︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯ ᠢ ᠭᠦᠨᠵᠡᠭᠡᠶ ᠠᠬᠢᠭᠤᠯᠬᠤ ᠲᠤᠬᠠᠢ ᠲᠥᠰᠦᠯ︾ ᠤᠨ ᠵᠢᠷᠤᠬᠳᠤ ᠲᠠᠶᠢᠯᠤᠮᠵᠢ
ᠨᠡᠶᠢᠲᠡᠯᠡᠭᠰᠡᠨ ᠴᠠᠭ᠄
2021/9/4
     ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠵᠤ᠂ ᠦᠨᠳᠦᠰᠦᠲᠡᠨ ᠤ ᠠᠵᠢᠯ ᠤᠨ ᠲᠤᠬᠠᠶ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠨᠡᠶᠢᠭᠡᠮ ᠲᠣᠭᠤᠷᠢᠭ ᠲᠤ ᠣᠷᠣᠭᠤᠯᠬᠤ ᠶᠢ ᠭᠦᠨᠵᠡᠭᠡᠶ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ ᠬᠠᠮᠳᠤᠷᠠᠨ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯ ᠢ ᠭᠦᠨᠵᠡᠭᠡᠶ ᠠᠬᠢᠭᠤᠯᠬᠤ ᠲᠤᠬᠠᠢ ᠲᠥᠰᠦᠯ︾ ᠢ ᠲᠠᠷᠤᠮᠠᠯᠯᠠᠨ ᠲᠠᠷᠬᠠᠭᠠᠪᠠ᠃      ᠠᠵᠢᠯᠯᠠᠭ᠎ᠠ ᠶᠢᠨ ᠠᠭᠤᠯᠭ᠎ᠠ      ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠭᠦᠨᠵᠡᠭᠡᠢ ᠥᠷᠨᠢᠭᠦᠯᠦᠨ᠎ᠡ      ᠨᠡᠶᠢᠭᠡᠮ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠯᠠᠨ ᠵᠦᠢᠯ ᠤᠨ ᠠᠷᠭ᠎ᠠ ᠪᠠᠷᠢᠯ ᠢ ᠠᠪᠴᠤ ᠪᠠᠶᠢᠭᠠᠳ ᠢᠨᠲ᠋ᠧᠷ ᠰᠦᠯᠵᠢᠶ᠎ᠡ᠂ ︽ᠨᠢᠭᠡ ᠭᠠᠷᠠᠭ ᠬᠤᠶᠠᠷ ᠰᠠᠷ᠎ᠠ︾ ᠵᠡᠷᠭᠡ ᠠᠴᠢᠶᠠᠯᠠᠪᠤᠷᠢ ᠶᠢ ᠭᠦᠢᠴᠡᠳ ᠠᠰᠢᠭᠯᠠᠨ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠤᠯᠤᠰ ᠤᠷᠤᠨ ᠤ ᠤᠬᠠᠮᠰᠠᠷ᠂ ᠠᠷᠠᠳ ᠢᠷᠭᠡᠳ ᠤᠨ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠤᠨ ᠤᠬᠠᠭᠤᠯᠭ᠎ᠠ ᠬᠥᠮᠦᠵᠢᠯ ᠢ ᠦᠷᠨᠢᠭᠦᠯᠵᠦ᠂ ᠮᠠᠨ ᠤ ᠤᠯᠤᠰ ᠤᠨ ᠣᠯᠠᠨ ᠡᠰᠢᠲᠦ ᠨᠢᠭᠡ ᠴᠣᠭᠴᠠᠵᠢᠭᠰᠠᠨ ᠤᠯᠤᠰ ᠤᠨ ᠪᠠᠶᠢᠳᠠᠯ ᠤᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠦᠮᠦᠵᠢᠭᠦᠯᠵᠦ ᠬᠥᠲᠥᠯᠥᠨ ᠲᠠᠭᠠᠭᠤᠯᠵᠤ ᠪᠠᠶᠢᠭᠠᠳ ᠵᠥᠪ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠠᠲᠤ ᠪᠣᠶ ᠪᠣᠯᠭᠠᠨ᠎ᠠ᠃ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢᠨ ᠬᠥᠮᠦᠵᠢᠯ ᠢ ᠭᠦᠨᠵᠡᠭᠡᠶ ᠥᠷᠨᠢᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠲᠥᠯᠥᠨ ᠲᠠᠭᠠᠭᠤᠯᠵᠤ ᠪᠠᠶᠢᠭᠠᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠪᠠ ᠦᠨᠳᠦᠰᠦᠲᠡᠨ ᠳᠤ ᠦᠵᠡᠭᠦᠯᠦᠭᠰᠡᠨ ᠠᠭᠤᠤ ᠶᠡᠭᠡ ᠬᠤᠪᠢ ᠨᠡᠮᠡᠷᠢ ᠶᠢ ᠭᠦᠨᠵᠡᠭᠡᠶ ᠲᠠᠨᠢᠭᠤᠯᠵᠤ᠂ ᠭᠤᠶᠢᠪᠢᠰᠢ ᠥᠬᠡᠶ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠨᠠᠮ ᠤᠨ ᠠᠴᠢ ᠳᠤ ᠲᠠᠯᠠᠷᠬᠠᠬᠤ ᠪᠤᠯᠭᠠᠨ᠎ᠠ᠃ ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠤᠮᠳᠠ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠠ ᠬᠠᠤᠯᠢ ᠲᠣᠭᠲᠠᠭᠠᠯ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠶ ᠮᠡᠳᠡᠷᠡᠬᠦᠢ ᠶᠢ ᠨᠢ ᠲᠠᠰᠤᠷᠠᠯᠲᠠ ᠥᠬᠡᠶ ᠴᠢᠩᠭᠠᠳᠬᠠᠨ᠎ᠠ᠃      ︵ᠬᠤᠶᠠᠷ︶ ᠰᠢᠭᠢᠳᠬᠡᠯᠳᠦ ᠮᠠᠶ᠋ᠢᠭ ᠤᠨ ᠨᠡᠶᠢᠭᠡᠮ ᠤᠨ ᠪᠦᠲᠦᠴᠡ ᠪᠣᠯᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠴᠤᠬᠴᠠᠯᠠᠨ ᠪᠠᠶᠢᠭᠤᠯᠤᠨ᠎ᠠ      ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠳᠤ ᠠᠰᠢᠭᠲᠠᠢ ᠲᠠᠪᠴᠠᠩ ᠢ ᠪᠠᠶᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ︽ᠨᠡᠶᠢᠭᠡᠮ ᠲᠤᠭᠤᠷᠢᠭ ᠨᠢᠭᠡᠲᠡᠢ ᠠᠰᠠᠷ  ᠤᠨ  ᠣᠷᠣᠴᠠ ᠨᠢᠭᠡᠲᠡᠢ᠂ ᠰᠤᠷᠭᠠᠭᠤᠯᠢ ᠨᠢᠭᠡᠲᠡᠢ ᠠᠩᠭᠢ ᠨᠢᠭᠡᠲᠡᠢ᠂ ᠠᠵᠤ ᠠᠬᠤᠶᠢᠯᠠᠯ ᠨᠢᠭᠡᠲᠡᠢ ᠲᠤᠭᠤᠶᠢᠯᠠᠩ ᠨᠢᠭᠡᠲᠡᠢ ᠪᠠᠶᠢᠬᠤ︾ ᠶᠢ ᠳᠠᠮᠵᠢᠨ᠎ᠠ᠃ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠢᠶᠠᠷ ᠦᠨᠳᠦᠰᠦᠨ ᠠᠴᠢᠶᠠᠯᠠᠪᠤᠷᠢ ᠪᠣᠯᠭᠠᠵᠤ᠂ ᠨᠡᠶᠢᠭᠡᠮ ᠲᠣᠭᠤᠷᠢᠭ᠂ ᠰᠠᠭᠤᠭᠠᠯᠢ ᠠᠷᠠᠳ ᠤᠨ ᠲᠣᠭᠤᠷᠢᠭ᠂ ᠠᠰᠠᠷ ᠣᠷᠣᠴᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠳᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ︽ᠪᠢᠴᠢᠯ ᠠᠵᠢᠯᠯᠠᠭ᠎ᠠ︾ ᠶᠢ ᠶᠡᠭᠡ ᠪᠠᠷ ᠥᠷᠨᠢᠭᠦᠯᠦᠨ᠎ᠡ᠃ ᠰᠠᠭᠤᠷᠢᠰᠢᠯ ᠠᠮᠢᠳᠤᠷᠠᠯ᠂ ᠠᠵᠢᠯ ᠰᠤᠷᠤᠯᠴᠠᠯᠭ᠎ᠠ᠂ ᠰᠣᠶᠣᠯ ᠵᠤᠭ᠎ᠠ ᠴᠡᠩᠭᠡᠯ ᠵᠡᠷᠭᠡ ᠡᠳᠦᠷ ᠲᠤᠳᠤᠮ ᠤᠨ ᠠᠵᠢᠯ ᠠᠴᠠ ᠭᠠᠷᠳᠠᠵᠤ᠂ ᠦᠨᠳᠦᠰᠦᠲᠡᠨ ᠨᠦᠭᠦᠳ ᠤᠨ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠵᠤ ᠬᠠᠮᠲᠤ ᠪᠠᠷ ᠠᠵᠢᠯᠯᠠᠵᠤ ᠬᠠᠮᠲᠤ ᠪᠠᠷ ᠪᠠᠶᠠᠰᠤᠯᠴᠠᠬᠤ ᠨᠡᠶᠢᠭᠡᠮ ᠤᠨ ᠨᠥᠬᠦᠴᠡᠯ ᠢ ᠢᠳᠡᠪᠬᠢᠲᠡᠢ ᠪᠤᠢ ᠪᠣᠯᠭᠠᠨ᠎ᠠ᠃ ᠪᠠᠶᠠᠯᠢᠭ ᠰᠠᠶᠢᠬᠠᠨ ᠪᠦᠭᠡᠳ ᠦᠪᠡᠷᠮᠢᠴᠡ ᠣᠨᠴᠠᠯᠢᠭ ᠲᠠᠢ ᠣᠯᠠᠨ ᠲᠦᠮᠡᠨᠴᠢ ᠴᠢᠨᠠᠷᠲᠠᠶ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠭᠡᠨ  ᠢᠶᠠᠷ ᠥᠷᠨᠢᠭᠦᠯᠵᠦ᠂ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠴᠢᠷᠮᠠᠶᠢᠨ ᠬᠥᠭᠵᠢᠶᠡᠨᠲᠡᠶ ᠪᠤᠯᠭᠠᠨ᠎ᠠ᠃ ᠦᠨᠳᠦᠰᠦᠲᠡᠨ ᠨᠦᠭᠦᠳ ᠤᠨ ᠣᠯᠠᠨ ᠲᠦᠮᠡᠨ ᠢ ᠰᠤᠯᠢᠯᠴᠠᠭ᠎ᠠ ᠬᠦᠮᠦᠵᠢᠯ ᠬᠢᠬᠦ᠂ ᠨᠠᠶᠢᠷᠰᠠᠭ ᠰᠡᠳᠬᠢᠯᠭᠡ ᠲᠠᠢ ᠪᠠᠶᠢᠯᠭᠠᠬᠤ ᠠᠵᠢᠯ ᠢ ᠥᠷᠨᠢᠭᠦᠯᠵᠦ᠂ ᠰᠠᠯᠵᠤ ᠪᠣᠯᠤᠰᠢ ᠦᠭᠡᠢ ᠬᠠᠮᠲᠤ ᠶᠢᠨ ᠴᠣᠭᠴᠠ ᠶᠢ ᠪᠦᠷᠢᠯᠳᠦᠭᠦᠯᠦᠨ᠎ᠡ᠃      ︵ᠭᠤᠷᠪᠠ︶ ᠬᠤᠲᠠ ᠶᠢᠨ ᠨᠡᠭᠦᠳᠡᠯ ᠬᠥᠮᠦᠨ ᠠᠮᠠ ᠶᠢᠨ ᠦᠢᠯᠡᠴᠢᠯᠡᠭᠡ ᠪᠣᠯᠤᠨ ᠬᠠᠮᠢᠶᠠᠷᠤᠯᠲᠠ ᠶᠢ ᠴᠢᠩᠭᠠᠳᠬᠠᠨ᠎ᠠ      ᠬᠤᠲᠠ ᠶᠢᠨ ᠦᠨᠳᠦᠰᠦᠲᠡᠨ ᠤ ᠠᠵᠢᠯ ᠢᠶᠠᠷ ᠬᠦᠴᠦᠯᠡᠬᠦ ᠴᠡᠭ ᠪᠣᠯᠭᠠᠵᠤ᠂ ᠨᠢᠭᠡ ᠦᠷᠲᠡᠭᠡᠴᠢᠯᠡᠭᠰᠡᠨ ᠣᠯᠠᠨ ᠨᠡᠶᠢᠲᠡ ᠶᠢᠨ ᠦᠢᠯᠡᠴᠢᠯᠡᠭᠡᠨ ᠤ ᠲᠣᠬᠲᠠᠯᠴᠠᠭ᠎ᠠ ᠳᠤ ᠲᠦᠰᠢᠭᠯᠡᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠠᠳᠠᠯᠢ ᠲᠡᠭᠰᠢ᠂ ᠨᠠᠷᠢᠯᠢᠭ ᠤᠨᠤᠴᠠᠳᠠᠢ ᠣᠯᠠᠨ ᠨᠡᠶᠢᠲᠡ ᠶᠢᠨ ᠦᠢᠯᠡᠴᠢᠯᠡᠭᠡ ᠶᠢ ᠬᠠᠤᠯᠢ ᠶᠣᠰᠣᠭᠠᠷ ᠬᠠᠩᠭᠠᠨ᠎ᠠ᠃ ᠬᠤᠲᠠ ᠶᠢᠨ ᠨᠡᠭᠦᠳᠡᠯ ᠬᠥᠮᠦᠨ ᠠᠮᠠ ᠶᠢᠨ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠬᠢᠨᠠᠮᠠᠭᠠᠶ ᠰᠠᠶᠢᠲᠤᠷ ᠬᠢᠵᠦ᠂ ᠠᠵᠢᠯ ᠤᠯᠭᠤᠵᠤ ᠬᠠᠪᠰᠤᠷᠬᠤ᠂ ᠣᠷᠣᠨ ᠰᠠᠭᠤᠴᠠ ᠨᠠᠰᠤᠵᠢᠯ ᠤᠨ ᠠᠰᠠᠷᠠᠮᠵᠢ᠂ ᠦᠷ᠎ᠡ ᠬᠡᠦᠬᠡᠳ ᠤᠨ ᠬᠢᠨᠢ ᠰᠤᠷᠭᠠᠭᠤᠯᠢ ᠳᠤ ᠣᠷᠣᠬᠤ᠂ ᠬᠠᠤᠯᠢ ᠪᠠᠷ ᠡᠷᠬᠡ ᠪᠠᠨ ᠬᠠᠮᠠᠭᠠᠯᠠᠬᠤ ᠵᠡᠷᠭᠡ ᠲᠠᠯ᠎ᠠ ᠶᠢᠨ ᠦᠢᠯᠡᠴᠢᠯᠡᠭᠡ ᠶᠢ ᠢᠳᠡᠪᠬᠢᠲᠡᠶ ᠬᠠᠮᠵᠢᠨ ᠰᠠᠶᠢᠲᠤᠷ ᠬᠢᠨ᠎ᠡ᠃      ︵ᠳᠥᠷᠪᠡ︶ ᠦᠨᠳᠦᠰᠦᠲᠡᠨ ᠨᠦᠭᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠦᠨᠳᠦᠰᠦᠲᠡᠨ ᠤ ᠪᠦᠯᠬᠦᠮᠳᠡᠯ ᠢ ᠪᠠᠲᠤᠯᠠᠨ᠎ᠠ      ᠦᠨᠳᠦᠰᠦᠨ ᠬᠠᠤᠯᠢ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠶ ᠤᠬᠠᠭᠤᠯᠤᠨ ᠲᠤᠭᠤᠰᠢᠯᠠᠭᠤᠯᠵᠤ᠂ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠦᠲᠦᠯᠦᠨ ᠳᠠᠭᠠᠭᠤᠯᠵᠤ ᠪᠠᠶᠢᠭᠠᠳ ᠵᠠᠩ ᠳᠠᠳᠬᠠᠯ ᠢᠶᠠᠨ ᠬᠠᠷᠢᠯᠴᠠᠨ ᠬᠦᠨᠳᠦᠳᠬᠡᠬᠦ ᠪᠤᠯᠭᠠᠵᠤ᠂ ᠦᠨᠳᠦᠰᠦᠲᠡᠨ ᠨᠦᠭᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠠ᠃ ᠨᠡᠶᠢᠭᠡᠮ ᠲᠣᠭᠤᠷᠢᠭ ᠤᠨ ᠦᠨᠳᠦᠰᠦᠲᠡᠨ ᠤ ᠡᠯᠧᠮᠧᠨ᠋ᠲ ᠲᠤ ᠬᠤᠯᠪᠣᠭᠳᠠᠭᠰᠠᠨ ᠵᠥᠷᠢᠴᠡᠯ ᠵᠢᠭᠤᠷᠠᠯᠳᠤᠭᠠᠨ ᠤ ᠲᠦᠭᠰᠢᠭᠦᠷᠢ ᠬᠡᠮ ᠰᠣᠭᠤᠭ ᠢ ᠲᠠᠷᠠᠭᠠᠯᠠᠨ ᠪᠠᠶᠢᠴᠠᠭᠠᠵᠤ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠡᠶᠢᠭᠡᠮ ᠲᠣᠭᠤᠷᠢᠭ ᠤᠨ ᠰᠦᠯᠵᠢᠶᠡᠨ ᠤ ᠲᠤᠰᠬᠠᠢ ᠠᠵᠢᠯᠲᠠᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠲᠡᠨ ᠤ ᠡᠯᠧᠮᠧᠨ᠋ᠲ ᠲᠤ ᠬᠤᠯᠪᠣᠭᠳᠠᠭᠰᠠᠨ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠬᠦ ᠪᠠ ᠰᠢᠢᠳᠪᠦᠷᠢᠯᠡᠭᠦ ᠠᠵᠢᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠰᠠᠭᠤᠳᠠᠯ ᠢ ᠨᠡᠶᠢᠭᠡᠮ ᠲᠣᠭᠤᠷᠢᠭ ᠲᠤ ᠰᠢᠢᠳᠪᠦᠷᠢᠯᠡᠭᠦ᠂ ᠲᠤᠬᠠᠶ ᠶᠢᠨ ᠭᠠᠵᠠᠷ ᠲᠤ ᠨᠢ ᠰᠢᠢᠳᠪᠦᠷᠢᠯᠡᠬᠦ᠂ ᠴᠤᠬᠤᠶᠢᠵᠤ ᠪᠠᠶᠢᠬᠤ ᠳᠤ ᠨᠢ ᠰᠢᠢᠳᠪᠦᠷᠢᠯᠡᠬᠦ ᠪᠠᠷ ᠴᠢᠷᠮᠠᠶᠢᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠦᠨᠳᠦᠰᠦ ᠰᠠᠭᠤᠷᠢ ᠶᠢ ᠪᠠᠬᠢᠵᠢᠭᠦᠯᠦᠨ᠎ᠡ᠃      ︵ᠲᠠᠪᠤ︶ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠨᠡᠶᠢᠭᠡᠮ ᠲᠣᠭᠤᠷᠢᠭ  ᠲᠤ ᠤᠷᠤᠭᠤᠯᠬᠤ + ᠨᠠᠮ ᠤᠨ ᠪᠠᠶᠢᠭᠤᠯᠤᠯᠲᠠ︾ ᠶᠢᠨ ᠠᠵᠢᠯᠯᠠᠭ᠎ᠠ ᠶᠢ ᠥᠷᠨᠢᠭᠦᠯᠦᠨ᠎ᠡ      ︽ᠳᠤᠮᠳᠠᠳᠤ ᠶᠢᠨ ᠦᠨᠳᠦᠰᠦᠲᠡᠨ ᠨᠢᠭᠡ ᠬᠡᠷ ᠪᠦᠯᠢ ᠶᠢᠨ ᠬᠢᠨ ᠮᠡᠲᠦ ᠳᠣᠲᠣᠨᠣ ᠪᠠᠶᠢᠬᠤ︾᠂ ︽ᠨᠠᠮ ᠤᠨ ᠰᠦᠯᠳᠡ ᠶᠢᠨ ᠲᠤᠶᠠᠭᠠᠨ ᠳᠤ ᠠᠨᠠᠷ ᠤᠯᠠᠶᠢᠨ᠎ᠠ︾ ᠵᠡᠷᠭᠡ ᠨᠠᠮ ᠤᠨ ᠪᠠᠶᠢᠭᠤᠯᠤᠯᠲᠠ ᠶᠢᠨ ᠬᠤᠯᠪᠣᠭᠠᠲᠤ ᠴᠣᠭᠴᠠ ᠶᠢᠨ ᠲᠥᠷᠥᠯ ᠲᠡᠮᠳᠡᠭ ᠢ ᠡᠭᠦᠳᠴᠦ᠂ ᠠᠳᠠᠯᠢ ᠪᠤᠰᠤ ᠬᠦᠷᠢᠶᠡᠨ ᠤ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠳ ᠢ ᠬᠤᠯᠪᠤᠭᠠᠯᠠᠭᠤᠯᠵᠤ᠂ ︽ᠭᠤᠷᠪᠠᠨ ᠬᠤᠷᠠᠯ ᠨᠢᠭᠡ ᠬᠢᠴᠢᠶᠡᠯ︾᠂ ᠭᠤᠤᠯ ᠰᠡᠳᠦᠪᠲᠦ ᠨᠠᠮ ᠤᠨ ᠡᠳᠦᠷ ᠵᠡᠷᠭᠡ ᠠᠵᠢᠯᠯᠠᠭ᠎ᠠ ᠶᠢ ᠦᠷᠨᠢᠭᠦᠯᠬᠦ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠬᠥᠮᠦᠵᠢᠯ ᠢ ᠨᠠᠮ ᠤᠨ ᠪᠠᠶᠢᠭᠤᠯᠤᠯᠲᠠ ᠶᠢᠨ ᠡᠯ᠎ᠡ ᠲᠠᠯ᠎ᠠ ᠳᠤ ᠠᠭᠤᠰᠤᠯᠴᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠥᠷᠥ ᠶᠢᠨ ᠳᠠᠪᠠᠭᠤᠯᠢᠭ ᠢ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠪᠤᠯᠤᠨ ᠡᠭᠦᠳᠦᠨ ᠪᠠᠶᠢᠭᠤᠯᠬᠤ ᠠᠵᠢᠯ ᠤᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃      ︵ᠵᠢᠷᠭᠤᠭ᠎ᠠ︶ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢ ᠢᠳᠡᠪᠬᠢᠲᠡᠶ ᠴᠢᠷᠮᠠᠶᠢᠨ ᠡᠭᠦᠳᠦᠨ᠎ᠠ      ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ ᠢ ᠴᠢᠷᠮᠠᠶᠢᠨ ᠡᠭᠦᠳᠬᠦ ᠶᠢ ᠵᠣᠷᠢᠭᠵᠢᠭᠤᠯᠤᠨ ᠳᠡᠮᠵᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠲᠠᠯ᠎ᠠ ᠪᠠᠷ ᠵᠢᠱᠢᠶ᠎ᠡ ᠦᠵᠡᠭᠦᠯᠵᠦ ᠬᠥᠲᠥᠯᠥᠨ ᠵᠢᠯᠣᠭᠤᠳᠬᠤ ᠦᠢᠯᠡᠳᠦᠯ ᠲᠠᠢ ᠨᠡᠶᠢᠲᠡᠯᠢᠭ ᠨᠡᠶᠢᠭᠡᠮ ᠲᠣᠭᠤᠷᠢᠭ ᠢ ᠰᠡᠳᠬᠢᠯ ᠲᠠᠯᠪᠢᠨ ᠰᠤᠩᠭᠤᠨ ᠭᠠᠷᠭᠠᠵᠤ᠂ ᠳᠡᠯᠭᠡᠷᠡᠭᠦᠯᠦᠨ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯ ᠤᠨ ᠰᠢᠨ᠎ᠡ ᠶᠢ ᠡᠭᠦᠳᠦᠨ ᠥᠷᠨᠢᠭᠦᠯᠬᠦ ᠶᠢ ᠠᠬᠢᠭᠤᠯᠤᠨ᠎ᠠ᠃      ︵ᠳᠣᠯᠤᠭ᠎ᠠ︶ ᠨᠡᠶᠢᠭᠡᠮ ᠲᠣᠭᠤᠷᠢᠭ ᠤᠨ ᠺᠠᠳ᠋ᠷᠴᠤᠳ᠂ ᠨᠡᠶᠢᠭᠡᠮ ᠲᠣᠭᠤᠷᠢᠭ ᠤᠨ ᠰᠠᠶᠢᠨ ᠲᠤᠷᠠᠴᠤᠳ ᠪᠣᠯᠤᠨ ᠨᠡᠶᠢᠭᠡᠮ ᠤᠨ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ      ᠨᠡᠶᠢᠭᠡᠮ ᠲᠣᠭᠤᠷᠢᠭ ᠤᠨ ᠺᠠᠳ᠋ᠷᠴᠤᠳ᠂ ᠰᠠᠶᠢᠨ ᠲᠤᠷᠠᠴᠤᠳ ᠢ ᠪᠤᠯᠪᠠᠰᠤᠷᠠᠭᠤᠯᠬᠤ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠳᠤᠮᠳᠠᠬᠢ ᠨᠡᠶᠢᠭᠡᠮ ᠲᠣᠭᠤᠷᠢᠭ ᠤᠨ ᠺᠠᠳ᠋ᠷᠴᠤᠳ᠂ ᠰᠠᠶᠢᠨ ᠲᠤᠷᠠᠴᠤᠳ ᠤᠨ ᠴᠢᠬᠤᠯᠠ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠠᠵᠢᠯ ᠲᠠᠢ ᠨᠢᠭᠲᠠ ᠤᠶᠠᠯᠳᠤᠭᠤᠯᠵᠤ᠂ ᠨᠡᠶᠢᠭᠡᠮ ᠲᠣᠭᠤᠷᠢᠭ ᠤᠨ ᠦᠨᠳᠦᠰᠦᠲᠡᠨ ᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ᠣᠯᠠᠨ ᠲᠦᠮᠡᠨ ᠤ ᠭᠤᠤᠯ ᠴᠣᠭᠴᠠ ᠶᠢᠨ ᠪᠠᠶᠢᠷᠢ ᠰᠠᠭᠤᠷᠢ ᠶᠢ ᠪᠠᠳᠠᠷᠠᠭᠤᠯᠬᠤ ᠶᠢ ᠴᠢᠬᠤᠯᠠᠴᠢᠯᠠᠵᠤ᠂ ᠡᠯ᠎ᠡ ᠲᠥᠷᠥᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠦᠨᠳᠦᠰᠦᠨ ᠱᠠᠲᠤᠨ ᠤ ᠨᠡᠶᠢᠭᠡᠮ ᠤᠨ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠲᠥᠷᠥᠯ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠲᠣᠰ ᠲᠣᠰ ᠤᠨ ᠬᠢᠨᠢ ᠳᠠᠪᠠᠭᠤᠯᠢᠭ ᠢᠶᠠᠨ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢ ᠭᠦᠨᠵᠡᠭᠡᠶ ᠦᠷᠨᠢᠭᠦᠯᠬᠦ ᠶᠢ ᠵᠤᠷᠢᠬᠵᠢᠭᠤᠯᠵᠤ᠂ ᠨᠡᠶᠢᠭᠡᠮ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠰᠠᠶᠢᠲᠤᠷ ᠬᠢᠬᠦ ᠬᠠᠮᠳᠤᠷᠠᠯ ᠤᠨ ᠬᠦᠴᠦᠨ ᠢ ᠪᠦᠷᠢᠯᠳᠦᠭᠦᠯᠦᠨ᠎ᠡ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ