ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠬᠦᠷᠬᠡᠯᠡᠨ᠎ᠡ
ᠨᠡᠶᠢᠲᠡᠯᠡᠭᠰᠡᠨ ᠴᠠᠭ᠄
2022/1/7
      — ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠢᠶᠦ᠋ᠨ ᠢ ᠰᠤᠷᠪᠤᠯᠵᠢᠯᠠᠭᠰᠠᠨ ᠨᠢ               ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠵᠢᠶᠦ᠋ᠨ ᠢ ᠰᠤᠷᠪᠤᠯᠵᠢᠯᠠᠪᠠ᠃      ᠸᠠᠩ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠤᠨ ᠨᠢᠭᠡᠨ ᠢᠯᠡ ᠲᠣᠳᠣ ᠣᠨᠴᠠᠯᠢᠭ ᠭᠡᠪᠡᠯ᠂ ᠨᠠᠮ ᠤᠨ ᠦᠨᠳᠦᠰᠦᠲᠡᠨ ᠤ ᠠᠵᠢᠯ ᠢ ᠲᠤᠪᠤᠶᠢᠮ᠎ᠠ ᠪᠠᠶᠢᠷᠢ ᠪᠤᠯᠤᠨ ᠪᠦᠬᠦ ᠲᠠᠯ᠎ᠠ ᠶᠢᠨ ᠦᠨᠳᠦᠷᠴᠡ ᠳᠤ ᠲᠠᠯᠪᠢᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠶᠢ ᠴᠥᠬᠦᠷᠡᠰᠢ ᠦᠭᠡᠢ ᠪᠠᠷᠢᠮᠲᠠᠯᠠᠬᠤ ᠶᠢ ᠶᠡᠭᠡ ᠬᠤᠷᠠᠯ ᠤᠨ ᠭᠤᠣᠯ ᠰᠡᠳᠦᠪ ᠲᠤ ᠪᠢᠴᠢᠨ ᠤᠷᠤᠭᠤᠯᠵᠤ᠂ ᠥᠩᠭᠡᠷᠡᠭᠰᠡᠨ ᠲᠠᠪᠤᠨ ᠵᠢᠯ ᠤᠨ ᠠᠵᠢᠯ ᠢ ᠡᠷᠭᠢᠴᠡᠭᠦᠯᠬᠦ ᠳᠤ ᠪᠠᠨ ᠦᠨᠳᠦᠰᠦᠲᠡᠨ ᠤ ᠠᠵᠢᠯ ᠢ ᠪᠤᠰᠤᠳᠴᠢ ᠪᠠᠷ ᠣᠨᠣᠪᠴᠢᠲᠠᠶ᠂ ᠪᠦᠬᠦ ᠲᠠᠯ᠎ᠠ ᠪᠠᠷ ᠳ᠋ᠦᠩᠨᠡᠵᠡᠢ᠂ ᠬᠤᠶᠢᠰᠢᠳᠠ ᠶᠢᠨ ᠲᠠᠪᠤᠨ ᠵᠢᠯ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠬᠤ ᠳᠤ ᠪᠠᠨ ᠦᠨᠳᠦᠰᠦᠲᠡᠨ ᠤ ᠠᠵᠢᠯ ᠢ ᠲᠤᠰᠬᠠᠶ ᠰᠡᠳᠦᠪ ᠢᠶᠠᠷ ᠥᠭᠦᠯᠡᠵᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠨᠢ ᠡᠬᠡ ᠤᠯᠤᠰ ᠤᠨ ᠨᠢᠭᠡᠳᠦᠯ ᠪᠠ ᠬᠢᠯᠢ ᠬᠢᠵᠠᠭᠠᠷ ᠤᠨ ᠪᠠᠬᠢᠵᠢᠯ ᠲᠠᠢ ᠬᠤᠯᠪᠣᠭᠳᠠᠬᠤ᠂ ᠦᠨᠳᠦᠰᠦᠲᠡᠨ ᠤ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠪᠠᠶᠢᠳᠠᠯ ᠲᠠᠢ ᠬᠤᠯᠪᠣᠭᠳᠠᠬᠤ᠂ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠲᠠᠢ ᠬᠤᠯᠪᠣᠭᠳᠠᠬᠤ ᠪᠣᠯᠣᠨ᠎ᠠ ᠬᠡᠵᠦ ᠴᠢᠬᠤᠯᠠᠴᠢᠯᠠᠪᠠ᠃ ᠲᠡᠷᠡᠴᠢᠯᠡᠨ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ ᠶᠢ ᠪᠠᠲᠤ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠢ ᠪᠠᠳᠤᠳᠬᠠᠬᠤ ᠪᠠᠷ ᠭᠤᠣᠯ ᠰᠢᠵᠢᠮ ᠪᠣᠯᠭᠠᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢ ᠪᠠᠷᠢᠮᠳᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ᠂ ᠦᠨᠳᠦᠰᠦᠲᠡᠨ ᠨᠦᠭᠦᠳ ᠤᠨ ᠬᠠᠮᠲᠤ ᠪᠠᠷ ᠨᠡᠶᠢᠭᠡᠮ ᠵᠢᠷᠤᠮᠲᠤ ᠣᠳᠣᠬᠢᠴᠢᠯᠠᠯᠲᠠ ᠲᠡᠶᠢᠰᠢ ᠤᠷᠤᠭᠰᠢᠯᠠᠬᠤ ᠶᠢ ᠠᠬᠢᠭᠤᠯᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ᠦᠨᠳᠦᠰᠦᠲᠡᠨ  ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠡᠮᠦᠨ᠎ᠡ  ᠨᠢ ᠬᠤᠰᠢᠭᠤᠷᠠᠨ ᠦᠯᠢᠭᠡᠷ ᠳᠠᠭᠤᠷᠢᠶᠠᠯ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠳᠤᠷᠠᠳᠪᠠ᠃       ᠸᠠᠩ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠦᠨᠳᠦᠰᠦᠲᠡᠨ ᠤ ᠠᠵᠢᠯ ᠢ ᠤᠷᠢᠳ ᠡᠮᠦᠨ᠎ᠡ ᠪᠠᠶᠢᠭ᠎ᠠ ᠦᠭᠡᠢ ᠪᠠᠶᠢᠯᠳᠤᠬᠤ ᠪᠤᠳᠤᠯᠭ᠎ᠠ ᠪᠠ ᠪᠦᠬᠦ ᠲᠠᠯ᠎ᠠ ᠶᠢᠨ ᠦᠨᠳᠦᠷᠴᠡ ᠳᠤ ᠬᠦᠷᠭᠡᠭᠰᠡᠨ ᠨᠢ ᠦᠨᠳᠦᠰᠦᠲᠡᠨ ᠤ ᠠᠵᠢᠯ ᠤᠨ ᠮᠠᠨ ᠤ ᠣᠷᠣᠨ ᠤ ᠠᠵᠢᠯ ᠤᠨ ᠶᠡᠭᠡ ᠲᠠᠯ᠎ᠠ ᠳᠤ ᠬᠢ ᠣᠨᠴᠠ ᠴᠢᠬᠤᠯᠠ ᠴᠢᠨᠠᠷ ᠢ ᠭᠦᠢᠴᠡᠳ ᠬᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠢᠯᠡ ᠲᠣᠳᠣ ᠣᠪᠣᠷ ᠪᠠ ᠡᠷᠡᠰ ᠪᠠᠲᠤ ᠵᠣᠷᠢᠭ ᠢ ᠪᠦᠷᠢᠮᠦᠰᠦᠨ ᠬᠠᠷᠠᠭᠤᠯᠤᠭᠰᠠᠨ ᠠᠴᠠ ᠪᠦᠬᠦ ᠣᠷᠣᠨ ᠤ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ ᠲᠤᠶᠢᠯ ᠢᠶᠠᠷ ᠤᠷᠮᠠᠰᠢᠨ ᠵᠣᠷᠢᠭᠵᠢᠵᠤ᠂ ᠮᠠᠰᠢ ᠶᠡᠭᠡ ᠵᠣᠷᠢᠭᠵᠢᠭᠤᠯᠤᠯ ᠣᠯᠵᠤ᠂ ᠡᠭᠦᠷᠭᠡ ᠢᠷᠠᠭᠤ ᠠᠯᠳᠠᠷᠲᠠᠢ᠂ ᠬᠠᠷᠢᠭᠤᠴᠠᠯᠭ᠎ᠠ ᠬᠦᠨᠳᠦ ᠶᠡᠭᠡ ᠭᠡᠳᠡᠭ ᠢ ᠭᠦᠨᠵᠡᠭᠡᠢ ᠮᠡᠳᠡᠷᠡᠵᠦ ᠪᠠᠶᠢᠨ᠎ᠠ᠃ ᠪᠢᠳᠡ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ  ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠲᠤᠤᠷ᠎ᠠ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠤᠯᠭᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠳᠤᠳᠬᠠᠬᠤ ᠶᠢ ᠦᠨᠳᠦᠰᠦᠲᠡᠨ ᠤ ᠵᠥᠪᠯᠡᠯ ᠤᠨ ᠠᠵᠢᠯ ᠤᠨ ᠪᠦᠬᠦ ᠶᠠᠪᠤᠴᠠ ᠡᠯ᠎ᠡ ᠲᠠᠯ᠎ᠠ ᠳᠤ ᠦᠨᠡᠨ ᠬᠦ ᠲᠤᠭᠤᠰᠢᠯᠠᠭᠤᠯᠵᠤ᠂ ᠡᠯ᠎ᠡ ᠵᠦᠶᠯ ᠤᠨ ᠠᠵᠢᠯ ᠢ ᠴᠥᠮ ᠡᠭᠦᠨ ᠳᠡᠭᠡᠷ᠎ᠡ ᠬᠦᠴᠦᠯᠡᠨ ᠲᠥᠪᠯᠡᠷᠡᠭᠦᠯᠵᠦ᠂ ᠲᠤᠰᠢᠶᠠᠯ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠬᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠵᠤ᠂ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠬᠦᠯᠵᠦ᠂ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ᠰᠢᠨ᠎ᠡ ᠬᠤᠪᠢ ᠨᠡᠮᠡᠷᠢ ᠶᠢ ᠦᠵᠡᠬᠦᠯᠦᠨ᠎ᠡ ᠬᠡᠵᠤ ᠢᠯᠡᠷᠬᠡᠶᠢᠯᠡᠪᠡ᠃      ᠨᠢᠭᠡ ᠳᠤ ᠬᠠᠷᠠᠯᠲᠠ ᠡᠭᠦᠷᠭᠡ ᠶᠢ ᠠᠬᠢᠭᠤᠯᠬᠤ ᠳᠡᠭᠡᠷ᠎ᠡ ᠬᠦᠴᠦᠨ ᠢᠶᠠᠨ ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠡᠯ᠎ᠡ ᠲᠥᠷᠥᠯ ᠤᠨ ᠭᠤᠣᠯᠳᠠᠯᠭ᠎ᠠ ᠲᠠᠢ ᠡᠭᠦᠷᠭᠡ ᠶᠢ ᠠᠳᠬᠤᠨ ᠨᠠᠶᠢᠳᠠᠪᠤᠷᠢᠵᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ  ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠡᠨᠡ ᠬᠦ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ︽ᠬᠥᠲᠥᠯᠪᠦᠷᠢ︾ ᠶᠢ ᠭᠦᠨᠵᠡᠭᠡᠢ ᠲᠠᠨᠢᠵᠤ᠂ ᠪᠤᠢ ᠪᠦᠬᠦᠢ ᠠᠵᠢᠯ ᠢ ᠡᠭᠦᠨ ᠳᠡᠭᠡᠷ᠎ᠡ ᠲᠥᠪᠯᠡᠷᠡᠭᠦᠯᠵᠦ ᠬᠦᠴᠦᠨ ᠢᠶᠠᠨ ᠨᠢᠭᠲᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ᠂ ᠦᠨᠳᠦᠰᠦᠲᠡᠨ ᠨᠦᠭᠦᠳ ᠤᠨ ᠬᠠᠮᠲᠤ ᠪᠠᠷ ᠨᠡᠶᠢᠭᠡᠮ ᠵᠢᠷᠤᠮᠲᠤ ᠣᠳᠣᠬᠢᠴᠢᠯᠠᠯᠲᠠ ᠲᠡᠶᠢᠰᠢ ᠤᠷᠤᠭᠰᠢᠯᠠᠬᠤ  ᠶᠢ ᠠᠬᠢᠭᠤᠯᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠦᠨᠳᠦᠰᠦᠲᠡᠨ ᠤ ᠬᠦᠷᠢᠶᠡᠨ ᠴᠠᠷᠠᠭᠠᠨ ᠳᠤ ᠬᠢ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠨ ᠠᠷᠢᠯᠭᠠᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢᠨ ᠲᠠᠯ᠎ᠠ ᠪᠠᠷ ᠡᠮᠦᠨ᠎ᠡ ᠨᠢ ᠬᠤᠰᠢᠭᠤᠷᠠᠨ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠨ᠎ᠠ᠃       ᠬᠤᠶᠠᠷ ᠲᠤ ᠠᠵᠢᠯ ᠤᠨ ᠠᠷᠭ᠎ᠠ ᠬᠡᠯᠪᠡᠷᠢ ᠶᠢ ᠴᠢᠩᠭᠠᠳᠬᠠᠬᠤ ᠳᠡᠭᠡᠷ᠎ᠡ ᠠᠩᠬᠠᠷᠤᠯ ᠢᠶᠠᠨ ᠬᠦᠴᠦᠯᠡᠨ ᠲᠥᠪᠯᠡᠷᠡᠭᠦᠯᠵᠦ᠂ ᠲᠥᠪ ᠤᠨ ᠦᠨᠳᠦᠰᠦᠲᠡᠨ ᠤ ᠠᠵᠢᠯ  ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠥᠷᠥᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠬᠤ ᠶᠢ ᠠᠳᠬᠤᠨ᠎ᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠨᠢ ᠦᠨᠳᠦᠰᠦᠲᠡᠨ ᠤ ᠠᠵᠢᠯ ᠤᠨ ᠭᠤᠣᠯ ᠬᠠᠷᠢᠭᠤᠴᠠᠯᠭᠠᠲᠤ ᠰᠠᠯᠠᠭ᠎ᠠ ᠮᠥᠴᠢᠷ ᠲᠤᠯᠠ ᠡᠬᠡ ᠤᠯᠤᠰ ᠤᠨ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠶᠢ ᠡᠷᠡᠰ ᠡᠬᠦᠷᠬᠡᠯᠡᠵᠦ᠂ ᠰᠠᠨᠠᠭᠠᠴᠢᠯᠠᠭ᠎ᠠ ᠠᠴᠠ ᠪᠠᠨ ︽ᠡᠭᠦᠷᠭᠡ ᠴᠢᠳᠠᠪᠤᠷᠢ ᠪᠠᠨ ᠬᠤᠪᠢᠷᠠᠭᠤᠯᠵᠤ᠂ ᠠᠷᠭ᠎ᠠ ᠬᠡᠯᠪᠡᠷᠢ ᠪᠠᠨ ᠬᠤᠪᠢᠷᠠᠭᠤᠯᠵᠤ᠂ ᠰᠤᠷᠲᠠᠯ ᠢᠶᠠᠨ ᠬᠤᠪᠢᠷᠠᠭᠤᠯᠵᠤ︾᠂ ᠪᠦᠬᠦ ᠣᠷᠣᠨ ᠤ ᠦᠨᠳᠦᠰᠦᠲᠡᠨ ᠤ ᠵᠥᠪᠯᠡᠯ ᠤᠨ ᠰᠢᠰᠲ᠋ᠧᠮ ᠳᠤ  ︽ᠶᠡᠭᠡ ᠰᠤᠷᠪᠤᠯᠵᠢᠯᠠᠭ᠎ᠠ᠂ ᠶᠡᠭᠡ ᠪᠠᠶᠢᠴᠠᠭᠠᠨ ᠰᠤᠳᠤᠯᠤᠯᠳᠠ ᠬᠢᠬᠦ᠂ ᠲᠥᠷᠥ  ᠶᠢᠨ ᠪᠣᠳᠣᠯᠭ᠎ᠠ ᠬᠦᠷᠭᠡᠬᠦ᠂ ᠬᠠᠶᠢᠷ᠎ᠠ ᠬᠠᠯᠠᠮᠵᠢ ᠬᠦᠷᠭᠡᠬᠦ᠂ ᠪᠦᠯᠬᠦᠮᠳᠡᠯ ᠢ ᠠᠬᠢᠭᠤᠯᠬᠤ᠂ ᠬᠥᠭᠵᠢᠯᠲᠡ ᠶᠢ ᠠᠬᠢᠭᠤᠯᠬᠤ︾ ᠲᠤᠰᠬᠠᠶ ᠠᠵᠢᠯᠯᠠᠭ᠎ᠠ ᠶᠢ ᠳᠡᠯᠭᠡᠷᠡᠩᠭᠦᠢ ᠬᠦᠨᠵᠡᠬᠡᠢ ᠦᠷᠨᠢᠬᠦᠯᠵᠦ᠂ ᠪᠠᠶᠢᠭᠤᠯᠭ᠎ᠠ ᠠᠴᠠ ᠭᠠᠷᠴᠤ᠂ ᠦᠨᠳᠦᠰᠦᠨ ᠱᠠᠲᠤᠨ ᠳᠤ ᠬᠦᠨᠵᠡᠬᠡᠶᠢᠷᠡᠵᠦ᠂ ᠤᠯᠡᠠ ᠲᠦᠮᠡᠨ ᠲᠠᠢ ᠤᠶᠢᠷᠠᠳᠴᠤ᠂ ᠦᠨᠡᠨ ᠦᠭᠡ ᠰᠤᠨᠤᠰᠴᠤ᠂ ᠪᠣᠳᠠᠲᠤ ᠪᠠᠶᠢᠳᠠᠯ ᠢ ᠤᠶᠢᠯᠠᠭᠠᠵᠤ᠂ ᠪᠣᠳᠠᠲᠠᠶ ᠠᠵᠢᠯ ᠬᠢᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠲᠤᠬᠠᠶ ᠰᠠᠨᠠᠯ ᠰᠠᠨᠠᠭᠤᠯᠭ᠎ᠠ ᠶᠢ ᠨᠢ ᠰᠤᠨᠤᠰᠴᠤ᠂ ᠤᠶᠤᠨ ᠴᠢᠳᠠᠯ ᠢᠶᠠᠨ ᠲᠥᠪᠯᠡᠷᠡᠭᠦᠯᠦᠨ ᠤᠯᠠᠨ ᠲᠦᠮᠡᠨ ᠤ ᠲᠤᠯᠭᠠᠮᠳᠠᠵᠤ ᠬᠦᠴᠢᠷᠳᠡᠵᠦ ᠵᠤᠪᠠᠨᠢᠵᠤ ᠬᠦᠰᠡᠮᠵᠢᠯᠡᠵᠦ ᠪᠠᠶᠢᠭ᠎ᠠ ᠨᠢᠭᠡ ᠪᠦᠯᠦᠭ ᠪᠣᠳᠠᠲᠤ ᠶᠠᠪᠤᠳᠠᠯ ᠢ ᠨᠢ ᠰᠢᠢᠳᠪᠦᠷᠢᠯᠡᠨ᠎ᠡ᠃ ᠵᠣᠬᠢᠶᠠᠨ ᠪᠠᠶᠢᠭᠤᠯᠤᠯᠲᠠ ᠲᠠᠢ᠂ ᠲᠥᠰᠦᠯ ᠲᠠᠢ᠂ ᠨᠠᠷᠢᠨ ᠲᠠᠩᠰᠠ ᠲᠠᠢ᠂ ᠲᠤᠰᠬᠠᠶ ᠪᠦᠯᠬᠦᠮ ᠲᠠᠢ᠂ ᠱᠠᠭᠠᠷᠳᠠᠯᠭ᠎ᠠ ᠵᠢᠯᠣᠭᠤᠳᠣᠯᠭ᠎ᠠ ᠲᠠᠢ᠂ ᠰᠢᠯᠭᠠᠨ ᠬᠤᠷᠢᠶᠠᠯᠲᠠ ᠲᠠᠢ᠂ ᠦᠷ᠎ᠡ  ᠪᠦᠲᠦᠮᠵᠢ ᠲᠠᠢ᠂ ᠳ᠋ᠦᠩᠨᠡᠯᠲᠡ ᠲᠠᠢ᠂ ᠰᠠᠨᠠᠭᠤᠯᠭ᠎ᠠ ᠲᠠᠢ᠂ ᠳᠡᠯᠭᠡᠷᠡᠭᠦᠯᠦᠯᠲᠡ ᠲᠠᠢ ︽ᠠᠷᠪᠠ ᠪᠠᠶᠢᠬᠤ︾ ᠠᠵᠢᠯ ᠤᠨ ᠵᠠᠭᠪᠤᠷ ᠶᠣᠰᠣᠭᠠᠷ᠂ ᠦᠨᠳᠦᠰᠦᠲᠡᠨ ᠤ ᠠᠵᠢᠯ ᠤᠨ ᠭᠤᠤᠯᠳᠠᠯᠭ᠎ᠠ  ᠲᠠᠢ ᠡᠭᠦᠷᠭᠡ ᠶᠢ ᠠᠬᠢᠭᠤᠯᠤᠨ ᠨᠠᠶᠢᠳᠠᠪᠤᠷᠢᠵᠢᠭᠤᠯᠬᠤ ᠲᠥᠰᠦᠯ ᠢ ᠲᠣᠭᠲᠠᠭᠠᠵᠤ᠂ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠬᠠᠷᠢᠭᠤᠴᠠᠯᠭ᠎ᠠ  ᠶᠢ ᠪᠣᠳᠠᠲᠠᠶᠢᠵᠢᠭᠤᠯᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ᠃      ᠭᠤᠷᠪᠠ ᠳᠤ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠳᠡᠭᠡᠷ᠎ᠡ ᠬᠦᠴᠦᠨ ᠢᠶᠠᠨ ᠲᠥᠪᠯᠡᠷᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠲᠣᠭᠲᠠᠴᠠ ᠶᠢ ᠪᠦᠷᠢᠨᠰᠢᠬᠦᠯᠤᠨ ᠲᠡᠭᠦᠯᠳᠡᠷᠵᠢᠭᠦᠯᠬᠦ ᠶᠢ ᠠᠳᠬᠤᠨ ᠨᠠᠶᠢᠳᠠᠪᠤᠷᠢᠵᠢᠭᠤᠯᠤᠨ᠎ᠠ᠃ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠰᠢᠨ᠎ᠡ ᠪᠠᠶᠢᠷᠢᠰᠢᠯ ᠰᠢᠨ᠎ᠡ ᠲᠣᠭᠲᠠᠴᠠ ᠶᠢ ᠪᠦᠷᠢᠯᠳᠦᠭᠦᠯᠬᠦ ᠶᠢ ᠠᠬᠢᠭᠤᠯᠵᠤ᠂ ᠦᠨᠳᠦᠰᠦᠲᠡᠨ ᠤ ᠵᠥᠪᠯᠡᠯ ᠤᠨ ᠬᠡᠰᠢᠭᠦᠨ ᠨᠢᠭᠡᠴᠢ ᠶᠢᠨ ᠠᠵᠢᠯ ᠤᠨ ᠲᠣᠭᠲᠠᠴᠠ᠂ ᠨᠠᠮ ᠤᠨ ᠦᠨᠳᠦᠰᠦᠲᠡᠨ ᠤ ᠠᠵᠢᠯ ᠤᠨ ᠬᠢᠨᠠᠨ ᠰᠢᠯᠭᠠᠵᠤ ᠦᠨᠡᠯᠡᠬᠦ ᠲᠣᠭᠲᠠᠴᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠦᠨᠡᠯᠡᠨ ᠵᠢᠱᠢᠵᠦ ᠮᠠᠭᠠᠳᠯᠠᠨ ᠲᠣᠭᠲᠠᠭᠠᠬᠤ ᠲᠣᠭᠲᠠᠴᠠ᠂ ᠦᠨᠳᠦᠰᠦᠲᠡᠨ ᠤ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠳᠠ ᠲᠠᠯᠪᠢᠵᠤ ᠪᠠᠶᠢᠴᠠᠭᠠᠬᠤ ᠲᠣᠭᠲᠠᠴᠠ᠂ ᠦᠨᠳᠦᠰᠦᠲᠡᠨ ᠤ ᠬᠦᠷᠢᠶ᠎ᠡ ᠴᠠᠷᠠᠭᠠᠨ ᠳᠤ ᠬᠢ ᠲᠦᠭᠰᠢᠭᠦᠷᠢ ᠭᠡᠮ ᠰᠣᠭᠤᠭ ᠢ ᠰᠤᠳᠤᠯᠤᠨ ᠮᠠᠭᠠᠳᠯᠠᠵᠤ ᠰᠢᠢᠳᠪᠦᠷᠢᠯᠡᠬᠦ ᠲᠣᠭᠲᠠᠴᠠ ᠵᠡᠷᠭᠡ ᠨᠠᠮ ᠤᠨ ᠦᠨᠳᠦᠰᠦᠲᠡᠨ ᠤ ᠠᠵᠢᠯ ᠤᠨ ᠡᠯ᠎ᠡ ᠲᠥᠷᠥᠯ ᠤᠨ ᠪᠠᠲᠤᠯᠠᠭ᠎ᠠ ᠶᠢᠨ ᠲᠣᠭᠲᠠᠴᠠ ᠶᠢ ᠬᠦᠴᠦ ᠲᠠᠯᠪᠢᠨ ᠪᠠᠶᠢᠭᠤᠯᠤᠨ ᠪᠦᠷᠢᠨᠰᠢᠬᠦᠯᠦᠨ᠎ᠡ᠃ ᠨᠠᠶᠢᠳᠠᠪᠤᠷᠢᠵᠢᠭᠤᠯᠤᠯᠲᠠ ᠶᠢ ᠠᠳᠬᠤᠬᠤ᠂ ᠠᠬᠢᠭᠤᠯᠬᠤ ᠶᠢ ᠠᠳᠬᠤᠬᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠰᠠᠭᠤᠷᠢ ᠶᠢ ᠪᠠᠳᠤᠳᠬᠠᠵᠤ᠂ ᠦᠨᠳᠦᠰᠦᠲᠡᠨ ᠤ ᠠᠵᠢᠯ ᠤᠨ ᠰᠢᠨᠵᠢᠯᠡᠬᠦ ᠤᠬᠠᠭᠠᠨᠴᠢ᠂ ᠣᠨᠣᠪᠴᠢᠲᠠᠢ᠂ ᠳᠦᠷᠢᠮᠵᠢᠭᠰᠡᠨ ᠲᠦᠪᠰᠢᠨ ᠢ ᠲᠠᠰᠤᠷᠠᠯᠲᠠ ᠦᠭᠡᠢ ᠲᠡᠬᠡᠭᠰᠢᠯᠡᠬᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠬᠤ ᠳᠤ ᠬᠤᠪᠢ ᠨᠡᠮᠡᠷᠢ ᠦᠵᠡᠬᠦᠯᠦᠨ᠎ᠡ᠃      ᠲᠦᠷᠪᠡ ᠳᠤ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠳᠡᠭᠡᠷ᠎ᠡ ᠬᠦᠴᠦᠨ ᠢᠶᠠᠨ ᠲᠥᠪᠯᠡᠷᠡᠭᠦᠯᠵᠦ᠂ ᠨᠠᠮ ᠤᠨ ᠬᠤᠷᠢᠶ᠎ᠠ ᠵᠠᠰᠠᠭ ᠤᠨ ᠣᠷᠳᠣᠨ ᠤ ᠦᠨᠳᠦᠰᠦᠲᠡᠨ ᠤ ᠠᠵᠢᠯ ᠢ ᠰᠠᠶᠢᠳᠤᠷ ᠬᠢᠬᠦ ᠳᠤ ᠵᠥᠪᠯᠡᠭᠴᠢ ᠪᠠ ᠲᠤᠰᠠᠯᠠᠭᠴᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠬᠤ ᠲᠠᠢ ᠨᠢᠭᠲᠠ ᠤᠶᠠᠯᠳᠤᠭᠤᠯᠬᠤ ᠶᠢ ᠠᠳᠬᠤᠨ ᠨᠠᠶᠢᠳᠠᠪᠤᠷᠢᠵᠢᠭᠤᠯᠤᠨ᠎ᠠ᠃ ᠨᠠᠮ ᠤᠨ ᠦᠨᠳᠦᠰᠦᠲᠡᠨ ᠤ ᠠᠵᠢᠯ ᠳᠤ ᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠪᠠ ᠠᠶᠢᠮᠠᠭ ᠬᠤᠲᠠ  ᠶᠢᠨ ᠤᠳᠤᠷᠢᠳᠬᠤ ᠪᠠᠭ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠲᠤᠬᠠᠢ ᠪᠣᠳᠠᠲᠤ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠵᠢᠯ ᠢ ᠰᠠᠶᠢᠲᠤᠷ ᠥᠷᠨᠢᠭᠦᠯᠦᠨ᠎ᠡ᠃ ᠠᠵᠢᠯ ᠤᠨ ᠭᠤᠣᠯ ᠰᠢᠵᠢᠮ ᠤᠨ ᠲᠣᠭᠤᠷᠢᠨ ᠳᠤ᠂ ᠦᠨᠳᠦᠰᠦᠲᠡᠨ ᠤ ᠵᠥᠪᠯᠡᠯ ᠤᠨ ᠰᠠᠯᠠᠭ᠎ᠠ ᠮᠥᠴᠢᠷ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠡᠭᠦᠷᠭᠡ ᠴᠢᠳᠠᠪᠤᠷᠢ ᠪᠠᠨ ᠰᠢᠯᠢᠳᠡᠭᠵᠢᠭᠦᠯᠬᠦ ᠪᠠ ᠡᠭᠦᠷᠭᠡ ᠬᠠᠷᠢᠭᠤᠴᠠᠯᠭ᠎ᠠ ᠶᠢᠨ ᠲᠣᠬᠢᠷᠠᠭᠤᠯᠤᠯᠲᠠ ᠶᠢ ᠠᠬᠢᠭᠤᠯᠵᠤ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠤᠨ ᠦᠨᠳᠦᠰᠦᠲᠡᠨ ᠤ ᠠᠵᠢᠯ ᠤᠨ ᠬᠦᠴᠦᠨ ᠢ ᠦᠨᠡᠨ ᠬᠦ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠦᠨᠳᠦᠰᠦᠲᠡᠨ ᠤ ᠠᠵᠢᠯ ᠤᠨ ᠮᠡᠳᠡᠭᠡ ᠵᠠᠩᠭᠢᠴᠢᠯᠠᠯᠲᠠ᠂ ᠲᠣᠭᠠᠵᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠲᠣᠭᠠᠵᠢᠭᠤᠯᠤᠭᠰᠠᠨ ᠲᠠᠪᠴᠠᠩ ᠢ ᠪᠠᠶᠢᠭᠤᠯᠤᠨ᠎ᠠ᠃ ᠦᠨᠳᠦᠰᠦᠲᠡᠨ ᠤ ᠵᠥᠪᠯᠡᠯ ᠤᠨ ᠭᠡᠰᠢᠭᠦᠨ ᠨᠢᠭᠡᠴᠢ ᠶᠢᠨ ᠳᠦᠷᠢᠮ ᠤᠨ ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ ᠭᠡᠰᠢᠭᠦᠨ ᠨᠢᠭᠡᠴᠢ ᠶᠢᠨ ᠦᠨᠳᠦᠰᠦᠲᠡᠨ ᠤ ᠠᠵᠢᠯ ᠤᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠦᠬᠦ ᠨᠡᠶᠢᠭᠡᠮ ᠢᠶᠠᠷ ᠢᠶᠠᠨ ᠦᠨᠳᠦᠰᠦᠲᠡᠨ ᠤ ᠠᠵᠢᠯ ᠢ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠪᠦᠲᠦᠮᠵᠢᠲᠡᠢ ᠬᠦᠴᠦᠨ ᠢ ᠨᠢᠭᠲᠠᠷᠠᠭᠤᠯᠤᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ