᠦ ᠶᠢ ᠪᠠᠷᠢᠮᠲᠠᠯᠠᠵᠤ᠂ ᠦᠨᠳᠦᠰᠦᠲᠡᠨ ᠤ ᠠᠵᠢᠯ ᠢ ᠪᠦᠬᠦ ᠲᠠᠯ᠎ᠠ ᠶᠢᠨ ᠠᠵᠢᠯ ᠤᠨ ᠲᠤᠪᠤᠶᠢᠮ᠎ᠠ ᠪᠠᠶᠢᠷᠢᠨ ᠳᠤ | ᠲᠠᠯᠪᠢᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠵᠣᠷᠢᠭᠲᠠᠢ ᠪᠠᠷ | ᠵᠠᠷᠴᠢᠮ ᠢ ᠪᠠᠷᠢᠮᠲᠠᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠺᠠᠳ᠋ᠷ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠰᠠᠭᠤᠷᠢ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ | ᠴᠠᠭ ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ | ᠭᠡᠵᠦ ᠴᠢᠬᠤᠯᠠᠴᠢᠯᠠᠪᠠ᠃ | ᠸᠠᠩ ᠯᠢ ᠰᠢᠶᠠ ᠬᠤᠷᠠᠯ ᠡᠷᠬᠢᠯᠡᠬᠦ ᠳᠤ ᠪᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠰᠤᠷᠤᠯᠴᠠᠵᠤ᠂ ᠭᠦᠨᠵᠡᠭᠡᠶ ᠲᠤᠭᠤᠰᠢᠯᠠᠭᠤᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ | ᠬᠤᠷᠢᠶᠠᠨ ᠤ ᠰᠢᠢᠳᠪᠤᠷᠢᠲᠤ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠳᠡᠭᠡᠳᠦ ᠬᠡᠮᠵᠢᠶ᠎ᠡ ᠪᠠᠷ ᠨᠢᠭᠡᠳᠬᠡᠵᠦ᠂ | ᠭᠡᠬᠦᠳᠡᠭ ᠴᠡᠭᠡᠵᠢᠨ ᠳᠤ ᠪᠠᠨ ︽ᠬᠤᠶᠠᠷ ᠶᠡᠭᠡ ᠲᠠᠯ᠎ᠠ︾ ᠶᠢ ᠪᠠᠭᠲᠠᠭᠠᠵᠤ᠂ ᠰᠡᠳᠬᠢᠯ ᠵᠢᠷᠦᠭᠡᠨ ᠳᠤ ᠪᠠᠨ ︽ᠤᠯᠤᠰ ᠤᠨ | ᠶᠡᠭᠡ ᠶᠠᠪᠤᠳᠠᠯ︾ ᠢ ᠪᠤᠳᠤᠵᠤ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠬᠠᠷᠢᠭᠤᠴᠠᠯᠭᠠᠲᠤ | ᠰᠡᠳᠬᠢᠯᠭᠡ ᠂ ᠲᠡᠦᠬᠡᠨ ᠡᠭᠦᠷᠭᠡᠲᠦ ᠰᠡᠳᠬᠢᠯᠭᠡ ᠪᠠ ᠪᠣᠳᠠᠲᠤ ᠠᠬᠤᠶ ᠶᠢᠨ ᠲᠤᠯᠭᠠᠮ ᠰᠡᠳᠬᠢᠯᠭᠡ ᠪᠠᠨ ᠴᠢᠩᠭᠠᠳᠬᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠡᠨᠡ ᠬᠦ ᠭᠤᠣᠯ | ᠰᠢᠵᠢᠮ ᠲᠠᠢ ᠨᠢᠭᠲᠠ ᠤᠶᠠᠯᠳᠤᠭᠤᠯᠤᠨ ᠠᠵᠢᠯ ᠢᠶᠠᠨ ᠴᠢᠩᠭᠠᠳᠬᠠᠨ ᠰᠠᠶᠢᠵᠢᠷᠠᠭᠤᠯᠵᠤ᠂ ︽ᠵᠢᠱᠢᠶᠡᠴᠢ ᠥᠪᠡᠷᠲᠡᠭᠡᠨ | ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢᠶᠠᠨ ᠢᠮᠠᠭᠲᠠ ᠰᠠᠶᠢᠲᠤᠷ ᠬᠠᠮᠠᠭᠠᠯᠠᠵᠤ᠂ ᠰᠢᠨ᠎ᠡ ᠴᠠᠭ | ᠦᠶ᠎ᠡ ᠶᠢᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠳ᠋ᠤᠸᠠᠨ ᡁᠢ ᠴᠢᠶᠠᠩ ᠳ᠋ᠦᠩᠨᠡᠯᠲᠡ ᠶᠢᠨ ᠶᠠᠷᠢᠶᠠᠨ ᠳᠤ ᠪᠠᠨ᠂ ᠣᠷᠣᠨ ᠳᠠᠶᠠᠭᠠᠷ ᠦᠵᠡᠯ ᠰᠠᠨᠠᠭ᠎ᠠ ᠪᠣᠯᠤᠨ | ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠰᠢᠢᠳᠪᠤᠷᠢᠲᠤ ᠪᠣᠳᠣᠯᠭ᠎ᠠ ᠪᠠᠶᠢᠷᠢᠯᠠᠭᠤᠯᠤᠯᠲᠠ ᠲᠠᠭᠡᠷ᠎ᠠ ᠦᠨᠡᠨ ᠬᠦ ᠨᠢᠭᠡᠳᠬᠡᠵᠦ᠂ ᠲᠤᠰ ᠤᠳᠠᠭᠠᠨ ᠤ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ | ᠠᠳᠬᠤᠵᠤ᠂ ᠨᠠᠮ ᠤᠨ ᠲᠥᠪ ᠬᠤᠷᠢᠶᠠᠨ ᠠᠴᠠ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ | ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠭᠦᠨ ᠳᠠᠪᠬᠤᠷᠭ᠎ᠠ ᠶᠢᠨ ᠦᠵᠡᠯ ᠰᠠᠨᠠᠭ᠎ᠠ ᠲᠠᠨᠢᠯᠲᠠ ᠶᠢᠨ ᠠᠰᠠᠭᠤᠳᠠᠯ ᠢ | ᠰᠢᠢᠳᠪᠤᠷᠢᠯᠡᠬᠦ ᠶᠢ ᠠᠬᠢᠭᠤᠯᠵᠦ᠂ ᠲᠥᠪ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ | ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠦᠨᠳᠦᠰᠦᠲᠡᠨ ᠤ ᠬᠦᠷᠢᠶᠡᠨ ᠳᠠᠬᠢ ᠭᠤᠣᠯᠳᠠᠯᠭ᠎ᠠ ᠲᠠᠢ ᠬᠦᠴᠢᠷᠳᠡᠯᠳᠡᠢ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠦᠨᠳᠦᠰᠦᠲᠡᠨ ᠤ ᠠᠵᠢᠯ ᠤᠨ ᠦᠨᠳᠦᠰᠦᠨ ᠱᠠᠲᠤᠨ ᠤ ᠰᠠᠭᠤᠷᠢ ᠶᠢ | ᠪᠠᠬᠢᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ | ᠬᠦᠴᠦᠨ ᠢᠶᠠᠷ ᠢᠶᠠᠨ ᠪᠠᠲᠤᠳᠬᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ | ᠠᠯᠳᠠᠷ ᠢ ᠰᠠᠶᠢᠬᠠᠨ ᠬᠠᠮᠠᠭᠠᠯᠠᠵᠤ᠂ ᠰᠠᠶᠢᠲᠤᠷ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | 9 ᠳ᠋ᠦ᠋ᠭᠡᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ | ᠵᠥᠪᠯᠡᠯᠭᠡᠨ ᠪᠠ ᠰᠢᠭᠤᠳ ᠬᠠᠷᠢᠶ᠎ᠠ ᠪᠠᠶᠢᠭᠤᠯᠭ᠎ᠠ ᠵᠡᠷᠭᠡ ᠨᠢᠭᠡᠴᠢ ᠶᠢᠨ ᠤᠳᠤᠷᠢᠳᠤᠯᠭ᠎ᠠ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠳᠤ ᠣᠷᠣᠯᠴᠠᠪᠠ᠃ | ᠰᠤᠷᠪᠤᠯᠵᠢᠯᠠᠭᠴᠢ ᠶᠤᠧᠠᠨ ᠶᠦᠩ ᠬᠤᠩ ᠰᠡᠭᠦᠳᠡᠷᠯᠡᠪᠡ | | 9 ᠳ᠋ᠦ᠋ᠭᠡᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠪᠠ ᠰᠢᠭᠤᠳ | ᠬᠠᠷᠢᠶ᠎ᠠ ᠪᠠᠶᠢᠭᠤᠯᠭ᠎ᠠ ᠵᠡᠷᠭᠡ ᠨᠢᠭᠡᠴᠢ ᠶᠢᠨ ᠤᠳᠤᠷᠢᠳᠤᠯᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠳᠤ ᠣᠷᠣᠯᠴᠠᠪᠠ᠃ ᠰᠤᠷᠪᠤᠯᠵᠢᠯᠠᠭᠴᠢ ᠶᠤᠧᠠᠨ ᠶᠦᠩ | ᠬᠤᠩ ᠰᠡᠭᠦᠳᠡᠷᠯᠡᠪᠡ | | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠬᠤᠯᠪᠣᠭᠳᠠᠯ | ᠪᠥᠬᠦᠶ ᠪᠢᠴᠢᠭ ᠮᠠᠲ᠋ᠧᠷᠢᠶᠠᠯ ᠤᠨ ᠨᠤᠤᠷᠠᠭ ᠢ ᠶᠠᠷᠢᠯᠴᠠᠪᠠ᠃ | ᠬᠤᠷᠠᠯ ᠢ ᠸᠢᠳᠢᠦ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ ᠪᠣᠯᠤᠨ ᠮᠠᠨᠵᠤᠤᠷ ᠬᠤᠳᠠ᠂ | ᠡᠷᠢᠶᠡᠨ ᠬᠤᠳᠠ ᠳᠤ ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃ | |