ᠰᠠᠷ᠎ᠠ ᠰᠢᠬᠠᠮ ᠶᠠᠪᠤᠭᠳᠠᠭᠰᠠᠨ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠴᠥᠭᠡᠨ ᠲᠣᠭᠠᠲᠤ | ᠦᠨᠳᠦᠰᠦᠲᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ 24 ᠤ ᠤᠷᠤᠢ ᠪᠡᠭᠡᠵᠢᠩ ᠤᠨ ᠦᠨᠳᠦᠰᠦᠲᠡᠨ | ᠤ ᠲᠢᠶᠠᠲᠷ ᠲᠤ ᠥᠨᠳᠥᠷᠯᠡᠪᠡ᠃ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ | ᠭᠡᠰᠢᠭᠦᠨ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠩ ᠱᠠᠩᠨᠠᠯ ᠣᠯᠭᠤᠬᠤ | ᠶᠣᠰᠣᠯᠠᠯ ᠵᠢᠴᠢ ᠲᠡᠭᠦᠰᠬᠦ ᠶᠣᠰᠣᠯᠠᠯ ᠤᠨ ᠤᠷᠠᠨ ᠰᠠᠶᠢᠬᠠᠨ ᠤ ᠦᠳᠡᠰᠢᠯᠡᠭᠡ ᠳᠤ ᠣᠷᠣᠯᠴᠠᠭᠰᠠᠨ ᠪᠥᠭᠡᠳ ᠱᠠᠩᠨᠠᠯ | ᠭᠥᠷᠳᠡᠭᠰᠡᠨ ᠬᠠᠮᠲᠤ ᠨᠢᠭᠡᠴᠢ ᠪᠣᠯᠤᠨ ᠬᠤᠪᠢ ᠬᠥᠮᠦᠨ ᠤ ᠲᠥᠯᠥᠭᠡᠯᠡᠭᠴᠢ ᠳᠤ ᠱᠠᠩᠨᠠᠯ ᠭᠠᠷᠳᠠᠭᠤᠯᠪᠠ᠃ | | 9 ᠳ᠋ᠦ᠋ᠬᠡᠷ ᠰᠠᠷ᠎ᠠ ᠶᠢᠨ 24 ᠤ ᠣᠷᠣᠶ᠂ ᠰᠠᠷ᠎ᠠ ᠰᠢᠬᠠᠮ ᠶᠠᠪᠤᠭᠳᠠᠭᠰᠠᠨ ᠵᠢᠷᠭᠤᠳᠤᠭᠠᠷ ᠬᠤᠭᠤᠴᠠᠭᠠᠨ ᠤ | ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠪᠡᠭᠡᠵᠢᠩ | ᠤᠨ ᠦᠨᠳᠦᠰᠦᠲᠡᠨ ᠤ ᠲᠢᠶᠠᠲᠷ ᠲᠤ ᠥᠨᠳᠥᠷᠯᠡᠪᠡ᠃ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ | ᠸᠠᠩ ᠶᠠᠩ ᠱᠠᠩᠨᠠᠯ ᠣᠯᠭᠤᠬᠤ ᠶᠣᠰᠣᠯᠠᠯ ᠵᠢᠴᠢ ᠲᠡᠭᠦᠰᠬᠦ ᠶᠣᠰᠣᠯᠠᠯ ᠤᠨ ᠤᠷᠠᠨ ᠰᠠᠶᠢᠬᠠᠨ ᠤ ᠦᠳᠡᠰᠢᠯᠡᠭᠡ ᠳᠤ | ᠣᠷᠣᠯᠴᠠᠭᠰᠠᠨ ᠪᠥᠭᠡᠳ ᠱᠠᠩᠨᠠᠯ ᠭᠥᠷᠳᠡᠭᠰᠡᠨ ᠬᠠᠮᠲᠤ ᠨᠢᠭᠡᠴᠢ ᠪᠣᠯᠤᠨ ᠬᠤᠪᠢ ᠬᠥᠮᠦᠨ ᠤ ᠲᠥᠯᠥᠭᠡᠯᠡᠭᠴᠢ ᠳᠤ | ᠱᠠᠩᠨᠠᠯ ᠭᠠᠷᠳᠠᠭᠤᠯᠪᠠ᠃ ︵ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠢᠨ ᠪᠥᠸᠧ ᠬᠥ᠋ ᠰᠡᠭᠦᠳᠡᠷᠯᠡᠪᠡ︶ | | ᠲᠤᠰ ᠬᠤᠭᠤᠴᠠᠭᠠᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠨᠢ ᠶᠡᠷᠦᠩᠬᠡᠢ ᠱᠦᠵᠢ ᠰᠢ ᠶᠢᠨ | ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠣᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠬᠦ ᠪᠠᠷ ᠭᠤᠣᠯ ᠰᠡᠳᠦᠪ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ | ᠢ ᠪᠠᠳᠤᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ᠂ ᠪᠣᠬᠢᠷᠲᠤᠯ ᠦᠭᠡᠢ ᠬᠥᠭᠵᠢᠯᠲᠡ᠂ ᠲᠥᠪᠡᠳ ᠪᠠ ᠰᠢᠨᠵᠢᠶᠠᠩ ᠢ ᠲᠤᠰᠠᠯᠠᠵᠤ ᠲᠡᠮᠵᠢᠬᠦ ᠵᠡᠷᠭᠡ | ᠠᠭᠤᠯᠭ᠎ᠠ ᠶᠢᠨ ᠲᠣᠭᠤᠷᠢᠨ ᠳᠤ ᠤᠷᠠᠯᠢᠭ ᠤᠨ ᠬᠡᠯᠪᠡᠷᠢ ᠪᠠᠷ ᠨᠠᠮ ᠢᠶᠠᠨ ᠮᠠᠭᠲᠠᠨ ᠳᠠᠭᠤᠯᠠᠵᠤ᠂ ᠡᠬᠡ ᠤᠯᠤᠰ ᠢᠶᠠᠨ | ᠮᠠᠭᠲᠠᠨ ᠳᠠᠭᠤᠯᠠᠵᠤ᠂ ᠠᠷᠠᠳ ᠲᠦᠮᠡᠨ ᠢᠶᠠᠨ ᠮᠠᠭᠲᠠᠨ ᠳᠠᠭᠤᠯᠠᠵᠤ᠂ ᠴᠠᠭ ᠦᠶ᠎ᠡ ᠶᠢ ᠮᠠᠭᠲᠠᠨ ᠳᠠᠭᠤᠯᠠᠵᠤ᠂ ᠦᠵᠡᠯ | ᠰᠠᠨᠠᠭᠠᠨ ᠤ ᠠᠭᠤᠯᠤᠭᠳᠠᠬᠤᠨ ᠢᠶᠠᠷ ᠬᠦᠨ ᠭᠦᠨᠵᠡᠭᠡᠢ᠂ ᠵᠣᠬᠢᠶᠠᠨ ᠪᠦᠲᠦᠭᠡᠬᠦ ᠴᠢᠨᠠᠷ ᠴᠢᠨᠰᠠᠭ᠎ᠠ ᠪᠠᠷ ᠭᠤᠴᠦ ᠰᠠᠶᠢᠨ᠂ | ᠤᠷᠠᠯᠢᠭ ᠤᠨ ᠲᠦᠪᠰᠢᠨ ᠢᠶᠠᠷ ᠨᠡᠯᠢᠶᠡᠳ ᠥᠨᠳᠥᠷ ᠪᠤᠯᠵᠠᠢ᠃ ᠲᠣᠭᠯᠠᠯᠲᠠ ᠶᠢ 9 ᠳ᠋ᠦ᠋ᠬᠡᠷ ᠰᠠᠷ᠎ᠠ ᠶᠢᠨ 1 ᠤ ᠡᠳᠦᠷ | ᠤᠯᠤᠰ ᠤᠨ ᠦᠨᠳᠦᠰᠦᠲᠡᠨ ᠤ ᠵᠦᠪᠯᠡᠯ ᠤᠨ ᠰᠦᠯᠵᠢᠶ᠎ᠡ ᠪᠠ ᠲᠥᠪ ᠲᠧᠯᠸᠢᠰ ᠤᠨ ᠰᠦᠯᠵᠢᠶᠡᠨ ᠳᠡᠭᠡᠷ᠎ᠡ | ᠨᠡᠪᠲᠡᠷᠡᠭᠦᠯᠦᠭᠰᠡᠨ ᠠᠴᠠ ᠨᠠᠭᠠᠰᠢ᠂ 42 ᠵᠦᠴᠦᠭᠡ ᠶᠢ ᠦᠵᠡᠭᠰᠡᠨ ᠬᠥᠮᠦᠨ ᠤ ᠲᠤᠭ᠎ᠠ ᠨᠢᠭᠡᠨᠲᠡ 1300 ᠲᠦᠮᠡᠨ | ᠬᠥᠮᠦᠨ ᠤᠳᠠᠭ᠎ᠠ ᠶᠢ ᠳᠠᠪᠠᠵᠤ᠂ ᠬᠠᠮᠤᠷᠠᠭᠰᠠᠨ ᠬᠡᠪᠴᠢᠶ᠎ᠡ ᠨᠢ ᠥᠩᠭᠡᠷᠡᠭᠰᠡᠨ ᠤ ᠬᠢ ᠠᠴᠠ ᠬᠤᠯᠠ ᠳᠠᠪᠠᠵᠤ᠂ | ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠳᠤᠮᠳᠠ ᠬᠠᠯᠠᠭᠤᠨ ᠲᠤᠰᠬᠠᠯ ᠭᠠᠷᠪᠠ᠃ | ᠲᠤᠰ ᠬᠤᠭᠤᠴᠠᠭᠠᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠳᠤ ︽ᠮᠦᠷᠦᠬᠡᠳᠦᠯ ᠪᠡᠶᠡᠯᠡᠬᠦ | ᠱᠠᠩᠨᠠᠯ︾ ᠭᠠᠷᠭᠠᠵᠤ᠂ 56 ᠦᠨᠳᠦᠰᠦᠲᠡᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠶᠢ ᠪᠡᠯᠭᠡᠳᠡᠵᠡᠢ᠃ ︽ᠲᠡᠭᠷᠢᠯᠢᠭ ᠵᠠᠮ︾ | ᠵᠡᠷᠭᠡ 10 ᠵᠦᠴᠦᠭᠡ ᠨᠢ ᠣᠨᠴᠠ ᠰᠢᠯᠢᠳᠡᠭ ᠵᠦᠴᠦᠭᠡ ᠶᠢᠨ ᠱᠠᠩᠨᠠᠯ ᠢ ᠭᠥᠷᠳᠡᠵᠦ᠂ ︽ᠤᠮᠠᠷᠠᠲᠤ ᠸᠧᠶ ᠶᠢᠨ ᠣᠷᠳᠣ | ᠶᠢᠨ ᠳᠠᠭᠤᠤ︾ ᠵᠡᠷᠭᠡ 15 ᠵᠦᠴᠦᠭᠡ ᠨᠢ ᠰᠢᠯᠢᠳᠡᠭ ᠵᠦᠴᠦᠭᠡ ᠶᠢᠨ ᠱᠠᠩᠨᠠᠯ ᠢ ᠭᠥᠷᠳᠡᠵᠦ᠂ ︽ᠲᠥᠪᠡᠳ ᠭᠠᠵᠠᠷ ᠤᠨ | ᠰᠣᠯᠣᠩᠭ᠎ᠠ︾ ᠵᠡᠷᠭᠡ 9 ᠵᠦᠴᠦᠭᠡ ᠨᠢ ᠵᠦᠴᠦᠭᠡ ᠶᠢᠨ ᠰᠢᠨ᠎ᠡ ᠡᠭᠦᠳᠦᠯᠲᠡ ᠶᠢᠨ ᠱᠠᠩᠨᠠᠯ ᠢ ᠭᠥᠷᠳᠡᠵᠦ᠂ | ︽ᠠᠵᠢᠯᠯᠠᠭᠰᠠᠳ ᠤᠨ ᠬᠥᠰᠢᠶ᠎ᠡ︾ ᠵᠡᠷᠭᠡ 2 ᠵᠦᠴᠦᠭᠡ ᠨᠢ ᠣᠨᠴᠠ ᠰᠢᠯᠢᠳᠡᠭ ᠵᠦᠴᠦᠭᠡ ᠨᠠᠶᠢᠷᠠᠭᠤᠯᠤᠭᠴᠢ ᠶᠢᠨ | ᠱᠠᠩᠨᠠᠯ ᠢ ᠭᠥᠷᠳᠡᠵᠦ᠂ ︽ᠲᠠᠯ᠎ᠠ ᠨᠤᠲᠤᠭ ᠤᠨ ᠪᠠᠭᠠᠲᠤᠷ ᠪᠢᠴᠢᠬᠠᠨ ᠡᠭᠡᠴᠢ ᠥᠬᠢᠨ ᠳᠡᠭᠦᠦ︾ ᠵᠡᠷᠭᠡ 2 ᠵᠦᠴᠦᠭᠡ ᠨᠢ | ᠣᠨᠴᠠ ᠰᠢᠯᠢᠳᠡᠭ ᠤᠳᠤᠷᠢᠳᠤᠭᠠᠴᠢ ᠶᠢᠨ ᠱᠠᠩᠨᠠᠯ ᠢ ᠭᠥᠷᠳᠡᠵᠦ᠂ ︽ᠮᠣᠷᠢᠲᠤ ᠴᠡᠷᠢᠭ︾ ᠵᠡᠷᠭᠡ 4 ᠵᠦᠴᠦᠭᠡ ᠨᠢ | ᠵᠥᠴᠥᠭᠡᠯᠡᠬᠦ ᠤᠷᠠᠯᠢᠭ ᠤᠨ ᠱᠠᠩᠨᠠᠯ ᠢ ᠭᠥᠷᠳᠡᠵᠦ᠂ ︽ᠳ᠋ᠦᠩ ᠦᠨᠳᠦᠰᠦᠳᠡᠨ ᠤ ᠴᠠᠶᠢᠵᠠ ᠶᠢᠨ ᠶᠠᠲᠤᠭ᠎ᠠ ᠶᠢᠨ ᠲᠠᠭᠤᠨ︾ | ᠵᠡᠷᠭᠡ 4 ᠵᠦᠴᠦᠭᠡ ᠨᠢ ᠳᠠᠭᠤᠤ ᠬᠥᠭᠵᠢᠮ ᠤᠨ ᠵᠣᠬᠢᠶᠠᠨ ᠪᠦᠲᠦᠭᠡᠯᠭᠡ ᠶᠢᠨ ᠱᠠᠩᠨᠠᠯ ᠢ ᠭᠥᠷᠳᠡᠵᠦ᠂ ︽ᠴᠢᠰᠤ | ᠤᠷᠤᠰᠬᠠᠭᠰᠠᠨ ᠰᠢᠶᠠᠩ ᠵᠢᠶᠠᠩ ᠮᠦᠷᠡᠨ︾ ᠵᠡᠷᠭᠡ 4 ᠵᠦᠴᠦᠭᠡ ᠨᠢ ᠲᠠᠶᠢᠰᠠᠨ ᠤ ᠤᠷᠠᠯᠢᠭ ᠤᠨ ᠱᠠᠩᠨᠠᠯ ᠢ ᠬᠦᠷᠳᠡᠪᠡ᠃ | | | 9 ᠳ᠋ᠦ᠋ᠬᠡᠷ ᠰᠠᠷ᠎ᠠ ᠶᠢᠨ 24 ᠤ ᠣᠷᠣᠶ᠂ ᠰᠠᠷ᠎ᠠ ᠰᠢᠬᠠᠮ ᠶᠠᠪᠤᠭᠳᠠᠭᠰᠠᠨ ᠵᠢᠷᠭᠤᠳᠤᠭᠠᠷ ᠬᠤᠭᠤᠴᠠᠭᠠᠨ ᠤ | ᠪᠥᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠪᠡᠭᠡᠵᠢᠩ | ᠤᠨ ᠦᠨᠳᠦᠰᠦᠲᠡᠨ ᠤ ᠲᠢᠶᠠᠲᠷ ᠲᠤ ᠥᠨᠳᠥᠷᠯᠡᠪᠡ᠃ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ | ᠸᠠᠩ ᠶᠠᠩ ᠱᠠᠩᠨᠠᠯ ᠣᠯᠭᠤᠬᠤ ᠶᠣᠰᠣᠯᠠᠯ ᠵᠢᠴᠢ ᠲᠡᠭᠦᠰᠬᠦ ᠶᠣᠰᠣᠯᠠᠯ ᠤᠨ ᠤᠷᠠᠨ ᠰᠠᠶᠢᠬᠠᠨ ᠤ ᠦᠳᠡᠰᠢᠯᠡᠭᠡ ᠳᠤ | ᠣᠷᠣᠯᠴᠠᠭᠰᠠᠨ ᠪᠥᠭᠡᠳ ᠱᠠᠩᠨᠠᠯ ᠭᠥᠷᠳᠡᠭᠰᠡᠨ ᠬᠠᠮᠲᠤ ᠨᠢᠭᠡᠴᠢ ᠪᠣᠯᠤᠨ ᠬᠤᠪᠢ ᠬᠥᠮᠦᠨ ᠤ ᠲᠥᠯᠥᠭᠡᠯᠡᠭᠴᠢ ᠳᠤ | ᠱᠠᠩᠨᠠᠯ ᠭᠠᠷᠳᠠᠭᠤᠯᠪᠠ᠃ ︵ᠰᠢᠨᠬᠤᠸᠠ ᠬᠤᠷᠢᠶᠠᠨ ᠤ ᠰᠤᠷᠪᠤᠯᠵᠢᠯᠠᠭᠴᠢ ᠯᠢ ᠰᠢᠶᠠᠩ ᠰᠡᠭᠦᠳᠡᠷᠯᠡᠪᠡ︶ | | ᠱᠠᠩᠨᠠᠯ ᠣᠯᠭᠤᠬᠤ ᠶᠣᠰᠣᠯᠠᠯ ᠳᠠᠭᠤᠰᠤᠭᠰᠠᠨ ᠤ ᠳᠠᠷᠠᠭ᠎ᠠ᠂ ᠵᠢᠷᠭᠤᠳᠤᠭᠠᠷ ᠬᠤᠭᠤᠴᠠᠭᠠᠨ ᠤ ᠪᠥᠬᠦ ᠤᠯᠤᠰ | ᠤᠨ ᠴᠥᠭᠡᠨ ᠲᠣᠭᠠᠲᠤ ᠦᠨᠳᠦᠰᠦᠲᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢᠨ ᠲᠡᠭᠦᠰᠬᠦ ᠶᠣᠰᠣᠯᠠᠯ | ᠤᠨ ︽ᠢᠷᠡᠭᠡᠳᠦᠶ ᠪᠠᠨ ᠬᠠᠮᠲᠤ ᠪᠠᠷ ᠴᠣᠭᠴᠠᠯᠠᠵᠤ ᠢᠷᠠᠭᠤ ᠠᠯᠳᠠᠷ ᠢᠶᠠᠨ ᠬᠠᠮᠲᠤ ᠪᠠᠷ ᠡᠳ᠋ᠯᠡᠶ᠎ᠡ︾ ᠬᠡᠬᠦ ᠤᠷᠠᠨ | ᠰᠠᠶᠢᠬᠠᠨ ᠤ ᠦᠳᠡᠰᠢᠯᠡᠭᠡ ᠶᠠᠪᠤᠭᠳᠠᠪᠠ᠃ ᠪᠦᠬᠦᠶᠢᠯᠡ ᠦᠳᠡᠰᠢᠯᠡᠭᠡ ᠨᠢ ᠢᠷᠠᠭᠤ ᠰᠠᠶᠢᠬᠠᠨ ᠭᠤᠶᠢᠳᠠ ᠦᠵᠡᠰᠭᠦᠯᠡᠩ | ᠲᠠᠢ ᠪᠤᠯᠵᠤ᠂ ᠳᠠᠭᠤᠤ᠂ ᠪᠥᠵᠢᠭ᠂ ᠬᠥᠭᠵᠢᠮ ᠵᠡᠷᠭᠡ ᠤᠷᠠᠯᠢᠭ ᠤᠨ ᠬᠡᠯᠪᠡᠷᠢ ᠪᠠᠷ ᠦᠨᠳᠦᠰᠦᠲᠡᠨ ᠨᠦᠭᠦᠳ ᠤᠨ | ᠬᠥᠪᠡᠭᠦᠳ ᠥᠬᠢᠳ ᠤᠨ ᠳᠤᠮᠳᠠᠳᠤ ᠶᠢᠨ ᠦᠨᠳᠦᠰᠦᠲᠡᠨ ᠤ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ | ᠴᠣᠭᠴᠠᠯᠠᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠢᠷᠠᠭᠤ ᠠᠯᠳᠠᠷ ᠢ ᠬᠠᠮᠲᠤ ᠪᠠᠷ ᠡᠳ᠋ᠯᠡᠬᠦ | ᠰᠢᠨ᠎ᠡ ᠴᠠᠭ ᠦᠶ᠎ᠡ ᠶᠢᠨ ᠳᠦᠷᠰᠦ ᠪᠠᠶᠢᠳᠠᠯ ᠢ ᠢᠯᠡᠳᠬᠡᠪᠡ᠃ | ᠰᠦᠨ ᠴᠦᠨ ᠯᠠᠨ᠂ ᠬᠤᠸᠠᠩ ᠺᠦᠨ ᠮᠢᠩ᠂ ᠶᠢᠦ ᠴᠢᠤᠸᠠᠨ᠂ ᠪᠠᠳᠮᠠᠫᠷᠠᠩᠯᠠᠢ᠂ ᠪᠠᠭᠠᠲᠤᠷ ᠨᠡᠷ ᠠᠵᠢᠯᠯᠠᠭ᠎ᠠ ᠳᠤ | ᠣᠷᠣᠯᠴᠠᠪᠠ᠃ |