ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/9/27
     9 ᠳ᠋ᠤᠭᠡᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ 2021 ᠣᠨ ᠤ 29 ᠳ᠋ᠤᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠸᠠᠩ ᠵᠢᠶᠦ᠋ᠨ ᠬᠤᠷᠠᠯ ᠢ ᠡᠷᠭᠢᠯᠡᠬᠦ ᠶᠢᠨ ᠬᠠᠮᠳᠤ ᠶᠠᠷᠢᠶ᠎ᠠ ᠲᠠᠯᠪᠢᠪᠠ᠃
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠢᠶᠦ᠋ᠨ ᠬᠤᠷᠠᠯ ᠢ ᠡᠷᠭᠢᠯᠡᠬᠦ ᠶᠢᠨ ᠬᠠᠮᠳᠤ ᠶᠠᠷᠢᠶ᠎ᠠ ᠲᠠᠯᠪᠢᠵᠦ ᠪᠠᠶᠢᠭ᠎ᠠ ᠨᠢ            ᠬᠤᠷᠠᠯ ᠠᠴᠠ᠂ ᠪᠥᠬᠦ ᠣᠷᠣᠨ ᠤ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ᠬᠢᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠯᠠᠮᠵᠢᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ᠂ ᠵᠦᠪ ᠣᠨᠣᠪᠴᠢᠲᠠᠶ᠂ ᠪᠥᠬᠦ ᠲᠠᠯ᠎ᠠ ᠪᠠᠷ ᠡᠵᠡᠮᠳᠡᠨ ᠲᠤᠭᠤᠰᠢᠯᠠᠭᠤᠯᠵᠤ᠂ ᠭᠦᠨᠵᠡᠭᠡᠶ ᠰᠤᠷᠤᠯᠴᠠᠨ ᠲᠠᠨᠢᠯᠲᠠ ᠪᠠᠨ ᠭᠦᠨᠵᠡᠭᠡᠶᠢᠷᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠦᠨᠡᠨ ᠬᠦ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠣᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠶ ᠬᠡᠵᠦ ᠱᠠᠭᠠᠷᠳᠠᠪᠠ᠃      ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠭᠤᠤᠯ ᠰᠢᠵᠢᠮ ᠲᠠᠢ ᠨᠢᠭᠲᠠ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ︽ᠲᠠᠪᠤᠨ ᠵᠦᠢᠯ ᠤᠨ ᠭᠤᠤᠯᠳᠠᠯᠭ᠎ᠠ ᠲᠠᠢ ᠠᠵᠢᠯ︾  ᠲᠠᠢ ᠨᠢᠭᠲᠠ ᠤᠶᠠᠯᠳᠤᠭᠤᠯᠤᠨ᠂ ᠨᠡᠶᠢᠲᠡᠯᠢᠭ ᠴᠢᠨᠠᠷ ᠪᠠ ᠵᠥᠷᠢᠶᠡᠲᠦ ᠴᠢᠨᠠᠷ ᠵᠡᠷᠭᠡ ︽ᠳᠥᠷᠪᠡᠨ ᠬᠠᠷᠢᠴᠠᠭ᠎ᠠ︾ ᠶᠢ ᠵᠥᠪ ᠡᠵᠡᠮᠳᠡᠵᠦ᠂ ᠵᠣᠬᠢᠶᠠᠨ ᠪᠠᠶᠢᠭᠤᠯᠤᠯᠲᠠ ᠲᠠᠢ᠂ ᠲᠥᠰᠦᠯ ᠲᠠᠢ᠂ ᠡᠬᠡ ᠲᠠᠩᠰᠠ ᠲᠠᠢ᠂ ᠲᠤᠰᠬᠠᠶ ᠠᠩᠭᠢ ᠲᠠᠢ᠂ ᠬᠢᠨᠠᠨ ᠵᠢᠯᠣᠭᠤᠳᠣᠯᠭ᠎ᠠ ᠲᠠᠢ᠂ ᠰᠢᠯᠭᠠᠨ ᠬᠤᠷᠢᠶᠠᠯᠲᠠ ᠲᠠᠢ᠂ ᠦᠷ᠎ᠡ ᠪᠦᠲᠦᠭᠡᠯ ᠲᠠᠢ᠂ ᠳ᠋ᠦᠩᠨᠡᠯᠲᠡ ᠲᠠᠢ᠂ ᠰᠠᠨᠠᠭᠤᠯᠭ᠎ᠠ ᠲᠠᠢ ᠪᠠᠶᠢᠬᠤ ᠰᠡᠳᠬᠢᠴᠡ ᠶᠣᠰᠣᠭᠠᠷ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠮᠦᠷᠳᠡᠭᠡᠨ ᠨᠠᠷᠢᠯᠢᠭ ᠨᠠᠶᠢᠳᠠᠪᠤᠷᠢᠵᠢᠭᠤᠯᠵᠤ᠂ ᠬᠠᠮᠲᠤ ᠶᠢᠨ ᠴᠣᠭᠴᠠ ᠶᠢᠨ ᠤᠬᠠᠮᠰᠠᠷ ᠢ ᠦᠨᠡᠨ ᠪᠣᠳᠠᠲᠠᠶ᠂ ᠲᠥᠷᠥᠭᠳᠡᠯ ᠲᠠᠢ ᠪᠥᠭᠡᠳ ᠪᠦᠲᠦᠮᠵᠢᠲᠡᠶ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠬᠠᠮᠠᠭᠠᠯᠠᠬᠤ ᠭᠡᠷᠡᠭᠳᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠲᠠᠢ ᠪᠠᠷᠢᠮᠵᠢᠶᠠᠯᠠᠨ ᠬᠠᠷᠭᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠦᠨᠳᠦᠰᠦᠲᠡᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠳᠤᠲᠠᠭᠤᠳᠠᠯ ᠪᠠ ᠪᠠᠭᠤᠷᠠᠶ ᠲᠠᠯ᠎ᠠ ᠶᠢ ᠨᠠᠷᠢᠨ ᠬᠢᠨᠠᠮᠠᠭᠠᠶ ᠡᠮᠬᠢᠯᠡᠨ ᠪᠠᠶᠢᠴᠠᠭᠠᠵᠤ᠂ ᠦᠨᠡᠨ ᠠᠴᠠ ᠵᠥᠪ ᠢ ᠡᠷᠢᠬᠦ ᠵᠠᠷᠴᠢᠮ ᠢ ᠪᠠᠷᠢᠮᠲᠠᠯᠠᠵᠤ᠂ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠨᠢ ᠰᠢᠢᠳᠪᠦᠷᠢᠯᠡᠬᠦ ᠬᠡᠷᠡᠭᠲᠡᠶ᠃ ᠲᠥᠪ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠦᠨᠳᠦᠰᠦᠲᠡᠨ ᠤ ᠬᠦᠷᠢᠶᠡᠨ ᠳᠠᠬᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠡᠷᠡ ᠶᠣᠰᠣᠭᠠᠷ ᠨᠢ ᠰᠠᠶᠢᠳᠤᠷ ᠴᠡᠭᠴᠡᠯᠡᠨ ᠰᠠᠶᠢᠵᠢᠷᠠᠭᠤᠯᠵᠤ᠂ ᠦᠨᠡᠨ ᠪᠣᠳᠠᠲᠠᠶ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠶ ᠬᠡᠵᠦ ᠴᠢᠬᠤᠯᠠᠴᠢᠯᠠᠪᠠ᠃      ᠬᠤᠷᠠᠯ ᠠᠴᠠ᠂ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠠᠶᠢᠨ ᠵᠥᠪᠯᠡᠭᠴᠢ ᠲᠤᠰᠠᠯᠠᠭᠴᠢ ᠪᠣᠯᠬᠤ ᠬᠡᠷᠡᠭᠲᠡᠢ᠃ ᠤᠯᠠᠮ ᠴᠢᠨᠠᠬᠰᠢᠳᠠ ︽ᠡᠭᠦᠷᠭᠡ ᠴᠢᠳᠠᠪᠬᠢ ᠪᠠᠨ ᠬᠤᠪᠢᠷᠠᠭᠤᠯᠵᠤ᠂ ᠠᠷᠭ᠎ᠠ ᠮᠠᠶ᠋ᠢᠭ ᠢᠶᠠᠨ ᠬᠤᠪᠢᠷᠠᠭᠤᠯᠵᠤ᠂ ᠣᠪᠣᠷ ᠰᠤᠷᠲᠠᠯ ᠢᠶᠠᠨ ᠬᠤᠪᠢᠷᠠᠭᠤᠯᠵᠤ︾᠂ ᠦᠨᠳᠦᠰᠦᠲᠡᠨ ᠤ ᠠᠵᠢᠯ ᠤᠨ ᠬᠥᠭᠵᠢᠯᠲᠡ ᠬᠤᠪᠢᠷᠠᠯᠲᠠ ᠳᠤ ᠢᠳᠡᠪᠬᠢᠲᠡᠢ ᠵᠣᠬᠢᠴᠠᠵᠤ᠂ ᠴᠢᠳᠠᠪᠤᠷᠢ ᠪᠠ ᠬᠢᠷᠢ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ︽ᠶᠡᠭᠡ ᠪᠠᠷ ᠰᠤᠷᠪᠤᠯᠵᠢᠯᠠᠬᠤ᠂ ᠶᠡᠭᠡ ᠪᠠᠷ ᠪᠠᠶᠢᠴᠠᠭᠠᠨ ᠰᠤᠳᠤᠯᠬᠤ᠂ ᠲᠥᠷᠥ ᠶᠢᠨ ᠪᠣᠳᠣᠯᠭ᠎ᠠ ᠬᠦᠷᠭᠡᠬᠦ᠂ ᠬᠠᠶᠢᠷ᠎ᠠ ᠬᠠᠯᠠᠮᠵᠢ ᠬᠦᠷᠭᠡᠬᠦ᠂ ᠪᠦᠯᠬᠦᠮᠳᠡᠯ ᠢ ᠠᠬᠢᠭᠤᠯᠬᠤ᠂ ᠬᠥᠭᠵᠢᠯᠲᠡ ᠶᠢ ᠠᠬᠢᠭᠤᠯᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠠᠶᠢᠭᠤᠯᠭ᠎ᠠ ᠠᠴᠠ ᠪᠠᠨ ᠭᠠᠷᠴᠤ᠂ ᠦᠨᠳᠦᠰᠦᠨ ᠱᠠᠲᠤᠨ ᠳᠤ ᠭᠦᠨᠵᠡᠭᠡᠶᠢᠷᠡᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠤᠮᠳᠠ ᠬᠦᠷᠴᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠦᠭ ᠲᠦᠮᠡᠨ ᠠᠶᠢᠯ ᠡᠷᠦᠬᠡ ᠳᠤ ᠤᠬᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠬᠡᠵᠦ ᠴᠢᠬᠤᠯᠠᠴᠢᠯᠠᠪᠠ᠃
     
     ᠬᠤᠷᠠᠯ ᠤᠨ ᠲᠠᠯᠠᠪᠠᠢ       ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠭᠤᠯᠭ᠎ᠠ ᠶᠢᠨ ᠡᠯ᠎ᠡ ᠭᠠᠵᠠᠷ ᠠᠯᠪᠠᠨ ᠬᠡᠷ᠂ ᠵᠦᠪᠯᠡᠯ ᠤᠨ ᠬᠠᠷᠢᠶ᠎ᠠ ᠡᠯ᠎ᠡ ᠨᠢᠭᠡᠴᠢ ᠶᠢᠨ ᠳᠡᠳ᠋ ᠭᠠᠵᠠᠷ ᠤᠨ ᠲᠠᠰ ᠠᠴᠠ ᠳᠡᠭᠡᠭᠰᠢᠬᠢ ᠨᠠᠮ ᠤᠨ ᠭᠡᠰᠢᠭᠦᠨ ᠺᠠᠳ᠋ᠷ ᠬᠤᠷᠠᠯ ᠳᠤ ᠣᠷᠣᠯᠴᠠᠵᠠᠶ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ