︽ᠨᠠᠮ ᠤᠨ ᠬᠡᠷᠡᠯ ᠭᠢᠯᠪᠠᠭ᠎ᠠ ᠬᠢᠯᠢ ᠬᠢᠵᠠᠭᠠᠷ ᠢ ᠭᠡᠶᠢᠭᠦᠯᠦᠨ ᠦᠨᠳᠦᠰᠦᠲᠡᠨ ᠨᠦᠭᠦᠳ ᠤᠨ ᠬᠥᠪᠡᠭᠦᠳ ᠥᠬᠢᠳ | ᠨᠠᠮ ᠢᠶᠠᠨ ᠲᠠᠭᠠᠨ ᠤᠷᠤᠭᠰᠢᠯᠠᠨ᠎ᠠ — ᠪᠥᠬᠦ ᠤᠯᠤᠰ ᠤᠨ ᠬᠢᠵᠠᠭᠠᠷ ᠣᠷᠣᠨ ᠢ ᠬᠥᠭᠵᠢᠭᠦᠯᠦᠨ ᠠᠷᠠᠳ ᠢ | ᠪᠠᠶᠠᠵᠢᠭᠤᠯᠤᠭᠰᠠᠨ ᠠᠮᠵᠢᠯᠲᠠ ᠪᠦᠲᠦᠮᠵᠢ ᠶᠢᠨ ᠦᠵᠡᠭᠦᠯᠭᠡ︾ ᠶᠢ ᠪᠡᠭᠡᠵᠢᠩ ᠤᠨ ᠦᠨᠳᠦᠰᠦᠲᠡᠨ ᠤ ᠰᠣᠶᠣᠯ ᠤᠨ | ᠣᠷᠳᠣᠨ ᠳᠤ ᠳᠡᠯᠭᠡᠨ ᠦᠵᠡᠭᠦᠯᠪᠡ᠃ 9 ᠳ᠋ᠦ᠋ᠭᠡᠷ ᠰᠠᠷ᠎ᠠ ᠶᠢᠨ 28 ᠤ ᠡᠳᠦᠷ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠵᠦᠪᠯᠡᠯᠭᠡᠨ ᠤ ᠪᠠᠶᠢᠩᠭᠤ ᠶᠢᠨ ᠭᠡᠰᠢᠭᠦᠨ᠂ ᠪᠥᠬᠦ ᠤᠯᠤᠰ ᠤᠨ | ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠩ ᠦᠵᠡᠰᠬᠦᠯᠡᠩ ᠢ ᠲᠣᠭᠤᠷᠢᠨ ᠦᠵᠡᠪᠡ᠃ ᠲᠡᠷᠡ᠂ ᠬᠢᠯᠢ | ᠬᠢᠵᠠᠭᠠᠷ ᠢ ᠪᠠᠬᠢᠵᠢᠭᠦᠯᠦᠨ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ | ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠬᠢᠯᠢ ᠬᠢᠵᠠᠭᠠᠷ ᠣᠷᠣᠨ᠂ ᠦᠨᠳᠦᠰᠦᠲᠡᠨ ᠤ ᠭᠠᠵᠠᠷ ᠣᠷᠣᠨ ᠤ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠦᠶ᠋ᠯᠡᠴᠢᠯᠡᠬᠦ ᠪᠠ ᠠᠭᠤᠰᠤᠯᠴᠠᠬᠤ ᠶᠢ ᠲᠦᠷᠭᠡᠳᠬᠡᠨ ᠠᠬᠢᠭᠤᠯᠵᠤ᠂ ᠴᠢᠨᠠᠷ ᠰᠠᠶᠢᠲᠠᠶ | ᠬᠥᠭᠵᠢᠯᠲᠡ ᠶᠢ ᠪᠡᠶᠡᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ | ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠲᠣᠰ ᠤᠳᠠᠭᠠᠨ ᠤ | ᠦᠵᠡᠭᠦᠯᠭᠡ ᠶᠢ ᠤᠯᠤᠰ ᠤᠨ ᠦᠨᠳᠦᠰᠦᠲᠡᠨ ᠤ ᠵᠥᠪᠯᠡᠯ ᠠᠴᠠ ᠭᠤᠤᠯᠯᠠᠨ ᠡᠷᠬᠢᠯᠡᠭᠰᠡᠨ᠂ ᠲᠥᠪ ᠤᠨ ᠦᠨᠳᠦᠰᠦᠲᠡᠨ ᠤ | ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠣᠳᠠᠲᠠᠶ ᠠᠷᠭ᠎ᠠ | ᠬᠡᠮᠵᠢᠶ᠎ᠡ ᠪᠣᠯᠤᠨ᠎ᠠ᠃ |