— ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠲᠡᠭᠡᠷᠡᠭᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠶ ᠥᠭᠦᠯᠡᠬᠦ ᠨᠢ | | ︽ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ ᠬᠠᠮᠲᠤ ᠪᠠᠷ | ᠤᠷᠤᠭᠰᠢᠯᠠᠬᠤ ᠶᠢ ᠠᠬᠢᠭᠤᠯᠬᠤ ᠬᠡᠷᠡᠭᠲᠡᠢ︾᠃ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷ᠎ᠡ᠂ ᠶᠡᠷᠦᠩᠬᠡᠢ | ᠱᠦᠵᠢ ᠰᠢ ᠶᠢᠨ ᠫᠢᠩ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠶᠢᠨ | ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ | ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ ᠠᠬᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ | ᠳᠤᠷᠠᠳᠴᠤ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠶᠢᠨ ᠲᠥᠯᠥᠭᠡ ᠬᠠᠮᠲᠤ ᠪᠠᠷ ᠲᠡᠮᠡᠴᠡᠬᠦ ᠶᠢ ᠡᠷᠬᠡᠪᠰᠢ ᠰᠢᠨ᠎ᠡ ᠴᠠᠭ ᠦᠶ᠎ᠡ ᠶᠢᠨ ᠨᠠᠮ ᠤᠨ | ᠦᠨᠳᠦᠰᠦᠲᠡᠨ ᠤ ᠠᠵᠢᠯ ᠤᠨ ᠴᠢᠬᠤᠯᠠ ᠡᠭᠦᠷᠭᠡ ᠪᠣᠯᠭᠠᠵᠤ᠂ ᠦᠨᠳᠦᠰᠦᠲᠡᠨ ᠨᠦᠭᠦᠳ ᠤᠨ ᠴᠠᠭ ᠦᠶ᠎ᠡ ᠶᠢᠨ | ᠠᠯᠬᠤᠭ᠎ᠠ ᠶᠢ ᠴᠢᠩᠭ᠎ᠠ ᠲᠠᠭᠠᠵᠤ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠬᠦ ᠨᠠᠮ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠷ ᠪᠢᠳᠠ ᠦᠨᠳᠦᠰᠦᠲᠡᠨ ᠤ ᠭᠠᠵᠠᠷ | ᠣᠷᠣᠨ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠨᠡ ᠬᠦ ᠬᠦᠴᠢᠷ ᠠᠰᠠᠭᠤᠳᠠᠯ ᠢ | ᠰᠢᠢᠳᠪᠦᠷᠢᠯᠡᠵᠦ᠂ ᠴᠥᠭᠡᠨ ᠲᠣᠭᠠᠲᠤ ᠦᠨᠳᠦᠰᠦᠲᠡᠨ ᠪᠣᠯᠤᠨ ᠦᠨᠳᠦᠰᠦᠲᠡᠨ ᠤ ᠭᠠᠵᠠᠷ ᠣᠷᠣᠨ ᠪᠦᠬᠦ ᠤᠯᠤᠰ ᠲᠠᠢ | ᠬᠠᠮᠲᠤ ᠪᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠴᠣᠭᠴᠠᠯᠠᠵᠤ᠂ ᠴᠥᠭᠡᠨ ᠲᠣᠭᠠᠲᠤ ᠦᠨᠳᠦᠰᠦᠲᠡᠨ ᠤ ᠳᠦᠷᠰᠦ | ᠪᠠᠶᠢᠳᠠᠯ᠂ ᠦᠨᠳᠦᠰᠦᠲᠡᠨ ᠤ ᠭᠠᠵᠠᠷ ᠣᠷᠣᠨ ᠤ ᠳᠦᠷᠰᠦ ᠪᠠᠶᠢᠳᠠᠯ᠂ ᠦᠨᠳᠦᠰᠦᠲᠡᠨ ᠤ ᠬᠠᠷᠢᠴᠠᠭ᠎ᠠ ᠶᠢᠨ ᠳᠦᠷᠰᠦ | ᠪᠠᠶᠢᠳᠠᠯ᠂ ᠳᠤᠮᠳᠠᠳᠤ ᠶᠢᠨ ᠦᠨᠳᠦᠰᠦᠲᠡᠨ ᠤ ᠳᠦᠷᠰᠦ ᠪᠠᠶᠢᠳᠠᠯ ᠳᠤ ᠴᠥᠮ ᠲᠩᠷᠢ ᠭᠠᠵᠠᠷ ᠢ ᠳᠣᠩᠰᠣᠯᠭᠠᠮ᠎ᠠ | ᠲᠡᠦᠬᠡᠲᠦ ᠴᠢᠨᠠᠷᠲᠠᠢ ᠯᠤᠲᠤ ᠶᠡᠭᠡ ᠬᠤᠪᠢᠷᠠᠯᠲᠠ ᠭᠠᠷᠤᠭᠠᠳ᠂ ᠦᠨᠳᠦᠰᠦᠲᠡᠨ ᠨᠦᠭᠦᠳ ᠴᠠᠭ ᠦᠶ᠎ᠡ ᠶᠢᠨ | ᠠᠯᠬᠤᠭ᠎ᠠ ᠶᠢ ᠴᠢᠩᠭ᠎ᠠ ᠲᠠᠭᠠᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠳᠤ ᠪᠠᠲᠤ ᠰᠠᠭᠤᠷᠢ ᠶᠢ ᠲᠠᠯᠪᠢᠵᠤ ᠦᠭᠪᠡ᠃ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠢᠭᠡ ᠦᠨᠳᠦᠰᠦᠲᠡᠨ ᠢ ᠴᠤ | ᠬᠤᠴᠣᠷᠤᠭᠤᠯᠵᠤ ᠪᠣᠯᠬᠤ ᠦᠭᠡᠢ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠳᠤ ᠨᠢᠭᠡ ᠦᠨᠳᠦᠰᠦᠲᠡᠨ ᠢ ᠴᠦ ᠣᠷᠬᠢᠭᠳᠠᠭᠤᠯᠵᠤ ᠪᠣᠯᠬᠤ ᠦᠭᠡᠢ᠃ | ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠬᠦ ᠦᠭᠡᠢ ᠶᠤᠮ ᠪᠣᠯ ᠨᠡᠶᠢᠭᠡᠮ ᠵᠢᠷᠤᠮᠳᠤ | ᠣᠳᠣᠬᠢᠴᠢᠯᠠᠯᠲᠠ ᠶᠢ ᠪᠡᠶᠡᠯᠡᠭᠦᠯᠬᠦ ᠳᠤ ᠪᠡᠷᠬᠡ ᠶᠤᠮ︔ ᠦᠨᠳᠦᠰᠦᠲᠡᠨ ᠨᠦᠭᠦᠳ ᠤᠨ ᠬᠠᠮᠲᠤ ᠶᠢᠨ ᠴᠡᠴᠡᠭᠯᠡᠯ | ᠬᠥᠭᠵᠢᠯ ᠪᠠᠶᠢᠬᠤ ᠦᠭᠡᠢ ᠶᠤᠮ ᠪᠣᠯ ᠨᠡᠶᠢᠭᠡᠮ ᠵᠢᠷᠤᠮ ᠤᠨ ᠣᠳᠣᠬᠢᠴᠢᠯᠠᠯᠲᠠ ᠮᠥᠨ ᠪᠠᠶᠢᠵᠤ ᠴᠢᠳᠠᠬᠤ ᠦᠭᠡᠢ ᠶᠤᠮ᠃ | ᠬᠠᠮᠲᠤ ᠪᠠᠷ ᠴᠢᠨᠡᠭᠡᠯᠢᠭᠵᠢᠬᠦ ᠪᠣᠯ ᠨᠡᠶᠢᠭᠡᠮ ᠵᠢᠷᠤᠮ ᠤᠨ ᠮᠥᠨ ᠴᠢᠨᠠᠷ ᠤᠨ ᠱᠠᠭᠠᠷᠳᠠᠯᠭ᠎ᠠ ᠮᠥᠨ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠬᠤᠯᠠ ᠣᠨᠴᠠᠯᠢᠭ ᠮᠥᠨ᠃ ᠣᠳᠣᠬᠠᠨ ᠳᠤ᠂ ᠦᠨᠳᠦᠰᠦᠲᠡᠨ ᠤ | ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ | ᠴᠢᠨᠠᠷᠲᠠᠢ ᠬᠤᠪᠢᠰᠤᠯᠲᠠ ᠭᠠᠷᠤᠭᠰᠠᠨ ᠤ ᠬᠠᠮᠲᠤ ᠴᠢᠨᠠᠷ ᠰᠠᠶᠢᠲᠠᠢ ᠬᠥᠭᠵᠢᠯᠲᠡ ᠨᠢ ᠮᠥᠨ ᠬᠦ ᠮᠠᠰᠢ ᠤᠯᠠᠨ | ᠬᠢᠵᠠᠭᠠᠷᠯᠠᠯ ᠳᠤ ᠲᠤᠯᠭᠠᠷᠠᠵᠤ ᠪᠠᠶᠢᠨ᠎ᠠ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠳᠤ ᠡᠭᠦᠷᠭᠡ ᠮᠥᠨ ᠬᠦ ᠲᠦᠢᠯ ᠤᠨ | ᠪᠡᠷᠬᠡ ᠬᠠᠲᠠᠭᠤᠵᠢᠯᠲᠠᠢ ᠪᠠᠶᠢᠨ᠎ᠠ᠃ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ | ᠬᠠᠮᠲᠤ ᠪᠠᠷ ᠤᠷᠤᠭᠰᠢᠯᠠᠬᠤ ᠶᠢ ᠠᠬᠢᠭᠤᠯᠬᠤ ᠳᠤ ᠵᠦᠷᠢᠶᠡᠴᠢᠯᠡᠭᠰᠡᠨ ᠣᠷᠣᠨ ᠪᠦᠰᠡ ᠶᠢᠨ ᠳᠡᠮᠵᠢᠯᠭᠡ ᠶᠢᠨ | ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠦᠨᠳᠦᠰᠦᠲᠡᠨ ᠤ ᠭᠠᠵᠠᠷ ᠣᠷᠣᠨ ᠤ ᠥᠭᠡᠷᠡᠴᠢᠯᠡᠯᠲᠡ | ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠳᠡᠮᠵᠢᠵᠦ᠂ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠨᠢ | ᠳᠡᠭᠡᠭᠰᠢᠯᠡᠭᠦᠯᠬᠦ ᠬᠡᠷᠡᠭᠲᠡᠢ ᠪᠠᠶᠢᠨ᠎ᠠ᠃ ᠦᠨᠳᠦᠰᠦᠲᠡᠨ ᠤ ᠭᠠᠵᠠᠷ ᠣᠷᠣᠨ ᠤ ᠬᠢᠨ ᠡᠬᠢ ᠪᠠᠶᠠᠯᠢᠭ ᠤᠨ ᠳᠠᠪᠠᠭᠤᠯᠢᠭ᠂ | ᠬᠥᠭᠵᠢᠯᠲᠡ ᠶᠢᠨ ᠨᠥᠬᠦᠴᠡᠯ᠂ ᠬᠠᠷᠢᠴᠠᠩᠭᠤᠢ ᠳᠠᠪᠠᠭᠤᠯᠢᠭ ᠵᠡᠷᠭᠡ ᠪᠣᠳᠠᠲᠤ ᠪᠠᠶᠢᠳᠠᠯ ᠳᠤ ᠪᠠᠨ ᠰᠠᠭᠤᠷᠢᠯᠠᠵᠤ᠂ ᠰᠢᠨ᠎ᠡ | ᠬᠥᠭᠵᠢᠯᠲᠡ ᠶᠢᠨ ᠱᠠᠳᠤ ᠦᠶ᠎ᠡ ᠶᠢ ᠡᠵᠡᠮᠳᠡᠭᠦ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠬᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ᠂ | ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠶᠢᠨ ᠭᠠᠷᠳᠠᠬᠤ ᠴᠡᠭ ᠪᠣᠯᠤᠨ ᠬᠦᠴᠦᠯᠡᠬᠦ ᠴᠡᠭ ᠢ ᠣᠨᠣᠪᠴᠢᠲᠠᠢ ᠡᠷᠢᠵᠦ | ᠤᠯᠬᠤ ᠬᠡᠷᠡᠭᠲᠡᠢ᠃ ᠪᠣᠳᠠᠲᠤ ᠪᠠᠶᠢᠳᠠᠯ ᠠᠴᠠ ᠡᠭᠦᠰᠦᠨ᠂ ᠦᠨᠳᠦᠰᠦᠲᠡᠨ ᠤ ᠭᠠᠵᠠᠷ ᠣᠷᠣᠨ ᠤ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢ ᠳᠡᠮᠵᠢᠬᠦ | ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ ᠦᠢᠯᠡᠳᠪᠦᠷᠢᠯᠡᠯ | ᠬᠥᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠢ ᠰᠠᠶᠢᠵᠢᠷᠠᠬᠰᠠᠨ ᠪᠣᠯᠪᠠᠰᠤᠨ ᠬᠥᠭᠵᠢᠯᠲᠡ ᠶᠢᠨ ᠵᠠᠮ ᠢᠶᠠᠷ | ᠵᠠᠮᠨᠠᠬᠤ ᠬᠡᠷᠡᠭᠲᠡᠢ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠪᠠᠷ | ᠡᠭᠦᠰᠦᠯᠲᠡ ᠪᠠ ᠲᠤᠰᠤᠯᠳᠠ ᠪᠠᠨ ᠪᠣᠯᠭᠠᠵᠤ᠂ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ | ᠨᠡᠶᠢᠭᠡᠮ ᠤᠨ ᠦᠢᠯᠡᠰ ᠤᠨ ᠬᠥᠭᠵᠢᠯᠲᠡ ᠶᠢᠨ ᠳᠤᠲᠠᠭᠤᠳᠠᠯ ᠢ ᠨᠥᠬᠦᠪᠥᠷᠢᠯᠡᠵᠦ᠂ ᠤᠯᠠᠨ ᠨᠡᠶᠢᠲᠡ ᠶᠢᠨ | ᠦᠢᠯᠡᠴᠢᠯᠡᠭᠡᠨ ᠤ ᠲᠦᠪᠰᠢᠨ ᠤ ᠲᠠᠯ᠎ᠠ ᠪᠠᠷ ᠬᠢ ᠵᠦᠷᠢᠶ᠎ᠡ ᠶᠢ ᠪᠠᠭᠠᠰᠬᠠᠵᠤ᠂ ᠦᠨᠳᠦᠰᠦᠲᠡᠨ ᠨᠦᠭᠦᠳ ᠤᠨ ᠤᠯᠠᠨ | ᠲᠦᠮᠡᠨ ᠤ ᠬᠦᠷᠲᠡᠮᠵᠢ ᠶᠢᠨ ᠲᠦᠷᠦᠭᠳᠡᠯ᠂ ᠵᠤᠯ ᠵᠢᠷᠭᠠᠯ ᠤᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ | ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ | ᠦᠨᠳᠦᠰᠦᠲᠡᠨ ᠤ ᠭᠠᠵᠠᠷ ᠣᠷᠣᠨ ᠢ ᠤᠯᠤᠰ ᠤᠨ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ | ᠪᠤᠳᠤᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠯᠴᠠᠬᠤ ᠶᠢ ᠠᠬᠢᠭᠤᠯᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ ᠡᠬᠢ ᠪᠠᠶᠠᠯᠢᠭ ᠢ ᠨᠡᠩ ᠰᠠᠶᠢᠲᠤᠷ ᠠᠰᠢᠭᠯᠠᠵᠤ᠂ ᠵᠡᠭᠦᠨ | ᠪᠠᠷᠠᠭᠤᠨ ᠣᠷᠣᠨ ᠤ ᠬᠠᠮᠵᠢᠯᠴᠠᠭ᠎ᠠ ᠪᠣᠯᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠭᠦᠨᠵᠡᠭᠡᠶᠢᠷᠡᠭᠦᠯᠵᠦ᠂ | ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠨ ᠪᠦᠷᠢᠯᠳᠦᠭᠦᠯᠬᠦ ᠬᠡᠷᠡᠭᠲᠡᠢ᠃ ᠦᠨᠳᠦᠰᠦᠲᠡᠨ ᠤ ᠭᠠᠵᠠᠷ ᠣᠷᠣᠨ ᠢ | ᠲᠠᠮᠵᠢᠵᠤ ᠪᠠᠶᠢᠭᠠᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢᠶᠠᠨ | ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ | ᠵᠣᠯᠭᠠᠭᠤᠯᠬᠤ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠵᠦ᠂ | ᠲᠠᠷᠢᠶᠠᠯᠠᠩ ᠮᠠᠯ ᠠᠵᠤ ᠠᠬᠤᠢ ᠨᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠣᠯᠵᠤ᠂ ᠬᠥᠳᠡᠭᠡ ᠲᠣᠰᠬᠤᠨ ᠨᠢ | ᠣᠷᠣᠰᠢᠨ ᠰᠠᠭᠤᠬᠤ ᠳᠤ ᠲᠠᠭᠠᠯᠠᠮᠵᠢᠲᠠᠢ ᠠᠵᠢᠯ ᠦᠢᠯᠡᠰ ᠡᠷᠬᠢᠯᠡᠭᠦ ᠳᠤ ᠲᠤᠬᠢᠷᠠᠮᠵᠢᠳᠠᠢ ᠪᠣᠯᠵᠤ᠂ ᠮᠠᠯᠴᠢᠳ | ᠲᠠᠷᠢᠶᠠᠴᠢᠳ ᠨᠢ ᠪᠠᠶᠠᠵᠢᠨ ᠴᠢᠨᠡᠭᠡᠯᠢᠭ ᠪᠣᠯᠬᠤ ᠶᠢ ᠠᠬᠢᠭᠤᠯᠬᠤ ᠬᠡᠷᠡᠭᠲᠡᠢ᠃ ᠬᠢᠯᠢ ᠳᠠᠭᠠᠤ ᠣᠷᠣᠨ ᠢ ᠨᠡᠭᠡᠭᠡᠨ | ᠬᠥᠭᠵᠢᠭᠦᠯᠵᠦ ᠨᠡᠭᠡᠭᠡᠯᠲᠡ ᠬᠢᠬᠦ ᠲᠦᠷᠦ ᠶᠢᠨ ᠪᠤᠳᠤᠯᠭ᠎ᠠ ᠶᠢᠨ ᠲᠣᠬᠲᠠᠯᠴᠠᠭ᠎ᠠ ᠶᠢ ᠲᠡᠭᠦᠯᠳᠡᠷᠵᠢᠭᠦᠯᠵᠦ᠂ ᠬᠢᠯᠢ | ᠬᠢᠵᠠᠭᠠᠷ ᠢ ᠪᠠᠬᠢᠵᠢᠭᠦᠯᠬᠦ ᠬᠢᠯᠢ ᠬᠢᠵᠠᠭᠠᠷ ᠢ ᠬᠥᠭᠵᠢᠭᠦᠯᠬᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ | ᠠᠬᠢᠭᠤᠯᠬᠤ ᠬᠡᠷᠡᠭᠲᠡᠢ᠃ ᠥᠨᠳᠦᠷᠯᠢᠭ ᠳᠠᠬᠢ ᠥᠨᠳᠥᠷ ᠬᠦᠢᠲᠡᠨ ᠭᠠᠵᠠᠷ ᠣᠷᠣᠨ᠂ ᠬᠢᠯᠢ ᠶᠢᠨ ᠨᠢᠭᠡᠳᠦᠭᠡᠷ ᠹᠷᠣᠨᠲ ᠲᠤ | ᠤᠷᠲᠤ ᠬᠤᠭᠤᠴᠠᠭ᠎ᠠ ᠪᠠᠷ ᠠᠮᠢᠳᠤᠷᠠᠵᠤ ᠪᠠᠶᠢᠭ᠎ᠠ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠣᠨᠴᠠᠭᠠᠢ | ᠬᠠᠷᠠᠭᠠᠯᠵᠠᠯ ᠪᠣᠯᠤᠨ ᠳᠡᠮᠵᠢᠯᠭᠡ ᠦᠵᠡᠭᠦᠯᠵᠦ᠂ ᠬᠢᠯᠢ ᠬᠢᠵᠠᠭᠠᠷ ᠣᠷᠣᠨ ᠤ ᠦᠢᠯᠡᠳᠪᠦᠷᠢᠯᠡᠯ ᠠᠮᠢᠳᠤᠷᠠᠯ ᠤᠨ | ᠨᠥᠬᠦᠴᠡᠯ ᠢ ᠰᠠᠶᠢᠵᠢᠷᠠᠭᠤᠯᠤᠨ᠂ ᠬᠥᠮᠦᠨ ᠠᠮᠠ ᠪᠣᠯᠤᠨ ᠠᠵᠤ ᠠᠬᠤᠶ ᠶᠢᠨ ᠲᠤᠯᠭᠠᠭᠤᠷᠢᠯᠠᠯ ᠢ ᠴᠢᠩᠭᠠᠷᠠᠭᠤᠯᠵᠤ᠂ ᠬᠢᠯᠢ | ᠬᠢᠵᠠᠭᠠᠷ ᠤᠨ ᠪᠠᠬᠢᠵᠢᠯ ᠪᠣᠯᠤᠨ ᠬᠢᠯᠢ ᠶᠢᠨ ᠠᠮᠤᠷ ᠲᠦᠪᠰᠢᠨ ᠢ ᠦᠨᠡᠨ ᠬᠦ ᠪᠠᠳᠤᠯᠠᠬᠤ ᠬᠡᠷᠡᠭᠲᠡᠢ᠃ | ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ ᠬᠠᠮᠲᠤ ᠪᠠᠷ | ᠤᠷᠤᠬᠰᠢᠯᠠᠬᠤ ᠶᠢ ᠠᠬᠢᠭᠤᠯᠬᠤ ᠳᠤ᠂ ᠪᠣᠳᠠᠰ ᠪᠠ ᠤᠶᠤᠨ ᠰᠠᠨᠠᠭᠠᠨ ᠤ ᠬᠠᠷᠢᠴᠠᠭ᠎ᠠ ᠶᠢ ᠵᠥᠪ ᠡᠵᠡᠮᠳᠡᠵᠦ᠂ ᠪᠤᠢ | ᠪᠦᠬᠦᠢ ᠥᠭᠡᠷᠡᠴᠢᠯᠡᠯᠲᠡ ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠠᠴᠢ ᠬᠤᠯᠪᠣᠭᠳᠠᠯ ᠢ ᠢᠯᠡᠷᠡᠭᠦᠯᠵᠦ᠂ ᠨᠢᠭᠡᠳᠦᠯ ᠢ ᠬᠠᠮᠠᠭᠠᠯᠠᠵᠤ ᠬᠠᠭᠠᠴᠠᠭᠤᠯᠤᠯ ᠢ ᠡᠰᠡᠷᠭᠦᠴᠡᠬᠦ ᠠᠴᠢ | ᠬᠤᠯᠪᠣᠭᠳᠠᠯ ᠢ ᠢᠯᠡᠷᠡᠭᠦᠯᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠵᠤ ᠬᠥᠮᠦᠰ ᠤᠨ ᠰᠡᠳᠬᠢᠯ ᠢ ᠨᠢᠭᠲᠠᠷᠠᠭᠤᠯᠬᠤ | ᠠᠴᠢ ᠬᠤᠯᠪᠣᠭᠳᠠᠯ ᠢ ᠢᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠡᠪᠲᠡᠷᠡᠰᠢ ᠦᠭᠡᠢ | ᠪᠠᠲᠤ ᠪᠠᠬᠢ ᠪᠣᠯᠭᠠᠬᠤ ᠬᠡᠷᠡᠭᠲᠡᠢ᠃ | ᠣᠳᠣᠬᠠᠨ ᠳᠤ᠂ ᠪᠦᠬᠦ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠶᠠᠭ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠡᠷᠴᠢ ᠵᠣᠷᠢᠭ ᠢᠶᠠᠨ ᠬᠥᠪᠴᠢᠯᠡᠨ ᠤᠷᠤᠭᠰᠢᠯᠠᠵᠤ | ᠪᠠᠶᠢᠨ᠎ᠠ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠲᠠᠶᠢᠴᠢᠯᠠᠨ ᠭᠠᠷ ᠬᠤᠯᠪᠣᠨ | ᠲᠡᠮᠡᠴᠡᠭᠦᠯᠬᠦ ᠬᠡᠷᠡᠭᠲᠡᠢ᠃ ᠠᠬ᠎ᠠ ᠳᠡᠭᠦᠦ ᠶᠢᠨ ᠰᠡᠳᠬᠢᠯ ᠨᠢᠭᠡᠳᠪᠡᠰᠦ ᠬᠠᠳᠠᠭᠤ ᠪᠤᠯᠤᠳ ᠢ ᠬᠤᠭᠤᠯᠵᠤ ᠴᠢᠳᠠᠮᠤᠢ᠃ | ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠨᠳᠦᠰᠦᠲᠡᠨ ᠨᠦᠭᠦᠳ ᠴᠠᠭ ᠦᠶ᠎ᠡ ᠶᠢᠨ ᠠᠯᠬᠤᠭ᠎ᠠ ᠶᠢ | ᠴᠢᠩᠭ᠎ᠠ ᠲᠠᠭᠠᠵᠤ᠂ ᠬᠠᠮᠲᠤ ᠪᠠᠷ ᠴᠢᠨᠡᠭᠡᠯᠢᠭᠵᠢᠬᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ ᠤᠷᠤᠭᠰᠢᠯᠠᠬᠤ | ᠠᠬᠢᠴᠠ ᠳᠤᠮᠳᠠ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠭᠠᠷ ᠬᠤᠯᠪᠣᠨ ᠬᠠᠮᠲᠤ ᠪᠠᠷ ᠤᠷᠤᠭᠰᠢᠯᠠᠪᠠᠯ | ᠪᠢᠳᠡ ᠯᠠᠪᠲᠠᠢ ᠳᠤᠮᠳᠠᠳᠤ ᠶᠢᠨ ᠦᠨᠳᠦᠰᠦᠲᠡᠨ ᠤ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠵᠤ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠢᠷᠠᠭᠤ ᠠᠯᠳᠠᠷ ᠢ ᠬᠠᠮᠲᠤ ᠪᠠᠷ ᠡᠳ᠋ᠯᠡᠵᠦ ᠴᠢᠳᠠᠨ᠎ᠠ᠃ |