ᠡᠵᠡᠨ᠎ᠡ ᠬᠤᠰᠢᠭᠤ ᠤᠯᠠᠨ ᠲᠦᠷᠦᠯ ᠤᠨ ᠬᠡᠯᠪᠡᠷᠢ ᠪᠠᠷ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠤᠬᠠᠭᠤᠯᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2021/9/28
     ᠡᠨᠡ ᠵᠢᠯ ᠤᠨ ᠶᠢᠰᠦᠳᠦᠭᠡᠷ ᠰᠠᠷ᠎ᠠ ᠪᠤᠯ ᠦᠪᠡᠷᠲᠡᠭᠡᠨ ᠵᠠᠰᠠᠬᠤ ᠤᠷᠤᠨ ᠤ ᠭᠤᠴᠢᠨ ᠨᠠᠢᠮᠠᠳᠡᠬᠢ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠪᠤᠯᠤᠨ᠎ᠠ᠂ ᠨᠠᠢᠮᠠᠨ ᠰᠠᠷ᠎ᠠ ᠶᠢᠨ ᠠᠷᠪᠠᠨ ᠲᠠᠪᠤᠨ ᠤ ᠲᠡᠷᠭᠡᠯ ᠰᠠᠷᠠᠨ ᠤ ᠪᠠᠶᠠᠷ ᠤᠨ ᠡᠳᠦᠷ ᠠᠴᠠ ᠡᠮᠦᠨ᠎ᠡ ᠡᠵᠡᠨ᠎ᠡ ᠬᠤᠰᠢᠭᠤᠨ ᠤ ᠡᠯ᠎ᠡ ᠰᠠᠯᠠᠭ᠎ᠠ ᠮᠦᠴᠢᠷ᠂ ᠪᠠᠶᠢᠭᠤᠯᠭ᠎ᠠ ᠨᠢᠭᠡᠴᠢ ᠨᠦᠭᠦᠳ ᠤᠯᠠᠨ ᠵᠦᠢᠯ ᠤᠨ ᠠᠷᠭ᠎ᠠ ᠬᠡᠯᠪᠡᠷᠢ ᠪᠠᠷ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠦᠷᠨᠢᠭᠦᠯᠵᠦ᠂ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠪᠠ᠃
       ᠤᠬᠠᠭᠤᠯᠭ᠎ᠠ ᠶᠢᠨ ᠠᠵᠢᠯᠯᠠᠭ᠎ᠠ ᠨᠢ ︽ᠲᠤᠮᠳᠠᠳᠤ ᠶᠢᠨ ᠬᠦᠪᠡᠭᠦᠳ ᠥᠬᠢᠳ ᠤᠨ ᠪᠦᠯᠬᠦᠮᠳᠠᠯ ᠢ ᠴᠢᠩᠭᠠᠳᠬᠠᠵᠤ᠂ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ︾ ᠪᠠᠷ ᠭᠤᠤᠯ ᠰᠡᠳᠦᠪ  ᠪᠣᠯᠭᠠᠵᠤ᠂ ᠪᠦᠬᠦ ᠬᠤᠰᠢᠭᠤᠨ ᠤ ᠡᠯ᠎ᠡ ᠰᠠᠯᠠᠭ᠎ᠠ ᠮᠦᠴᠢᠷ᠂ ᠪᠠᠶᠢᠭᠤᠯᠭ᠎ᠠ ᠨᠢᠭᠡᠴᠢ ᠤᠬᠠᠭᠤᠯᠭ᠎ᠠ ᠶᠢᠨ ᠰᠠᠮᠪᠠᠷ᠎ᠠ ᠭᠠᠷᠭᠠᠬᠤ᠂ ᠤᠷᠢᠶ᠎ᠠ ᠯᠤᠽᠦ᠋ᠩ ᠡᠯᠭᠦᠬᠦ᠂ ᠤᠬᠠᠭᠤᠯᠭ᠎ᠠ ᠶᠢᠨ ᠲᠡᠪᠳᠠᠷ ᠪᠠ ᠬᠠᠭᠤᠳᠠᠰᠤ ᠲᠠᠷᠬᠠᠭᠠᠬᠤ ᠵᠡᠷᠭᠡ ᠬᠡᠯᠪᠡᠷᠢ ᠪᠠᠷ ᠳᠠᠯᠠᠶᠢᠬᠦ᠋ᠪ ᠪᠠᠯᠭᠠᠰᠤᠨ ᠤ ᠭᠤᠤᠯ ᠵᠡᠭᠡᠯᠢ ᠪᠠᠷ ᠤᠬᠠᠭᠤᠯᠭ᠎ᠠ ᠬᠢᠵᠦ᠂ ᠪᠠᠰᠠ ᠬᠤᠷᠰᠢᠶ᠎ᠠ ᠲᠡᠯᠭᠡᠭᠦᠷ᠂ᠤᠯᠠᠨ ᠤ ᠲᠤᠮᠳᠠ ᠬᠦᠨᠵᠡᠭᠡᠶᠢᠷᠡᠨ ᠲᠦᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ᠂ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠡᠭᠦᠳᠦᠨ ᠪᠠᠶᠢᠭᠤᠯᠬᠤ ᠲᠤᠬᠠᠢ ᠮᠡᠳᠡᠯᠭᠡ᠂ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢ ᠠᠬᠢᠭᠤᠯᠬᠤ ᠲᠦᠷᠢᠮ︾ ᠵᠡᠷᠭᠡ ᠬᠠᠮᠢᠶᠠᠲᠠᠢ ᠠᠭᠤᠯᠭ᠎ᠠ ᠨᠤᠭᠤᠳ ᠢ ᠤᠬᠠᠭᠤᠯᠤᠨ᠂ 1000 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠤᠯᠠᠨ ᠲᠦᠮᠡᠨ ᠳᠤ ᠨᠠᠮ ᠪᠠ ᠤᠯᠤᠰ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠲᠤᠭᠳᠠᠭᠠᠯ᠂ ᠦᠨᠳᠦᠰᠦᠲᠡᠨ ᠤ ᠪᠦᠯᠬᠦᠮᠳᠡᠯ ᠤᠨ ᠮᠡᠳᠡᠯᠭᠡ ᠵᠡᠷᠭᠡ ᠬᠠᠮᠢᠶᠠᠲᠠᠢ ᠠᠭᠤᠯᠭ᠎ᠠ ᠨᠤᠭᠤᠳ ᠢ ᠤᠶᠢᠯᠭᠠᠭᠤᠯᠤᠨ ᠮᠡᠳᠡᠭᠦᠯᠵᠦ᠂ ᠤᠯᠠᠨ ᠲᠦᠮᠡᠨ ᠤ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤᠳᠬᠠᠵᠠᠢ᠃
       ᠤᠬᠠᠭᠤᠯᠭ᠎ᠠ ᠶᠢᠨ ᠠᠵᠢᠯᠯᠠᠭ᠎ᠠ ᠪᠠᠷ ᠲᠠᠮᠵᠢᠨ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠤᠯᠠᠨ ᠲᠦᠮᠡᠨ ᠤ ︽ᠭᠤᠷᠪᠠᠨ ᠰᠠᠯᠵᠤ  ᠴᠢᠳᠠᠬᠤ ᠦᠭᠡᠢ︾ ︽ᠲᠠᠪᠤᠨ ᠮᠡᠳᠡᠷᠡᠬᠦᠢ︾ ᠶᠢᠨ ᠦᠵᠡᠯ ᠰᠠᠨᠠᠭ᠎ᠠ ᠪᠠ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠬᠦᠮᠦᠵᠢᠭᠦᠯᠦᠨ ᠬᠥᠲᠥᠯᠦᠨ ᠳᠠᠭᠠᠭᠤᠯᠵᠤ᠂ ᠵᠦᠪ ᠤᠨᠤᠪᠴᠢᠲᠠᠢ ᠦᠵᠡᠯᠲᠡ ᠲᠠᠨᠢᠯᠲᠠ ᠶᠢ ᠭᠦᠨᠵᠡᠭᠡᠶᠢᠷᠡᠭᠦᠯᠦᠨ᠂ ᠡᠷᠬᠡ ᠲᠡᠭᠰᠢ᠂ ᠪᠦᠯᠬᠦᠮᠲᠠᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠯᠲᠤ ᠨᠡᠶᠢᠬᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠪᠠᠳᠤᠳᠬᠠᠨ ᠬᠦᠭᠵᠢᠭᠦᠯᠵᠦ᠂ ᠦᠨᠳᠦᠰᠦᠲᠡᠨ ᠤ ᠪᠦᠯᠬᠦᠮᠲᠠᠯ᠂ ᠨᠡᠶᠢᠬᠡᠮ ᠤᠨ ᠲᠤᠭᠳᠠᠭᠤᠨ ᠢ ᠨᠡᠩ ᠰᠠᠶᠢᠨ ᠬᠠᠮᠠᠭᠠᠯᠠᠬᠤ ᠳᠤ ᠲᠦᠯᠬᠢᠴᠡ ᠦᠢᠯᠡᠳᠦᠯ ᠦᠵᠡᠭᠦᠯᠵᠡᠢ᠃      ᠡᠵᠡᠨ᠎ᠡ ᠬᠤᠰᠢᠭᠤ ᠬᠤᠶᠢᠰᠢᠲᠠ ᠶᠡᠷᠦᠩᠬᠡᠢ ᠱᠦᠵᠢ ᠰᠢ ᠶᠢᠨ ᠫᠢᠩ ᠤᠨ ᠲᠦᠪ ᠤᠨ ᠦᠨᠳᠦᠰᠦᠲᠡᠨ ᠤ ᠠᠵᠢᠯ ᠤᠨ ᠬᠤᠷᠠᠯ ᠲᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠨᠢᠳᠦᠨ ᠡᠮᠦᠨᠡᠬᠢ ᠪᠠ ᠬᠤᠶᠢᠰᠢᠲᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠵᠤ᠂ ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠤᠯᠭᠠᠬᠤ ᠶᠢ ᠪᠠᠷᠢᠮᠲᠠᠯᠠᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠦᠵᠡᠯᠲᠡ ᠶᠢ ᠬᠦᠨᠵᠡᠭᠡᠢ ᠦᠢᠯᠡᠳᠦᠯᠬᠡᠵᠢᠭᠦᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠬᠦᠮᠦᠵᠢᠯ ᠢ ᠲᠠᠰᠤᠷᠠᠯ ᠦᠭᠡᠢ ᠭᠦᠨᠵᠡᠭᠡᠶᠢᠷᠡᠭᠦᠯᠦᠨ᠂ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠤᠨᠤᠪᠴᠢᠲᠠᠢ ᠲᠤᠭᠤᠰᠢᠯᠠᠭᠤᠯᠵᠤ᠂ ᠡᠵᠡᠨ᠎ᠡ ᠬᠤᠰᠢᠭᠤᠨ ᠤ ᠡᠯ᠎ᠡ ᠦᠨᠳᠦᠰᠦᠲᠡᠨ ᠤ ᠤᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠲᠦᠯᠬᠢᠨ ᠠᠬᠢᠭᠤᠯᠵᠤ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ︾ ᠶᠢᠨ ᠢᠷᠠᠭᠤ ᠠᠯᠳᠠᠷ ᠢᠶᠠᠨ ᠬᠠᠮᠠᠭᠠᠯᠠᠨ ᠪᠠᠲᠤᠯᠠᠵᠤ᠂ ᠡᠬᠡ ᠤᠯᠤᠰ ᠤᠨ ᠪᠠᠷᠠᠭᠤᠨ ᠬᠤᠶᠢᠲᠤ ᠶᠢᠨ ᠬᠢᠯᠢ ᠬᠢᠵᠠᠭᠠᠷ ᠢᠶᠠᠨ ᠬᠠᠮᠲᠤ ᠪᠠᠷ ᠰᠠᠬᠢᠨ ᠬᠠᠮᠠᠭᠠᠯᠠᠵᠤ᠂ ᠵᠤᠯ ᠵᠢᠷᠭᠠᠯᠲᠤ ᠠᠮᠢᠳᠤᠷᠠᠯ ᠢ ᠬᠠᠮᠲᠤ ᠪᠠᠷ ᠴᠤᠭᠴᠠᠯᠠᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠦᠭᠵᠢᠯᠲᠠ ᠶᠢ ᠲᠦᠯᠬᠢᠨ ᠠᠬᠢᠭᠤᠯᠵᠤ᠂ ᠨᠡᠶᠢᠬᠡᠮ ᠵᠢᠷᠤᠮᠲᠤ ᠤᠳᠤᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠦᠬᠦ ᠲᠠᠯ᠎ᠠ ᠪᠠᠷ ᠪᠡᠶᠡᠯᠡᠭᠦᠯᠬᠦ ᠪᠠᠷ ᠪᠦᠯᠬᠦᠮᠲᠡᠨ ᠲᠡᠮᠡᠴᠡᠵᠦ ᠪᠠᠶᠢᠨ᠎ᠠ᠃      
ᠢᠷᠡᠯᠲᠡ᠄ ᠡᠵᠡᠨ᠎ᠡ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ