ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ | ᠥᠪᠥᠷ ᠵᠠᠰᠠᠭ ᠲᠠᠷᠬᠠᠭᠠᠭᠰᠠᠨ ﹇2022﹈ 1 ᠳ᠋ᠦ᠋ᠭᠡᠷ ᠲᠣᠭᠠᠲᠤ | | 2022 ᠣᠨ ᠤ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠪᠠᠭᠤᠯᠭᠠᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ | ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ︾ ᠶᠢ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ | ᠬᠤᠷᠠᠯᠳᠤᠭᠠᠨ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠪᠠᠭᠤᠯᠭᠠᠨ ᠶᠠᠪᠤᠭᠤᠯᠪᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ | ᠬᠡᠷᠡᠭᠵᠢᠭᠦᠯᠲᠦᠭᠡᠢ᠃ | | 2022 ᠣᠨ ᠤ 1 ᠳ᠋ᠦ᠋ᠭᠡᠷ ᠰᠠᠷ᠎ᠠ ᠶᠢᠨ 29 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠲᠥᠯᠥᠪᠯᠡᠭᠡ | | 2022 ᠣᠨ ᠳᠤ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠬᠤ ᠪᠣᠯᠣᠨ᠎ᠠ᠂ ᠡᠨᠡ ᠪᠣᠯ ᠨᠠᠮ ᠪᠠ ᠤᠯᠤᠰ ᠤᠨ ᠤᠯᠤᠰ ᠲᠦᠷᠦ ᠶᠢᠨ ᠠᠮᠢᠳᠤᠷᠠᠯ ᠳᠠᠬᠢ | ᠶᠡᠭᠡ ᠶᠠᠪᠤᠳᠠᠯ ᠪᠣᠯᠬᠤᠷ᠂ ᠲᠣᠭᠲᠠᠭᠤᠨ ᠮᠥᠷᠲᠡᠭᠡᠨ ᠡᠷᠡᠭᠦᠯ ᠠᠵᠤ ᠠᠬᠤᠢ ᠶᠢᠨ ᠣᠷᠴᠢᠨ ᠲᠣᠭᠤᠷᠢᠨ᠂ ᠲᠦᠷᠦ ᠲᠦᠪᠰᠢᠨ ᠠᠷᠠᠳ ᠠᠮᠤᠭᠤᠯᠠᠩ ᠨᠡᠶᠢᠭᠡᠮ ᠤᠨ | ᠣᠷᠴᠢᠨ ᠲᠣᠭᠤᠷᠢᠨ᠂ ᠣᠪᠣᠷ ᠰᠤᠷᠲᠠᠯ ᠲᠥᠪ ᠴᠢᠬᠡᠴᠢ ᠤᠯᠤᠰ ᠲᠦᠷᠦ ᠶᠢᠨ ᠣᠷᠴᠢᠨ ᠲᠣᠭᠤᠷᠢᠨ ᠢ ᠪᠠᠲᠤᠯᠠᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | 2022 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠬᠤᠷᠢᠶᠠᠨ ᠤ ᠤᠳᠠᠭ᠎ᠠ ᠪᠦᠷᠢ ᠶᠢᠨ ᠪᠦᠬᠦᠳᠡ ᠬᠤᠷᠠᠯ ᠤᠨ ᠵᠣᠷᠢᠭ ᠰᠠᠨᠠᠭ᠎ᠠ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ | ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠤᠨ᠂ ᠲᠣᠭᠲᠠᠭᠤᠨ ᠤ ᠳᠠᠭᠠᠤ ᠤᠷᠤᠭᠰᠢᠯᠠᠬᠤ ᠠᠵᠢᠯ ᠤᠨ ᠶᠡᠷᠦᠩᠬᠡᠢ | ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠲᠡᠭᠦᠯᠳᠡᠷ᠂ ᠵᠥᠪ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠤᠨ᠂ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ | ᠭᠤᠣᠯ ᠰᠢᠵᠢᠮ ᠪᠣᠯᠭᠠᠬᠤ ᠶᠢ ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ | ᠲᠥᠯᠥᠪᠯᠡᠵᠦ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠴᠥᠬᠦᠷᠡᠰᠢ ᠦᠭᠡᠢ ᠪᠠᠲᠤ ᠪᠠᠬᠢᠵᠢᠭᠦᠯᠵᠦ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠨ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾᠂ ︽ᠨᠢᠭᠡ ᠬᠥᠭᠦᠷᠭᠡᠨ ᠪᠠᠬᠢᠯᠡᠯᠲᠡ︾ | ᠶᠢ ᠲᠦᠷᠭᠡᠳᠬᠡᠨ ᠪᠠᠶᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ | ᠠᠮᠢᠳᠤᠷᠠᠯ ᠢ ᠬᠦᠴᠦᠯᠡᠨ ᠪᠠᠲᠤᠯᠠᠵᠤ ᠰᠠᠶᠢᠵᠢᠷᠠᠭᠤᠯᠤᠨ᠂ ᠠᠵᠤ ᠠᠬᠤᠢ ᠶᠢᠨ ᠠᠵᠢᠯᠯᠠᠭᠠᠨ ᠢ ᠢᠮᠠᠭᠲᠠ ᠵᠦᠢ ᠵᠣᠬᠢᠰᠲᠠᠢ ᠣᠷᠣᠨ ᠵᠠᠢ ᠳᠤ ᠪᠠᠶᠢᠯᠭᠠᠵᠤ᠂ ᠨᠡᠶᠢᠭᠡᠮ ᠤᠨ | ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠨ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ | ᠤᠭᠲᠤᠨ᠎ᠠ᠃ | ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠭᠤᠣᠯ ᠪᠣᠯᠬᠤ ᠵᠢᠱᠢᠭᠰᠡᠨ ᠬᠠᠷᠠᠯᠲᠠ ᠪᠣᠯ᠄ ᠭᠠᠵᠠᠷ | ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 6% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠤ 20 ᠲᠦᠮᠡ ᠭᠠᠷᠤᠢ ᠬᠥᠮᠥᠨ ᠳᠤ ᠰᠢᠨ᠎ᠡ ᠪᠠᠷ | ᠠᠵᠢᠯ ᠣᠯᠭᠤᠵᠤ᠂ ᠬᠤᠲᠠ ᠪᠠᠯᠭᠠᠰᠤᠨ ᠤ ᠪᠠᠶᠢᠴᠠᠭᠠᠯᠲᠠ ᠳᠠᠬᠢ ᠠᠵᠢᠯ ᠠᠯᠳᠠᠭᠰᠠᠳ ᠤᠨ ᠨᠣᠷᠮ᠎ᠠ ᠶᠢ 6% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ | ᠬᠡᠷᠡᠭᠯᠡᠭᠡ ᠶᠢᠨ ᠦᠨ᠎ᠡ ᠬᠠᠩᠰᠢ ᠶᠢᠨ ᠥᠰᠦᠯᠲᠡ ᠶᠢ 3% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ | ᠨᠡᠮᠡᠭᠳᠡᠯ ᠯᠦᠭᠡ ᠦᠨᠳᠦᠰᠦᠨ ᠳᠤ ᠪᠠᠨ ᠠᠳᠠᠯᠢ ᠠᠯᠬᠤᠮ ᠲᠠᠢ ᠪᠠᠶᠢᠯᠭᠠᠨ᠎ᠠ︔ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠤᠯᠠᠮ ᠨᠢᠭᠡ ᠠᠯᠬᠤᠮ | ᠰᠠᠶᠢᠵᠢᠷᠠᠭᠤᠯᠵᠤ᠂ ᠤᠯᠤᠰ ᠠᠴᠠ ᠪᠠᠭᠤᠯᠭᠠᠭᠰᠠᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠡᠭᠦᠷᠭᠡ ᠶᠢ ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠡᠷᠬᠡᠪᠰᠢ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠪᠦᠬᠦ ᠣᠷᠣᠨ ᠤ ᠠᠵᠤ ᠠᠬᠤᠢ ᠶᠢᠨ | ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ ᠡᠷᠬᠡᠪᠰᠢ ᠴᠢᠨᠠᠷ ᠰᠠᠶᠢᠲᠠᠢ ᠬᠥᠭᠵᠢᠯᠲᠡ ᠶᠢ ᠪᠠᠷᠢᠮᠲᠠᠯᠠᠵᠤ᠂ ᠠᠵᠤ ᠠᠬᠤᠢ ᠶᠢᠨ | ᠪᠦᠲᠦᠭᠡᠨ ᠪᠠᠶᠢᠭᠤᠯᠤᠯᠲᠠ ᠪᠠᠷ ᠭᠤᠣᠯ ᠪᠣᠯᠭᠠᠬᠤ ᠶᠢ ᠪᠠᠷᠢᠮᠲᠠᠯᠠᠨ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠬᠥᠭᠵᠢᠭᠦᠯᠬᠦ ᠪᠠᠷ | ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠢ ᠰᠠᠶᠢᠲᠤᠷ ᠵᠠᠮᠨᠠᠨ᠎ᠠ᠃ ᠡᠷᠬᠡᠪᠰᠢ ᠲᠣᠭᠲᠠᠭᠤᠨ ᠤ ᠳᠠᠭᠠᠤ | ᠤᠷᠤᠭᠰᠢᠯᠠᠬᠤ ᠶᠢ ᠪᠠᠷᠢᠮᠲᠠᠯᠠᠵᠤ᠂ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢᠶᠠᠨ ᠲᠠᠶᠠᠭᠳᠠᠬᠤ᠂ ᠯᠠᠪᠳᠠᠭᠤᠨ ᠪᠠᠲᠤᠲᠠᠢ ᠬᠢᠬᠦ ᠶᠢ ᠪᠠᠷᠢᠮᠲᠠᠯᠠᠨ᠂ | ︽ᠬᠤᠶᠠᠷ ᠬᠠᠯᠬᠠᠪᠴᠢ︾᠂ ︽ᠬᠤᠶᠠᠷ ᠰᠠᠭᠤᠷᠢᠨ ᠭᠠᠵᠠᠷ︾᠂ ︽ᠨᠢᠭᠡ ᠬᠥᠭᠦᠷᠭᠡᠨ ᠪᠠᠬᠢᠯᠡᠯᠲᠡ︾ ᠶᠢ ᠲᠦᠷᠭᠡᠳᠬᠡᠨ ᠪᠠᠶᠢᠭᠤᠯᠤᠨ᠎ᠠ᠃ ᠡᠷᠬᠡᠪᠰᠢ ᠨᠢᠭᠡᠳᠦᠯᠲᠡᠢ ᠲᠥᠯᠥᠪᠯᠡᠵᠦ | ᠵᠣᠬᠢᠴᠠᠭᠤᠯᠬᠤ ᠶᠢ ᠴᠢᠩᠭᠠᠳᠬᠠᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠪᠠ ᠣᠨ ᠤ | ᠲᠥᠯᠥᠪᠯᠡᠭᠡ ᠬᠡᠷᠡᠭᠵᠢᠭᠦᠯᠬᠦ ᠶᠢ ᠨᠢᠭᠡᠳᠦᠯᠲᠡᠢ ᠲᠥᠯᠥᠪᠯᠡᠵᠦ᠂ ᠠᠵᠤ ᠠᠬᠤᠢ ᠶᠢᠨ ᠶᠠᠰᠤ ᠴᠢᠨᠠᠷ ᠤᠨ ᠲᠣᠭᠲᠠᠭᠤᠨ ᠢᠶᠠᠷ ᠳᠡᠭᠡᠭᠰᠢᠯᠡᠬᠦ ᠪᠠ ᠲᠤᠭ᠎ᠠ ᠬᠡᠮᠵᠢᠶᠡᠨ ᠤ | ᠵᠣᠬᠢᠰᠲᠠᠢ ᠪᠠᠷ ᠨᠡᠮᠡᠭᠳᠡᠬᠦ ᠶᠢ ᠠᠬᠢᠭᠤᠯᠤᠨ᠎ᠠ᠃ | ᠨᠢᠭᠡ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠠᠭᠠᠤ ᠤᠷᠤᠭᠰᠢᠯᠠᠬᠤ ᠶᠢ ᠪᠠᠷᠢᠮᠲᠠᠯᠠᠨ᠂ ᠠᠵᠤ ᠠᠬᠤᠢ ᠶᠢᠨ ᠲᠣᠭᠲᠠᠭᠤᠨ | ᠠᠵᠢᠯᠯᠠᠭᠠᠨ ᠢ ᠢᠮᠠᠭᠲᠠ ᠵᠦᠢ ᠵᠣᠬᠢᠰᠲᠠᠢ ᠣᠷᠣᠨ ᠵᠠᠢ ᠳᠤ ᠪᠠᠶᠢᠯᠭᠠᠨ᠎ᠠ | ᠤᠯᠤᠰ ᠤᠨ ᠲᠥᠷᠥ ᠶᠢᠨ ᠪᠣᠳᠣᠯᠭ᠎ᠠ ᠪᠠᠷ ᠬᠦᠴᠦᠯᠡᠨ ᠡᠷᠴᠢᠯᠡᠵᠦ ᠲᠣᠬᠢᠷᠠᠮᠵᠢᠲᠠᠢ ᠤᠷᠤᠭᠰᠢ ᠠᠬᠢᠭᠤᠯᠬᠤ ᠱᠠᠭᠠᠷᠳᠠᠯᠭ᠎ᠠ ᠶᠣᠰᠣᠭᠠᠷ᠂ ᠡᠳ᠋ ᠤᠨ ᠵᠠᠰᠠᠭ ᠤᠨ | ᠢᠳᠡᠪᠬᠢᠲᠡᠢ ᠲᠥᠷᠥ ᠶᠢᠨ ᠪᠣᠳᠣᠯᠭ᠎ᠠ ᠪᠠ ᠵᠣᠭᠤᠰᠤᠨ ᠤ ᠯᠠᠪᠳᠠᠭᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠳᠤᠮᠳᠠ ᠵᠢᠵᠢᠭ ᠪᠢᠴᠢᠯ ᠠᠵᠤ | ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠬᠠᠪᠰᠤᠷᠴᠤ ᠪᠠᠶᠢᠭᠠᠳ ᠳᠠᠷᠤᠭᠠᠰᠤ ᠶᠢ ᠨᠢ ᠬᠥᠩᠭᠡᠷᠡᠭᠦᠯᠵᠦ ᠬᠦᠴᠢᠷᠳᠡᠯ ᠢ ᠨᠢ ᠲᠠᠶᠢᠯᠵᠤ᠂ | ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠢᠯᠠᠩᠭᠤᠶ᠎ᠠ ᠠᠵᠢᠯ ᠣᠯᠭᠤᠯᠲᠠ ᠶᠢ ᠪᠠᠲᠤᠯᠠᠬᠤ ᠠᠷᠠᠳ ᠤᠨ ᠠᠮᠢᠳᠤᠷᠠᠯ ᠢ ᠪᠠᠲᠤᠯᠠᠬᠤ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ | ︵ᠨᠢᠭᠡ︶ ᠡᠳ᠋ ᠤᠨ ᠵᠠᠰᠠᠭ ᠮᠥᠩᠭᠦᠨ ᠭᠦᠢᠯᠭᠡᠭᠡᠨ ᠤ ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠡᠳ᠋ ᠤᠨ ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠶᠢ | ᠣᠨᠣᠴᠠᠲᠠᠢ ᠪᠥᠭᠡᠳ ᠪᠦᠲᠦᠮᠵᠢᠲᠡᠶ ᠬᠡᠷᠡᠭᠵᠢᠭᠦᠯᠵᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠂ | ᠭᠠᠶᠢᠯᠢ ᠶᠢ ᠬᠥᠩᠭᠡᠯᠡᠵᠦ ᠰᠦᠢᠳᠬᠡᠯ ᠢ ᠨᠢ ᠪᠠᠭᠤᠷᠠᠭᠤᠯᠬᠤ ᠨᠡᠶᠢᠯᠡᠯ ᠮᠠᠶ᠋ᠢᠭ ᠤᠨ ᠰᠢᠨ᠎ᠡ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠭᠠᠶᠢᠯᠢ | ᠰᠦᠢᠳᠬᠡᠯ ᠤᠨ ᠦᠢᠯᠡᠴᠢᠯᠡᠭᠡ ᠶᠢ ᠰᠢᠯᠢᠳᠡᠭᠵᠢᠭᠦᠯᠦᠨ᠂ ᠪᠡᠯᠡ ᠮᠥᠩᠭᠦ ᠶᠢ ᠰᠢᠭᠤᠳ ᠪᠠᠭᠤᠯᠭᠠᠬᠤ ᠪᠠᠶᠢᠩᠭᠤᠵᠢᠭᠰᠠᠨ ᠲᠣᠭᠲᠠᠴᠠ ᠶᠢ ᠲᠡᠭᠦᠯᠳᠡᠷᠵᠢᠭᠦᠯᠵᠦ᠂ ᠠᠶᠢᠮᠠᠭ | ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠰᠢᠯᠵᠢᠭᠦᠯᠦᠨ ᠲᠥᠯᠥᠬᠦ ᠢᠯᠠᠩᠭᠤᠶ᠎ᠠ ᠡᠩ ᠤᠨ ᠰᠢᠯᠵᠢᠭᠦᠯᠦᠨ ᠲᠥᠯᠥᠬᠦ ᠬᠡᠪᠴᠢᠶ᠎ᠡ ᠶᠢ ᠨᠡᠮᠡᠭᠳᠡᠭᠦᠯᠦᠨ᠂ | ᠡᠳ᠋ ᠤᠨ ᠬᠦᠴᠦᠨ ᠢᠶᠠᠨ ᠳᠣᠷᠣᠭᠰᠢ ᠪᠠᠭᠤᠯᠭᠠᠬᠤ ᠶᠢ ᠠᠬᠢᠭᠤᠯᠤᠨ᠎ᠠ᠃ ᠵᠣᠭᠤᠰᠤᠨ ᠤ ᠲᠠᠯ᠎ᠠ ᠶᠢᠨ ᠠᠮᠢᠳᠤᠯᠢᠭ ᠪᠥᠭᠡᠳ ᠲᠣᠬᠢᠷᠠᠮᠵᠢᠲᠠᠢ᠂ ᠵᠦᠢ ᠵᠣᠬᠢᠰᠲᠠᠢ ᠪᠥᠭᠡᠳ | ᠪᠦᠷᠢᠨ ᠭᠦᠢᠴᠡᠳ ᠪᠠᠶᠢᠬᠤ ᠯᠠᠪᠳᠠᠭᠤᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠲᠦᠭᠡᠮᠡᠯ ᠬᠠᠷᠠᠭᠠᠯᠵᠠᠯ ᠲᠠᠢ ᠮᠥᠩᠭᠦᠨ ᠭᠦᠢᠯᠭᠡᠭᠡᠨ ᠤ ᠦᠢᠯᠡᠴᠢᠯᠡᠭᠡ ᠶᠢ | ᠦᠷᠭᠦᠯᠵᠢᠯᠡᠨ ᠴᠢᠩᠭᠠᠳᠬᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠪᠣᠳᠠᠲᠤ ᠴᠣᠭᠴᠠ ᠶᠢᠨ ᠠᠵᠤ ᠠᠬᠤᠢ | ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠪᠣᠬᠢᠷᠳᠤᠯ ᠦᠭᠡᠢ ᠬᠥᠭᠵᠢᠯᠲᠡ ᠶᠢ | ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠮᠥᠩᠭᠦᠨ ᠭᠦᠢᠯᠭᠡᠭᠡᠨ ᠤ ︽ᠲᠥᠷᠥᠯ ᠵᠦᠢᠯ ᠢ ᠨᠢ ᠪᠠᠲᠤᠯᠠᠬᠤ᠂ ᠬᠦᠷᠢᠶᠡᠯᠡᠩ ᠲᠣᠭᠤᠷᠢᠭ ᠲᠤ ᠣᠷᠣᠭᠤᠯᠬᠤ᠂ ᠠᠵᠤ | ᠠᠬᠤᠶᠢᠯᠠᠯ ᠳᠤ ᠬᠦᠷᠭᠡᠬᠦ᠂ ᠬᠥᠳᠡᠭᠡ ᠲᠣᠰᠬᠤᠨ ᠳᠤ ᠪᠠᠭᠤᠯᠭᠠᠬᠤ︾ ᠠᠵᠢᠯᠯᠠᠭᠠᠨ ᠢ ᠭᠦᠨᠵᠡᠭᠡᠶᠢᠷᠡᠭᠦᠯᠵᠦ᠂ ᠲᠦᠭᠡᠮᠡᠯ ᠬᠠᠷᠠᠭᠠᠯᠵᠠᠯ ᠲᠠᠢ ᠵᠢᠵᠢᠭ ᠪᠢᠴᠢᠯ ᠵᠢᠭᠡᠯᠡᠯᠭᠡ ᠪᠠᠷ | ᠳᠡᠮᠵᠢᠬᠦ ᠪᠠᠭᠠᠵᠢ ᠪᠠ ᠲᠠᠷᠢᠶᠠᠯᠠᠩ ᠢ ᠳᠡᠮᠵᠢᠬᠦ ᠵᠢᠵᠢᠭ ᠪᠢᠴᠢᠯ ᠠᠵᠤ ᠠᠬᠤᠶᠢᠯᠠᠯ ᠢ ᠳᠡᠮᠵᠢᠬᠦ ᠳᠠᠬᠢᠨᠲᠠ ᠵᠢᠭᠡᠯᠡᠯᠭᠡ ᠪᠠᠷ ᠳᠡᠮᠵᠢᠬᠦ ᠲᠥᠯᠥᠪᠯᠡᠭᠡ ᠶᠢ ᠰᠠᠶᠢᠲᠤᠷ | ᠨᠠᠶᠢᠳᠠᠪᠤᠷᠢᠵᠢᠭᠤᠯᠤᠨ᠂ ᠵᠢᠵᠢᠭ ᠪᠢᠴᠢᠯ ᠠᠵᠤ ᠠᠬᠤᠶᠢᠯᠠᠯ ᠳᠤ ᠬᠠᠨᠳᠤᠭᠤᠯᠤᠭᠰᠠᠨ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠭ᠎ᠠ ᠳᠠᠭᠠᠭᠠᠯᠲᠠ ᠬᠢᠬᠦ | ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠥᠷᠭᠡᠳᠬᠡᠵᠦ᠂ ᠳᠠᠭᠠᠭᠠᠯᠲᠠ ᠬᠢᠬᠦ ᠥᠪᠡᠷ ᠤᠨ ᠦᠷᠲᠡᠭ ᠢ ᠨᠢ ᠪᠠᠭᠤᠷᠠᠭᠤᠯᠤᠨ᠎ᠠ᠃ | ︵ᠬᠤᠶᠠᠷ︶ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠨ᠎ᠡ᠃ ᠠᠷᠠᠳ ᠠᠴᠠ ᠡᠵᠡᠩᠨᠡᠭᠰᠡᠨ ᠠᠵᠤ | ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ 3.0 ᠪᠠᠷᠯᠠᠯ ᠤᠨ | ᠲᠥᠰᠥᠯ ᠢ ᠬᠡᠷᠡᠭᠵᠢᠭᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠬᠡᠬᠦ︾ ︽ᠨᠢᠭᠡ ᠰᠦᠯᠵᠢᠶ᠎ᠡ ᠪᠠᠷ ᠨᠢᠭᠡᠳᠦᠯᠲᠡᠢ ᠬᠠᠮᠢᠶᠠᠷᠬᠤ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ︽ᠨᠢᠭᠡ ᠯᠡ ᠤᠳᠠᠭ᠎ᠠ ᠳᠤ ᠭᠦᠢᠴᠡᠳᠬᠡᠬᠦ︾᠂ ︽ᠲᠠᠨ ᠳᠤ | ᠬᠠᠪᠰᠤᠷᠤᠨ ᠭᠦᠢᠴᠡᠳᠬᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠶᠡᠷᠦᠩᠬᠡᠶᠢᠯᠡᠭᠰᠡᠨ ᠴᠣᠩᠬᠤᠪᠴᠢ ᠶᠢᠨ ᠦᠢᠯᠡᠴᠢᠯᠡᠬᠦ ᠬᠢᠷᠢ ᠲᠦᠪᠰᠢᠨ ᠪᠠ | ︽ᠮᠥᠩᠬᠡ ᠰᠤᠪᠠᠭ︾ ᠤᠨ ᠰᠢᠯᠵᠢᠮᠡᠯ ᠦᠵᠦᠭᠦᠷ ᠤᠨ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠭᠡᠷᠡᠴᠢ ᠪᠠ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ | ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠳᠤ ᠬᠤᠯᠪᠣᠭᠳᠠᠬᠤ ᠭᠡᠷᠡᠴᠢ ᠪᠠ ᠦᠨᠡᠮᠯᠡᠯ ᠢ ᠡᠯᠧᠺᠲᠷᠣᠨᠴᠢᠯᠡᠬᠦ ᠪᠠᠨ ᠪᠥᠬᠦ ᠲᠠᠯ᠎ᠠ ᠪᠠᠷ ᠪᠡᠶᠡᠯᠡᠭᠦᠯᠦᠨ᠎ᠡ᠃ ᠡᠯ᠎ᠡ | ᠲᠥᠷᠥᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠥᠮᠴᠢᠯᠡᠬᠦ ᠡᠷᠬᠡ ᠪᠠ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠪᠠᠨ ᠠᠬᠢᠭᠤᠯᠤᠨ᠂ ᠠᠵᠤ ᠠᠬᠤᠶᠢᠯᠠᠯ ᠳᠤ ᠬᠤᠯᠪᠣᠭᠳᠠᠭᠰᠠᠨ ᠬᠤᠷᠢᠶᠠᠬᠤ | ᠰᠦᠢᠳᠬᠡᠯ ᠢ ᠴᠢᠩᠭ᠎ᠠ ᠬᠢᠵᠠᠭᠠᠷᠯᠠᠵᠤ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠵᠤ ᠪᠠᠶᠢᠭ᠎ᠠ ᠠᠰᠠᠭᠤᠳᠠᠯ ᠢ ᠴᠢᠩᠭ᠎ᠠ ᠴᠡᠭᠴᠡᠯᠡᠨ ᠵᠠᠰᠠᠨ᠎ᠠ᠃ ᠠᠵᠤ ᠠᠬᠤᠶᠢᠯᠠᠯ ᠤᠨ | ᠥᠷᠢᠲᠦᠭᠰᠡᠨ ᠵᠣᠭᠤᠰ ᠢᠶᠠᠨ ᠲᠥᠯᠥᠵᠦ ᠳᠠᠭᠤᠰᠬᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠨᠠᠶᠢᠳᠠᠪᠤᠷᠢᠵᠢᠭᠤᠯᠵᠤ᠂ ᠮᠠᠭᠤ ᠰᠠᠨᠠᠭ᠎ᠠ ᠲᠠᠢ ᠪᠠᠷ | ᠵᠣᠭᠤᠰ ᠥᠷᠢᠲᠦᠬᠦ ᠪᠠ ᠥᠷᠢ ᠠᠴᠠ ᠵᠠᠶᠢᠯᠠᠬᠤ ᠦᠢᠯᠡ ᠠᠵᠢᠯᠯᠠᠭ᠎ᠠ ᠶᠢ ᠪᠦᠲᠦᠮᠵᠢᠲᠡᠢ ᠵᠠᠰᠠᠨ᠎ᠠ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ | ᠳᠡᠮᠵᠢᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠨᠢᠭᠲᠠ ᠮᠥᠷᠳᠡᠨ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ | ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤ ᠨᠢ ᠮᠡᠳᠡᠵᠦ ᠢᠯᠡᠷᠡᠭᠦᠯᠬᠦ ᠪᠠ ᠵᠣᠬᠢᠴᠠᠭᠤᠯᠵᠤ ᠰᠢᠢᠳᠪᠦᠷᠢᠯᠡᠨ᠎ᠡ᠃ | ︵ᠭᠤᠷᠪᠠ︶ ᠠᠵᠢᠯ ᠣᠯᠭᠤᠯᠲᠠ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ | ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠤᠳᠤᠷᠢᠳᠤᠮᠵᠢ ᠶᠢ ᠴᠢᠩᠭᠠᠷᠠᠭᠤᠯᠵᠤ᠂ ᠠᠵᠢᠯ ᠣᠯᠭᠤᠬᠤ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ | ᠪᠣᠳᠠᠲᠠᠢ ᠨᠠᠶᠢᠳᠠᠪᠤᠷᠢᠵᠢᠭᠤᠯᠵᠤ ᠨᠠᠷᠢᠯᠢᠭᠵᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠲᠠᠷᠢᠶᠠᠯᠠᠬᠤ | ᠮᠠᠯᠵᠢᠬᠤ ᠣᠷᠣᠨ ᠤ ᠬᠥᠳᠡᠯᠮᠦᠷᠢ ᠬᠦᠴᠦᠨ᠂ ᠠᠵᠢᠯ ᠣᠯᠬᠤ ᠳᠤ ᠬᠦᠴᠢᠷᠲᠡᠢ ᠬᠥᠮᠥᠰ᠂ ᠬᠤᠲᠠ ᠪᠠᠯᠭᠠᠰᠤᠨ ᠤ ᠠᠵᠢᠯ ᠠᠯᠳᠠᠭᠰᠠᠳ ᠵᠡᠷᠭᠡ ᠭᠤᠣᠯᠳᠠᠯᠭ᠎ᠠ ᠪᠣᠯᠬᠤ | ᠬᠥᠮᠥᠰ ᠲᠤ ᠠᠵᠢᠯ ᠣᠯᠭᠤᠬᠤ ᠶᠢ ᠲᠥᠷᠥᠯ ᠬᠤᠪᠢᠶᠠᠵᠤ ᠪᠠᠲᠤᠯᠠᠨ᠎ᠠ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠵᠤ᠂ ︽ᠠᠳᠠᠯ | ᠪᠣᠰᠬᠠᠬᠤ ᠥᠪᠥᠷ ᠮᠣᠩᠭᠤᠯ︾ ᠠᠵᠢᠯᠯᠠᠭᠠᠨ ᠢ ᠭᠦᠨᠵᠡᠭᠡᠶᠢᠷᠡᠭᠦᠯᠦᠨ᠂ ᠠᠮᠢᠳᠤᠯᠢᠭ ᠢᠶᠠᠷ ᠠᠵᠢᠯ ᠣᠯᠭᠤᠬᠤ ᠶᠢ ᠵᠣᠷᠢᠭᠵᠢᠭᠤᠯᠤᠨ ᠳᠡᠮᠵᠢᠵᠦ᠂ ᠣᠯᠠᠨ ᠨᠡᠶᠢᠲᠡ ᠶᠢᠨ | ᠠᠵᠢᠯ ᠣᠯᠭᠤᠬᠤ ᠦᠢᠯᠡᠴᠢᠯᠡᠭᠡᠨ ᠤ ᠪᠠᠷᠢᠮᠵᠢᠶᠠᠵᠢᠯ ᠢ ᠠᠬᠢᠭᠤᠯᠤᠨ᠂ ᠠᠵᠢᠯ ᠣᠯᠭᠤᠯᠲᠠ ᠶᠢ ᠬᠢᠨᠠᠨ ᠰᠢᠨᠵᠢᠬᠦ ᠪᠠ ᠠᠵᠢᠯ ᠠᠯᠳᠠᠯᠲᠠ ᠶᠢ ᠰᠡᠷᠡᠮᠵᠢᠯᠡᠭᠦᠯᠬᠦ ᠶᠢ | ᠴᠢᠩᠭᠠᠳᠬᠠᠵᠤ᠂ ᠨᠠᠩ ᠴᠢᠨᠠᠷ ᠰᠠᠶᠢᠲᠠᠢ ᠨᠠᠩ ᠭᠦᠢᠴᠡᠳ ᠠᠵᠢᠯ ᠣᠯᠭᠤᠬᠤ ᠶᠢ ᠠᠬᠢᠭᠤᠯᠤᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ | ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠤᠨ᠂ ᠣᠷᠣᠯᠭ᠎ᠠ ᠶᠢᠨ ᠬᠤᠪᠢᠶᠠᠷᠢᠯᠠᠯᠲᠠ ᠶᠢᠨ ᠭᠤᠣᠯᠳᠠᠯᠭ᠎ᠠ ᠪᠣᠯᠬᠤ ᠬᠦᠷᠢᠶᠡᠨ ᠳᠠᠬᠢ ᠥᠭᠡᠷᠡᠴᠢᠯᠡᠯᠲᠡ ᠶᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠬᠠᠮᠲᠤ ᠪᠠᠷ ᠪᠠᠶᠠᠵᠢᠨ ᠴᠢᠨᠡᠭᠡᠯᠢᠭᠵᠢᠬᠦ ᠶᠢ ᠯᠠᠪᠳᠠᠭᠤᠨ ᠢᠶᠠᠷ ᠠᠬᠢᠭᠤᠯᠤᠨ᠎ᠠ᠃ | ᠬᠤᠶᠠᠷ᠂ ᠪᠣᠳᠠᠲᠤ ᠴᠣᠭᠴᠠ ᠶᠢᠨ ᠠᠵᠤ ᠠᠬᠤᠢ ᠶᠢᠨ ᠰᠠᠭᠤᠷᠢ ᠶᠢ ᠪᠠᠬᠢᠵᠢᠭᠦᠯᠦᠨ ᠪᠤᠵᠠᠭᠠᠶᠢᠷᠠᠭᠤᠯᠵᠤ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠣᠳᠣᠬᠢᠴᠢᠯᠠᠬᠤ ᠲᠦᠪᠰᠢᠨ ᠢ ᠳᠡᠭᠡᠭᠰᠢᠯᠡᠭᠦᠯᠦᠨ᠎ᠡ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠬᠤᠶᠠᠷ ᠰᠠᠭᠤᠷᠢᠨ | ᠭᠠᠵᠠᠷ︾ ᠤᠨ ᠪᠣᠬᠢᠷᠳᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠨᠠᠩ ᠴᠢᠩᠭ᠎ᠠ ᠰᠢᠨ᠎ᠡ ᠶᠢ ᠡᠭᠦᠳᠬᠦ ᠬᠦᠴᠦᠨ ᠲᠠᠢ᠂ ᠨᠠᠩ ᠥᠨᠳᠥᠷ | ᠨᠡᠮᠡᠯᠲᠡ ᠥᠷᠲᠡᠭ ᠲᠠᠢ᠂ ᠨᠠᠩ ᠠᠮᠤᠷ ᠲᠦᠪᠰᠢᠨ ᠨᠠᠶᠢᠳᠠᠪᠤᠷᠢᠲᠠᠢ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠪᠦᠷᠢᠯᠳᠦᠭᠦᠯᠦᠨ᠎ᠡ᠃ | ︵ᠨᠢᠭᠡ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠦ ᠲᠤᠯᠭᠠᠭᠤᠷᠢᠯᠠᠬᠤ ᠦᠢᠯᠡᠳᠦᠯ ᠢ ᠨᠢ ᠴᠢᠩᠭᠠᠷᠠᠭᠤᠯᠤᠨ᠎ᠠ᠃ ᠰᠢᠨ᠎ᠡ ᠶᠢ ᠡᠭᠦᠳᠬᠦ | ᠬᠡᠯᠪᠡᠷᠢ ᠪᠦᠬᠦᠢ ᠥᠪᠥᠷ ᠮᠣᠩᠭᠤᠯ ᠢ ᠲᠦᠷᠭᠡᠳᠬᠡᠨ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ | ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠦᠨ ᠮᠠᠨᠳᠤᠭᠤᠯᠬᠤ︾ ᠠᠵᠢᠯᠯᠠᠭᠠᠨ ᠬᠡᠷᠡᠭᠵᠢᠭᠦᠯᠬᠦ ᠶᠢ ᠠᠬᠢᠭᠤᠯᠤᠨ᠎ᠠ᠃ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠡᠷᠴᠢᠮ ᠢ ᠴᠢᠩᠭᠠᠷᠠᠭᠤᠯᠤᠨ᠂ ᠰᠦ ᠶᠢᠨ ᠦᠢᠯᠡᠰ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ | ᠦᠷ᠎ᠡ ᠶᠢᠨ ᠦᠢᠯᠡᠰ ᠵᠡᠷᠭᠡ ᠬᠦᠷᠢᠶᠡᠨ ᠳᠤ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠬᠡᠷᠡᠭᠵᠢᠭᠦᠯᠦᠨ᠎ᠡ᠃ | ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠦ ᠶᠢᠨ ᠦᠢᠯᠡᠰ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ | ᠤᠯᠤᠰ ᠤᠨ ᠮᠡᠷᠭᠡᠵᠢᠯ ᠤᠨ ᠰᠢᠨ᠎ᠡ ᠡᠭᠦᠳᠦᠯᠲᠡ ᠶᠢᠨ ᠲᠥᠪ ᠢ ᠥᠨᠳᠥᠷ ᠪᠠᠷᠢᠮᠵᠢᠶ᠎ᠠ ᠪᠠᠷ ᠪᠠᠶᠢᠭᠤᠯᠤᠨ᠂ ᠬᠥᠬᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ | ᠳᠠᠭᠠᠭᠠᠵᠤ ᠰᠢᠨ᠎ᠡ ᠶᠢ ᠡᠭᠦᠳᠦᠭᠰᠡᠨ ᠵᠢᠱᠢᠶ᠎ᠡ ᠦᠵᠡᠭᠦᠯᠬᠦ ᠲᠣᠭᠤᠷᠢᠭ᠂ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠠᠵᠤ | ᠦᠢᠯᠡᠰ ᠤᠨ ᠵᠢᠱᠢᠶ᠎ᠡ ᠦᠵᠡᠭᠦᠯᠬᠦ ᠲᠣᠭᠤᠷᠢᠭ ᠵᠡᠷᠭᠡ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠲᠣᠭᠤᠷᠢᠭ ᠢ ᠴᠢᠨᠠᠷ ᠰᠠᠶᠢᠲᠠᠢ ᠪᠦᠲᠦᠭᠡᠨ ᠪᠠᠶᠢᠭᠤᠯᠤᠨ᠎ᠠ᠃ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ︽ᠬᠤᠣᠰ ᠳᠠᠬᠢᠨ ᠢᠶᠠᠷ ᠨᠡᠮᠡᠭᠳᠡᠭᠦᠯᠬᠦ︾ ᠠᠵᠢᠯᠯᠠᠭᠠᠨ ᠢ ᠲᠦᠷᠭᠡᠳᠬᠡᠨ | ᠬᠡᠷᠡᠭᠵᠢᠭᠦᠯᠵᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 200 ᠰᠢᠨ᠎ᠡ ᠪᠠᠷ ᠨᠡᠮᠡᠭᠳᠡᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ | ᠳᠤᠮᠳᠠ ᠵᠢᠵᠢᠭ ᠠᠵᠤ ᠠᠬᠤᠶᠢᠯᠠᠯ ᠢ 1000 ᠭᠠᠷᠤᠢ ᠪᠣᠯᠭᠠᠨ᠎ᠠ᠃ ︽ᠰᠢᠨ᠎ᠡ ᠶᠢ ᠡᠭᠦᠳᠴᠦ ᠦᠢᠯᠡᠰ ᠪᠣᠰᠬᠠᠬᠤ︾ ᠲᠠᠯ᠎ᠠ ᠶᠢᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠣᠯᠠᠨ ᠢᠶᠠᠷ ᠢᠶᠠᠨ ᠰᠢᠨ᠎ᠡ ᠶᠢ ᠡᠭᠦᠳᠴᠦ ᠦᠢᠯᠡᠰ ᠪᠣᠰᠬᠠᠬᠤ ᠣᠷᠣᠨ | ᠵᠠᠢ ᠵᠡᠷᠭᠡ ᠰᠢᠨ᠎ᠡ ᠶᠢ ᠡᠭᠦᠳᠴᠦ ᠦᠢᠯᠡᠰ ᠪᠣᠰᠬᠠᠬᠤ ᠠᠴᠢᠶᠠᠯᠠᠪᠤᠷᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠨ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠴᠢᠳᠠᠪᠤᠷᠢᠲᠠᠨ ᠢ | ᠬᠥᠮᠥᠵᠢᠭᠦᠯᠬᠦ᠂ ᠦᠨᠡᠯᠡᠬᠦ᠂ ᠬᠡᠷᠡᠭᠯᠡᠬᠦ᠂ ᠣᠷᠣᠭᠤᠯᠤᠨ ᠠᠪᠴᠢᠷᠠᠬᠤ ᠵᠡᠷᠭᠡ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ | ︵ᠬᠤᠶᠠᠷ︶ ᠪᠣᠬᠢᠷᠳᠤᠯ ᠦᠭᠡᠢ ᠳᠠᠪᠠᠭᠤᠯᠢᠭ ᠣᠨᠴᠠᠯᠢᠭ ᠲᠠᠢ ᠠᠵᠤ ᠦᠢᠯᠡᠰ ᠤᠨ ᠲᠣᠭᠲᠠᠯᠴᠠᠭ᠎ᠠ ᠶᠢ ᠪᠠᠶᠢᠭᠤᠯᠤᠨ᠎ᠠ᠃ ᠲᠦᠷᠦᠭᠦᠦ ᠪᠦᠯᠦᠭ ᠤᠨ ᠭᠤᠣᠯᠳᠠᠯᠭ᠎ᠠ | ᠪᠣᠯᠬᠤ ᠠᠵᠤ ᠦᠢᠯᠡᠰ ᠤᠨ ᠬᠡᠯᠬᠢᠶ᠎ᠡ ᠶᠢᠨ ᠠᠵᠢᠯ ᠢ ᠲᠦᠷᠭᠡᠳᠬᠡᠨ ᠠᠬᠢᠭᠤᠯᠵᠤ᠂ ᠭᠤᠣᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶ᠎ᠡ ᠶᠢᠨ ︽ᠬᠡᠯᠬᠢᠶ᠎ᠡ ᠶᠢᠨ | ᠳᠠᠷᠤᠭ᠎ᠠ ᠶᠢᠨ ᠳᠦᠷᠢᠮ︾ ᠢ ᠨᠠᠶᠢᠳᠠᠪᠤᠷᠢᠵᠢᠭᠤᠯᠤᠨ᠂ ᠪᠣᠬᠢᠷᠳᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ | ᠪᠣᠯᠪᠠᠰᠤᠷᠠᠭᠤᠯᠬᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ᠂ ᠣᠲᠣ ᠦᠶ᠎ᠡ ᠶᠢᠨ ᠲᠣᠨᠤᠭ ᠲᠥᠬᠦᠭᠡᠷᠦᠮᠵᠢ | ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ᠂ ᠲᠣᠭᠠᠵᠢᠯᠲᠤ ᠠᠵᠤ ᠠᠬᠤᠢ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠠᠵᠤ ᠦᠢᠯᠡᠰ ᠤᠨ | ᠪᠦᠯᠦᠭᠵᠢᠯ ᠢ ᠶᠡᠭᠡ ᠪᠠᠷ ᠬᠥᠭᠵᠢᠭᠦᠯᠦᠨ᠎ᠡ᠃ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠣᠬᠢᠷᠳᠤᠯ ᠦᠭᠡᠢ ᠪᠠᠷ | ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠤᠨ᠂ ᠤᠷᠢᠳ ᠢᠶᠠᠷ ᠰᠢᠨ᠎ᠡ ᠶᠢ ᠪᠠᠶᠢᠭᠤᠯᠵᠤ ᠳᠠᠷᠠᠭ᠎ᠠ ᠨᠢ ᠬᠠᠭᠤᠴᠢᠨ ᠢᠶᠠᠨ ᠲᠠᠶᠠᠭᠳᠠᠬᠤ ᠶᠢ ᠪᠠᠷᠢᠮᠲᠠᠯᠠᠨ᠂ | ᠨᠡᠭᠦᠷᠡᠰᠦ ᠶᠢ ᠴᠡᠪᠡᠷᠰᠢᠭᠦᠯᠦᠨ ᠥᠨᠳᠥᠷ ᠪᠦᠲᠦᠮᠵᠢᠲᠡᠶ ᠠᠰᠢᠭᠯᠠᠬᠤ ᠪᠠᠨ ᠬᠦᠴᠦᠯᠡᠨ ᠠᠬᠢᠭᠤᠯᠵᠤ᠂ ᠰᠢᠨ᠎ᠡ ᠡᠨᠧᠷᠭᠢ ᠪᠠ ᠨᠡᠭᠦᠷᠡᠰᠦ ᠶᠢ ᠰᠢᠯᠢᠳᠡᠭᠵᠢᠭᠦᠯᠦᠨ | ᠨᠢᠭᠡᠳᠬᠡᠬᠦ ᠶᠢ ᠨᠢ ᠠᠬᠢᠭᠤᠯᠤᠨ᠂ ︽ᠬᠤᠶᠠᠷ ᠢ ᠤᠷᠢᠳ ᠢᠶᠠᠷ ᠬᠢᠬᠦ︾ ︽ᠬᠤᠶᠠᠷ ᠢ ᠳᠠᠪᠠᠭᠤᠯᠬᠤ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ | ᠡᠨᠧᠷᠭᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠰᠢᠨ᠎ᠡ ᠡᠨᠧᠷᠭᠢ ᠶᠢ ᠰᠢᠩᠭᠡᠬᠡᠨ ᠠᠪᠬᠤ ᠴᠢᠳᠠᠪᠤᠷᠢ ᠪᠠᠨ ᠴᠢᠩᠭᠠᠷᠠᠭᠤᠯᠵᠤ᠂ ᠰᠢᠨ᠎ᠡ | ᠡᠨᠧᠷᠭᠢ ᠶᠢᠨ ᠲᠣᠣᠷ ᠲᠤ ᠨᠡᠶᠢᠯᠡᠭᠦᠯᠬᠦ ᠬᠡᠪᠴᠢᠶ᠎ᠡ ᠶᠢ ᠨᠢ 2000 ᠲᠦᠮᠡᠨ ᠺᠢᠯᠣᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠂ ᠳᠠᠬᠢᠨ ᠡᠭᠦᠰᠴᠦ ᠪᠣᠯᠬᠤ | ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠤᠪᠢ ᠶᠢᠨ ᠵᠢᠩ ᠢ 40% ᠠᠴᠠ ᠳᠡᠭᠡᠭᠰᠢ ᠳᠤ ᠬᠦᠷᠦᠭᠦᠯᠦᠨ᠎ᠡ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠣᠬᠢᠷᠳᠤᠯ ᠦᠭᠡᠢ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠶ ᠪᠠᠷ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠵᠤ᠂ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ᠂ ᠪᠣᠬᠢᠷᠳᠤᠯ ᠦᠭᠡᠢ ᠪᠠᠷ ᠲᠠᠷᠢᠶᠠᠯᠠᠩ ᠢ ᠬᠥᠭᠵᠢᠭᠦᠯᠬᠦ᠂ ᠨᠠᠷᠠᠲᠤ ᠲᠡᠮᠳᠡᠭ ᠢᠶᠠᠷ | ᠲᠠᠷᠢᠶᠠᠯᠠᠩ ᠢᠶᠠᠨ ᠬᠦᠴᠦᠷᠬᠡᠭᠵᠢᠭᠦᠯᠬᠦ ᠶᠢ ᠪᠠᠷᠢᠮᠲᠠᠯᠠᠨ᠂ ︽ᠭᠤᠷᠪᠠᠨ ᠵᠦᠢᠯ ᠤᠨ ᠪᠦᠲᠦᠭᠡᠭᠳᠡᠬᠦᠨ ᠬᠢᠭᠡᠳ ᠨᠢᠭᠡ ᠲᠡᠮᠳᠡᠭ︾ ᠢᠶᠠᠨ ᠳᠡᠭᠡᠭᠰᠢᠯᠡᠭᠦᠯᠬᠦ ᠠᠵᠢᠯᠯᠠᠭᠠᠨ ᠢ | ᠭᠦᠨᠵᠡᠭᠡᠢ ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭ ᠤᠨ | ᠨᠥᠯᠥᠭᠡᠯᠡᠬᠦ ᠬᠦᠴᠦᠨ ᠢ ᠥᠷᠭᠡᠳᠬᠡᠨ᠂ ᠪᠣᠬᠢᠷᠳᠤᠯ ᠦᠭᠡᠢ ᠴᠢᠨᠠᠷ ᠰᠠᠶᠢᠲᠠᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠬᠤ ᠴᠢᠳᠠᠪᠤᠷᠢ ᠶᠢ | ᠨᠢ ᠳᠡᠭᠡᠭᠰᠢᠯᠡᠭᠦᠯᠦᠨ᠎ᠡ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠲᠣᠭᠠᠵᠢᠯᠲᠤ ᠠᠵᠤ | ᠠᠬᠤᠢ ᠶᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠤᠨ᠂ ᠲᠣᠭᠠᠵᠢᠭᠤᠯᠤᠭᠰᠠᠨ ᠬᠡᠯᠪᠡᠷᠢ ᠲᠡᠶᠢᠰᠢ ᠬᠤᠪᠢᠷᠠᠭᠤᠯᠬᠤ ᠠᠵᠢᠯ ᠤᠨ ᠱᠤᠭᠤᠮ ᠤᠨ | ᠵᠢᠷᠤᠭ ᠢ ᠠᠵᠢᠯ ᠲᠥᠷᠥᠯ ᠢᠶᠠᠷ ᠨᠢ ᠬᠤᠪᠢᠶᠠᠵᠤ ᠲᠣᠭᠲᠠᠭᠠᠨ᠂ ᠪᠣᠬᠢᠷᠳᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ᠂ ᠠᠮᠢᠳᠤ ᠪᠣᠳᠠᠰ ᠤᠨ ᠡᠮ ᠡᠮᠨᠡᠯᠭᠡ᠂ | ᠳᠡᠭᠡᠳᠦ ᠲᠠᠰ ᠤᠨ ᠲᠣᠨᠤᠭ ᠲᠥᠬᠦᠭᠡᠷᠦᠮᠵᠢ ᠵᠡᠷᠭᠡ ᠠᠵᠤ ᠦᠢᠯᠡᠰ ᠢ ᠪᠤᠵᠠᠭᠠᠶᠢᠷᠠᠭᠤᠯᠤᠨ᠂ ᠴᠡᠷᠢᠭ ᠠᠷᠠᠳ ᠤᠨ ᠬᠡᠷᠡᠭᠴᠡᠭᠡᠨ ᠤ ᠠᠭᠤᠰᠤᠯᠴᠠᠭᠰᠠᠨ ᠠᠵᠤ ᠦᠢᠯᠡᠰ ᠢ | ᠬᠥᠭᠵᠢᠭᠦᠯᠦᠨ᠎ᠡ᠃ ᠦᠢᠯᠡᠴᠢᠯᠡᠭᠡᠨ ᠤ ᠦᠢᠯᠡᠰ ᠤᠨ ᠳᠤᠲᠠᠭᠤᠳᠠᠯ ᠢᠶᠠᠨ ᠨᠥᠬᠦᠪᠦᠷᠢᠯᠡᠬᠦ ᠶᠢ ᠲᠦᠷᠭᠡᠳᠬᠡᠨ ᠠᠬᠢᠭᠤᠯᠵᠤ᠂ ᠣᠲᠣ ᠦᠶ᠎ᠡ ᠶᠢᠨ ᠦᠢᠯᠡᠴᠢᠯᠡᠭᠡᠨ ᠤ | ᠦᠢᠯᠡᠰ ᠢᠶᠠᠨ ᠲᠡᠷᠢᠭᠦᠨ ᠤ ᠦᠢᠯᠡᠳᠬᠦ ᠦᠢᠯᠡᠰ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠯᠤᠭ᠎ᠠ ᠭᠦᠨ ᠠᠭᠤᠰᠤᠯᠴᠠᠭᠤᠯᠬᠤ ᠶᠢ ᠠᠬᠢᠭᠤᠯᠤᠨ᠂ | ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢᠶᠠᠨ ᠲᠤᠰᠬᠠᠶᠢᠵᠢᠭᠰᠠᠨ ᠪᠠ ᠥᠷᠲᠡᠭ ᠤᠨ ᠬᠡᠯᠬᠢᠶ᠎ᠡ ᠶᠢᠨ ᠳᠡᠭᠡᠳᠦ ᠲᠠᠰ ᠲᠡᠶᠢᠰᠢ ᠤᠷᠲᠤᠳᠬᠠᠬᠤ ᠶᠢ | ᠠᠬᠢᠭᠤᠯᠵᠤ᠂ ᠠᠮᠢᠳᠤᠷᠠᠯ ᠤᠨ ᠬᠡᠷᠡᠭᠴᠡᠭᠡᠨ ᠤ ᠴᠢᠨᠠᠷᠲᠠᠢ ᠦᠢᠯᠡᠴᠢᠯᠡᠭᠡᠨ ᠤ ᠦᠢᠯᠡᠰ ᠢᠶᠠᠨ ᠴᠢᠨᠠᠷ ᠰᠠᠶᠢᠲᠠᠢ ᠪᠠ ᠣᠯᠠᠨ ᠶᠠᠩᠵᠤᠴᠢᠯᠠᠭᠰᠠᠨ ᠲᠡᠶᠢᠰᠢ ᠲᠠᠰ | ᠳᠡᠪᠰᠢᠭᠦᠯᠬᠦ ᠶᠢ ᠠᠬᠢᠭᠤᠯᠤᠨ᠂ ᠡᠨᠧᠷᠭᠢ ᠠᠷᠪᠢᠯᠠᠬᠤ ᠦᠢᠯᠡᠴᠢᠯᠡᠭᠡ᠂ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ ᠵᠡᠷᠭᠡ ᠦᠢᠯᠡᠳᠬᠦ ᠦᠢᠯᠡᠰ ᠤᠨ ᠦᠢᠯᠡᠴᠢᠯᠡᠭᠡᠨ ᠢ | ᠪᠣᠶ ᠪᠣᠯᠭᠠᠨ ᠬᠥᠭᠵᠢᠭᠦᠯᠵᠦ᠂ ᠭᠤᠣᠯᠳᠠᠯᠭ᠎ᠠ ᠪᠣᠯᠬᠤ ᠦᠵᠡᠮᠵᠢ ᠶᠢᠨ ᠣᠷᠣᠨ ᠤ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠬᠦ ᠠᠵᠢᠯᠯᠠᠭᠠᠨ ᠪᠠ ᠰᠣᠶᠣᠯ ᠵᠢᠭᠤᠯᠴᠢᠯᠠᠯ ᠤᠨ | ᠲᠣᠭᠠᠵᠢᠭᠤᠯᠤᠭᠰᠠᠨ ᠢᠨᠵᠧᠨᠧᠷᠢᠩ ᠢ ᠬᠡᠷᠡᠭᠵᠢᠭᠦᠯᠦᠨ᠂ ᠪᠠᠷᠠᠭᠠᠨ ᠤ ᠭᠦᠢᠯᠭᠡᠭᠡᠨ᠂ ᠮᠥᠩᠭᠦᠨ ᠭᠦᠢᠯᠭᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠵᠢᠭᠤᠯᠴᠢᠯᠠᠯ᠂ | ᠰᠣᠶᠣᠯ ᠵᠡᠷᠭᠡ ᠬᠦᠷᠢᠶ᠎ᠡ ᠪᠠᠷ ᠭᠤᠣᠯᠳᠠᠯᠭ᠎ᠠ ᠪᠣᠯᠭᠠᠵᠤ᠂ ᠨᠢᠭᠡ ᠪᠦᠯᠦᠭ ᠦᠢᠯᠡᠴᠢᠯᠡᠭᠡᠨ ᠤ ᠦᠢᠯᠡᠰ ᠤᠨ ᠲᠥᠪᠯᠡᠷᠡᠭᠰᠡᠨ ᠲᠣᠭᠤᠷᠢᠭ ᠢ ᠪᠠᠶᠢᠭᠤᠯᠤᠨ᠂ ᠴᠢᠨᠠᠷ ᠰᠠᠶᠢᠲᠠᠢ | ᠦᠢᠯᠡᠴᠢᠯᠡᠭᠡ ᠬᠠᠩᠭᠠᠬᠤ ᠶᠢ ᠴᠢᠩᠭᠠᠷᠠᠭᠤᠯᠤᠨ᠎ᠠ᠃ | ᠲᠤᠰᠬᠠᠢ ᠪᠤᠯᠤᠩ 1᠄ ᠭᠤᠣᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶ᠎ᠡ ᠶᠢᠨ ᠠᠵᠢᠯ ᠢ ᠲᠦᠷᠭᠡᠳᠬᠡᠨ ᠠᠬᠢᠭᠤᠯᠤᠨ᠎ᠠ | ︵ᠨᠢᠭᠡ︶ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ᠃ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠤᠯᠤᠰ ᠤᠨ ᠲᠥᠯᠥᠪᠵᠢᠭᠦᠯᠦᠨ ᠪᠠᠶᠢᠷᠢᠰᠢᠭᠤᠯᠤᠭᠰᠠᠨ | ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠪᠣᠳᠠᠲᠠᠶᠢᠵᠢᠭᠤᠯᠬᠤ ᠪᠠᠷ ᠢᠳᠡᠪᠬᠢᠲᠡᠢ ᠴᠢᠷᠮᠠᠶᠢᠵᠤ᠂ ᠳᠡᠭᠡᠳᠦ ᠲᠠᠰ ᠤᠨ | ᠰᠠᠭᠤᠷᠢ ᠪᠣᠯᠬᠤ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠢ ᠶᠡᠭᠡ ᠪᠠᠷ ᠬᠥᠭᠵᠢᠭᠦᠯᠦᠨ᠂ ᠠᠵᠤ ᠦᠢᠯᠡᠰ ᠤᠨ ᠢᠵᠢ ᠪᠦᠷᠢᠳᠦᠭᠦᠯᠬᠦ ᠴᠢᠳᠠᠪᠤᠷᠢ ᠶᠢ ᠨᠢ | ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠡᠷᠡᠭᠯᠡᠵᠦ ᠤᠯᠠᠷᠢᠭᠤᠯᠬᠤ ᠶᠢ ᠠᠬᠢᠭᠤᠯᠤᠨ᠂ ᠪᠣᠬᠢᠷᠳᠤᠯ ᠦᠭᠡᠢ ᠪᠠᠶᠢᠯᠭᠠᠬᠤ | ᠪᠠ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ | ︵ᠬᠤᠶᠠᠷ︶ ᠰᠠᠯᠬᠢᠨ ᠤ ᠬᠦᠴᠦ ᠪᠠᠷ ᠴᠠᠬᠢᠯᠭᠠᠨ ᠡᠭᠦᠰᠬᠡᠬᠦ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ ᠬᠡᠯᠬᠢᠶ᠎ᠡ᠃ ᠠᠵᠤ ᠦᠢᠯᠡᠰ ᠤᠨ | ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠮᠡᠷᠭᠡᠵᠢᠯ ᠤᠨ ᠰᠢᠨ᠎ᠡ ᠡᠭᠦᠳᠦᠯᠲᠡ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ | ᠬᠡᠯᠬᠢᠶ᠎ᠡ ᠶᠢᠨ ᠭᠤᠣᠯᠯᠠᠬᠤ ᠠᠵᠤ ᠠᠬᠤᠶᠢᠯᠠᠯ ᠢ ᠢᠳᠡᠪᠬᠢᠲᠡᠢ ᠪᠣᠢ ᠪᠣᠯᠭᠠᠨ᠂ ᠠᠵᠤ ᠦᠢᠯᠡᠰ ᠤᠨ ᠬᠡᠯᠬᠢᠶ᠎ᠡ ᠶᠢᠨ ᠳᠤᠲᠠᠭᠤᠳᠠᠯ ᠢ ᠨᠢ ᠨᠥᠬᠦᠪᠦᠷᠢᠯᠡᠬᠦ ᠠᠵᠢᠯᠯᠠᠭᠠᠨ ᠢ | ᠬᠦᠴᠦᠲᠡᠢ ᠬᠡᠷᠡᠭᠵᠢᠭᠦᠯᠵᠦ᠂ ᠠᠵᠤ ᠦᠢᠯᠡᠰ ᠢ ᠲᠡᠳᠬᠦᠬᠦ ᠲᠥᠷᠥ ᠶᠢᠨ ᠪᠣᠳᠣᠯᠭ᠎ᠠ ᠪᠠᠨ ᠪᠠᠶᠢᠭᠤᠯᠤᠨ ᠪᠦᠷᠢᠨᠰᠢᠭᠦᠯᠦᠨ᠎ᠡ᠃ | ︵ᠭᠤᠷᠪᠠ︶ ᠬᠡᠷᠡᠯ ᠴᠡᠨᠡᠭ ᠤᠨ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ ᠬᠡᠯᠬᠢᠶ᠎ᠡ᠃ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠣᠬᠢᠷᠠᠭᠤᠯᠤᠨ | ᠰᠢᠯᠢᠳᠡᠭᠵᠢᠭᠦᠯᠵᠦ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠂ ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ | ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠬᠤ ᠶᠢ ᠠᠬᠢᠭᠤᠯᠵᠤ᠂ ᠣᠳᠣ ᠪᠠᠶᠢᠭ᠎ᠠ ᠲᠦᠭᠦᠬᠡᠢ ᠮᠠᠲ᠋ᠧᠷᠢᠶᠠᠯ ᠤᠨ | ᠠᠵᠤ ᠠᠬᠤᠶᠢᠯᠠᠯ ᠢ ᠳᠠᠮᠵᠢᠵᠤ ᠪᠠᠶᠢᠭᠠᠳ ᠳᠤᠮᠳᠠ ᠬᠡᠯᠬᠢᠶᠡᠨ ᠳᠠᠬᠢ ᠭᠡᠷᠡᠯ ᠴᠡᠨᠡᠭ ᠤᠨ ᠲᠣᠨᠤᠭ ᠲᠥᠬᠦᠭᠡᠷᠦᠮᠵᠢ ᠶᠢᠨ ᠠᠵᠤ ᠦᠢᠯᠡᠰ ᠲᠡᠶᠢᠰᠢ ᠤᠷᠲᠤᠳᠬᠠᠨ᠂ | ᠣᠷᠣᠨ ᠤ ᠭᠠᠳᠠᠨᠠᠬᠢ ᠬᠥᠲᠥᠴᠢ ᠠᠵᠤ ᠠᠬᠤᠶᠢᠯᠠᠯ ᠯᠤᠭ᠎ᠠ ᠢᠳᠡᠪᠬᠢᠲᠡᠢ ᠵᠣᠯᠭᠠᠭᠤᠯᠵᠤ᠂ ᠠᠵᠤ ᠦᠢᠯᠡᠰ ᠢ ᠲᠡᠳᠬᠦᠬᠦ ᠲᠥᠷᠥ ᠶᠢᠨ ᠪᠣᠳᠣᠯᠭ᠎ᠠ ᠪᠠᠨ ᠪᠠᠶᠢᠭᠤᠯᠤᠨ | ᠪᠦᠷᠢᠨᠰᠢᠭᠦᠯᠦᠨ᠎ᠡ᠃ | ︵ᠳᠥᠷᠪᠡ︶ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠡᠯᠬᠢᠶ᠎ᠡ᠃ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ | ᠠᠵᠤ ᠠᠬᠤᠶᠢᠯᠠᠯ ᠤᠨ ᠮᠡᠷᠭᠡᠵᠢᠯ ᠤᠨ ᠰᠢᠨ᠎ᠡ ᠡᠭᠦᠳᠦᠯᠲᠡ ᠶᠢ ᠳᠡᠮᠵᠢᠵᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠲᠥᠴᠢ ᠠᠵᠤ | ᠠᠬᠤᠶᠢᠯᠠᠯ ᠢ ᠪᠣᠶ ᠪᠣᠯᠭᠠᠨ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠲᠦᠬᠦᠷᠵᠢᠬᠦ ᠠᠵᠤ ᠠᠬᠤᠶᠢᠯᠠᠯ ᠢ ᠢᠳᠡᠪᠬᠢᠲᠡᠢ ᠪᠠᠷ ᠣᠷᠣᠭᠤᠯᠤᠨ | ᠠᠪᠴᠢᠷᠠᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠰᠢᠨ᠎ᠡ | ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ | ︵ᠲᠠᠪᠤ︶ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠬᠡᠯᠬᠢᠶ᠎ᠡ᠃ ᠠᠵᠤ ᠦᠢᠯᠡᠰ ᠤᠨ ᠲᠥᠪᠯᠡᠷᠡᠵᠦ ᠪᠥᠭᠡᠮᠨᠡᠷᠡᠭᠰᠡᠨ ᠪᠠ ᠵᠦᠷᠢᠶᠡᠵᠢᠭᠰᠡᠨ | ᠬᠥᠭᠵᠢᠯᠲᠡ ᠶᠢ ᠠᠬᠢᠭᠤᠯᠤᠨ᠂ ᠬᠡᠯᠬᠢᠶ᠎ᠡ ᠶᠢᠨ ᠭᠤᠣᠯᠯᠠᠬᠤ ᠠᠵᠤ ᠠᠬᠤᠶᠢᠯᠠᠯ᠂ ᠲᠣᠯᠣᠭᠠᠶᠢᠯᠠᠬᠤ ᠠᠵᠤ ᠠᠬᠤᠶᠢᠯᠠᠯ ᠢ ᠪᠣᠶ ᠪᠣᠯᠭᠠᠨ ᠪᠦᠷᠢᠯᠳᠦᠭᠦᠯᠵᠦ᠂ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠵᠤ ᠬᠡᠯᠬᠢᠶ᠎ᠡ ᠶᠢᠨ ᠳᠤᠲᠠᠭᠤᠳᠠᠯ ᠢ ᠨᠢ ᠨᠥᠬᠦᠪᠦᠷᠢᠯᠡᠬᠦ ᠶᠢ ᠴᠢᠩᠭᠠᠳᠬᠠᠨ᠂ ᠴᠢᠬᠤᠯᠠ ᠶᠡᠭᠡ ᠰᠢᠨ᠎ᠡ ᠡᠭᠦᠳᠦᠯᠲᠡ ᠶᠢᠨ | ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠠᠶᠢᠵᠢᠭᠤᠯᠵᠤ | ᠤᠯᠠᠷᠢᠭᠤᠯᠬᠤ ᠪᠠᠨ ᠠᠬᠢᠭᠤᠯᠤᠨ᠎ᠠ᠃ | ︵ᠵᠢᠷᠭᠤᠭ᠎ᠠ︶ ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶ᠎ᠡ᠃ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠵᠦ᠂ ᠬᠤᠪᠣᠷ | ᠰᠢᠷᠣᠢ ᠶᠢᠨ ᠠᠵᠤ ᠦᠢᠯᠡᠰ ᠤᠨ ᠪᠦᠯᠦᠭᠵᠢᠯ ᠢ ᠤᠯᠠᠮ ᠨᠢᠭᠡ ᠠᠯᠬᠤᠮ ᠬᠥᠭᠵᠢᠭᠦᠯᠵᠦ᠂ ᠤᠯᠤᠰ ᠤᠨ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ ᠤᠨ ᠰᠢᠨ᠎ᠡ | ᠡᠭᠦᠳᠦᠯᠲᠡ ᠶᠢᠨ ᠲᠥᠪ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠢᠨ᠎ᠡ ᠡᠭᠦᠳᠦᠯᠲᠡ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠤᠪᠣᠷ | ᠰᠢᠷᠣᠢ ᠶᠢᠨ ᠬᠡᠷᠡᠭᠯᠡᠭᠡᠨ ᠤ ᠠᠵᠤ ᠦᠢᠯᠡᠰ ᠢ ᠪᠣᠢ ᠪᠣᠯᠭᠠᠨ ᠪᠤᠵᠠᠭᠠᠶᠢᠷᠠᠭᠤᠯᠵᠤ᠂ ᠲᠡᠳᠬᠦᠬᠦ ᠲᠥᠷᠥ ᠶᠢᠨ ᠪᠣᠳᠣᠯᠭ᠎ᠠ ᠪᠠᠨ ᠪᠠᠶᠢᠭᠤᠯᠤᠨ ᠪᠦᠷᠢᠨᠰᠢᠭᠦᠯᠦᠨ᠎ᠡ᠃ | ︵ᠳᠣᠯᠤᠭ᠎ᠠ︶ ᠥᠩᠭᠡᠲᠦ ᠲᠡᠮᠦᠷᠯᠢᠭ ᠤᠨ ᠠᠵᠤ ᠦᠢᠯᠡᠰ ᠤᠨ ᠬᠡᠯᠬᠢᠶ᠎ᠡ᠃ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠵᠦ᠂ | ᠮᠡᠷᠭᠡᠵᠢᠯ ᠣᠷᠣᠭᠤᠯᠵᠤ ᠢᠷᠡᠬᠦ ᠪᠠ ᠡᠭᠦᠳᠦᠨ ᠪᠦᠲᠦᠭᠡᠵᠦ ᠰᠤᠳᠤᠯᠤᠨ ᠨᠡᠭᠡᠭᠡᠬᠦ ᠶᠢ ᠳᠡᠮᠵᠢᠨ᠂ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠬᠤ ᠶᠢ ᠬᠦᠴᠦᠲᠡᠢ | ᠠᠬᠢᠭᠤᠯᠵᠤ᠂ ᠣᠳᠣ ᠪᠠᠶᠢᠭ᠎ᠠ ᠴᠠᠬᠢᠯᠭᠠᠨ ᠢᠶᠠᠷ ᠵᠠᠳᠠᠯᠤᠭᠰᠠᠨ ᠬᠥᠩᠭᠡᠨ ᠴᠠᠭᠠᠨ ᠤ ᠬᠡᠯᠬᠢᠶ᠎ᠡ ᠶᠢᠨ ᠭᠤᠣᠯᠯᠠᠬᠤ ᠠᠵᠤ ᠠᠬᠤᠶᠢᠯᠠᠯ ᠢᠶᠠᠨ ᠬᠥᠩᠭᠡᠨ ᠴᠠᠭᠠᠨ ᠤ | ᠳᠠᠷᠠᠭᠠᠴᠢ ᠪᠠᠷ ᠬᠢ ᠡᠳ᠋ᠰᠢᠭᠦᠯᠬᠦ ᠠᠵᠤ ᠦᠢᠯᠡᠰ ᠲᠡᠶᠢᠰᠢ ᠤᠷᠲᠤᠳᠬᠠᠬᠤ ᠶᠢ ᠳᠡᠮᠵᠢᠵᠦ᠂ ᠠᠵᠤ ᠦᠢᠯᠡᠰ ᠢ ᠲᠡᠳᠬᠦᠬᠦ ᠲᠥᠷᠥ ᠶᠢᠨ ᠪᠣᠳᠣᠯᠭ᠎ᠠ ᠪᠠᠨ ᠪᠠᠶᠢᠭᠤᠯᠤᠨ | ᠪᠦᠷᠢᠨᠰᠢᠭᠦᠯᠦᠨ᠎ᠡ᠃ | ︵ᠨᠠᠢᠮᠠ︶ ᠰᠦ ᠶᠢᠨ ᠦᠢᠯᠡᠰ ᠤᠨ ᠠᠵᠤ ᠦᠢᠯᠡᠰ ᠤᠨ ᠬᠡᠯᠬᠢᠶ᠎ᠡ᠃ ᠰᠠᠭᠠᠯᠢ ᠶᠢᠨ ᠦᠨᠢᠶᠡᠨ ᠤ ᠤᠳᠤᠮᠰᠢᠯ ᠤᠨ ᠡᠭᠦᠯᠳᠡᠷ ᠰᠠᠶᠢᠵᠢᠷᠠᠭᠤᠯᠬᠤ ᠲᠥᠯᠥᠪᠯᠡᠭᠡ ᠪᠠ | ᠲᠡᠵᠢᠭᠡᠯ ᠡᠪᠡᠰᠦ ᠪᠣᠷᠳᠣᠭᠠᠨ ᠤ ᠪᠠᠲᠤᠯᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠰᠠᠭᠠᠯᠢ ᠶᠢᠨ ᠦᠨᠢᠶᠡᠨ ᠤ ᠰᠦᠷᠦᠭ ᠢᠶᠠᠨ | ᠨᠡᠮᠡᠭᠳᠡᠭᠦᠯᠬᠦ ᠶᠢ ᠠᠬᠢᠭᠤᠯᠵᠤ᠂ ᠲᠠᠷᠢᠶᠠᠯᠠᠩ ᠪᠠ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠭᠳᠠᠭᠤᠯᠬᠤ ᠪᠠᠨ ᠤᠯᠠᠮ ᠨᠢᠭᠡ ᠠᠯᠬᠤᠮ ᠨᠢᠭᠲᠠᠷᠠᠭᠤᠯᠤᠨ᠎ᠠ᠃ | ︵ᠶᠢᠰᠦ︶ ᠠᠯᠠᠰᠢᠨ ᠦᠬᠡᠷ ᠤᠨ ᠠᠵᠤ ᠦᠢᠯᠡᠰ ᠤᠨ ᠬᠡᠯᠬᠢᠶ᠎ᠡ᠃ ᠦᠷ᠎ᠡ ᠡᠭᠦᠯᠳᠡᠷ ᠤᠨ ᠦᠢᠯᠡᠰ ᠢᠶᠠᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠠᠯᠠᠰᠢᠨ | ᠦᠬᠡᠷ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠬᠦ ᠲᠣᠭᠲᠠᠯᠴᠠᠭ᠎ᠠ ᠶᠢ ᠪᠦᠷᠢᠨᠰᠢᠭᠦᠯᠵᠦ᠂ ᠣᠲᠣ ᠦᠶ᠎ᠡ ᠶᠢᠨ ᠡᠳ᠋ᠰᠢᠭᠦᠯᠦᠨ ᠪᠣᠯᠪᠠᠰᠤᠷᠠᠭᠤᠯᠬᠤ ᠲᠣᠭᠲᠠᠯᠴᠠᠭ᠎ᠠ ᠶᠢ | ᠪᠠᠶᠢᠭᠤᠯᠤᠨ᠂ ᠪᠣᠬᠢᠷᠳᠤᠯ ᠦᠭᠡᠢ ᠨᠠᠷᠠᠲᠤ ᠲᠡᠮᠳᠡᠭ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ | ᠡᠭᠦᠳᠦᠨ ᠪᠠᠶᠢᠭᠤᠯᠬᠤ ᠶᠢ ᠳᠡᠮᠵᠢᠨ᠂ ᠠᠯᠠᠰᠢᠨ ᠦᠬᠡᠷ ᠤᠨ ᠠᠵᠤ ᠦᠢᠯᠡᠰ ᠤᠨ ᠪᠦᠯᠦᠭᠵᠢᠯ ᠢ ᠪᠣᠶ ᠪᠣᠯᠭᠠᠨ ᠪᠤᠵᠠᠭᠠᠶᠢᠷᠠᠭᠤᠯᠵᠤ᠂ ᠠᠵᠤ ᠦᠢᠯᠡᠰ ᠤᠨ ᠮᠡᠳᠡᠭᠡ | ᠵᠠᠩᠭᠢᠴᠢᠯᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ | ︵ᠠᠷᠪᠠ︶ ᠠᠯᠠᠰᠢᠨ ᠬᠤᠨᠢᠨ ᠤ ᠠᠵᠤ ᠦᠢᠯᠡᠰ ᠤᠨ ᠬᠡᠯᠬᠢᠶ᠎ᠡ᠃ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠲᠣᠭᠲᠠᠯᠴᠠᠭ᠎ᠠ ᠶᠢᠨ ᠪᠠᠶᠢᠭᠤᠯᠤᠯᠲᠠ ᠶᠢ | ᠠᠬᠢᠭᠤᠯᠵᠤ᠂ ᠠᠯᠠᠰᠢᠨ ᠬᠤᠨᠢᠨ ᠤ ᠤᠳᠤᠮᠰᠢᠯ ᠤᠨ ᠡᠭᠦᠯᠳᠡᠷ ᠰᠠᠶᠢᠵᠢᠷᠠᠭᠤᠯᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠦᠨ᠂ ᠠᠯᠠᠰᠢᠨ ᠬᠤᠨᠢᠨ ᠤ | ᠪᠠᠷᠢᠮᠵᠢᠶᠠᠵᠢᠭᠤᠯᠤᠭᠰᠠᠨ ᠦᠢᠯᠡᠳᠪᠦᠷᠢᠯᠡᠬᠦ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠠᠯᠠᠰᠢᠨ ᠬᠤᠨᠢᠨ ᠤ ᠨᠠᠷᠠᠲᠤ ᠲᠡᠮᠳᠡᠭ ᠤᠨ ᠪᠠᠶᠢᠭᠤᠯᠤᠯᠲᠠ ᠶᠢ | ᠠᠬᠢᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠭᠤᠷᠬᠢ ᠣᠯᠠᠨ ᠵᠦᠢᠯ ᠤᠨ ᠪᠣᠷᠣᠯᠠᠭᠤᠯᠤᠨ ᠬᠤᠳᠠᠯᠳᠤᠬᠤ ᠵᠠᠮ ᠮᠥᠷ ᠢᠶᠠᠨ ᠢᠳᠡᠪᠬᠢᠲᠡᠢ ᠥᠷᠭᠡᠳᠬᠡᠨ᠎ᠡ᠃ | ︵ᠠᠷᠪᠠᠨ ᠨᠢᠭᠡ︶ ᠲᠥᠮᠥᠰᠥᠨ ᠤ ᠠᠵᠤ ᠦᠢᠯᠡᠰ ᠤᠨ ᠬᠡᠯᠬᠢᠶ᠎ᠡ᠃ ᠤᠯᠤᠰ ᠤᠨ ᠲᠡᠰ ᠤᠨ ᠲᠥᠮᠥᠰᠥᠨ ᠤ ᠰᠠᠶᠢᠨ ᠦᠷ᠎ᠡ ᠶᠢ ᠦᠷᠡᠵᠢᠭᠦᠯᠬᠦ ᠰᠠᠭᠤᠷᠢᠨ | ᠭᠠᠵᠠᠷ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠨᠢ ᠪᠠᠳᠠᠷᠠᠭᠤᠯᠤᠨ᠂ ᠲᠥᠮᠥᠰᠥᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠥᠮᠥᠰᠥ ᠡᠳ᠋ᠰᠢᠭᠦᠯᠦᠨ ᠪᠣᠯᠪᠠᠰᠤᠷᠠᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠂ ︽ᠥᠪᠥᠷ ᠮᠣᠩᠭᠤᠯ ᠲᠥᠮᠥᠰᠥ︾ | ᠶᠢᠨ ᠨᠡᠷᠡᠲᠦ ᠲᠡᠮᠳᠡᠭ ᠢᠶᠠᠨ ᠪᠣᠶ ᠪᠣᠯᠭᠠᠨ᠎ᠠ᠃ | ︵ᠠᠷᠪᠠᠨ ᠬᠤᠶᠠᠷ︶ ᠬᠤᠨᠢ ᠢᠮᠠᠭᠠᠨ ᠤ ᠨᠣᠣᠰᠣ ᠨᠤᠯᠤᠭᠤᠤᠷ ᠤᠨ ᠠᠵᠤ ᠦᠢᠯᠡᠰ ᠤᠨ ᠬᠡᠯᠬᠢᠶ᠎ᠡ᠃ ᠨᠣᠣᠰᠣ ᠨᠤᠯᠤᠭᠤᠤᠷ ᠤᠨ ᠨᠥᠭᠡᠴᠡᠯᠡᠨ ᠬᠠᠳᠠᠭᠠᠯᠠᠬᠤ ᠳᠤ | ᠳᠠᠮ ᠬᠦᠦ ᠥᠭᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠨᠤᠯᠤᠭᠤᠤᠷ ᠤᠨ ᠢᠮᠠᠭᠠᠨ ᠤ ᠴᠢᠨᠠᠷ ᠢ ᠨᠢ ᠳᠡᠭᠡᠭᠰᠢᠯᠡᠭᠦᠯᠬᠦ ᠢᠨᠵᠧᠨᠧᠷᠢᠩ ᠢ | ᠬᠡᠷᠡᠭᠵᠢᠭᠦᠯᠦᠨ᠂ ᠴᠢᠨᠠᠷ ᠰᠠᠶᠢᠲᠠᠢ ᠮᠥᠷᠲᠡᠭᠡᠨ ᠦᠨ᠎ᠡ ᠰᠠᠶᠢᠲᠠᠢ ᠪᠠᠶᠢᠬᠤ ᠲᠣᠭᠲᠠᠴᠠ ᠶᠢ ᠪᠦᠷᠢᠨᠰᠢᠭᠦᠯᠵᠦ᠂ ᠨᠣᠣᠰᠣ ᠨᠤᠯᠤᠭᠤᠤᠷ ᠤᠨ ᠠᠵᠤ ᠦᠢᠯᠡᠰ ᠤᠨ | ᠲᠥᠪᠯᠡᠷᠡᠯ ᠤᠨ ᠬᠡᠮᠵᠢᠶ᠎ᠡ ᠶᠢ ᠳᠡᠭᠡᠭᠰᠢᠯᠡᠭᠦᠯᠦᠨ᠂ ᠮᠡᠷᠭᠡᠵᠢᠯ ᠪᠠ ᠵᠠᠬ᠎ᠠ ᠳᠡᠯᠭᠡᠭᠦᠷ ᠤᠨ ᠳᠠᠪᠠᠭᠤᠯᠢᠭ ᠲᠠᠢ ᠬᠡᠯᠬᠢᠶ᠎ᠡ ᠶᠢᠨ ᠭᠤᠣᠯᠯᠠᠬᠤ ᠠᠵᠤ ᠠᠬᠤᠶᠢᠯᠠᠯ ᠢ ᠪᠣᠢ ᠪᠣᠯᠭᠠᠵᠤ᠂ | ᠨᠣᠣᠰᠣ ᠨᠤᠯᠤᠭᠤᠤᠷ ᠤᠨ ᠰᠢᠷᠬᠡᠭ ᠤᠨ ᠶᠠᠰᠤ ᠴᠢᠨᠠᠷ ᠢ ᠪᠠᠶᠢᠴᠠᠭᠠᠨ ᠰᠢᠯᠭᠠᠬᠤ ᠲᠣᠭᠲᠠᠯᠴᠠᠭ᠎ᠠ ᠪᠠᠨ ᠲᠡᠭᠦᠯᠳᠡᠷᠵᠢᠭᠦᠯᠦᠨ᠎ᠡ᠃ | ︵ᠭᠤᠷᠪᠠ︶ ᠦᠢᠯᠡᠳᠬᠦ ᠦᠢᠯᠡᠰ ᠤᠨ ᠭᠤᠣᠯᠯᠠᠭᠴᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠦᠢᠯᠡᠳᠬᠦ ᠦᠢᠯᠡᠰ᠂ ᠳᠤᠮᠳᠠ ᠵᠢᠵᠢᠭ ᠠᠵᠤ | ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠨᠦᠭᠦᠳ ᠢ ᠲᠣᠭᠲᠠᠭᠠᠨ᠎ᠠ᠃ ᠦᠢᠯᠡᠳᠬᠦ ᠦᠢᠯᠡᠰ ᠤᠨ | ᠭᠤᠣᠯᠯᠠᠭᠴᠢ ᠦᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠬᠦ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠢ ᠨᠠᠶᠢᠳᠠᠪᠤᠷᠢᠵᠢᠭᠤᠯᠤᠨ᠎ᠠ᠃ ᠦᠢᠯᠡᠳᠬᠦ ᠦᠢᠯᠡᠰ ᠤᠨ | ᠬᠡᠯᠬᠢᠶ᠎ᠡ ᠶᠢ ᠨᠢ ᠤᠷᠲᠤᠳᠬᠠᠬᠤ᠂ ᠬᠡᠯᠬᠢᠶ᠎ᠡ ᠶᠢᠨ ᠳᠤᠲᠠᠭᠤᠳᠠᠯ ᠢ ᠨᠢ ᠨᠥᠬᠦᠪᠥᠷᠢᠯᠡᠬᠦ᠂ ᠬᠡᠯᠬᠢᠶ᠎ᠡ ᠶᠢ ᠨᠢ ᠬᠦᠴᠦᠷᠬᠡᠭᠵᠢᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ | ᠥᠷᠨᠢᠭᠦᠯᠵᠦ᠂ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠡᠨᠧᠷᠭᠢ ᠶᠢᠨ ᠮᠠᠰᠢᠨ ᠲᠡᠷᠭᠡ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠬᠤᠪᠣᠷ | ᠰᠢᠷᠣᠶ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠭᠤᠤᠯᠳᠠᠯᠭ᠎ᠠ ᠪᠣᠯᠬᠤ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠡᠷᠴᠢᠮ ᠢᠶᠠᠨ ᠴᠢᠩᠭᠠᠷᠠᠭᠤᠯᠤᠨ᠂ ᠬᠥᠮᠥᠷᠭᠡ ᠳᠤ ᠣᠷᠣᠭᠤᠯᠤᠭᠰᠠᠨ ᠲᠥᠷᠥᠯ ᠵᠦᠢᠯ ᠢᠶᠠᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠦᠢᠯᠡᠰ ᠤᠨ | ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠨᠢ ᠨᠡᠪᠲᠡᠷᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠤᠯᠠᠮᠵᠢᠯᠠᠯᠲᠤ ᠠᠵᠤ ᠦᠢᠯᠡᠰ ᠤᠨ ᠲᠣᠭᠠᠵᠢᠭᠤᠯᠤᠨ ᠥᠭᠡᠷᠡᠴᠢᠯᠡᠵᠦ | ᠰᠢᠨᠡᠳᠬᠡᠬᠦ ᠶᠢ ᠲᠦᠷᠭᠡᠳᠬᠡᠨ᠂ ᠲᠣᠭᠠᠵᠢᠭᠤᠯᠤᠭᠰᠠᠨ ᠦᠢᠯᠡᠳᠪᠦᠷᠢ ᠶᠢᠨ ᠲᠠᠰᠤᠭ ᠪᠠ ᠣᠶᠤᠨᠴᠢ ᠦᠢᠯᠡᠳᠪᠦᠷᠢ ᠶᠢᠨ ᠲᠥᠷᠥᠯ ᠵᠦᠢᠯ ᠢ ᠠᠬᠢᠭᠤᠯᠵᠤ᠂ ᠭᠤᠤᠯᠳᠠᠯᠭ᠎ᠠ | ᠪᠣᠯᠬᠤ ᠠᠵᠢᠯ ᠲᠥᠷᠥᠯ ᠤᠨ ᠠᠵᠤ ᠦᠢᠯᠡᠳᠪᠦᠷᠢ ᠶᠢᠨ ᠬᠥᠮᠦᠨ ᠮᠠᠰᠢᠨ ᠢ ᠳᠡᠯᠭᠡᠷᠡᠭᠦᠯᠦᠨ᠂ ᠲᠤᠰᠬᠠᠶ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ︾ ᠠᠵᠤ | ᠠᠬᠤᠶᠢᠯᠠᠯ ᠢ ᠲᠦᠷᠭᠡᠳᠬᠡᠨ ᠪᠤᠶᠢᠵᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠶᠤᠨᠴᠢᠯᠠᠬᠤ ᠪᠠᠶᠢᠭᠤᠯᠤᠯᠲᠠ ᠶᠢ ᠦᠨᠳᠦᠰᠦᠨ ᠳᠤ ᠪᠠᠨ | ᠪᠡᠶᠡᠯᠡᠭᠦᠯᠦᠨ᠎ᠡ᠃ | ᠭᠤᠷᠪᠠ᠂ ᠳᠣᠲᠣᠭᠠᠳᠤ ᠬᠡᠷᠡᠭᠴᠡᠭᠡ ᠪᠠᠨ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠠᠵᠤ ᠠᠬᠤᠶ ᠶᠢᠨ ᠬᠥᠭᠵᠢᠯᠲᠡ ᠶᠢᠨ | ᠳᠣᠲᠣᠭᠠᠳᠤ ᠳᠠᠬᠢ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠤᠨ᠎ᠠ | ᠬᠡᠷᠡᠭᠯᠡᠭᠡ ᠪᠠ ᠪᠡᠯᠡ ᠣᠷᠣᠭᠤᠯᠤᠯᠲᠠ ᠶᠢ ᠪᠦᠲᠦᠮᠵᠢᠲᠡᠢ ᠥᠷᠭᠡᠳᠬᠡᠵᠦ᠂ ᠬᠡᠷᠡᠭᠴᠡᠭᠡ ᠱᠠᠭᠠᠷᠳᠠᠯᠭ᠎ᠠ ᠪᠠᠷ ᠬᠦᠲᠦᠯᠦᠨ ᠳᠠᠭᠠᠭᠤᠯᠬᠤ ᠪᠠ ᠬᠠᠩᠭᠠᠯᠭ᠎ᠠ ᠪᠠᠷ | ᠡᠭᠦᠳᠦᠨ ᠪᠦᠲᠦᠭᠡᠬᠦ ᠶᠢ ᠣᠷᠭᠠᠨᠢᠭ ᠢᠶᠠᠷ ᠤᠶᠠᠯᠳᠤᠭᠤᠯᠤᠨ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠷ ᠰᠠᠭᠤᠷᠢ ᠴᠡᠭ ᠪᠣᠯᠭᠠᠵᠤ ᠪᠠᠶᠢᠭᠠᠳ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠭᠤᠯᠤᠨ᠎ᠠ᠃ | ︵ᠨᠢᠭᠡ︶ ᠬᠡᠷᠡᠭᠯᠡᠭᠡ ᠪᠠᠨ ᠦᠷᠭᠦᠯᠵᠢᠯᠡᠨ ᠰᠡᠷᠭᠦᠭᠡᠬᠦ ᠶᠢ ᠠᠬᠢᠭᠤᠯᠤᠨ᠎ᠠ᠃ ᠤᠯᠠᠮᠵᠢᠯᠠᠯᠲᠤ ᠬᠡᠷᠡᠭᠯᠡᠭᠡ ᠶᠢᠨ ᠴᠢᠨᠠᠷ ᠴᠢᠨᠰᠠᠭ᠎ᠠ ᠶᠢ ᠨᠢ ᠳᠡᠭᠡᠭᠰᠢᠯᠡᠭᠦᠯᠦᠨ ᠬᠡᠪᠴᠢᠶ᠎ᠡ | ᠪᠠᠭᠲᠠᠭᠠᠮᠵᠢ ᠶᠢ ᠨᠢ ᠥᠷᠭᠡᠳᠬᠡᠬᠦ ᠶᠢ ᠲᠦᠷᠭᠡᠳᠬᠡᠨ᠂ ︽ᠥᠪᠥᠷ ᠮᠣᠩᠭᠤᠯ︾ ᠦᠰᠦᠭᠲᠦ ᠲᠡᠮᠳᠡᠭ ᠲᠠᠢ ᠨᠡᠷᠡᠲᠦ ᠲᠡᠮᠳᠡᠭ ᠢᠶᠠᠨ ᠳᠡᠭᠡᠭᠰᠢᠯᠡᠭᠦᠯᠬᠦ ᠠᠵᠢᠯᠯᠠᠭᠠᠨ ᠢ | ᠥᠷᠨᠢᠭᠦᠯᠵᠦ᠂ ᠬᠤᠳᠠᠯᠳᠤᠭᠠᠨ ᠤ ᠪᠣᠳᠠᠲᠤ ᠴᠣᠭᠴᠠ ᠶᠢᠨ ᠬᠡᠯᠪᠡᠷᠢ ᠪᠠᠨ ᠬᠤᠪᠢᠷᠠᠭᠤᠯᠬᠤ ᠪᠠ ᠵᠠᠭᠪᠤᠷ ᠲᠤ ᠪᠠᠨ ᠰᠢᠨ᠎ᠡ ᠶᠢ ᠡᠭᠦᠳᠬᠦ ᠶᠢ ᠨᠢ ᠠᠬᠢᠭᠤᠯᠤᠨ᠂ ᠪᠣᠬᠢᠷᠲᠤᠯ | ᠦᠭᠡᠢ ᠬᠤᠳᠠᠯᠳᠤᠭᠠᠨ ᠤ ᠲᠠᠯᠠᠪᠠᠢ ᠶᠢ ᠡᠭᠦᠳᠦᠨ ᠪᠠᠶᠢᠭᠤᠯᠬᠤ ᠪᠠ ᠨᠡᠷᠡᠲᠦ ᠲᠡᠮᠳᠡᠭ ᠢ ᠬᠡᠯᠬᠢᠶᠡᠵᠢᠭᠦᠯᠦᠨ ᠬᠥᠭᠵᠢᠭᠦᠯᠬᠦ ᠶᠢ ᠨᠢ ᠳᠡᠮᠵᠢᠵᠦ᠂ ᠳᠤᠮᠳᠠ ᠵᠢᠵᠢᠭ ᠪᠢᠴᠢᠯ | ᠠᠵᠤ ᠠᠬᠤᠶᠢᠯᠠᠯ ᠪᠠ ᠬᠤᠪᠢ ᠶᠢᠨ ᠳᠡᠯᠭᠡᠭᠦᠷ ᠤᠨ ᠰᠦᠯᠵᠢᠶ᠎ᠡ ᠪᠠᠷ ᠡᠵᠡᠩᠨᠡᠨ ᠪᠣᠷᠣᠯᠠᠭᠤᠯᠬᠤ ᠠᠷᠭ᠎ᠠ ᠮᠠᠶ᠋ᠢᠭ ᠢ ᠬᠡᠷᠡᠭᠯᠡᠨ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ ᠨᠢ | ᠠᠬᠢᠭᠤᠯᠤᠨ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠴᠠᠬᠢᠯᠭᠠᠨ ᠴᠡᠨᠡᠭᠯᠡᠵᠦ ᠰᠣᠯᠢᠬᠤ ᠪᠡᠯᠡᠳᠬᠡᠮᠵᠢ ᠶᠢ ᠨᠢ ᠲᠦᠷᠭᠡᠳᠬᠡᠨ ᠲᠡᠭᠦᠯᠳᠡᠷᠵᠢᠭᠦᠯᠵᠦ᠂ ᠭᠡᠷ ᠤᠨ | ᠴᠠᠬᠢᠯᠭᠠᠨ ᠬᠡᠷᠡᠭᠰᠡᠯ ᠢ ᠡᠭᠡᠭᠦᠯᠦᠨ ᠠᠪᠴᠤ ᠰᠢᠢᠳᠪᠦᠷᠢᠯᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ ᠨᠥᠬᠦᠴᠡᠯ ᠲᠠᠢ ᠭᠠᠵᠠᠷ ᠣᠷᠣᠨ ᠢ | ᠵᠣᠷᠢᠭᠵᠢᠭᠤᠯᠵᠤ ᠪᠠᠶᠢᠭᠠᠳ ᠪᠣᠬᠢᠷᠲᠤᠯ ᠦᠭᠡᠢ ᠣᠶᠤᠨᠴᠢ ᠭᠡᠷ ᠤᠨ ᠴᠠᠬᠢᠯᠭᠠᠨ ᠬᠡᠷᠡᠭᠰᠡᠯ ᠢ ᠬᠥᠳᠡᠭᠡ ᠲᠣᠰᠬᠤᠨ ᠳᠤ ᠪᠠᠭᠤᠯᠭᠠᠨ᠎ᠠ᠃ ᠰᠢᠨ᠎ᠡ ᠬᠡᠯᠪᠡᠷᠢ ᠪᠦᠬᠦᠢ | ᠬᠡᠷᠡᠭᠯᠡᠭᠡ ᠶᠢ ᠢᠳᠡᠪᠬᠢᠲᠡᠶ ᠪᠣᠶ ᠪᠣᠯᠭᠠᠵᠤ᠂ ᠥᠯᠥ ᠣᠶᠢᠷᠠᠳᠬᠤ ᠬᠡᠯᠪᠡᠷᠢ ᠪᠦᠬᠦᠢ ᠬᠡᠷᠡᠭᠯᠡᠭᠡ ᠶᠢᠨ ᠪᠡᠶᠡᠴᠢᠯᠡᠨ ᠣᠶᠢᠯᠠᠭᠠᠬᠤ ᠶᠢ ᠥᠷᠭᠡᠳᠬᠡᠵᠦ᠂ ᠣᠶᠣᠨᠯᠢᠭ ᠬᠡᠲᠦ | ᠳᠡᠯᠭᠡᠭᠦᠷ᠂ ᠣᠶᠣᠨᠯᠢᠭ ᠬᠤᠳᠠᠯᠳᠤᠭ᠎ᠠ ᠳᠡᠯᠭᠡᠭᠦᠷ᠂ ᠣᠶᠣᠨᠯᠢᠭ ᠬᠤᠭᠤᠯᠠᠨ ᠬᠡᠷ᠂ ᠣᠶᠣᠨᠯᠢᠭ ᠤᠯᠠᠭ᠎ᠠ ᠥᠷᠲᠡᠭᠡ᠂ ᠣᠶᠣᠨᠯᠢᠭ ᠨᠣᠮ ᠤᠨ ᠳᠡᠯᠭᠡᠭᠦᠷ ᠪᠠᠶᠢᠭᠤᠯᠬᠤ ᠶᠢ | ᠵᠣᠷᠢᠭᠵᠢᠭᠤᠯᠤᠨ᠂ ᠰᠦᠯᠵᠢᠶᠡᠨ ᠤ ᠪᠠ ᠰᠦᠯᠵᠢᠶᠡᠨ ᠭᠠᠳᠠᠭᠤᠷᠬᠢ ᠶᠢ ᠠᠭᠤᠰᠤᠯᠴᠠᠭᠤᠯᠤᠭᠰᠠᠨ ᠪᠡᠶᠡᠴᠢᠯᠡᠨ ᠣᠶᠢᠯᠠᠭᠠᠬᠤ ᠪᠠ ᠪᠣᠷᠣᠯᠠᠭᠤᠯᠵᠤ ᠬᠤᠳᠠᠯᠳᠤᠬᠤ ᠲᠤᠰᠬᠠᠶ | ᠭᠠᠵᠠᠷ ᠪᠠᠶᠢᠭᠤᠯᠬᠤ ᠶᠢ ᠨᠢ ᠳᠡᠮᠵᠢᠵᠦ᠂ ᠰᠢᠨ᠎ᠡ ᠬᠡᠯᠪᠡᠷᠢ ᠪᠦᠬᠦᠢ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢᠨ ᠲᠥᠪᠯᠡᠷᠡᠩᠭᠦᠢ ᠪᠠᠶᠢᠬᠤ ᠭᠠᠵᠠᠷ ᠢ ᠪᠠᠶᠢᠭᠤᠯᠤᠨ᠎ᠠ᠃ | ᠬᠤᠲᠠ ᠬᠥᠳᠡᠭᠡ ᠶᠢᠨ ᠬᠡᠷᠡᠭᠯᠡᠭᠡ ᠶᠢᠨ ᠠᠭᠤᠰᠤᠯᠴᠠᠭᠰᠠᠨ ᠲᠤᠤᠷ ᠰᠦᠯᠵᠢᠶ᠎ᠡ ᠶᠢ ᠲᠡᠭᠦᠯᠳᠡᠷᠵᠢᠭᠦᠯᠦᠨ᠂ ᠣᠷᠣᠨ ᠪᠦᠰᠡ ᠶᠢᠨ ᠬᠡᠷᠡᠭᠯᠡᠭᠡ ᠶᠢᠨ ᠲᠥᠪ ᠪᠠ ᠰᠢᠶᠠᠨ ᠤ | ᠬᠡᠪᠴᠢᠶᠡᠨ ᠤ ᠬᠡᠷᠡᠭᠯᠡᠭᠡ ᠶᠢᠨ ᠲᠥᠪᠯᠡᠷᠡᠩᠭᠦᠢ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠬᠥᠳᠡᠭᠡ ᠶᠢᠨ ᠬᠤᠳᠠᠯᠳᠤᠭᠠᠨ ᠤ ᠲᠤᠤᠷ | ᠴᠡᠭ ᠤᠨ ᠪᠠᠶᠢᠷᠢᠰᠢᠭᠤᠯᠤᠯᠲᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠵᠢᠵᠢᠭᠯᠡᠨ ᠬᠤᠳᠠᠯᠳᠤᠬᠤ ᠲᠤᠤᠷ | ᠴᠡᠭ ᠢ ᠲᠠᠰ ᠳᠡᠪᠰᠢᠭᠦᠯᠵᠦ ᠥᠭᠡᠷᠡᠴᠢᠯᠡᠨ ᠰᠢᠨᠡᠳᠬᠡᠵᠦ᠂ ᠨᠡᠶᠢᠭᠡᠮ ᠲᠣᠭᠤᠷᠢᠭ ᠲᠠᠬᠢ ᠠᠷᠠᠳ ᠲᠤ ᠲᠥᠬᠦᠮ ᠦᠵᠡᠭᠦᠯᠬᠦ ᠬᠡᠷᠡᠭᠯᠡᠭᠡ ᠦᠢᠯᠡᠴᠢᠯᠡᠭᠡᠨ ᠤ ᠭᠠᠵᠠᠷ ᠢ | ᠲᠡᠭᠦᠯᠳᠡᠷᠵᠢᠭᠦᠯᠦᠨ᠂ ᠡᠯᠧᠺᠳ᠋ᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠨᠡᠪᠲᠡᠷᠡᠭᠦᠯᠵᠦ ᠪᠠᠶᠢᠭ᠎ᠠ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠤ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ᠎ᠡ᠃ | ︵ᠬᠤᠶᠠᠷ︶ ᠪᠦᠲᠦᠮᠵᠢᠲᠡᠢ ᠪᠡᠯᠡ ᠣᠷᠣᠭᠤᠯᠤᠯᠲᠠ ᠶᠢ ᠢᠳᠡᠪᠬᠢᠲᠡᠢ ᠥᠷᠭᠡᠳᠬᠡᠨ᠎ᠡ᠃ ᠤᠯᠤᠰ ᠠᠴᠠ ᠪᠣᠬᠢᠷᠲᠤᠯ ᠪᠠ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠶᠢ ᠪᠠᠭᠠᠰᠬᠠᠬᠤ᠂ ᠰᠢᠨ᠎ᠡ ᠡᠨᠧᠷᠭᠢ᠂ ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ ᠤᠨ ᠪᠦᠯᠦᠭᠵᠢᠯ᠂ ᠬᠤᠲᠠ ᠶᠢᠨ ᠬᠤᠭᠤᠯᠠᠢ ᠭᠤᠤᠷᠰᠤ ᠶᠢᠨ | ᠲᠣᠣᠷ ᠤᠨ ᠥᠭᠡᠷᠡᠴᠢᠯᠡᠨ ᠰᠢᠨᠡᠳᠬᠡᠬᠦ ᠵᠡᠷᠭᠡ ᠬᠦᠷᠢᠶᠡᠨ ᠳᠠᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ ᠪᠠᠶᠢᠭ᠎ᠠ ᠠᠰᠢᠭᠲᠠᠢ ᠴᠠᠭ ᠲᠣᠬᠢᠶᠠᠯ ᠢ | ᠠᠳᠬᠤᠵᠤ᠂ ᠲᠤᠰᠬᠠᠢ ᠵᠢᠭᠡᠯᠡᠯᠭᠡ ᠶᠢᠨ ᠪᠡᠯᠡ ᠮᠥᠩᠭᠦ ᠶᠢ ᠭᠦᠢᠴᠡᠳ ᠰᠠᠶᠢᠲᠤᠷ ᠬᠡᠷᠡᠭᠯᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 7% ᠣᠷᠴᠢᠮ | ᠨᠡᠮᠡᠭᠳᠡᠭᠦᠯᠬᠦ ᠪᠠᠷ ᠴᠢᠷᠮᠠᠶᠢᠨ᠎ᠠ᠃ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠂ ︽ᠪᠠᠯᠠ ᠮᠥᠩᠭᠦ ᠪᠠ ᠬᠦᠴᠦᠨ ᠵᠦᠢᠯ ᠢᠶᠠᠨ ᠲᠥᠷᠥᠯ ᠵᠦᠢᠯ ᠢᠶᠠᠷ ᠨᠢ | ᠶᠠᠪᠤᠭᠤᠯᠬᠤ︾ ᠶᠢ ᠨᠠᠶᠢᠳᠠᠪᠤᠷᠢᠵᠢᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠬᠡᠷᠡᠭᠯᠡᠬᠦ ᠭᠠᠵᠠᠷ᠂ ᠪᠠᠯᠠ ᠮᠥᠩᠭᠦ᠂ ᠡᠨᠧᠷᠭᠢ ᠶᠢᠨ ᠬᠤᠷᠣᠭᠳᠠᠯ᠂ ᠤᠰᠤᠨ ᠤ | ᠬᠤᠷᠣᠭᠳᠠᠯ ᠵᠡᠷᠭᠡ ᠪᠥᠲᠥᠭᠡᠨ ᠪᠠᠶᠢᠭᠤᠯᠤᠯᠲᠠ ᠶᠢᠨ ᠬᠦᠴᠦᠨ ᠵᠦᠢᠯ ᠤᠨ ᠪᠠᠲᠤᠯᠠᠭ᠎ᠠ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠨᠢᠭᠡᠳᠦᠯᠲᠡᠶ ᠲᠥᠯᠥᠪᠯᠡᠨ᠎ᠡ᠃ | ᠪᠡᠯᠡ ᠣᠷᠣᠭᠤᠯᠤᠯᠲᠠ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠭᠦᠢᠴᠡᠳ | ᠬᠥᠭᠵᠢᠭᠡᠵᠦ᠂ ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ | ᠤᠯᠠᠮ ᠨᠢᠭᠡ ᠠᠯᠬᠤᠮ ᠢᠯᠭᠠᠷᠠᠭᠤᠯᠤᠨ ᠴᠣᠮᠬᠠᠳᠬᠠᠵᠤ ᠵᠢᠷᠤᠮᠵᠢᠭᠤᠯᠤᠨ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠨᠡᠶᠢᠭᠡᠮ ᠤᠨ | ᠬᠥᠷᠥᠩᠭᠡ ᠶᠢ ᠲᠠᠲᠠᠵᠤ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠂ ᠠᠷᠠᠳ ᠤᠨ ᠳᠤᠮᠳᠠᠬᠢ ᠪᠡᠯᠡ | ᠣᠷᠣᠭᠤᠯᠤᠯᠲᠠ ᠶᠢᠨ ᠨᠡᠯᠢᠶᠡᠳ ᠲᠦᠷᠭᠡᠨ ᠨᠡᠮᠡᠭᠳᠡᠬᠦ ᠪᠠᠶᠢᠳᠠᠯ ᠢ ᠪᠠᠲᠤᠯᠠᠨ᠎ᠠ᠃ ᠴᠢᠬᠤᠯᠠ ᠶᠡᠭᠡ ᠲᠥᠷᠥᠯ ᠵᠦᠢᠯ ᠤᠨ ᠲᠢᠩᠬᠢᠮ ᠤᠨ ᠬᠤᠭᠤᠷᠣᠨᠳᠣᠬᠢ ᠬᠠᠮᠲᠤᠷᠠᠭᠰᠠᠨ | ᠬᠤᠷᠠᠯ ᠤᠨ ᠲᠦᠷᠢᠮ ᠢ ᠲᠡᠭᠦᠯᠳᠡᠷᠵᠢᠭᠦᠯᠵᠦ᠂ ᠲᠦᠷᠦᠭᠦᠴᠢ ᠶᠢᠨ ᠬᠤᠭᠤᠴᠠᠭᠠᠨ ᠳᠠᠬᠢ ᠭᠠᠷᠳᠠᠮ ᠭᠦᠢᠴᠡᠳᠬᠡᠭᠰᠡᠨ ᠭᠤᠷᠪᠠᠨ ᠱᠠᠲᠤᠨ ᠤ ᠰᠠᠯᠠᠭ᠎ᠠ ᠮᠥᠴᠢᠷ ᠤᠨ | ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠲᠣᠭᠲᠠᠴᠠ ᠪᠠ ᠴᠢᠬᠤᠯᠠ ᠶᠡᠭᠡ ᠲᠥᠷᠥᠯ ᠵᠦᠢᠯ ᠤᠨ ︽ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶︾ ᠭᠤᠷᠪᠠᠨ ᠱᠠᠲᠤᠨ ᠤ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠲᠦᠷᠢᠮ ᠤᠨ ᠬᠠᠷᠢᠭᠤᠴᠠᠯᠭ᠎ᠠ ᠶᠢ | ᠴᠢᠩᠭ᠎ᠠ ᠪᠣᠳᠠᠲᠠᠶᠢᠵᠢᠭᠤᠯᠤᠨ᠂ ᠴᠢᠬᠤᠯᠠ ᠶᠡᠭᠡ ᠲᠥᠷᠥᠯ ᠵᠦᠢᠯ ᠢ ᠠᠬᠢᠭᠤᠯᠬᠤ ᠠᠵᠢᠯ ᠤᠨ ᠲᠤᠰᠬᠠᠶ ᠪᠠᠭ ᠤᠨ ᠦᠢᠯᠡᠳᠦᠯ ᠢ ᠨᠢ ᠪᠠᠳᠠᠷᠠᠭᠤᠯᠵᠤ᠂ ᠴᠢᠬᠤᠯᠠ ᠶᠡᠭᠡ | ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠠᠬᠢ ᠬᠦᠴᠢᠷ ᠪᠠ ᠲᠦᠭᠵᠢᠷᠡᠯ ᠪᠣᠯᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤ ᠨᠢ ᠵᠣᠬᠢᠴᠠᠭᠤᠯᠤᠨ ᠰᠢᠢᠳᠪᠦᠷᠢᠯᠡᠨ᠎ᠡ᠃ | ᠤᠯᠤᠰ ᠤᠨ 102 ᠵᠦᠢᠯ ᠤᠨ ᠴᠢᠬᠤᠯᠠ ᠶᠡᠭᠡ ᠢᠨᠵᠧᠨᠧᠷᠢᠩ ᠢᠶᠠᠷ ᠭᠤᠤᠯᠳᠠᠯᠭ᠎ᠠ ᠪᠣᠯᠭᠠᠵᠤ᠂ ᠲᠥᠷᠥᠯ ᠵᠦᠢᠯ ᠤᠨ ᠨᠥᠭᠡᠴᠡ ᠶᠢ ᠴᠢᠩᠭᠠᠳᠬᠠᠨ᠂ ᠭᠤᠤᠯᠳᠠᠯᠭ᠎ᠠ | ᠪᠣᠯᠬᠤ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ᠂ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠬᠤ | ᠪᠠ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠴᠢᠨᠠᠷ ᠰᠠᠶᠢᠲᠠᠶ ᠨᠢᠭᠡ ᠪᠦᠯᠦᠭ ᠲᠥᠷᠥᠯ ᠵᠦᠢᠯ ᠢ ᠰᠡᠳᠦᠨ ᠲᠥᠯᠥᠪᠯᠡᠨ᠎ᠡ᠃ | ︵ᠭᠤᠷᠪᠠ︶ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠵᠣᠬᠢᠰᠲᠠᠶ ᠤᠷᠢᠳᠴᠢᠯᠠᠨ ᠪᠠᠶᠢᠷᠢᠰᠢᠯᠠᠭᠤᠯᠤᠨᠠ᠃ ︽ᠬᠤᠶᠠᠷ ᠰᠢᠨ᠎ᠡ ᠨᠢᠭᠡ ᠬᠦᠨᠳᠦ︾ | ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠭᠤᠷᠢ ᠪᠡᠯᠡᠳᠬᠡᠮᠵᠢ ᠶᠢᠨ ᠪᠠᠯᠠ ᠣᠷᠣᠭᠤᠯᠤᠯᠲᠠ ᠶᠢ ᠵᠣᠬᠢᠰᠲᠠᠶ ᠤᠷᠢᠳᠴᠢᠯᠠᠨ ᠥᠷᠨᠢᠭᠦᠯᠦᠨ᠎ᠡ᠃ ᠰᠢᠨ᠎ᠡ ᠬᠡᠯᠪᠡᠷᠢ ᠶᠢᠨ | ᠰᠠᠭᠤᠷᠢ ᠪᠡᠯᠡᠳᠬᠡᠮᠵᠢ ᠶᠢᠨ ᠲᠠᠯ᠎ᠠ ᠪᠠᠷ᠂ 5G᠂ ᠳ᠋ᠠᠶᠢᠲ᠋ᠠ ᠶᠢᠨ ᠲᠥᠪ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠵᠦ᠂ 5G ᠰᠠᠭᠤᠷᠢ ᠥᠷᠲᠡᠭᠡ ᠶᠢ 1 ᠲᠦᠮᠡ ᠰᠢᠨ᠎ᠡ ᠪᠠᠷ ᠪᠠᠶᠢᠭᠤᠯᠵᠤ᠂ ᠬᠤᠰᠢᠭᠤ ᠰᠢᠶᠠᠨ ︵ᠬᠤᠲᠠ᠂ ᠲᠣᠭᠤᠷᠢᠭ︶᠂ ᠭᠤᠤᠯᠳᠠᠯᠭ᠎ᠠ | ᠪᠣᠯᠬᠤ ᠬᠦᠷᠢᠶᠡᠯᠡᠩ ᠲᠣᠭᠤᠷᠢᠭ᠂ ᠲᠣᠮᠣ ᠬᠡᠯᠪᠡᠷᠢ ᠶᠢᠨ ᠠᠵᠤ ᠠᠬᠤᠶᠢᠯᠠᠯ ᠳᠤ 5G ᠢ ᠪᠦᠷᠢᠨ ᠪᠦᠷᠬᠦᠭᠦᠯᠦᠨ᠂ ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ | ᠬᠠᠮ ᠰᠢᠢᠳᠪᠦᠷᠢᠯᠡᠬᠦ ᠴᠢᠳᠠᠮᠵᠢ ᠶᠢᠨ ᠰᠦᠯᠵᠢᠶᠡᠨ ᠳᠠᠬᠢ ᠤᠯᠤᠰ ᠤᠨ ᠭᠤᠣᠯ ᠵᠠᠩᠭᠢᠶᠠᠰᠤ ᠴᠡᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠥᠪᠡᠷᠲᠡᠭᠡᠨ ᠵᠠᠰᠠᠬᠤ ᠣᠷᠣᠨ ᠳᠤ ᠤᠯᠤᠰ ᠤᠨ ᠰᠢᠨ᠎ᠡ ᠬᠡᠯᠪᠡᠷᠢ ᠶᠢᠨ ᠢᠨᠲ᠋ᠧᠷ ᠰᠦᠯᠵᠢᠶ᠎ᠡ ᠶᠢᠨ ᠰᠣᠯᠢᠯᠴᠠᠯ ᠤᠨ ᠲᠥᠪ ᠢ ᠪᠠᠶᠢᠷᠢᠰᠢᠭᠤᠯᠬᠤ ᠪᠠᠷ ᠴᠢᠷᠮᠠᠶᠢᠨ᠎ᠠ᠃ ᠵᠠᠮ | ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠂ ᠪᠤᠭᠤᠲᠤ ᠠᠴᠠ ᠢᠷᠭᠠᠶ ᠬᠦᠷᠬᠦ ᠳᠡᠭᠡᠳᠦ ᠬᠤᠷᠳᠤ ᠶᠢᠨ ᠲᠡᠮᠦᠷ ᠵᠠᠮ ︵ᠪᠠᠶᠠᠨᠬᠤᠲᠠ ᠠᠴᠠ ᠢᠷᠭᠠᠶ ᠬᠦᠷᠬᠦ | ᠰᠠᠯᠪᠤᠷᠢ ᠱᠤᠭᠤᠮ ᠪᠠᠭᠲᠠᠨ᠎ᠠ︶᠂ ᠵᠢᠨᠢᠩ ᠠᠴᠠ ᠳ᠋ᠠᠲ᠋ᠦ᠋ᠩ ᠪᠠ ᠶᠤᠸᠠᠨᠫᠢᠩ ᠬᠦᠷᠬᠦ ᠳᠡᠭᠡᠳᠦ ᠬᠤᠷᠳᠤ ᠶᠢᠨ ᠲᠡᠮᠦᠷ ᠵᠠᠮ᠂ ᠡᠷᠢᠶᠡᠨ ᠠᠴᠠ ᠭᠤᠸᠠᠩᠵᠧᠦ ᠬᠦᠷᠬᠦ ᠳᠡᠭᠡᠳᠦ | ᠬᠤᠷᠳᠤ ᠶᠢᠨ ᠵᠠᠰᠠᠮᠠᠯ ᠵᠠᠮ ᠳᠠᠬᠢ ᠵᠢᠨᠢᠩ ᠠᠴᠠ ᠠᠷᠤᠨ ᠬᠦᠷᠬᠦ ᠶᠢ ᠬᠤᠯᠪᠣᠨ ᠵᠠᠯᠭᠠᠭᠤᠯᠬᠤ ᠱᠤᠭᠤᠮ᠂ ᠬᠥᠬᠡᠬᠤᠲᠠ ᠰᠢᠨ᠎ᠡ ᠨᠢᠰᠬᠡᠯ ᠤᠨ ᠪᠠᠭᠤᠳᠠᠯ ᠵᠡᠷᠭᠡ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠬᠥᠬᠡᠬᠤᠲᠠ ᠨᠢᠰᠬᠡᠯ ᠤᠨ ᠪᠠᠭᠤᠳᠠᠯ ᠤᠨ ᠳᠡᠭᠡᠳᠦ ᠬᠤᠷᠳᠤ ᠶᠢᠨ ᠵᠠᠰᠠᠮᠠᠯ ᠵᠠᠮ ᠵᠡᠷᠭᠡ | ᠲᠥᠷᠥᠯ ᠵᠦᠢᠯ ᠢ ᠪᠦᠬᠦ ᠲᠠᠯ᠎ᠠ ᠪᠠᠷ ᠠᠵᠢᠯ ᠡᠬᠢᠯᠡᠭᠦᠯᠵᠦ᠂ ᠣᠷᠳᠣᠰ ᠠᠴᠠ ᠢᠦᠢ ᠯᠢᠨ ᠪᠠ ᠶᠠᠨ ᠠᠨ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠵᠡᠷᠭᠡ ᠲᠥᠷᠥᠯ | ᠵᠦᠢᠯ ᠤᠨ ᠡᠬᠢᠨ ᠤ ᠬᠤᠭᠤᠴᠠᠭᠠᠨ ᠤ ᠠᠵᠢᠯ ᠢ ᠢᠳᠡᠪᠬᠢᠲᠡᠶ ᠠᠬᠢᠭᠤᠯᠤᠨ᠂ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ 1700 ᠺᠢᠯᠤᠮᠧᠳ᠋ᠷ ︵ | ᠡᠭᠦᠨ ᠳᠤ ᠳᠡᠭᠡᠳᠦ ᠬᠤᠷᠳᠤ ᠶᠢᠨ ᠲᠡᠮᠦᠷ ᠵᠠᠮ 470 ᠺᠢᠯᠤᠮᠧᠳ᠋ᠷ ᠪᠣᠢ︶᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ 1 ᠲᠦᠮᠡᠨ ᠺᠢᠯᠤᠮᠧᠳ᠋ᠷ | ᠪᠣᠯᠭᠠᠬᠤ ᠪᠠᠷ ᠴᠢᠷᠮᠠᠶᠢᠵᠤ᠂ ᠨᠡᠶᠢᠳᠡᠮ ᠬᠡᠷᠡᠭᠯᠡᠬᠦ ᠨᠢᠰᠬᠡᠯ ᠤᠨ ᠪᠠᠭᠤᠳᠠᠯ ᠢ 3 ᠪᠠᠶᠢᠭᠤᠯᠤᠨ᠎ᠠ᠃ ᠪᠠᠷᠠᠭᠠᠨ ᠤ ᠭᠦᠢᠯᠭᠡᠭᠡᠨ ᠤ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠂ | ᠬᠥᠬᠡᠬᠤᠲᠠ᠂ ᠤᠯᠠᠭᠠᠨᠴᠠᠪ — ᠡᠷᠢᠶᠡᠨ ᠬᠤᠲᠠ᠂ ᠮᠠᠨᠵᠤᠤᠷ ᠵᠡᠷᠭᠡ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠪᠠ ᠪᠠᠶᠠᠨᠨᠠᠭᠤᠷ ᠤᠨ ᠤᠯᠤᠰ ᠤᠨ ᠬᠦᠢᠲᠡᠨ | ᠬᠡᠯᠬᠢᠶᠡᠲᠦ ᠪᠠᠷᠠᠭᠠᠨ ᠤ ᠭᠦᠢᠯᠭᠡᠭᠡᠨ ᠤ ᠨᠢᠷᠤᠭᠤᠪᠴᠢ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠣᠯᠠᠨ ᠬᠡᠯᠪᠡᠷᠢ ᠮᠠᠶ᠋ᠢᠭ ᠤᠨ | ᠬᠤᠯᠪᠣᠭᠠᠯᠠᠨ ᠲᠡᠭᠡᠭᠡᠪᠦᠷᠢᠯᠡᠬᠦ ᠰᠢᠯᠵᠢᠭᠦᠯᠦᠨ ᠵᠥᠭᠡᠭᠡᠪᠦᠷᠢᠯᠡᠬᠦ ᠪᠡᠯᠡᠳᠬᠡᠮᠵᠢ᠂ ᠪᠠᠷᠠᠭᠠᠨ ᠤ ᠭᠦᠢᠯᠭᠡᠭᠡᠨ ᠤ ᠮᠡᠳᠡᠭᠡ ᠵᠠᠩᠭᠢ ᠶᠢᠨ ᠲᠠᠪᠴᠠᠩ᠂ ᠣᠯᠠᠨ ᠨᠡᠶᠢᠲᠡ ᠶᠢᠨ | ᠨᠡᠶᠢᠳᠡᠮ ᠬᠡᠷᠡᠭᠯᠡᠬᠦ ᠲᠣᠮᠣ ᠬᠡᠯᠪᠡᠷᠢ ᠶᠢᠨ ᠬᠥᠮᠥᠷᠭᠡᠯᠡᠨ ᠬᠠᠳᠠᠭᠠᠯᠠᠬᠤ ᠪᠡᠯᠡᠳᠬᠡᠮᠵᠢ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠠᠮᠵᠢᠵᠤ᠂ ︽ᠲᠦᠷᠭᠡᠨ | ᠢᠯᠡᠭᠡᠯᠲᠡ ᠶᠢ ᠲᠣᠰᠬᠤᠨ ᠳᠤ ᠣᠷᠣᠭᠤᠯᠬᠤ︾ ᠢᠨᠵᠧᠨᠧᠷᠢᠩ ᠢ ᠲᠥᠷᠥᠯ ᠬᠤᠪᠢᠶᠠᠵᠤ ᠠᠬᠢᠭᠤᠯᠤᠨ᠂ ᠪᠠᠶᠢᠭᠤᠯᠤᠮᠵᠢᠲᠤ ᠲᠣᠰᠬᠤᠨ ᠳᠠᠬᠢ ᠲᠦᠷᠭᠡᠨ ᠢᠯᠡᠭᠡᠯᠲᠡ ᠶᠢᠨ | ᠦᠢᠯᠡᠴᠢᠯᠡᠭᠡ ᠨᠡᠪᠲᠡᠷᠡᠭᠰᠡᠨ ᠨᠣᠷᠮ᠎ᠠ ᠶᠢ 95% ᠠᠴᠠ ᠳᠡᠭᠡᠭᠰᠢ ᠪᠣᠯᠭᠠᠨ᠎ᠠ᠃ ᠡᠨᠧᠷᠭᠢ ᠶᠢᠨ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠂ ᠴᠠᠬᠢᠯᠭᠠᠨ ᠬᠦᠴᠦᠨ ᠤ ᠲᠣᠣᠷ᠂ | ᠲᠣᠰᠣ ᠪᠠ ᠬᠡᠢ ᠶᠢᠨ ᠬᠤᠭᠤᠯᠠᠶ ᠭᠤᠤᠷᠰᠤ᠂ ᠡᠨᠧᠷᠭᠢ ᠨᠥᠭᠡᠴᠡᠯᠡᠬᠦ ᠪᠡᠯᠡᠳᠬᠡᠮᠵᠢ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠤᠨ᠎ᠠ᠃ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠂ ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠬᠠᠭᠤᠴᠢᠨ ᠡᠮᠵᠡᠭ ᠠᠶᠤᠯᠲᠠᠶ ᠤᠰᠤᠨ ᠴᠥᠭᠦᠷᠥᠮ ᠤᠨ ᠠᠶᠤᠯ ᠢ ᠨᠢ ᠠᠷᠢᠯᠭᠠᠨ ᠪᠠᠬᠢᠵᠢᠭᠦᠯᠬᠦ ᠠᠵᠢᠯ ᠢ | ᠰᠠᠶᠢᠲᠤᠷ ᠬᠢᠨ᠎ᠡ᠃ ᠬᠤᠲᠠ ᠶᠢᠨ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠂ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢᠨ | ᠡᠷᠴᠢᠮ ᠢ ᠴᠢᠩᠭᠠᠷᠠᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠪᠠᠶᠢᠭᠠᠯᠢ ᠶᠢᠨ ᠭᠠᠮᠰᠢᠭ ᠢ ᠰᠡᠷᠭᠡᠶᠢᠯᠡᠨ | ᠵᠠᠰᠠᠬᠤ ᠴᠢᠳᠠᠪᠤᠷᠢ ᠶᠢᠨ ᠲᠠᠯ᠎ᠠ ᠶᠢᠨ ᠳᠤᠲᠠᠭᠤᠳᠠᠯ ᠢᠶᠠᠨ ᠬᠦᠴᠦᠯᠡᠨ ᠨᠥᠬᠦᠪᠥᠷᠢᠯᠡᠨ᠎ᠡ᠃ | ᠲᠤᠰᠬᠠᠶ ᠪᠤᠯᠤᠩ 2᠄ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠵᠣᠬᠢᠰᠲᠠᠶ ᠤᠷᠢᠳᠴᠢᠯᠠᠨ ᠪᠠᠶᠢᠷᠢᠰᠢᠭᠤᠯᠤᠨ᠎ᠠ | ︵ᠨᠢᠭᠡ︶ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠃ 5G ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ | ᠪᠥᠬᠦ ᠵᠢᠯ ᠳᠤ 5G ᠰᠠᠭᠤᠷᠢ ᠥᠷᠲᠡᠭᠡ ᠶᠢ 1 ᠲᠦᠮᠡ ᠰᠢᠨ᠎ᠡ ᠪᠠᠷ ᠪᠠᠶᠢᠭᠤᠯᠵᠤ᠂ ᠨᠡᠶᠢᠲᠡ 3 ᠲᠦᠮᠡ ᠶᠢ ᠪᠠᠶᠢᠭᠤᠯᠬᠤ ᠪᠣᠯᠣᠨ᠎ᠠ︔ ᠨᠡᠭᠦᠷᠡᠰᠦ᠂ ᠬᠤᠪᠣᠷ ᠰᠢᠷᠣᠶ᠂ | ᠬᠢᠮᠢ ᠶᠢᠨ ᠠᠵᠤ ᠦᠢᠯᠡᠳᠪᠦᠷᠢ ᠵᠡᠷᠭᠡ ᠠᠵᠢᠯ ᠲᠥᠷᠥᠯ ᠳᠤ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠢᠯᠭᠠᠬᠤ ᠲᠡᠮᠳᠡᠭ ᠲᠠᠢ ᠵᠠᠳᠠᠯᠤᠨ ᠰᠢᠨᠵᠢᠬᠦ | ᠬᠤᠶᠠᠳᠤᠭᠠᠷ ᠳᠡᠰ ᠤᠨ ᠵᠠᠩᠭᠢᠶᠠᠰᠤ ᠴᠡᠭ ᠢ 1 — 2 ᠪᠣᠢ ᠪᠣᠯᠭᠠᠵᠤ ᠪᠠᠶᠢᠭᠤᠯᠤᠨ᠎ᠠ᠃ 5G ᠤᠨ ᠬᠡᠷᠡᠭᠯᠡᠨ ᠳᠡᠯᠭᠡᠷᠡᠭᠦᠯᠬᠦ ᠶᠢ ᠴᠢᠩᠭᠠᠳᠬᠠᠵᠤ᠂ 5G + | ᠣᠶᠣᠨᠯᠢᠭ ᠠᠭᠤᠷᠬᠠᠢ ᠶᠢᠨ ᠲᠠᠯ᠎ᠠ ᠪᠠᠷ᠂ ᠪᠦᠬᠦ ᠵᠢᠯ ᠳᠤ ᠣᠶᠤᠨᠴᠢᠯᠠᠭᠰᠠᠨ ᠨᠡᠭᠡᠭᠡᠨ ᠮᠠᠯᠲᠠᠬᠤ ᠭᠠᠵᠠᠷ ᠢ 40 ᠪᠠᠶᠢᠭᠤᠯᠬᠤ ᠪᠠᠨ ᠠᠬᠢᠭᠤᠯᠤᠨ᠂ ᠨᠡᠶᠢᠲᠡ 90 ᠶᠢ | ᠪᠠᠶᠢᠭᠤᠯᠬᠤ ᠪᠣᠯᠣᠨ᠎ᠠ᠃ 5G + ᠵᠢᠯᠣᠭᠤᠴᠢ ᠥᠬᠡᠶ ᠠᠵᠢᠯᠯᠠᠬᠤ ᠲᠠᠯ᠎ᠠ ᠪᠠᠷ᠂ ᠪᠥᠬᠦ ᠵᠢᠯ ᠳᠤ 300 ᠶᠢ ᠥᠭᠡᠷᠡᠴᠢᠯᠡᠨ ᠰᠢᠨᠡᠳᠬᠡᠵᠦ᠂ ᠨᠡᠶᠢᠲᠡ 400 ᠪᠣᠯᠭᠠᠨ᠎ᠠ᠃ | 5G + ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠯ᠎ᠠ ᠪᠠᠷ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠲᠠᠪᠴᠠᠩ ᠢ 10 ᠪᠠᠶᠢᠭᠤᠯᠬᠤ ᠪᠠᠷ | ᠴᠢᠷᠮᠠᠶᠢᠨ᠎ᠠ᠃ ᠳ᠋ᠠᠶᠢᠲ᠋ᠠ ᠶᠢᠨ ᠲᠥᠪ ᠤᠨ ᠪᠠᠶᠢᠭᠤᠯᠤᠯᠲᠠ ᠶᠢ ᠠᠬᠢᠭᠤᠯᠵᠤ᠂ ᠳ᠋ᠠᠶᠢᠲ᠋ᠠ ᠶᠢᠨ ᠲᠥᠪ ᠤᠨ ᠮᠠᠰᠢᠨ ᠴᠣᠭᠴᠠᠯᠠᠪᠤᠷᠢ ᠶᠢ ᠪᠦᠬᠦᠯᠢ ᠴᠣᠭᠴᠠ ᠳᠤ ᠨᠢ 200 | ᠲᠦᠮᠡ ᠪᠣᠯᠭᠠᠨ᠎ᠠ᠃ | ︵ᠬᠤᠶᠠᠷ︶ ᠲᠡᠮᠦᠷ ᠵᠠᠮ ᠤᠨ ᠲᠠᠯ᠎ᠠ ᠪᠠᠷ᠃ ᠴᠢᠴᠢᠬᠠᠷ ᠠᠴᠠ ᠬᠠᠶᠢᠯᠠᠷ ᠪᠠ ᠮᠠᠨᠵᠤᠤᠷ ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠢ ᠪᠠᠶᠢᠭᠤᠯᠬᠤ ᠪᠠᠷ | ᠴᠢᠷᠮᠠᠶᠢᠨ᠎ᠠ᠂ ᠴᠢᠴᠢᠬᠠᠷ ᠠᠴᠠ ᠤᠯᠠᠭᠠᠨᠬᠤᠲᠠ ᠪᠠ ᠲᠦᠩᠯᠢᠶᠣᠤ ᠬᠦᠷᠬᠦ ᠳᠡᠭᠡᠳᠦ ᠬᠤᠷᠲᠤ ᠶᠢᠨ ᠲᠡᠮᠦᠷ ᠵᠠᠮ᠂ ᠵᠢᠨᠢᠩ ᠠᠴᠠ ᠡᠷᠢᠶᠡᠨ ᠬᠤᠲᠠ ᠬᠥᠷᠬᠦ ᠴᠢᠳᠠᠮᠵᠢ ᠶᠢ ᠨᠢ | ᠥᠷᠭᠡᠳᠬᠡᠬᠦ ᠪᠠᠷ ᠥᠭᠡᠷᠡᠴᠢᠯᠡᠨ ᠰᠢᠨᠡᠳᠬᠡᠬᠦ ᠲᠥᠷᠥᠯ ᠵᠦᠢᠯ ᠢ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠡᠮᠦᠷ ᠵᠠᠮ ᠤᠨ ᠬᠥᠭᠵᠢᠯᠲᠡ ᠶᠢᠨ | ᠲᠥᠯᠥᠪᠵᠢᠭᠦᠯᠭᠡ ᠳᠤ ᠣᠷᠣᠭᠤᠯᠤᠨ᠎ᠠ᠂ ᠤᠯᠤᠰ ᠠᠴᠠ ︽ᠤᠷᠲᠤᠪᠲᠤᠷ ᠪᠠ ᠤᠷᠲᠤ ᠬᠤᠭᠤᠴᠠᠭᠠᠨ ᠤ ᠲᠡᠮᠦᠷ ᠵᠠᠮ ᠤᠨ ᠲᠣᠣᠷ ᠤᠨ ᠲᠥᠯᠥᠪᠵᠢᠭᠦᠯᠭᠡ︾ ᠳᠤ | ᠲᠣᠬᠢᠷᠠᠭᠤᠯᠤᠯᠲᠠ ᠬᠢᠬᠦ ᠦᠶ᠎ᠡ ᠳᠤ ᠨᠢ ᠵᠢᠨᠢᠩ ᠠᠴᠠ ᠲᠦᠩᠯᠢᠶᠣᠤ ᠪᠠ ᠴᠠᠩᠴᠦ᠋ᠨ ᠬᠦᠷᠬᠦ᠂ ᠬᠥᠬᠡᠬᠤᠲᠠ ᠠᠴᠠ ᠪᠤᠭᠤᠲᠤ ᠬᠦᠷᠬᠦ᠂ ᠬᠥᠬᠡᠬᠤᠲᠠ ᠠᠴᠠ ᠱᠦᠸᠧᠵᠸᠦ | ᠪᠠ ᠲᠠᠶᠢᠶᠤᠸᠠᠨ ᠬᠦᠷᠬᠦ᠂ ᠣᠷᠳᠣᠰ ᠠᠴᠠ ᠳ᠋ᠠᠲ᠋ᠦ᠋ᠩ ᠪᠠ ᠰᠢᠶᠦ᠋ᠩ ᠠᠨ ᠬᠥᠷᠬᠦ ᠳᠡᠭᠡᠳᠦ ᠬᠤᠷᠳᠤ ᠶᠢᠨ ᠲᠡᠮᠦᠷ ᠵᠠᠮ ᠵᠡᠷᠭᠡ ᠭᠤᠤᠯᠳᠠᠯᠭ᠎ᠠ ᠪᠣᠯᠬᠤ ᠲᠥᠷᠥᠯ | ᠵᠦᠢᠯ ᠳᠤ ᠲᠣᠬᠢᠷᠠᠭᠤᠯᠤᠨ ᠣᠷᠣᠭᠤᠯᠬᠤ ᠪᠠᠷ ᠴᠢᠷᠮᠠᠶᠢᠨ᠎ᠠ᠂ ᠪᠤᠭᠤᠲᠤ ᠠᠴᠠ ᠣᠷᠳᠣᠰ ᠬᠥᠷᠬᠦ᠂ ᠪᠠᠶᠢᠴᠧᠩ ᠠᠴᠠ ᠷᠠᠰᠢᠶᠠᠨ ᠬᠥᠷᠬᠦ ᠲᠡᠮᠦᠷ ᠵᠠᠮ ᠤᠨ ᠴᠢᠳᠠᠮᠵᠢ ᠶᠢ ᠨᠢ | ᠥᠷᠭᠡᠳᠬᠡᠬᠦ ᠪᠠᠷ ᠥᠭᠡᠷᠡᠴᠢᠯᠡᠨ ᠰᠢᠨᠡᠳᠬᠡᠬᠦ ᠵᠡᠷᠭᠡ ᠲᠥᠷᠥᠯ ᠵᠦᠢᠯ ᠤᠨ ᠡᠬᠢᠨ ᠤ ᠬᠤᠭᠤᠴᠠᠭᠠᠨ ᠤ ᠠᠵᠢᠯ ᠢ ᠠᠬᠢᠭᠤᠯᠤᠨ᠂ ᠣᠷᠳᠣᠰ ᠠᠴᠠ ᠢᠦᠶ ᠯᠢᠨ ᠪᠠ ᠶᠠᠨ | ᠠᠨ ᠬᠦᠷᠬᠦ ᠳᠡᠭᠡᠳᠦ ᠬᠤᠷᠳᠤ ᠶᠢᠨ ᠲᠡᠮᠦᠷ ᠵᠠᠮ᠂ ᠰᠢᠯᠢ ᠶᠢᠨ ᠬᠤᠲᠠ ᠠᠴᠠ ᠲᠠᠢ ᠽᠢ ᠴᠧᠩ ᠬᠦᠷᠬᠦ ᠲᠡᠮᠦᠷ ᠵᠠᠮ ᠵᠡᠷᠭᠡ ᠲᠦᠷᠦᠯ ᠵᠦᠢᠯ ᠢ ᠡᠷᠲᠡᠬᠡᠨ | ᠪᠣᠲᠠᠲᠠᠶᠢᠵᠢᠭᠤᠯᠵᠤ ᠪᠠᠷᠢᠯᠭ᠎ᠠ ᠡᠬᠢᠯᠡᠭᠦᠯᠬᠦ ᠪᠠᠷ ᠴᠢᠷᠮᠠᠶᠢᠨ᠎ᠠ᠂ ᠪᠤᠭᠤᠲᠤ ᠠᠴᠠ ᠢᠷᠭᠠᠶ ᠬᠥᠷᠬᠦ ᠳᠡᠭᠡᠳᠦ ᠬᠤᠷᠳᠤ ᠶᠢᠨ ᠲᠡᠮᠦᠷ ᠵᠠᠮ ︵ᠪᠠᠶᠠᠨᠬᠤᠲᠠ ᠠᠴᠠ ᠢᠷᠭᠠᠶ | ᠬᠥᠷᠬᠦ ᠰᠠᠯᠪᠤᠷᠢ ᠱᠤᠭᠤᠮ ᠪᠠᠭᠲᠠᠨ᠎ᠠ︶᠂ ᠵᠢᠨᠢᠩ ᠠᠴᠠ ᠳ᠋ᠠᠲ᠋ᠦ᠋ᠩ ᠪᠠ ᠶᠤᠸᠠᠨᠫᠢᠩ ᠬᠦᠷᠬᠦ ᠳᠡᠭᠡᠳᠦ ᠬᠤᠷᠳᠤ ᠶᠢᠨ ᠲᠡᠮᠦᠷ ᠵᠠᠮ᠂ ᠵᠢᠨᠢᠩ ᠠᠴᠠ ᠲᠦᠩᠯᠢᠶᠣᠤ ᠬᠦᠷᠬᠦ | ᠲᠡᠮᠦᠷ ᠵᠠᠮ ᠤᠨ ᠴᠠᠬᠢᠯᠭᠠᠨᠵᠢᠭᠤᠯᠬᠤ ᠪᠠᠷ ᠥᠭᠡᠷᠡᠴᠢᠯᠡᠨ ᠰᠢᠨᠡᠳᠬᠡᠬᠦ ᠵᠡᠷᠭᠡ ᠭᠤᠣᠯᠳᠠᠯᠭ᠎ᠠ ᠪᠣᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ | ᠠᠬᠢᠭᠤᠯᠤᠨ᠎ᠠ᠃ | ︵ᠭᠤᠷᠪᠠ︶ ᠵᠠᠰᠠᠮᠠᠯ ᠵᠠᠮ ᠤᠨ ᠲᠠᠯ᠎ᠠ ᠪᠠᠷ᠃ ᠬᠥᠬᠡᠬᠤᠲᠠ ᠨᠢᠰᠬᠡᠯ ᠤᠨ ᠪᠠᠭᠤᠳᠠᠯ ᠤᠨ ᠳᠡᠭᠡᠳᠦ ᠬᠤᠷᠳᠤ ᠶᠢᠨ ᠵᠠᠰᠠᠮᠠᠯ ᠵᠠᠮ᠂ G1015 ᠲᠢᠶᠧ ᠯᠢ — | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠦᠷᠬᠦ᠂ S29 ᠬᠥᠬᠡᠬᠤᠲᠠ — ᠯᠢᠶᠠᠩᠴᠧᠩ ᠬᠦᠷᠬᠦ ᠵᠡᠷᠭᠡ ᠳᠡᠭᠡᠳᠦ ᠬᠤᠷᠳᠤ ᠶᠢᠨ ᠵᠠᠰᠠᠮᠠᠯ ᠵᠠᠮ ᠤᠨ | ᠲᠥᠷᠥᠯ ᠵᠦᠢᠯ ᠢ ᠪᠦᠬᠦ ᠲᠠᠯ᠎ᠠ ᠪᠠᠷ ᠠᠵᠢᠯ ᠡᠬᠢᠯᠡᠭᠦᠯᠦᠨ ᠪᠠᠶᠢᠭᠤᠯᠵᠤ᠂ G55 ᠡᠷᠢᠶᠡᠨ ᠬᠤᠲᠠ — ᠰᠠᠶᠢᠬᠠᠨᠲᠠᠯ᠎ᠠ ᠬᠦᠷᠬᠦ᠂ G1817 ᠪᠠᠶᠠᠨ ᠬᠤᠳᠳᠤᠭ | — ᠪᠠᠶᠠᠨᠬᠤᠲᠠ ᠵᠡᠷᠭᠡ ᠦᠷᠭᠦᠯᠵᠢᠯᠡᠨ ᠪᠠᠶᠢᠭᠤᠯᠬᠤ ᠵᠠᠰᠠᠮᠠᠯ ᠵᠠᠮ ᠤᠨ ᠲᠥᠷᠥᠯ ᠵᠦᠢᠯ ᠢ ᠲᠦᠷᠭᠡᠳᠬᠡᠨ ᠠᠬᠢᠭᠤᠯᠤᠨ᠎ᠠ᠃ ᠵᠢᠭᠤᠯᠴᠢᠯᠠᠯ ᠤᠨ ᠵᠠᠮ᠂ ᠠᠵᠤ | ᠦᠢᠯᠡᠰ ᠤᠨ ᠵᠠᠮ᠂ ᠵᠠᠰᠠᠮᠠᠯ ᠵᠠᠮ ᠤᠨ ᠲᠣᠣᠷ ᠯᠤᠭ᠎ᠠ ᠵᠠᠯᠭᠠᠭᠰᠠᠨ ᠵᠠᠮ᠂ ᠪᠠᠶᠢᠭᠤᠯᠤᠮᠵᠢᠲᠤ ᠲᠣᠰᠬᠤᠨ ᠳᠤ ᠨᠡᠪᠲᠡᠷᠡᠭᠦᠯᠬᠦ ᠬᠤᠶᠠᠷ ᠲᠡᠷᠭᠡᠨ ᠤ ᠵᠥᠷᠢᠨ ᠠᠶᠠᠯᠠᠬᠤ | ᠵᠠᠰᠠᠮᠠᠯ ᠵᠠᠮ ᠵᠢᠴᠢ ᠨᠡᠯᠢᠶᠡᠳ ᠣᠯᠠᠨ ᠬᠥᠮᠦᠨ ᠠᠮᠠ ᠲᠠᠢ ᠬᠡᠪᠴᠢᠶᠡᠲᠦ ᠠᠶᠢᠯ ᠲᠣᠰᠬᠤᠨ ᠪᠠ ᠬᠢᠯᠢ ᠣᠶᠢᠷᠠᠯᠴᠠᠭ᠎ᠠ ᠠᠶᠢᠯ ᠲᠣᠰᠬᠤᠨ ᠳᠤ ᠨᠡᠪᠲᠡᠷᠡᠭᠦᠯᠬᠦ ᠳᠡᠪᠢᠰᠴᠦ | ᠬᠠᠲᠠᠭᠤᠷᠠᠭᠤᠯᠤᠭᠰᠠᠨ ᠵᠠᠮ ᠤᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠪᠠᠷ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠤᠨ ᠴᠢᠨᠠᠷ ᠢ | ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠨᠢ ᠠᠬᠢᠭᠤᠯᠤᠨ᠎ᠠ᠃ | ︵ᠳᠥᠷᠪᠡ︶ ᠨᠢᠰᠬᠡᠯ ᠤᠨ ᠪᠠᠭᠤᠳᠠᠯ ᠤᠨ ᠲᠠᠯ᠎ᠠ ᠪᠠᠷ᠃ ᠠᠯᠠᠱᠠ ᠵᠡᠭᠦᠨ ᠬᠤᠰᠢᠭᠤᠨ ᠤ ᠠᠵᠢᠯ ᠤᠨ ᠡᠭᠡᠯᠵᠢ ᠶᠢᠨ ᠨᠢᠰᠬᠡᠯ ᠤᠨ ᠪᠠᠭᠤᠳᠠᠯ ᠤᠨ ᠰᠠᠯᠪᠤᠷᠢ | ᠱᠤᠭᠤᠮ ᠤᠨ ᠨᠢᠰᠬᠡᠯ ᠤᠨ ᠪᠠᠭᠤᠳᠠᠯ ᠤᠨ ᠳᠡᠰ ᠳᠡᠪᠰᠢᠭᠦᠯᠬᠦ ᠪᠣᠯᠤᠮᠵᠢᠲᠤ ᠰᠤᠳᠤᠯᠤᠯ ᠤᠨ ᠮᠡᠳᠡᠭᠦᠯᠦᠯᠲᠡ ᠶᠢ ᠤᠯᠤᠰ ᠢᠶᠠᠷ ᠵᠥᠪᠰᠢᠶᠡᠷᠡᠭᠦᠯᠦᠨ | ᠴᠣᠬᠤᠯᠠᠪᠤᠷᠢᠯᠠᠭᠤᠯᠬᠤ ᠪᠠᠷ ᠴᠢᠷᠮᠠᠶᠢᠵᠤ᠂ ᠬᠥᠬᠡᠬᠤᠲᠠ ᠰᠢᠨ᠎ᠡ ᠨᠢᠰᠬᠡᠯ ᠤᠨ ᠪᠠᠭᠤᠳᠠᠯ᠂ ᠪᠠᠭᠠᠷᠢᠨ ᠵᠡᠭᠦᠨ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ | ᠪᠠᠭᠤᠳᠠᠯ ᠵᠡᠷᠭᠡ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠂ ᠪᠠᠷᠠᠭᠤᠨ ᠦᠵᠦᠮᠦᠴᠢᠨ | ᠬᠤᠰᠢᠭᠤ᠂ ᠲᠦᠴᠢᠦᠸᠠᠨ ᠰᠢᠶᠠᠨ ᠵᠡᠷᠭᠡ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠷᠥᠯ ᠵᠦᠢᠯ ᠢ ᠡᠷᠲᠡᠬᠡᠨ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ | ︵ᠲᠠᠪᠤ︶ ᠡᠨᠧᠷᠭᠢ ᠶᠢᠨ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠃ ᠰᠢᠨ᠎ᠡ ᠡᠨᠧᠷᠭᠢ ᠪᠠᠷ ᠭᠤᠤᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ | ᠬᠦᠴᠦᠨ ᠤ ᠰᠢᠰᠲ᠋ᠧᠮ ᠢ ᠪᠥᠲᠥᠭᠡᠨ ᠪᠠᠶᠢᠭᠤᠯᠬᠤ ᠪᠠᠨ ᠠᠬᠢᠭᠤᠯᠵᠤ᠂ ᠬᠠᠳᠠᠭᠠᠯᠠᠭᠳᠠᠵᠤ ᠪᠠᠶᠢᠭ᠎ᠠ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ | ᠥᠭᠡᠷᠡᠴᠢᠯᠡᠨ ᠰᠢᠨᠡᠳᠬᠡᠵᠦ ᠲᠠᠰ ᠳᠡᠪᠰᠢᠭᠦᠯᠬᠦ ᠶᠢ ᠭᠦᠨᠵᠡᠭᠡᠶ ᠬᠡᠷᠡᠭᠵᠢᠭᠦᠯᠦᠨ᠂ ᠣᠨᠴᠠ ᠥᠨᠳᠥᠷ ᠬᠦᠴᠦᠳᠡᠯᠲᠦ ᠨᠡᠭᠦᠷᠡᠰᠦ ᠲᠦᠯᠡᠵᠦ ᠭᠠᠷᠭᠠᠭᠰᠠᠨ ᠴᠠᠬᠢᠯᠭᠠᠨ ᠢ | ᠭᠠᠳᠠᠭᠰᠢ ᠬᠦᠷᠭᠡᠬᠦ᠂ ᠤᠯᠤᠰ ᠤᠨ ᠲᠦᠷᠦᠭᠦᠦ ᠪᠦᠯᠦᠭ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠳᠤ ᠣᠷᠣᠭᠤᠯᠤᠭᠰᠠᠨ ᠬᠡᠷᠡᠯ ᠴᠡᠨᠡᠭ ᠤᠨ ᠰᠠᠭᠤᠷᠢᠨ | ᠭᠠᠵᠠᠷ᠂ ᠪᠠᠲᠤᠯᠠᠭ᠎ᠠ ᠶᠢᠨ ᠴᠢᠨᠠᠷᠲᠠᠶ ᠴᠠᠬᠢᠯᠭᠠᠨ ᠬᠦᠴᠦᠨ ᠤ ᠲᠤᠤᠷ ᠲᠤ ᠨᠡᠶᠢᠯᠡᠭᠦᠯᠦᠭᠰᠡᠨ ᠰᠢᠨ᠎ᠡ ᠡᠨᠧᠷᠭᠢ᠂ ᠲᠠᠷᠠᠬᠠᠶ ᠪᠤᠲᠠᠷᠬᠠᠶ ᠮᠠᠶ᠋ᠢᠭ ᠤᠨ ᠰᠠᠯᠬᠢᠨ ᠬᠦᠴᠦᠨ ᠤ | ᠴᠠᠬᠢᠯᠭᠠᠨ ᠪᠠ ᠲᠠᠷᠬᠠᠯᠲᠠ ᠶᠢᠨ ᠮᠠᠶ᠋ᠢᠭ ᠤᠨ ᠬᠡᠷᠡᠯ ᠴᠡᠨᠡᠭ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠵᠤ᠂ ᠥᠪᠥᠷ | ᠮᠣᠩᠭᠤᠯ ᠤᠨ ᠪᠠᠷᠠᠭᠤᠨ ᠬᠡᠰᠡᠭ ᠠᠴᠠ ᠪᠡᠭᠡᠵᠢᠩ ᠲᠢᠶᠠᠨᠵᠢᠨ ᠾᠧᠪᠧᠶ ᠳᠤ ᠥᠨᠳᠥᠷ ᠬᠠᠷᠢᠴᠠᠯ ᠪᠥᠬᠦᠶ ᠰᠢᠨ᠎ᠡ ᠡᠨᠧᠷᠭᠢ ᠶᠢᠨ ᠴᠠᠬᠢᠯᠭᠠᠨ ᠬᠦᠴᠦᠨ ᠢ ᠭᠠᠳᠠᠭᠰᠢ | ᠬᠦᠷᠭᠡᠬᠦ ᠨᠡᠪᠲᠡᠷᠡᠯ ᠤᠨ ᠡᠬᠢᠨ ᠤ ᠬᠤᠭᠤᠴᠠᠭᠠᠨ ᠤ ᠠᠵᠢᠯ ᠢ ᠡᠬᠢᠯᠡᠭᠦᠯᠦᠨ᠎ᠡ᠃ | ︵ᠵᠢᠷᠭᠤᠭ᠎ᠠ︶ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠃ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ | ᠨᠡᠮᠡᠷᠢᠯᠡᠬᠦ ᠪᠠᠷᠢᠯᠭ᠎ᠠ᠂ ᠵᠡᠭᠦᠨ ᠲᠠᠶᠢᠰᠠ ᠤᠰᠤᠨ ᠴᠥᠭᠦᠷᠥᠮ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠠᠬᠢᠴᠠ ᠶᠢ ᠲᠦᠷᠭᠡᠳᠬᠡᠵᠦ᠂ ᠴᠤᠤᠯ ᠭᠤᠣᠯ ᠤᠨ ᠤᠰᠤ ᠶᠢ ᠲᠠᠲᠠᠵᠤ ᠯᠢᠶᠣᠤ ᠾᠧ ᠭᠤᠣᠯ ᠳᠤ ᠨᠡᠮᠡᠷᠢᠯᠡᠬᠦ ᠬᠤᠶᠠᠳᠤᠭᠠᠷ ᠬᠤᠭᠤᠴᠠᠭ᠎ᠠ᠂ ᠬᠠᠲᠤᠨ ᠭᠤᠣᠯ ᠤᠨ | ᠥᠪᠥᠷ ᠮᠣᠩᠭᠤᠯ ᠤᠨ ᠬᠡᠰᠡᠭ ᠲᠠᠬᠢ ᠦᠶᠡᠷ ᠢ ᠰᠡᠷᠭᠡᠶᠢᠯᠡᠬᠦ ᠭᠤᠷᠪᠠᠳᠤᠭᠠᠷ ᠬᠤᠭᠤᠴᠠᠭ᠎ᠠ ᠵᠡᠷᠭᠡ ᠪᠠᠷᠢᠯᠭ᠎ᠠ ᠶᠢᠨ ᠡᠬᠢᠨ ᠤ ᠬᠤᠭᠤᠴᠠᠭᠠᠨ ᠤ ᠠᠵᠢᠯ ᠢ ᠯᠠᠪᠳᠠᠭᠤᠨ | ᠪᠠᠲᠤᠲᠠᠶ ᠠᠬᠢᠭᠤᠯᠤᠨ᠎ᠠ᠃ ᠭᠤᠣᠯ ᠪᠣᠯᠬᠤ ᠰᠠᠯᠪᠤᠷᠢ ᠤᠷᠤᠰᠬᠠᠯ᠂ ᠳᠤᠮᠳᠠ ᠵᠢᠵᠢᠭ ᠭᠤᠣᠯ ᠮᠥᠷᠡᠨ ᠢ ᠵᠠᠰᠠᠬᠤ᠂ ᠲᠤᠮᠤ ᠳᠤᠮᠳᠠ ᠬᠡᠯᠪᠡᠷᠢ ᠶᠢᠨ ᠡᠮᠵᠡᠭ ᠠᠶᠤᠯᠲᠠᠢ | ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠠᠵᠢᠯ ᠢ ᠬᠡᠷᠡᠭᠵᠢᠭᠦᠯᠵᠦ᠂ ᠠᠭᠤᠯᠠᠨ ᠤ ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ ᠲᠥᠷᠥᠯ ᠵᠦᠢᠯ ᠤᠨ | ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠰᠤᠨ ᠠᠰᠢᠭᠯᠠᠯᠲᠠ ᠶᠢᠨ ᠰᠠᠭᠤᠷᠢ ᠶᠢ | ᠪᠠᠬᠢᠵᠢᠭᠦᠯᠵᠦ᠂ ᠪᠣᠷᠣᠲᠣᠬᠤᠶ᠂ ᠳ᠋ᠧᠩᠺᠸᠦ ᠵᠡᠷᠭᠡ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠢ ᠦᠷᠭᠦᠯᠵᠢᠯᠡᠨ ᠢᠵᠢ ᠪᠦᠷᠢᠳᠦᠭᠦᠯᠦᠨ ᠪᠠᠶᠢᠭᠤᠯᠬᠤ ᠪᠠ | ᠣᠳᠣᠬᠢᠴᠢᠯᠠᠬᠤ ᠪᠠᠷ ᠥᠭᠡᠷᠡᠴᠢᠯᠡᠨ ᠰᠢᠨᠡᠳᠬᠡᠬᠦ ᠶᠢ ᠦᠷᠭᠦᠯᠵᠢᠯᠡᠨ ᠬᠡᠷᠡᠭᠵᠢᠭᠦᠯᠦᠨ᠎ᠡ᠃ | ︵ᠳᠣᠯᠤᠭ᠎ᠠ︶ ᠬᠤᠲᠠ ᠶᠢᠨ ᠰᠠᠭᠤᠷᠢ ᠪᠡᠯᠡᠳᠬᠡᠮᠵᠢ ᠶᠢᠨ ᠲᠠᠯ᠎ᠠ ᠪᠠᠷ᠃ ᠬᠤᠲᠠ ᠶᠢᠨ ᠰᠢᠨᠡᠴᠢᠯᠡᠯ ᠢ ᠠᠬᠢᠭᠤᠯᠤᠨ᠂ ᠬᠤᠲᠠ ᠶᠢᠨ ᠶᠠᠪᠤᠳᠠᠯ ᠤᠨ ᠢᠨᠵᠧᠨᠧᠷᠢᠩ᠂ | ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠬᠦᠷᠢᠶᠡᠨ ᠳᠠᠬᠢ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠰᠢᠲᠠᠮᠠᠬᠠᠶ ᠬᠡᠶ᠂ ᠢᠯᠴᠢ ᠬᠠᠩᠭᠠᠬᠤ᠂ ᠤᠰᠤ | ᠬᠠᠩᠭᠠᠵᠤ ᠵᠠᠯᠠᠬᠤ ᠵᠡᠷᠭᠡ ᠬᠠᠭᠤᠴᠢᠨ ᠬᠤᠭᠤᠯᠠᠶ ᠭᠤᠤᠷᠰᠤ ᠶᠢᠨ ᠲᠤᠤᠷ ᠢ ᠰᠢᠨᠡᠳᠬᠡᠨ ᠥᠭᠡᠷᠡᠴᠢᠯᠡᠬᠦ ᠶᠢ ᠠᠬᠢᠭᠤᠯᠤᠨ᠂ ᠬᠤᠲᠠ ᠶᠢᠨ ᠤᠰᠤᠲᠤᠯ ᠢ ᠰᠢᠰᠲ᠋ᠧᠮ ᠲᠠᠢ | ᠵᠠᠰᠠᠵᠤ᠂ ᠪᠣᠬᠢᠷ ᠤᠰᠤ᠂ ᠬᠤᠭ ᠨᠣᠪᠰᠢ ᠰᠢᠢᠳᠪᠦᠷᠢᠯᠡᠬᠦ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠬᠤᠲᠠ ᠪᠠᠯᠭᠠᠰᠤᠨ ᠤ | ᠬᠠᠭᠤᠴᠢᠨ ᠰᠠᠭᠤᠭᠠᠯᠢ ᠲᠣᠭᠤᠷᠢᠭ ᠲᠠᠬᠢ 21.37 ᠲᠦᠮᠡᠨ ᠡᠷᠦᠬᠡ ᠥᠭᠡᠷᠡᠴᠢᠯᠡᠨ ᠰᠢᠨᠡᠳᠬᠡᠬᠦ᠂ ᠲᠥᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠲᠠᠬᠢ | 1 ᠲᠦᠮᠡᠨ ᠢᠵᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠪᠠᠷ ᠲᠥᠯᠥᠪᠯᠡᠨ ᠬᠡᠷᠡᠭᠵᠢᠭᠦᠯᠵᠦ᠂ 1.2 ᠲᠦᠮᠡᠨ ᠢᠵᠢ ᠪᠠᠲᠤᠯᠠᠭ᠎ᠠ ᠶᠢᠨ ᠴᠢᠨᠠᠷᠲᠠᠶ ᠲᠦᠷᠢᠶᠡᠰᠦᠯᠡᠬᠦ | ᠣᠷᠣᠨ ᠰᠠᠭᠤᠴᠠ ᠶᠢ ᠪᠠᠶᠢᠭᠤᠯᠥᠨ᠎ᠠ᠃ | ᠳᠥᠷᠪᠡ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠶᠢ ᠪᠠᠷᠢᠮᠲᠠᠯᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ | ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ | ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠨ᠂ ᠠᠮᠢ ᠠᠬᠤᠶ | ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠪᠣᠬᠢᠷᠲᠤᠯ ᠥᠬᠡᠶ ᠪᠣᠯᠭᠠᠬᠤ ᠪᠠᠷ ᠬᠡᠯᠪᠡᠷᠢ ᠪᠠᠨ ᠬᠤᠪᠢᠷᠠᠭᠤᠯᠬᠤ ᠶᠢ ᠪᠥᠬᠦ ᠬᠦᠷᠢᠶᠡᠨ ᠳᠤ ᠪᠥᠬᠦ ᠲᠠᠯ᠎ᠠ ᠪᠠᠷ | ᠠᠬᠢᠭᠤᠯᠤᠨ᠂ ᠤᠯᠤᠰ ᠤᠨ ᠠᠮᠢ ᠠᠬᠤᠶ ᠶᠢᠨ ᠪᠣᠯᠪᠠᠰᠤᠨ ᠤ ᠲᠤᠷᠰᠢᠯᠲᠠ ᠶᠢᠨ ᠲᠣᠭᠤᠷᠢᠭ ᠢ ᠢᠳᠡᠪᠬᠢᠲᠡᠶ ᠡᠭᠦᠳᠦᠨ ᠪᠠᠶᠢᠭᠤᠯᠤᠨ᠎ᠠ᠃ | ︵ᠨᠢᠭᠡ︶ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠎ᠠ᠃ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ | ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠦᠨᠳᠦᠰᠦᠨ ᠨᠤᠲᠤᠭ ᠪᠡᠯᠴᠢᠭᠡᠷ ᠢ | ᠬᠠᠮᠠᠭᠠᠯᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠣᠶ ᠶᠢᠨ ᠳᠠᠷᠤᠭ᠎ᠠ ᠶᠢᠨ ᠲᠦᠷᠢᠮ᠂ ᠭᠤᠤᠯ ᠮᠥᠷᠡᠨ ᠤ ᠳᠠᠷᠤᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠎ᠠ᠃ | ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠ ᠶᠢᠨ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠬᠤᠯᠠᠨ ᠰᠢᠷᠭ᠎ᠠ ᠲᠠᠭ᠎ᠠ ᠶᠢᠨ | ᠬᠡᠪᠴᠢᠶᠡᠵᠢᠭᠰᠡᠨ ᠣᠶ ᠰᠢᠭᠤᠶ ᠶᠢᠨ ᠲᠠᠯᠠᠪᠠᠶ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠰᠢᠷ᠎ᠠ ᠬᠥᠷᠥᠰᠥᠲᠦ ᠥᠨᠳᠦᠷᠯᠢᠭ ᠤᠨ | ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ᠂ ᠥᠪᠥᠷ ᠮᠣᠩᠭᠤᠯ ᠤᠨ ᠥᠨᠳᠦᠷᠯᠢᠭ ᠤᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ᠂ ᠶᠡᠭᠡ ᠪᠠᠭ᠎ᠠ | ᠬᠢᠩᠭᠠᠨ ᠳᠠᠪᠠᠭ᠎ᠠ ᠶᠢᠨ ᠣᠶ ᠰᠢᠭᠤᠶ ᠶᠢᠨ ᠠᠮᠢ ᠠᠬᠤᠶ ᠶᠢ ᠬᠠᠮᠠᠭᠠᠯᠠᠵᠤ ᠪᠤᠶᠢᠵᠢᠭᠤᠯᠬᠤ ᠵᠡᠷᠭᠡ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠪᠠ ᠠᠮᠢ ᠠᠬᠤᠶ ᠳᠤ ᠲᠥᠯᠥᠪᠦᠷᠢ ᠥᠭᠬᠦ ᠲᠦᠷᠢᠮ ᠢ ᠨᠠᠶᠢᠳᠠᠪᠤᠷᠢᠵᠢᠭᠤᠯᠤᠨ᠎ᠠ᠃ ᠡᠬᠡ ᠪᠣᠯᠬᠤ ᠭᠤᠣᠯ ᠬᠠᠲᠤᠨ ᠭᠤᠤᠯ ᠢ | ᠬᠠᠮᠠᠭᠠᠯᠠᠬᠤ ᠪᠠᠨ ᠲᠣᠪᠤᠶᠢᠮ᠎ᠠ ᠪᠠᠶᠢᠷᠢᠨ ᠳᠤ ᠲᠠᠯᠪᠢᠵᠤ᠂ ︽ᠬᠠᠲᠤᠨ ᠭᠤᠤᠯ ᠤᠨ ᠰᠠᠪᠠ ᠭᠠᠵᠠᠷ ᠤᠨ ᠥᠪᠥᠷ ᠮᠣᠩᠭᠤᠯ ᠳᠠᠬᠢ ᠬᠡᠰᠡᠭ ᠤᠨ ᠠᠮᠢ ᠠᠬᠤᠶ ᠶᠢᠨ | ᠬᠤᠩᠭᠢᠯ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾ ᠶᠢ ᠲᠣᠭᠲᠠᠭᠠᠨ᠂ ︽ᠤᠰᠤᠨ ᠤ ᠬᠡᠮᠵᠢᠶ᠎ᠡ ᠪᠠᠷ ᠬᠤᠲᠠ ᠶᠢᠨ ᠪᠠᠭᠲᠠᠭᠠᠮᠵᠢ᠂ ᠭᠠᠵᠠᠷ ᠤᠨ | ᠬᠡᠪᠴᠢᠶ᠎ᠡ᠂ ᠬᠥᠮᠥᠨ ᠠᠮᠠ᠂ ᠦᠢᠯᠡᠳᠪᠦᠷᠢᠯᠡᠯ ᠤᠨ ᠴᠢᠳᠠᠪᠤᠷᠢ ᠳᠥᠷᠪᠡ ᠶᠢ ᠲᠣᠭᠲᠠᠭᠠᠬᠤ︾ ᠵᠠᠷᠴᠢᠮ ᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠬᠠᠲᠤᠨ ᠭᠤᠤᠯ ᠤᠨ | ᠠᠮᠢ ᠠᠬᠤᠶ ᠶᠢᠨ ᠪᠦᠰᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ︽ᠭᠤᠷᠪᠠᠨ ᠨᠠᠭᠤᠷ︾ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ | ᠵᠠᠰᠠᠯᠲᠠ ᠶᠢ ᠭᠦᠨᠵᠡᠭᠡᠢ ᠠᠬᠢᠭᠤᠯᠵᠤ᠂ ᠴᠠᠭᠠᠨᠨᠠᠭᠤᠷ ᠨᠤᠭᠤ ᠭᠠᠵᠠᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠡᠯᠡᠰᠦ ᠮᠠᠩᠬ᠎ᠠ ᠶᠢ | ᠰᠡᠷᠭᠡᠶᠢᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠥᠷᠥᠰᠥ ᠰᠢᠷᠣᠶ ᠶᠢ ᠬᠠᠮᠠᠭᠠᠯᠠᠬᠤ ᠪᠠ ᠨᠤᠭᠤ ᠭᠠᠵᠠᠷ ᠢ ᠬᠠᠮᠠᠭᠠᠯᠠᠬᠤ ᠪᠠᠨ ᠦᠷᠭᠦᠯᠵᠢᠯᠡᠨ ᠠᠬᠢᠭᠤᠯᠤᠨ᠎ᠠ᠃ | ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠦᠭᠡᠢ ᠠᠭᠤᠷᠬᠠᠢ ᠶᠢ ᠰᠢᠨ᠎ᠡ ᠪᠠᠷ 100 ᠭᠠᠷᠤᠢ ᠪᠠᠶᠢᠭᠤᠯᠤᠨ᠎ᠠ᠃ | ︵ᠬᠤᠶᠠᠷ︶ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠨ᠎ᠡ᠃ ᠠᠭᠠᠷ ᠤᠨ ᠴᠡᠪᠡᠷᠴᠡ ᠶᠢ | ᠰᠠᠶᠢᠵᠢᠷᠠᠭᠤᠯᠬᠤ ᠠᠵᠢᠯᠯᠠᠭᠠᠨ ᠢ ᠦᠷᠭᠦᠯᠵᠢᠯᠡᠨ ᠠᠬᠢᠭᠤᠯᠵᠤ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠤᠯᠳᠠᠯᠭ᠎ᠠ ᠪᠣᠯᠬᠤ ᠣᠷᠣᠨ | ᠪᠦᠰᠡ ᠶᠢᠨ ᠠᠭᠠᠷ ᠮᠠᠨᠳᠠᠯ ᠤᠨ ᠪᠣᠬᠢᠷᠲᠤᠯ ᠢ ᠬᠤᠯᠪᠣᠭᠠᠯᠠᠨ ᠰᠡᠷᠭᠡᠶᠢᠯᠡᠵᠦ ᠬᠠᠮᠲᠤᠷᠠᠨ ᠡᠷᠬᠡᠰᠢᠶᠡᠬᠦ ᠪᠠᠨ ᠭᠦᠨᠵᠡᠭᠡᠶᠢᠷᠡᠭᠦᠯᠦᠨ᠂ ᠭᠤᠤᠯᠳᠠᠯᠭ᠎ᠠ ᠪᠣᠯᠬᠤ ᠠᠵᠢᠯ | ᠲᠥᠷᠥᠯ ᠤᠨ ᠬᠡᠲᠦ ᠳᠤᠤᠷ᠎ᠠ ᠭᠠᠳᠠᠭᠰᠢᠯᠠᠭᠤᠯᠬᠤ ᠶᠢ ᠥᠭᠡᠷᠡᠴᠢᠯᠡᠨ ᠰᠢᠨᠡᠳᠬᠡᠬᠦ ᠪᠠᠨ ᠯᠠᠪᠳᠠᠭᠤᠨ ᠠᠬᠢᠭᠤᠯᠵᠤ᠂ ᠠᠵᠤ ᠦᠢᠯᠡᠳᠪᠦᠷᠢ ᠶᠢᠨ ᠵᠤᠤᠬ᠎ᠠ ᠠᠴᠠ | ᠡᠭᠦᠰᠦᠭᠰᠡᠨ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠪᠠᠨ ᠬᠦᠴᠦᠲᠡᠢ ᠬᠡᠷᠡᠭᠵᠢᠭᠦᠯᠦᠨ᠂ ᠨᠡᠭᠦᠷᠡᠰᠦ ᠲᠦᠯᠡᠵᠦ ᠡᠭᠦᠰᠦᠭᠰᠡᠨ ᠪᠣᠬᠢᠷᠲᠤᠯ᠂ ᠳᠡᠭᠳᠡᠮᠡᠬᠡᠶ | ᠴᠢᠨᠠᠷ ᠲᠠᠢ ᠣᠷᠭᠠᠨᠢᠭ ᠪᠣᠳᠠᠰ ᠢ ᠶᠡᠷᠦᠩᠬᠡᠶᠢᠯᠡᠨ ᠴᠡᠭᠴᠡᠯᠡᠨ ᠵᠠᠰᠠᠬᠤ ᠪᠠᠨ ᠭᠦᠨᠵᠡᠭᠡᠶ ᠠᠬᠢᠭᠤᠯᠵᠤ᠂ ᠣᠽᠣᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠰᠢᠪᠲᠤᠯᠤᠯᠲᠠ ᠶᠢᠨ ᠠᠵᠢᠯᠯᠠᠭᠠᠨ ᠢ ᠥᠷᠨᠢᠭᠦᠯᠦᠨ᠂ ᠲᠣᠭᠤᠰᠣ ᠶᠢ ᠶᠡᠷᠦᠩᠬᠡᠶᠢᠯᠡᠨ ᠬᠠᠮᠢᠶᠠᠷᠴᠤ ᠡᠷᠬᠡᠰᠢᠶᠡᠬᠦ ᠪᠠᠨ ᠴᠢᠩᠭᠠᠳᠬᠠᠵᠤ᠂ ᠬᠦᠨᠳᠦ ᠪᠣᠬᠢᠷᠲᠤᠯ ᠲᠠᠢ ᠴᠠᠭ | ᠠᠭᠤᠷ ᠢ ᠪᠦᠲᠦᠮᠵᠢᠲᠡᠶ ᠠᠷᠭᠠᠴᠠᠭᠠᠨ᠎ᠠ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠪᠠᠨ ᠭᠦᠨᠵᠡᠭᠡᠶ ᠥᠷᠨᠢᠭᠦᠯᠵᠦ᠂ ᠪᠠᠷᠢᠮᠵᠢᠶ᠎ᠠ ᠳᠤ ᠬᠦᠷᠬᠦ ᠦᠭᠡᠶ | ᠤᠰᠤᠨ ᠴᠣᠭᠴᠠ ᠶᠢ ᠵᠠᠰᠠᠬᠤ ᠪᠠᠨ ᠴᠢᠩᠭᠠᠷᠠᠭᠤᠯᠤᠨ᠂ ᠪᠠᠷᠢᠮᠵᠢᠶ᠎ᠠ ᠪᠠᠷ ᠭᠠᠳᠠᠭᠰᠢᠯᠠᠭᠤᠯᠬᠤ ᠳᠤ ᠬᠢᠨᠠᠯᠲᠠ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠤᠰᠤᠨ | ᠰᠤᠷᠪᠤᠯᠵᠢ ᠶᠢᠨ ᠭᠠᠵᠠᠷ ᠢ ᠵᠢᠷᠤᠮᠵᠢᠯ ᠲᠠᠢ ᠪᠦᠲᠦᠭᠡᠨ ᠪᠠᠶᠢᠭᠤᠯᠬᠤ ᠪᠠᠨ ᠴᠢᠩᠭᠠᠳᠬᠠᠨ᠎ᠠ᠃ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ | ᠠᠵᠢᠯᠯᠠᠭ᠎ᠠ ᠪᠠᠨ ᠯᠠᠪᠳᠠᠭᠤᠨ ᠪᠠᠲᠤᠲᠠᠢ ᠠᠬᠢᠭᠤᠯᠵᠤ᠂ ᠠᠶᠤᠯᠲᠠᠢ ᠬᠠᠶᠠᠭᠳᠠᠮᠠᠯ ᠪᠣᠳᠠᠰ ᠢ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠢ | ᠦᠷᠭᠦᠯᠵᠢᠯᠡᠨ ᠥᠷᠨᠢᠭᠦᠯᠵᠦ᠂ ᠬᠦᠨᠳᠦ ᠲᠡᠮᠦᠷᠯᠢᠭ ᠤᠨ ᠪᠣᠬᠢᠷᠲᠤᠯ ᠪᠠ ᠰᠦᠯᠢᠶᠣᠣ ᠶᠢᠨ ᠪᠣᠬᠢᠷᠲᠤᠯ ᠢ ᠪᠦᠬᠦ ᠬᠡᠯᠬᠢᠶᠡᠨ ᠳᠤ ᠨᠢ ᠰᠡᠷᠭᠡᠶᠢᠯᠡᠨ ᠵᠠᠰᠠᠬᠤ ᠶᠢ | ᠴᠢᠩᠭᠠᠳᠬᠠᠵᠤ᠂ ︽ᠬᠠᠶᠠᠭᠳᠠᠮᠠᠯ ᠪᠣᠳᠠᠰ ᠦᠭᠡᠢ ᠬᠤᠳᠠ︾ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ︵ᠭᠤᠷᠪᠠ︶ ᠪᠣᠬᠢᠷᠲᠤᠯ ᠥᠬᠡᠶ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠠᠵᠤ | ᠦᠢᠯᠡᠰ ᠤᠨ ᠪᠦᠲᠦᠴᠡ᠂ ᠡᠨᠧᠷᠭᠢ ᠶᠢᠨ ᠪᠦᠲᠦᠴᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ᠂ ᠭᠠᠵᠠᠷ ᠬᠡᠷᠡᠭᠯᠡᠬᠦ ᠪᠦᠲᠦᠴᠡ ᠶᠢ ᠬᠦᠴᠦᠯᠡᠨ ᠲᠤᠬᠢᠷᠠᠭᠤᠯᠵᠤ᠂ | ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠣᠯᠭᠠᠬᠤ ᠪᠠᠨ ᠠᠬᠢᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ | ᠬᠡᠷᠡᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ︽ᠭᠤᠷᠪᠠᠨ ᠱᠤᠭᠤᠮ ᠨᠢᠭᠡ ᠲᠠᠩᠰᠠ︾ ᠶᠢᠨ ᠣᠷᠣᠨ ᠬᠤᠪᠢᠶᠠᠵᠤ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠦᠨ᠎ᠡ᠃ | ᠤᠰᠤᠨ ᠤ ᠡᠬᠢ ᠰᠤᠷᠪᠤᠯᠵᠢ ᠶᠢᠨ ᠬᠠᠮᠤᠭ ᠤᠨ ᠴᠢᠩᠭ᠎ᠠ ᠬᠠᠮᠢᠶᠠᠷᠤᠯᠲᠠ ᠶᠢ ᠴᠢᠩᠭᠠᠳᠬᠠᠵᠤ᠂ ᠤᠰᠤ ᠠᠷᠪᠢᠯᠠᠵᠤ ᠤᠰᠤ ᠶᠢ ᠡᠵᠡᠮᠳᠡᠬᠦ ᠭᠦᠨᠵᠡᠭᠡᠢ ᠠᠵᠢᠯᠯᠠᠭ᠎ᠠ ᠪᠠᠨ | ᠠᠬᠢᠭᠤᠯᠤᠨ᠂ ᠤᠰᠤᠨ ᠤ ᠡᠬᠢ ᠰᠤᠷᠪᠤᠯᠵᠢ ᠶᠢᠨ ᠬᠤᠷᠣᠭᠳᠠᠯ ᠢ ᠡᠵᠡᠮᠳᠡᠬᠦ ᠡᠭᠦᠷᠭᠡ ᠪᠠᠨ ᠰᠠᠶᠢᠲᠤᠷ ᠨᠠᠶᠢᠳᠠᠪᠤᠷᠢᠵᠢᠭᠤᠯᠤᠨ᠎ᠠ᠃ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠠᠴᠠ ᠨᠢ ᠪᠠᠭᠤᠷᠠᠭᠤᠯᠬᠤ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠠᠴᠠ ᠨᠢ ᠪᠠᠭᠤᠷᠠᠭᠤᠯᠬᠤ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ | ᠲᠦᠷᠦ ᠶᠢᠨ ᠪᠤᠳᠤᠯᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ ᠪᠦᠷᠢᠯᠳᠦᠭᠦᠯᠵᠦ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠲᠦᠷᠢᠮ ᠢ | ᠰᠢᠨᠵᠢᠯᠡᠬᠦ ᠤᠬᠠᠭᠠᠨᠴᠢ ᠪᠠᠷ ᠲᠡᠭᠦᠯᠳᠡᠷᠵᠢᠭᠦᠯᠦᠨ᠎ᠡ᠃ ᠪᠦᠬᠦ ᠲᠠᠯ᠎ᠠ ᠪᠠᠷ ᠠᠷᠪᠢᠯᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠦᠢᠯᠡᠳᠪᠦᠷᠢᠯᠡᠯ ᠤᠨ ᠬᠦᠷᠢᠶᠡᠨ ᠳᠤ | ᠡᠬᠢ ᠪᠠᠶᠠᠯᠢᠭ ᠢ ᠪᠦᠬᠦ ᠲᠠᠯ᠎ᠠ ᠪᠠᠷ ᠠᠷᠪᠢᠯᠠᠬᠤ᠂ ᠡᠷᠴᠢᠮᠵᠢᠭᠦᠯᠬᠦ᠂ ᠣᠷᠴᠢᠯᠳᠤᠭᠤᠯᠤᠨ ᠠᠰᠢᠭᠯᠠᠬᠤ ᠶᠢ ᠠᠬᠢᠭᠤᠯᠤᠨ᠂ ︽ᠬᠤᠶᠠᠷ ᠶᠡᠬᠡᠲᠡᠢ︾ ᠲᠥᠷᠥᠯ ᠵᠦᠢᠯ ᠢ | ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠨ ᠵᠣᠭᠰᠣᠭᠠᠵᠤ᠂ ᠡᠨᠧᠷᠭᠢ ᠶᠢᠨ ᠠᠰᠢᠭᠯᠠᠮᠵᠢ ᠶᠢᠨ ᠬᠡᠪ ᠳᠠᠭᠤᠷᠢᠶᠠᠯ ᠤᠨ ᠬᠢᠷᠢ ᠲᠦᠪᠰᠢᠨ ᠢᠶᠠᠷ ᠪᠠᠷᠢᠮᠵᠢᠶ᠎ᠠ | ᠪᠣᠯᠭᠠᠵᠤ᠂ ᠭᠤᠣᠯᠳᠠᠯᠭ᠎ᠠ ᠪᠣᠯᠬᠤ ᠠᠵᠢᠯ ᠲᠦᠷᠦᠯ ᠤᠨ ᠠᠵᠤ ᠠᠬᠤᠶᠢᠯᠠᠯ ᠢ ᠥᠭᠡᠷᠡᠴᠢᠯᠡᠨ ᠰᠢᠨᠡᠳᠬᠡᠵᠦ ᠲᠡᠰ ᠳᠡᠪᠰᠢᠭᠦᠯᠬᠦ ᠶᠢ ᠨᠢ ᠡᠮᠬᠢ ᠵᠢᠷᠤᠮ ᠲᠠᠢ | ᠬᠡᠷᠡᠭᠵᠢᠭᠦᠯᠦᠨ᠂ ᠪᠣᠬᠢᠷᠲᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ ᠨᠢ | ᠴᠢᠩᠭᠠᠳᠬᠠᠵᠤ᠂ ᠲᠡᠷᠢᠭᠦᠨ ᠤ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠨᠢ ᠲᠦᠷᠭᠡᠳᠬᠡᠨ᠎ᠡ︔ ᠬᠡᠷᠡᠭᠯᠡᠭᠡ ᠶᠢᠨ ᠬᠦᠷᠢᠶᠡᠨ ᠳᠤ᠂ ᠪᠥᠬᠦ ᠠᠷᠠᠳ ᠤᠨ ᠠᠷᠪᠢᠯᠠᠨ ᠭᠠᠮᠨᠠᠬᠤ | ᠦᠵᠡᠯ ᠤᠬᠠᠮᠰᠠᠷ ᠢ ᠴᠢᠩᠭᠠᠷᠠᠭᠤᠯᠵᠤ᠂ ᠠᠷᠪᠢᠲᠠᠶ ᠪᠥᠭᠡᠳ ᠲᠣᠬᠢᠷᠠᠮᠵᠢᠲᠠᠶ᠂ ᠪᠣᠬᠢᠷᠲᠤᠯ ᠥᠬᠡᠶ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠂ ᠪᠥᠬᠦ ᠨᠡᠶᠢᠭᠡᠮ ᠢᠶᠠᠷ ᠢᠶᠠᠨ ᠴᠠᠬᠢᠯᠭᠠᠨ ᠠᠷᠪᠢᠯᠠᠵᠤ ᠬᠡᠷᠡᠭᠯᠡᠬᠦ ᠪᠠ ᠡᠨᠧᠷᠭᠢ ᠬᠡᠷᠡᠭᠯᠡᠬᠦ ᠶᠢ ᠨᠢ ᠴᠢᠩᠭᠠᠳᠬᠠᠬᠤ ᠶᠢ | ᠠᠬᠢᠭᠤᠯᠵᠤ᠂ ᠬᠤᠲᠠ ᠶᠢᠨ ᠦᠵᠡᠮᠦᠷᠢ ᠶᠢᠨ ᠭᠡᠷᠡᠯᠲᠦᠭᠦᠯᠭᠡ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ ᠵᠠᠮ ᠬᠠᠷᠢᠯᠴᠠᠭ᠎ᠠ ᠵᠡᠷᠭᠡ ᠬᠦᠷᠢᠶᠡᠨ ᠤ ᠡᠨᠧᠷᠭᠢ ᠠᠷᠪᠢᠯᠠᠬᠤ ᠶᠢ | ᠴᠢᠩᠭᠠᠷᠠᠭᠤᠯᠵᠤ᠂ ᠪᠠᠷᠠᠭᠠᠨ ᠤ ᠲᠡᠭᠡᠭᠡᠪᠦᠷᠢ ᠶᠢᠨ ︽ᠵᠠᠰᠠᠮᠠᠯ ᠵᠠᠮ ᠠᠴᠠ ᠲᠡᠮᠦᠷ ᠵᠠᠮ ᠳᠤ ᠰᠢᠯᠵᠢᠭᠦᠯᠬᠦ︾ ᠶᠢ ᠠᠬᠢᠭᠤᠯᠤᠨ᠂ ᠬᠤᠭ ᠨᠣᠪᠰᠢ ᠶᠢ ᠲᠥᠷᠥᠯ ᠬᠤᠪᠢᠶᠠᠬᠤ | ᠪᠠ ᠡᠬᠢ ᠪᠠᠶᠠᠯᠢᠭᠵᠢᠭᠤᠯᠬᠤ ᠶᠢ ᠬᠡᠷᠡᠭᠵᠢᠭᠦᠯᠦᠨ᠎ᠡ᠃ | ᠲᠠᠪᠤ᠂ ᠠᠩᠬᠠᠨ ᠤ ᠪᠦᠲᠦᠭᠡᠭᠳᠡᠬᠦᠨ ᠤ ᠬᠠᠩᠭᠠᠵᠤ ᠪᠠᠲᠤᠯᠠᠬᠤ ᠴᠢᠳᠠᠪᠤᠷᠢ ᠶᠢ ᠴᠢᠩᠭᠠᠳᠬᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ | ᠠᠮᠤᠷ ᠲᠦᠪᠰᠢᠨ ᠬᠥᠭᠵᠢᠯᠲᠡ ᠶᠢᠨ ᠣᠨᠣᠯᠵᠢᠬᠤᠨ ᠢ ᠪᠠᠲᠤ ᠪᠤᠢ ᠪᠣᠯᠭᠠᠵᠤ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠨ᠂ ᠬᠤᠷᠢᠭ᠎ᠠ ᠱᠤᠭᠤᠮ ᠤᠨ | ᠰᠡᠳᠬᠢᠬᠦᠢ ᠶᠢ ᠴᠢᠩᠭᠠᠳᠬᠠᠵᠤ᠂ ᠠᠮᠤ ᠪᠤᠳᠠᠭ᠎ᠠ ᠪᠠ ᠡᠨᠧᠷᠭᠢ ᠶᠢᠨ ᠬᠠᠩᠭᠠᠵᠤ ᠪᠠᠲᠤᠯᠠᠬᠤ ᠬᠠᠷᠢᠭᠤᠴᠠᠯᠭ᠎ᠠ ᠶᠢ ᠡᠭᠦᠷᠭᠡᠯᠡᠨ᠂ ᠭᠤᠣᠯᠳᠠᠯᠭ᠎ᠠ ᠪᠣᠯᠬᠤ ᠬᠦᠷᠢᠶᠡᠨ ᠤ | ᠲᠦᠭᠰᠢᠭᠦᠷᠢ ᠶᠢ ᠬᠦᠴᠦᠯᠡᠨ ᠰᠡᠷᠭᠡᠶᠢᠯᠡᠵᠦ ᠠᠷᠢᠯᠭᠠᠨ᠎ᠠ᠃ | ︵ᠨᠢᠭᠡ︶ ᠠᠮᠤ ᠪᠤᠳᠠᠭ᠎ᠠ ᠰᠦ ᠮᠢᠬᠠᠨ ᠤ ᠦᠢᠯᠡᠳᠪᠦᠷᠢᠯᠡᠯ ᠢ ᠬᠦᠴᠦᠯᠡᠨ ᠲᠣᠭᠲᠠᠪᠤᠷᠢᠵᠢᠭᠤᠯᠤᠨ᠎ᠠ᠃ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠤᠭ ᠤᠨ | ᠴᠢᠩᠭ᠎ᠠ ᠲᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠯᠠᠬᠤ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠨ᠂ ᠲᠠᠷᠢᠶᠠᠯᠠᠬᠤ ᠭᠠᠵᠠᠷ ᠢ ︽ᠲᠠᠷᠢᠶᠠᠯᠠᠩ ᠤᠨ ᠪᠤᠰᠤ | ᠪᠣᠯᠭᠠᠬᠤ︾ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ᠂ ᠠᠮᠤ ᠪᠤᠳᠠᠭ᠎ᠠ ᠳᠠᠷᠢᠬᠤ ᠲᠠᠯᠠᠪᠠᠶ ᠪᠠ ᠤᠨᠠᠯᠲᠠ ᠶᠢᠨ ᠲᠣᠭᠲᠠᠭᠤᠨ | ᠪᠠᠶᠢᠬᠤ ᠶᠢ ᠦᠨᠡᠨ ᠬᠦ ᠪᠠᠲᠤᠯᠠᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ 400 ᠲᠦᠮᠡᠨ ᠮᠦ ᠪᠠᠶᠢᠭᠤᠯᠵᠤ᠂ ᠬᠠᠷ᠎ᠠ ᠬᠥᠷᠥᠰᠥᠲᠦ ᠭᠠᠵᠠᠷ ᠢ | ᠬᠠᠮᠠᠭᠠᠯᠠᠬᠤ ᠴᠢᠨᠠᠷᠲᠠᠢ ᠲᠠᠷᠢᠶᠠᠯᠠᠭ᠎ᠠ ᠶᠢ 1350 ᠲᠦᠮᠡᠨ ᠮᠦ ᠪᠣᠯᠭᠠᠨ᠂ ᠰᠢᠷ᠎ᠠ ᠪᠤᠷᠴᠠᠭ ᠲᠠᠷᠢᠬᠤ ᠬᠡᠪᠴᠢᠶ᠎ᠡ ᠶᠢ 500 ᠲᠦᠮᠡᠨ ᠮᠦ ᠥᠷᠭᠡᠳᠬᠡᠬᠦ ᠡᠭᠦᠷᠭᠡ ᠪᠠᠨ | ᠪᠡᠶᠡᠯᠡᠭᠦᠯᠵᠦ᠂ ᠦᠷ᠎ᠡ ᠶᠢᠨ ᠦᠢᠯᠡᠰ ᠢ ᠬᠥᠭᠵᠢᠭᠦᠯᠬᠦ ᠠᠵᠢᠯᠯᠠᠭᠠᠨ ᠢ ᠬᠡᠷᠡᠭᠵᠢᠭᠦᠯᠦᠨ᠂ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠬᠠᠩᠭᠠᠯᠭ᠎ᠠ ᠶᠢ ᠰᠠᠶᠢᠲᠤᠷ | ᠠᠳᠬᠤᠨ᠎ᠠ᠃ ᠣᠲᠣ ᠦᠶ᠎ᠡ ᠶᠢᠨ ᠮᠠᠯ ᠠᠵᠤ ᠠᠬᠤᠶ ᠶᠢᠨ ᠬᠥᠭᠵᠢᠯᠲᠡ ᠶᠢ ᠲᠦᠷᠭᠡᠳᠬᠡᠨ᠂ ᠴᠢᠨᠠᠷ ᠰᠠᠶᠢᠲᠠᠶ ᠲᠡᠵᠢᠭᠡᠯ ᠡᠪᠡᠰᠦ ᠪᠣᠷᠳᠣᠭᠠᠨ ᠤ ᠦᠢᠯᠡᠳᠪᠦᠷᠢᠯᠡᠯ ᠤᠨ | ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠰᠦ ᠶᠢᠨ ᠦᠢᠯᠡᠰ ᠢᠶᠠᠨ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠤᠨ᠂ ᠮᠢᠬᠠᠨ ᠤ ᠵᠦᠢᠯ ᠤᠨ | ᠭᠠᠷᠤᠯᠲᠠ ᠶᠢ 260 ᠲᠦᠮᠡᠨ ᠲᠣᠨ ᠳᠤ ᠲᠣᠭᠲᠠᠪᠤᠷᠢᠵᠢᠭᠤᠯᠬᠤ᠂ ᠰᠦ ᠶᠢᠨ ᠭᠠᠷᠤᠯᠲᠠ ᠶᠢ 720 ᠲᠦᠮᠡᠨ ᠲᠣᠨ ᠳᠤ ᠬᠦᠷᠭᠡᠬᠦ ᠶᠢ ᠠᠬᠢᠭᠤᠯᠤᠨ᠎ᠠ᠃ | ︵ᠬᠤᠶᠠᠷ︶ ᠡᠨᠧᠷᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ ᠠᠮᠢ ᠠᠬᠤᠢ ᠶᠢᠨ ᠬᠠᠮᠠᠭᠠᠯᠠᠯᠲᠠ ᠪᠠ ᠠᠶᠤᠯ | ᠦᠭᠡᠢ ᠦᠢᠯᠡᠳᠪᠦᠷᠢᠯᠡᠯ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠨᠡᠭᠦᠷᠡᠰᠦᠨ ᠤ ᠦᠢᠯᠡᠳᠪᠦᠷᠢᠯᠡᠬᠦ ᠴᠢᠳᠠᠮᠵᠢ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ | ᠠᠬᠢᠭᠤᠯᠤᠨ᠂ ᠲᠡᠷᠢᠭᠦᠨ ᠤ ᠦᠢᠯᠡᠳᠪᠦᠷᠢᠯᠡᠬᠦ ᠴᠢᠳᠠᠮᠵᠢ ᠶᠢ ᠡᠮᠬᠢ ᠵᠢᠷᠤᠮ ᠲᠠᠢ ᠪᠠᠷ ᠪᠠᠳᠠᠷᠠᠭᠤᠯᠵᠤ᠂ ᠨᠡᠭᠦᠷᠡᠰᠦᠨ ᠤ ᠭᠠᠷᠤᠯᠲᠠ ᠶᠢ 10 ᠳ᠋ᠦᠩᠰᠢᠭᠤᠷ ᠲᠣᠨ ᠠᠴᠠ | ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠴᠠᠬᠢᠯᠭᠠᠨ ᠬᠦᠴᠦᠨ ᠤ ᠬᠠᠩᠭᠠᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠨᠡᠭᠦᠷᠡᠰᠦ ᠪᠠᠷ ᠴᠠᠬᠢᠯᠭᠠᠨ ᠭᠠᠷᠭᠠᠬᠤ ᠮᠠᠰᠢᠨ | ᠴᠣᠭᠴᠠᠯᠠᠪᠤᠷᠢ ᠶᠢᠨ ᠵᠦᠢ ᠵᠣᠬᠢᠰᠲᠠᠢ ᠡᠯᠪᠡᠭ ᠪᠠᠶᠢᠬᠤ ᠶᠢ ᠪᠠᠲᠤᠯᠠᠨ᠂ ᠣᠳᠣ ᠪᠠᠶᠢᠭ᠎ᠠ ᠨᠡᠭᠦᠷᠡᠰᠦ ᠪᠠᠷ ᠴᠠᠬᠢᠯᠭᠠᠨ ᠭᠠᠷᠭᠠᠬᠤ ᠲᠥᠷᠥᠯ ᠵᠦᠢᠯ ᠢ ᠥᠭᠡᠷᠡᠴᠢᠯᠡᠨ | ᠰᠢᠨᠡᠳᠬᠡᠵᠦ ᠳᠡᠰ ᠳᠡᠪᠰᠢᠭᠦᠯᠬᠦ ᠶᠢ ᠨᠢ ᠢᠳᠡᠪᠬᠢᠲᠡᠢ ᠠᠬᠢᠭᠤᠯᠵᠤ᠂ ᠴᠠᠬᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠶᠢ 1.6 ᠳ᠋ᠦᠩᠰᠢᠭᠤᠷ | ᠬᠢᠯᠦᠸᠠᠲ ᠠᠴᠠ ᠳᠡᠭᠡᠭᠰᠢ ᠪᠣᠯᠭᠠᠨ᠎ᠠ᠃ ᠴᠠᠬᠢᠯᠭᠠᠨ ᠭᠠᠷᠭᠠᠵᠤ ᠢᠯᠴᠢ ᠬᠠᠩᠭᠠᠬᠤ ᠠᠵᠤ ᠠᠬᠤᠶᠢᠯᠠᠯ ᠤᠨ ᠨᠡᠭᠦᠷᠡᠰᠦᠨ ᠤ ᠤᠷᠲᠤᠪᠲᠤᠷ ᠪᠠ ᠤᠷᠲᠤ ᠬᠤᠭᠤᠴᠠᠭᠠᠨ ᠤ | ᠭᠡᠷ᠎ᠡ ᠪᠠᠨ ᠪᠦᠷᠢᠨ ᠪᠥᠷᠬᠦᠭᠦᠯᠬᠦ ᠶᠢ ᠠᠬᠢᠭᠤᠯᠬᠤ ᠶᠢᠨ ᠬᠠᠮᠲᠤ᠂ ᠭᠡᠷ᠎ᠡ ᠪᠠᠨ ᠭᠦᠢᠴᠡᠳᠬᠡᠬᠦ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠡᠨᠧᠷᠭᠢ ᠶᠢᠨ | ᠦᠢᠯᠡᠳᠪᠦᠷᠢᠯᠡᠯ ᠬᠠᠩᠭᠠᠯᠭ᠎ᠠ ᠨᠥᠭᠡᠴᠡ ᠪᠣᠷᠣᠯᠠᠭᠤᠯᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠡᠨᠧᠷᠭᠢ ᠬᠡᠷᠡᠭᠯᠡᠬᠦ ᠶᠢ ᠪᠠᠲᠤᠯᠠᠬᠤ ᠲᠥᠰᠦᠯ ᠢᠶᠠᠨ | ᠨᠠᠷᠢᠯᠢᠬᠵᠢᠭᠤᠯᠤᠨ ᠨᠠᠶᠢᠳᠠᠪᠤᠷᠢᠵᠢᠭᠤᠯᠵᠤ᠂ ᠨᠡᠭᠦᠷᠡᠰᠦ ᠴᠠᠬᠢᠯᠭᠠᠨ ᠲᠤᠰᠤ ᠬᠡᠢ ᠲᠡᠭᠡᠭᠡᠪᠦᠷᠢ ᠶᠢᠨ ᠲᠣᠬᠢᠷᠠᠭᠤᠯᠤᠯᠲᠠ ᠶᠢ ᠴᠢᠩᠭᠠᠳᠬᠠᠨ᠂ ᠠᠷᠠᠳ ᠤᠨ ᠠᠮᠢᠳᠤᠷᠠᠯ ᠪᠠ | ᠤᠯᠠᠨ ᠨᠡᠶᠢᠲᠡ ᠶᠢᠨ ᠡᠨᠧᠷᠭᠢ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠦᠨᠡᠨ ᠬᠦ ᠪᠠᠲᠤᠯᠠᠨ᠎ᠠ᠃ ᠬᠤᠪᠣᠷ ᠰᠢᠷᠣᠶ ᠵᠡᠷᠭᠡ ᠡᠬᠢ ᠪᠠᠶᠠᠯᠢᠭ ᠢ ᠬᠠᠮᠠᠭᠠᠯᠠᠯᠲᠠ ᠶᠢᠨ | ᠴᠢᠨᠠᠷᠲᠠᠶ ᠨᠡᠭᠡᠭᠡᠨ ᠮᠠᠯᠲᠠᠬᠤ᠂ ᠴᠢᠨᠠᠷ ᠰᠠᠶᠢᠲᠠᠶ ᠨᠡᠭᠡᠭᠡᠨ ᠠᠰᠢᠭᠯᠠᠬᠤ ᠶᠢ ᠨᠢ ᠠᠬᠢᠭᠤᠯᠤᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠶᠡᠷᠦᠩᠬᠡᠶ ᠲᠥᠯᠥᠪᠵᠢᠭᠦᠯᠭᠡ︾ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠭᠤᠷᠬᠠᠶ ᠶᠢᠨ ᠦᠢᠯᠡᠰ ᠤᠨ ᠨᠡᠭᠡᠭᠡᠨ | ᠬᠥᠭᠵᠢᠭᠦᠯᠬᠦ ᠪᠠᠶᠢᠷᠢᠰᠢᠭᠤᠯᠤᠯ ᠢ ᠰᠢᠯᠢᠳᠡᠭᠵᠢᠭᠦᠯᠦᠨ᠎ᠡ᠃ ᠥᠷᠭᠡᠨ ᠬᠡᠷᠡᠭᠴᠡᠭᠡᠨ ᠤ ᠲᠠᠸᠠᠷ ᠤᠨ ᠵᠠᠬ᠎ᠠ ᠳᠡᠯᠭᠡᠭᠦᠷ ᠤᠨ ᠬᠠᠨᠳᠤᠰᠢ ᠶᠢ ᠴᠢᠩᠭ᠎ᠠ ᠮᠥᠷᠳᠡᠵᠦ ᠰᠤᠳᠤᠯᠤᠨ | ᠮᠠᠭᠠᠳᠯᠠᠵᠤ᠂ ᠥᠷᠭᠡᠨ ᠬᠡᠷᠡᠭᠴᠡᠭᠡᠨ ᠤ ᠲᠠᠸᠠᠷ ᠤᠨ ᠵᠠᠬ᠎ᠠ ᠳᠡᠯᠭᠡᠭᠦᠷ ᠲᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ︵ᠭᠤᠷᠪᠠ︶ ᠭᠤᠤᠯᠳᠠᠯᠭ᠎ᠠ ᠪᠣᠯᠬᠤ ᠬᠦᠷᠢᠶᠡᠨ ᠳᠠᠬᠢ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ᠂ ᠨᠢᠭᠡᠳᠦᠯᠲᠡᠶ | ᠲᠥᠯᠥᠪᠯᠡᠨ ᠵᠣᠬᠢᠴᠠᠭᠤᠯᠬᠤ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ᠂ ᠣᠨᠣᠴᠠᠲᠠᠢ ᠵᠠᠳᠠᠯᠵᠤ ᠰᠢᠢᠳᠪᠦᠷᠢᠯᠡᠬᠦ ᠴᠢᠭᠯᠡᠯᠲᠡ ᠶᠣᠰᠣᠭᠠᠷ᠂ ᠲᠦᠭᠰᠢᠭᠦᠷᠢ ᠶᠢ | ᠰᠢᠢᠳᠪᠦᠷᠢᠯᠡᠬᠦ ᠠᠵᠢᠯ ᠢ ᠰᠠᠶᠢᠲᠤᠷ ᠠᠳᠬᠤᠨ᠎ᠠ᠃ ᠮᠥᠩᠭᠦᠨ ᠭᠦᠢᠯᠭᠡᠭᠡᠨ ᠤ ᠠᠮᠤᠷ ᠲᠦᠪᠰᠢᠨ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠵᠤ᠂ ᠣᠷᠣᠨ | ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠦᠷᠢᠮ ᠪᠠ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠢᠢᠳᠪᠦᠷᠢᠯᠡᠬᠦ ᠲᠣᠭᠲᠠᠴᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠣᠷᠣᠨ ᠨᠤᠲᠤᠭ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ᠂ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ | ᠵᠡᠷᠭᠡ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ ᠥᠪᠡᠷ ᠢ ᠪᠠᠨ ᠠᠪᠤᠷᠬᠠᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠴᠢᠩᠭᠠᠷᠠᠭᠤᠯᠤᠨ᠂ ᠪᠠᠩᠬᠢ ᠶᠢᠨ ᠦᠢᠯᠡᠰ ᠤᠨ ᠵᠦᠶ ᠪᠤᠰᠤ ᠵᠢᠭᠡᠯᠡᠯᠭᠡ ᠶᠢ ᠢᠯᠭᠠᠷᠠᠭᠤᠯᠤᠨ ᠬᠤᠷᠢᠶᠠᠵᠤ ᠰᠢᠢᠳᠪᠦᠷᠢᠯᠡᠬᠦ ᠲᠤᠰᠬᠠᠶ | ᠠᠵᠢᠯᠯᠠᠭᠠᠨ ᠢ ᠨᠢ ᠬᠡᠷᠡᠭᠵᠢᠭᠦᠯᠦᠨ ᠠᠬᠢᠭᠤᠯᠵᠤ᠂ ᠲᠦᠭᠰᠢᠭᠦᠷᠢ ᠶᠡᠬᠡᠲᠡᠶ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠦᠭᠰᠢᠭᠦᠷᠢ ᠶᠢ ᠯᠠᠪᠳᠠᠭᠤᠨ ᠪᠠᠲᠤᠲᠠᠶ | ᠠᠷᠢᠯᠭᠠᠵᠦ ᠰᠢᠢᠳᠪᠦᠷᠢᠯᠡᠨ᠂ ᠢᠲᠡᠭᠡᠮᠵᠢᠲᠦ ᠵᠢᠭᠡᠯᠡᠯᠭᠡ ᠶᠢᠨ ᠭᠡᠷ᠎ᠡ ᠠᠴᠠ ᠵᠥᠷᠢᠴᠡᠬᠦ ᠲᠦᠭᠰᠢᠭᠦᠷᠢ ᠶᠢ ᠯᠠᠪᠳᠠᠭᠤᠨ ᠢᠶᠠᠷ ᠰᠢᠢᠳᠪᠦᠷᠢᠯᠡᠨ᠎ᠡ᠃ ᠵᠠᠰᠠᠭ ᠤᠨ ᠣᠷᠳᠣᠨ ᠤ | ᠥᠷᠢ ᠥᠭᠴᠡᠭᠡ ᠶᠢᠨ ᠲᠦᠭᠰᠢᠭᠦᠷᠢ ᠶᠢ ᠢᠳᠡᠪᠬᠢᠲᠡᠶ ᠪᠥᠭᠡᠳ ᠯᠠᠪᠳᠠᠭᠤᠨ ᠢᠶᠠᠷ ᠰᠡᠷᠭᠡᠶᠢᠯᠡᠨ ᠠᠷᠢᠯᠭᠠᠵᠤ᠂ ︽ᠠᠷᠪᠢᠲᠠᠢ ᠭᠠᠮᠲᠠᠢ ᠠᠮᠢᠳᠤᠷᠠᠬᠤ︾ ᠶᠢ ᠪᠠᠷᠢᠮᠲᠠᠯᠠᠨ᠂ | ᠡᠩ ᠤᠨ ᠴᠢᠨᠠᠷᠲᠠᠶ ᠵᠠᠷᠤᠯᠭ᠎ᠠ ᠶᠢ ᠦᠷᠭᠦᠯᠵᠢᠯᠡᠨ ᠴᠢᠩᠭ᠎ᠠ ᠬᠢᠵᠠᠭᠠᠷᠯᠠᠬᠤ ᠪᠠ ᠪᠠᠭᠠᠰᠬᠠᠵᠤ᠂ ᠦᠨᠳᠦᠰᠦᠨ ᠱᠠᠲᠤᠨ ᠤ ᠡᠳ᠋ ᠤᠨ ᠵᠠᠰᠠᠭ ᠤᠨ ᠠᠵᠢᠯᠯᠠᠭᠠᠨ ᠤ | ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠢᠵᠠᠭᠠᠷ ᠲᠤᠭ᠎ᠠ ᠶᠢ ᠵᠦᠶ ᠵᠣᠬᠢᠰᠲᠠᠶ | ᠲᠣᠭᠲᠠᠭᠠᠵᠤ᠂ ᠳᠠᠯᠳᠠ ᠴᠢᠨᠠᠷᠲᠠᠶ ᠥᠷᠢ ᠥᠭᠴᠡᠭᠡ ᠶᠢᠨ ᠨᠡᠮᠡᠭᠳᠡᠬᠦ ᠶᠢ ᠡᠷᠡᠰ ᠬᠤᠷᠢᠭᠯᠠᠨ᠂ ᠳᠠᠯᠳᠠ ᠴᠢᠨᠠᠷᠲᠠᠶ ᠥᠷᠢ ᠥᠭᠴᠡᠭᠡ ᠶᠢᠨ ᠦᠯᠡᠳᠡᠭᠡᠯ ᠢ ᠡᠮᠬᠢ | ᠵᠢᠷᠤᠮ ᠲᠠᠢ ᠪᠠᠷ ᠠᠷᠢᠯᠭᠠᠨ᠎ᠠ᠃ ︽ᠰᠠᠭᠤᠬᠤ ᠠᠴᠠ ᠪᠢᠰᠢ ᠰᠠᠷᠢᠭᠠᠯᠠᠬᠤ ᠥᠬᠡᠶ︾ ᠪᠠᠶᠢᠬᠤ ᠪᠠᠶᠢᠷᠢ ᠲᠣᠭᠲᠠᠭᠠᠯᠲᠠ ᠶᠢ ᠪᠠᠷᠢᠮᠲᠠᠯᠠᠨ᠂ ᠵᠢᠱᠢᠯᠲᠡ ᠪᠠᠷ ᠬᠥᠲᠥᠯᠥᠨ | ᠵᠢᠯᠣᠭᠤᠳᠬᠤ ᠶᠢ ᠴᠢᠩᠭᠠᠳᠬᠠᠵᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠪᠠᠨ ᠪᠠᠷᠢᠮᠲᠠᠯᠠᠨ᠂ ᠣᠷᠳᠣ ᠬᠤᠭᠤᠴᠠᠭ᠎ᠠ ᠪᠠᠷ | ᠲᠦᠷᠢᠶᠡᠰᠦᠯᠡᠬᠦ ᠣᠷᠣᠨ ᠰᠠᠭᠤᠴᠠ ᠶᠢᠨ ᠵᠠᠬ᠎ᠠ ᠳᠡᠯᠭᠡᠭᠦᠷ ᠢ ᠬᠥᠭᠵᠢᠭᠦᠯᠵᠦ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠶᠢ | ᠠᠬᠢᠭᠤᠯᠤᠨ᠂ ᠬᠤᠲᠠ ᠶᠢᠨ ᠰᠢᠨ᠎ᠡ ᠠᠷᠠᠳ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠵᠦ᠂ ᠬᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠤᠲᠠ ᠶᠢᠨ ᠪᠠᠶᠢᠳᠠᠯ ᠳᠤ ᠨᠢ ᠲᠣᠬᠢᠷᠠᠭᠤᠯᠤᠨ ᠠᠷᠭ᠎ᠠ ᠪᠣᠳᠣᠯᠭ᠎ᠠ ᠬᠡᠷᠡᠭᠵᠢᠭᠦᠯᠵᠦ | ᠪᠠᠶᠢᠭᠠᠳ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠰᠠᠶᠢᠨ ᠣᠷᠴᠢᠯ ᠪᠠ ᠡᠷᠡᠭᠦᠯ ᠬᠥᠭᠵᠢᠯᠲᠡ ᠶᠢ ᠠᠬᠢᠭᠤᠯᠤᠨ᠎ᠠ᠃ ᠠᠶᠤᠯ ᠦᠭᠡᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭᠠᠨ ᠢᠶᠠᠨ ᠪᠠᠬᠢᠵᠢᠭᠦᠯᠦᠨ ᠳᠡᠭᠡᠭᠰᠢᠯᠡᠭᠦᠯᠬᠦ ᠠᠵᠢᠯ ᠢ ᠭᠦᠨᠵᠡᠭᠡᠶ ᠥᠷᠨᠢᠭᠦᠯᠦᠨ᠂ ᠠᠶᠤᠯᠲᠠᠶ ᠬᠢᠮᠢ ᠶᠢᠨ ᠪᠣᠳᠠᠰ᠂ ᠪᠠᠷᠢᠯᠭ᠎ᠠ ᠶᠢᠨ ᠠᠵᠢᠯ᠂ ᠠᠭᠤᠷᠬᠠᠶ᠂ ᠰᠢᠲᠠᠮᠠᠬᠠᠶ | ᠬᠡᠶ ᠵᠡᠷᠭᠡ ᠭᠤᠤᠯᠳᠠᠯᠭ᠎ᠠ ᠪᠣᠯᠬᠤ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠬᠦᠨᠳᠦ ᠣᠨᠴᠠ ᠶᠡᠭᠡ ᠠᠮᠤᠷ | ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭᠠᠨ ᠤ ᠪᠠᠲᠤᠯᠠᠭ᠎ᠠ ᠶᠢᠨ ᠲᠣᠭᠲᠠᠯᠴᠠᠭ᠎ᠠ ᠶᠢ | ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ᠂ ᠣᠷᠣᠨ ᠪᠦᠰᠡ ᠶᠢᠨ ᠴᠢᠨᠠᠷᠲᠠᠢ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠰᠠᠭᠤᠷᠢᠨ ᠭᠠᠵᠠᠷ ᠪᠠ ᠡᠳ᠋ ᠪᠠᠷᠠᠭ᠎ᠠ ᠲᠣᠨᠤᠭ ᠲᠥᠬᠦᠭᠡᠷᠦᠮᠵᠢ ᠨᠥᠭᠡᠴᠡᠯᠡᠬᠦ ᠲᠣᠭᠲᠠᠯᠴᠠᠭᠠᠨ ᠤ ᠪᠠᠶᠢᠭᠤᠯᠤᠯᠲᠠ ᠶᠢ ᠴᠢᠩᠭᠠᠳᠬᠠᠨ᠂ ᠪᠠᠶᠢᠭᠠᠯᠢ ᠶᠢᠨ | ᠭᠠᠮᠰᠢᠭ ᠢ ᠰᠡᠷᠭᠡᠶᠢᠯᠡᠨ ᠵᠠᠰᠠᠬᠤ ᠭᠤᠣᠯᠳᠠᠯᠭ᠎ᠠ ᠪᠣᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠭᠠᠮᠰᠢᠭ ᠢ ᠬᠢᠨᠠᠨ ᠰᠢᠨᠵᠢᠵᠦ ᠰᠡᠷᠡᠮᠵᠢᠯᠡᠭᠦᠯᠬᠦ | ᠬᠢᠷᠢ ᠲᠦᠪᠰᠢᠨ ᠪᠠ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠠᠪᠤᠷᠠᠨ ᠲᠤᠰᠠᠯᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ | ᠵᠢᠷᠭᠤᠭ᠎ᠠ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ ᠣᠷᠣᠨ ᠪᠦᠰᠡ ᠶᠢᠨ ᠵᠣᠬᠢᠴᠠᠯᠳᠤᠯ ᠢ ᠠᠬᠢᠭᠤᠯᠵᠤ᠂ ᠤᠯᠤᠰ ᠤᠨ ᠳᠣᠲᠣᠭᠠᠳᠤ ᠳᠠᠬᠢ ᠶᠡᠭᠡ | ᠣᠷᠴᠢᠯ᠂ ᠤᠯᠤᠰ ᠤᠨ ᠳᠣᠲᠣᠭᠠᠳᠤ ᠪᠠ ᠣᠯᠠᠨ ᠤᠯᠤᠰ ᠤᠨ ᠬᠤᠣᠰ ᠣᠷᠴᠢᠯ ᠳᠤ ᠪᠥᠬᠦ ᠲᠠᠯ᠎ᠠ ᠪᠠᠷ ᠣᠷᠣᠯᠴᠠᠨ ᠠᠭᠤᠰᠤᠯᠴᠠᠨ᠎ᠠ | ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠥᠨᠳᠥᠷ ᠬᠢᠷᠢ ᠲᠦᠪᠰᠢᠨ ᠪᠥᠬᠦᠶ ᠨᠡᠭᠡᠭᠡᠯᠲᠡ ᠶᠢ ᠥᠷᠭᠡᠳᠬᠡᠨ᠂ ᠬᠤᠲᠠ ᠬᠥᠳᠡᠭᠡ ᠣᠷᠣᠨ | ᠪᠦᠰᠡ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠵᠦ᠂ ᠡᠯ᠎ᠡ ᠵᠦᠢᠯ ᠤᠨ ︽ᠬᠤᠷᠢᠭ᠎ᠠ ᠴᠡᠭ︾᠂ ︽ᠲᠦᠭᠵᠢᠷᠡᠯ ᠴᠡᠭ︾ ᠢ ᠡᠷᠡᠰ ᠠᠷᠢᠯᠭᠠᠵᠤ ᠰᠢᠯᠤᠭᠤᠳᠬᠠᠨ᠂ | ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠪᠠ ᠲᠡᠩᠴᠡᠭᠦᠷᠢᠲᠦ ᠴᠢᠨᠠᠷ ᠵᠣᠬᠢᠴᠠᠩᠭᠤᠶ ᠴᠢᠨᠠᠷ ᠢ ᠴᠢᠩᠭᠠᠷᠠᠭᠤᠯᠤᠨ᠎ᠠ᠃ | ︵ᠨᠢᠭᠡ︶ ᠭᠤᠤᠯᠳᠠᠯᠭ᠎ᠠ ᠪᠣᠯᠬᠤ ᠬᠦᠷᠢᠶᠡᠨ ᠳᠠᠬᠢ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ | ᠲᠣᠭᠲᠠᠯᠴᠠᠭᠠᠨ ᠤ ᠪᠠᠶᠢᠭᠤᠯᠤᠯᠲᠠ ᠶᠢᠨ ᠠᠵᠢᠯᠯᠠᠭᠠᠨ ᠢ ᠬᠡᠷᠡᠭᠵᠢᠭᠦᠯᠵᠦ᠂ ᠥᠮᠴᠢᠯᠡᠯ ᠤᠨ ᠡᠷᠬᠡ ᠶᠢᠨ ᠲᠦᠷᠢᠮ ᠪᠠ ᠬᠦᠴᠦᠨ ᠵᠦᠢᠯ ᠢ ᠵᠠᠬ᠎ᠠ ᠳᠡᠯᠭᠡᠭᠦᠷᠴᠢᠯᠡᠨ | ᠲᠤᠬᠢᠷᠠᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠳᠤ ᠬᠤᠷᠢᠭ᠎ᠠ ᠲᠠᠢ ᠵᠦᠢᠯᠡᠰ ᠤᠨ ᠨᠠᠷᠢᠨ | ᠬᠠᠭᠤᠳᠠᠰᠤ ᠶᠢᠨ ᠲᠦᠷᠢᠮ ᠪᠠ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠢ ᠨᠠᠶᠢᠳᠠᠪᠤᠷᠢᠵᠢᠭᠤᠯᠵᠤ᠂ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ | ᠬᠠᠤᠯᠢ ᠶᠣᠰᠣᠭᠠᠷ ᠴᠢᠩᠭᠠᠳᠬᠠᠨ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢᠨ ᠰᠠᠭᠠᠳ ᠥᠬᠡᠶ ᠨᠡᠪᠲᠡᠷᠡᠬᠦ᠂ ᠨᠡᠭᠡᠭᠡᠯᠲᠡ ᠬᠢᠬᠦ ᠨᠢ ᠡᠮᠬᠢ ᠵᠢᠷᠤᠮ ᠲᠠᠢ᠂ | ᠥᠷᠢᠰᠥᠯᠳᠦᠭᠡᠨ ᠨᠢ ᠭᠦᠢᠴᠡᠳ᠂ ᠡᠮᠬᠢ ᠳᠢᠭᠯᠢᠮ ᠨᠢ ᠵᠢᠷᠤᠮᠵᠢᠯ ᠲᠠᠢ ᠪᠠᠶᠢᠬᠤ ᠶᠢ ᠪᠡᠶᠡᠯᠡᠭᠦᠯᠦᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠡᠭᠦᠷᠭᠡ ᠶᠢ ᠪᠡᠶᠡᠯᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠠᠶᠢᠯᠳᠤᠬᠤ ᠪᠣᠳᠣᠯᠭ᠎ᠠ ᠶᠢᠨ | ᠴᠢᠨᠠᠷᠲᠠᠶ ᠳᠠᠬᠢᠨᠲᠠ ᠵᠣᠬᠢᠶᠠᠨ ᠪᠠᠶᠢᠭᠤᠯᠬᠤ ᠪᠠ ᠲᠤᠰᠬᠠᠶᠢᠵᠢᠭᠤᠯᠤᠨ ᠡᠮᠬᠢᠯᠡᠵᠦ ᠨᠡᠶᠢᠯᠡᠭᠦᠯᠬᠦ ᠶᠢ ᠯᠠᠪᠳᠠᠭᠤᠨ ᠢᠶᠠᠷ ᠠᠬᠢᠭᠤᠯᠤᠨ᠂ ᠠᠵᠢᠯ ᠲᠥᠷᠥᠯ ᠤᠨ ᠲᠡᠷᠢᠭᠦᠨ | ᠳᠡᠰ ᠤᠨ ᠪᠠᠷᠢᠮᠵᠢᠶ᠎ᠠ ᠲᠠᠢ ᠬᠠᠷᠢᠴᠠᠭᠤᠯᠵᠤ ᠬᠠᠮᠢᠶᠠᠷᠤᠯᠲᠠ ᠪᠠᠨ ᠳᠡᠭᠡᠭᠰᠢᠯᠡᠭᠦᠯᠬᠦ ᠲᠤᠰᠬᠠᠶ ᠠᠵᠢᠯᠯᠠᠭᠠᠨ ᠢ ᠭᠦᠨᠵᠡᠭᠡᠶ ᠥᠷᠨᠢᠭᠦᠯᠵᠦ᠂ ᠠᠯᠳᠠᠭᠳᠠᠯ ᠲᠠᠢ ᠭᠤᠣᠯᠳᠠᠯᠭ᠎ᠠ | ᠪᠣᠯᠬᠤ ᠠᠵᠤ ᠠᠬᠤᠶᠢᠯᠠᠯ ᠳᠤ ᠲᠤᠰᠬᠠᠶ ᠴᠡᠭᠴᠡᠯᠡᠨ ᠵᠠᠰᠠᠬᠤ ᠶᠢ ᠪᠡᠶᠡᠯᠡᠭᠦᠯᠦᠨ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠱᠠᠲᠤ ᠲᠠᠰ ᠢ ᠶᠡᠭᠡ ᠪᠠᠷ ᠪᠠᠭᠠᠰᠬᠠᠵᠤ᠂ | ᠬᠠᠤᠯᠢ ᠶᠢᠨ ᠡᠷᠬᠡᠲᠡᠨ ᠤ ᠡᠷᠦᠬᠡ ᠶᠢᠨ ᠲᠤᠭ᠎ᠠ ᠶᠢ ᠨᠢ ᠬᠠᠰᠤᠨ᠂ ᠬᠤᠯᠢᠮᠠᠭ ᠥᠮᠴᠢᠯᠡᠯᠲᠦ ᠳᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ ᠪᠥᠭᠡᠳ ᠯᠠᠪᠳᠠᠭᠤᠨ ᠢᠶᠠᠷ | ᠠᠬᠢᠭᠤᠯᠤᠨ᠎ᠠ᠃ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠲᠥᠰᠦᠪ ᠤᠨ ᠬᠠᠮᠢᠶᠠᠷᠤᠯᠲᠠ ᠶᠢᠨ | ᠳᠦᠷᠢᠮ ᠤᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠂ ᠵᠠᠰᠠᠭ ᠤᠨ ᠣᠷᠳᠣᠨ ᠤ ᠬᠤᠳᠠᠯᠳᠤᠨ ᠠᠪᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠭᠤᠳ ᠪᠡᠯᠡ | ᠲᠤᠬᠢᠷᠠᠭᠤᠯᠬᠤ ᠬᠡᠪᠴᠢᠶ᠎ᠡ ᠶᠢ ᠥᠷᠭᠡᠳᠬᠡᠨ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠦᠷᠭᠦᠯᠵᠢᠯᠡᠨ ᠠᠬᠢᠭᠤᠯᠵᠤ᠂ ᠬᠤᠳᠠ ᠶᠢᠨ ᠬᠤᠳᠠᠯᠳᠤᠭᠠᠨ ᠤ | ᠪᠠᠩᠬᠢ ᠶᠢᠨ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠎ᠠ᠃ ᠦᠨ᠎ᠡ ᠬᠠᠩᠰᠢ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠪᠣᠬᠢᠷᠲᠤᠯ ᠥᠬᠡᠶ ᠴᠠᠬᠢᠯᠭᠠᠨ ᠤ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠪᠠᠶᠢᠭᠠᠯᠢ ᠶᠢᠨ ᠰᠢᠲᠠᠮᠠᠬᠠᠶ ᠬᠡᠢ ᠶᠢᠨ | ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ | ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠂ ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠥᠰᠥᠯᠲᠡ ᠯᠦᠭᠡ | ᠬᠤᠯᠪᠣᠭᠳᠠᠭᠤᠯᠤᠭᠰᠠᠨ ᠬᠤᠯᠪᠣᠭᠠᠯᠠᠵᠤ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠦᠨ᠎ᠡ᠃ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠠᠷᠠᠯᠵᠢᠶ᠎ᠠ ᠶᠢ | ᠲᠡᠭᠦᠯᠳᠡᠷᠵᠢᠭᠦᠯᠵᠦ᠂ ᠴᠠᠬᠢᠯᠭᠠᠨ ᠬᠦᠴᠦᠨ ᠤ ᠪᠡᠯᠡᠨ ᠪᠠᠷᠠᠭ᠎ᠠ ᠶᠢᠨ ᠵᠠᠬ᠎ᠠ ᠳᠡᠯᠭᠡᠭᠦᠷ ᠤᠨ ᠲᠤᠷᠰᠢᠬᠤ ᠠᠵᠢᠯᠯᠠᠭᠠᠨ ᠢ ᠥᠷᠨᠢᠭᠦᠯᠦᠨ᠎ᠡ᠃ ᠲᠠᠷᠢᠶᠠᠯᠠᠬᠤ ᠮᠠᠯᠵᠢᠬᠤ | ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠠᠷᠢᠶᠠᠯᠠᠬᠤ ᠣᠷᠣᠨ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ | ᠪᠠᠶᠢᠭᠤᠯᠤᠯᠲᠠ ᠶᠢ ᠰᠠᠶᠢᠲᠤᠷ ᠠᠳᠬᠤᠨ᠎ᠠ᠃ | ︵ᠬᠤᠶᠠᠷ︶ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠥᠲᠥᠭᠡᠨ ᠪᠠᠶᠢᠭᠤᠯᠤᠨ᠎ᠠ᠃ ︽ᠨᠢᠭᠡ ᠪᠦᠰᠡ ᠨᠢᠭᠡ ᠵᠠᠮ︾ | ᠢ ᠬᠠᠮᠲᠤ ᠪᠠᠷ ᠪᠥᠲᠥᠭᠡᠨ ᠪᠠᠶᠢᠭᠤᠯᠬᠤ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠨ ᠦᠢᠯᠡᠴᠢᠯᠡᠬᠦ ᠪᠠ ᠠᠭᠤᠰᠤᠯᠴᠠᠭᠤᠯᠤᠨ᠂ ᠥᠪᠡᠷᠲᠡᠭᠡᠨ ᠵᠠᠰᠠᠬᠤ ᠣᠷᠣᠨ ᠤ ︽ | ᠤᠯᠤᠰ ᠤᠨ ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠶᠢ ᠪᠥᠲᠥᠭᠡᠨ ᠪᠠᠶᠢᠭᠤᠯᠬᠤ ᠠᠵᠢᠯᠯᠠᠭᠠᠨ ᠤ ᠲᠥᠰᠦᠯ︾ ︵ᠥᠪᠥᠷ ᠨᠠᠮ | ᠲᠠᠷᠬᠠᠭᠠᠭᠰᠠᠨ︹2021︺23 ᠳ᠋ᠤᠭᠠᠷ ᠲᠣᠭᠠᠲᠤ︶ ᠢ ᠲᠦᠷᠭᠡᠳᠬᠡᠨ ᠨᠠᠶᠢᠳᠠᠪᠤᠷᠢᠵᠢᠭᠤᠯᠵᠤ᠂ ᠭᠠᠳᠠᠭᠠᠳᠤ ᠠᠷᠠᠯᠵᠢᠶ᠎ᠠ ᠭᠠᠳᠠᠭᠠᠳᠤ ᠪᠠᠯᠠ ᠶᠢᠨ ᠲᠣᠭᠲᠠᠭᠤᠨ ᠢᠶᠠᠷ | ᠨᠡᠮᠡᠭᠳᠡᠬᠦ ᠶᠢ ᠠᠬᠢᠭᠤᠯᠤᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠶ ᠲᠤᠭ᠎ᠠ ᠶᠢ 8% ᠠᠴᠠ ᠳᠡᠭᠡᠭᠰᠢ ᠨᠡᠮᠡᠭᠳᠡᠭᠦᠯᠬᠦ ᠪᠠᠷ ᠴᠢᠷᠮᠠᠶᠢᠨ᠎ᠠ᠃ | ᠰᠠᠭᠤᠷᠢ ᠪᠡᠯᠡᠳᠬᠡᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠴᠢᠩᠭᠠᠳᠬᠠᠨ᠂ ︽ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ | ᠲᠡᠷᠭᠡᠨ ᠤ ᠲᠡᠭᠡᠭᠡᠪᠦᠷᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠲᠥᠰᠦᠯ︾ ︵ᠬᠥᠭᠵᠢᠭᠦᠯᠦᠯᠲᠡ ᠥᠭᠡᠷᠡᠴᠢᠯᠡᠯᠲᠡ ᠰᠠᠭᠤᠷᠢ ︹2021︺ | 867 ᠳ᠋ᠤᠭᠠᠷ ᠲᠣᠭᠠᠲᠤ︶ ᠤᠨ ᠭᠤᠣᠯᠳᠠᠯᠭ᠎ᠠ ᠪᠣᠯᠬᠤ ᠲᠥᠷᠥᠯ ᠵᠦᠢᠯ ᠢ ᠠᠬᠢᠭᠤᠯᠤᠨ ᠬᠡᠷᠡᠭᠵᠢᠭᠦᠯᠵᠦ᠂ ᠬᠢᠯᠢ ᠶᠢᠨ ᠪᠣᠭᠤᠮᠲᠠ ᠶᠢᠨ ᠰᠠᠭᠤᠷᠢ ᠪᠡᠯᠡᠳᠬᠡᠮᠵᠢ ᠶᠢ | ᠰᠠᠶᠢᠵᠢᠷᠠᠭᠤᠯᠤᠨ᠎ᠠ᠃ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ ᠬᠤᠣᠰ ᠴᠢᠭᠯᠡᠯ ᠢᠶᠠᠷ ᠪᠠᠶᠢᠩᠭᠤ ᠠᠵᠢᠯᠯᠠᠭᠤᠯᠬᠤ ᠦᠷ᠎ᠡ ᠠᠰᠢᠭ ᠢ | ᠳᠡᠭᠡᠭᠰᠢᠯᠡᠭᠦᠯᠵᠦ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ 300 ᠭᠠᠷᠤᠢ ᠴᠤᠪᠤᠭ᠎ᠠ ᠶᠢᠨ ᠲᠣᠭᠲᠠᠭᠤᠨ ᠢᠶᠠᠷ ᠲᠡᠭᠡᠭᠡᠪᠦᠷᠢᠯᠡᠨ ᠡᠵᠡᠩᠨᠡᠬᠦ ᠶᠢ | ᠠᠬᠢᠭᠤᠯᠤᠨ᠎ᠠ᠃ ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠲᠣᠭᠤᠷᠢᠭ ᠢ ᠪᠠᠶᠢᠭᠤᠯᠬᠤ ᠪᠠᠷ ᠢᠳᠡᠪᠬᠢᠲᠡᠶ | ᠭᠤᠶᠤᠴᠢᠯᠠᠨ ᠮᠡᠳᠡᠭᠦᠯᠦᠨ᠎ᠡ᠃ ᠤᠯᠤᠰ ᠤᠨ ᠳᠣᠲᠣᠭᠠᠳᠤ ᠳᠠᠬᠢ ᠣᠷᠣᠨ ᠪᠦᠰᠡ ᠶᠢᠨ ᠠᠵᠤ ᠠᠬᠤᠶ ᠶᠢᠨ ᠬᠠᠮᠵᠢᠯᠴᠠᠭ᠎ᠠ ᠶᠢ ᠴᠢᠩᠭᠠᠳᠬᠠᠨ᠂ ᠠᠵᠤ ᠦᠢᠯᠡᠰ ᠤᠨ | ᠰᠢᠯᠵᠢᠯᠲᠡ ᠶᠢ ᠢᠳᠡᠪᠬᠢᠲᠡᠶ ᠪᠠᠷ ᠵᠠᠯᠭᠠᠨ ᠠᠪᠴᠤ᠂ ᠣᠷᠣᠨ ᠤ ᠳᠣᠲᠣᠷᠠᠬᠢ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ | ᠪᠠᠷᠠᠭᠠᠨ ᠤ ᠭᠦᠢᠯᠭᠡᠭᠡᠨ ᠤ ᠬᠡᠯᠬᠢᠶ᠎ᠡ᠂ ᠥᠷᠲᠡᠭ ᠤᠨ ᠬᠡᠯᠬᠢᠶ᠎ᠡ ᠶᠢ ᠪᠥᠬᠦ ᠤᠯᠤᠰ ᠤᠨ ᠲᠣᠮᠣ ᠵᠠᠬ᠎ᠠ ᠳᠡᠯᠭᠡᠭᠦᠷ ᠯᠦᠭᠡ ᠪᠥᠬᠦ ᠲᠠᠯ᠎ᠠ ᠪᠠᠷ ᠵᠣᠯᠭᠠᠭᠤᠯᠬᠤ ᠪᠠ ᠭᠦᠨᠵᠡᠭᠡᠶ | ᠠᠭᠤᠰᠤᠯᠴᠠᠭᠤᠯᠬᠤ ᠶᠢ ᠠᠬᠢᠭᠤᠯᠤᠨ᠎ᠠ᠃ | ︵ᠭᠤᠷᠪᠠ︶ ᠬᠤᠲᠠ ᠬᠥᠳᠡᠭᠡ ᠠᠭᠤᠰᠤᠯᠴᠠᠭᠰᠠᠨ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠤᠨ᠎ᠠ᠃ ᠳᠠᠪᠠᠭᠤᠯᠢᠭ ᠢᠶᠠᠨ ᠬᠠᠷᠢᠯᠴᠠᠨ | ᠨᠥᠬᠦᠪᠥᠷᠢᠯᠡᠬᠦ ᠣᠷᠣᠨ ᠪᠦᠰᠡ ᠶᠢᠨ ᠪᠠᠶᠢᠷᠢᠰᠢᠯ ᠢ ᠪᠤᠢ ᠪᠣᠯᠭᠠᠨ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠬᠥᠭᠵᠢᠭᠦᠯᠦᠨ | ᠮᠠᠨᠳᠤᠭᠤᠯᠬᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠵᠡᠷᠭᠡ ᠴᠢᠬᠤᠯᠠ ᠶᠡᠭᠡ ᠣᠷᠣᠨ | ᠪᠦᠰᠡ ᠶᠢᠨ ᠪᠠᠶᠢᠯᠳᠤᠬᠤ ᠪᠤᠳᠤᠯᠭ᠎ᠠ ᠶᠢ ᠪᠣᠳᠠᠲᠠᠢ ᠪᠥᠭᠡᠳ ᠨᠠᠷᠢᠯᠢᠭ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠶᠡᠷᠦᠩᠬᠡᠢ ᠱᠦᠵᠢ ᠰᠢ ᠶᠢᠨ | ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠬᠤ ᠰᠠᠭᠤᠳᠠᠯ ᠤᠨ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠬᠡᠷᠡᠭᠵᠢᠭᠦᠯᠵᠦ᠂ ᠵᠡᠭᠦᠨ | ᠳᠤᠮᠳᠠ ᠪᠠᠷᠠᠭᠤᠨ ᠬᠡᠰᠡᠭ ᠤᠨ ᠵᠦᠷᠢᠶᠡᠴᠢᠯᠡᠭᠰᠡᠨ ᠵᠣᠬᠢᠴᠠᠩᠭᠤᠢ ᠬᠥᠭᠵᠢᠯᠲᠡ ᠶᠢ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠨ ᠪᠥᠬᠦ | ᠲᠠᠯ᠎ᠠ ᠪᠠᠷ ᠠᠬᠢᠭᠤᠯᠤᠨ᠂ ᠶᠠᠳᠠᠭᠤ ᠠᠴᠠ ᠠᠩᠭᠢᠵᠢᠷᠠᠭᠤᠯᠤᠭᠰᠠᠨ ᠰᠢᠪᠲᠤᠯᠤᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠵᠦ᠂ ᠬᠥᠳᠡᠯᠦᠩᠭᠦᠶ ᠪᠠᠷ ᠬᠢᠨᠠᠨ | ᠰᠢᠨᠵᠢᠬᠦ ᠪᠠ ᠲᠦᠢᠯ ᠤᠨ ᠣᠨᠣᠪᠴᠢᠲᠠᠶ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠬᠡᠪᠴᠢᠶᠡᠲᠦ ᠴᠢᠨᠠᠷᠲᠠᠶ ᠪᠠᠷ ᠪᠤᠴᠠᠭᠠᠳ ᠶᠠᠳᠠᠭᠤᠷᠠᠬᠤ ᠪᠠᠶᠢᠳᠠᠯ ᠡᠭᠦᠰᠬᠦ | ᠥᠬᠡᠶ ᠪᠠᠶᠢᠬᠤ ᠶᠢ ᠦᠨᠡᠨ ᠬᠦ ᠪᠠᠲᠤᠯᠠᠨ᠂ ᠣᠷᠣᠰᠢᠨ ᠰᠠᠭᠤᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠪᠠᠨ | ᠲᠦᠷᠭᠡᠳᠬᠡᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠲᠠᠪᠤᠨ ᠵᠢᠯ ᠤᠨ | ᠠᠵᠢᠯᠯᠠᠭᠠᠨ ᠢ ᠥᠷᠨᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠪᠠᠨ ᠠᠬᠢᠭᠤᠯᠵᠤ᠂ ᠤᠰᠤ | ᠴᠠᠬᠢᠯᠭᠠᠨ ᠵᠠᠮ ᠬᠡᠶ ᠪᠠ ᠦᠶᠡᠷ ᠢ ᠰᠡᠷᠭᠡᠶᠢᠯᠡᠬᠦ ᠵᠡᠷᠭᠡ ᠶᠢᠨ ᠪᠡᠯᠡᠳᠬᠡᠮᠵᠢ ᠨᠥᠬᠦᠴᠡᠯ ᠢ ᠪᠥᠬᠦ ᠲᠠᠯ᠎ᠠ ᠪᠠᠷ ᠰᠠᠶᠢᠵᠢᠷᠠᠭᠤᠯᠤᠨ᠂ ᠵᠣᠷᠯᠣᠩ ᠤᠨ ᠬᠤᠪᠢᠰᠤᠯᠲᠠ ᠶᠢ | ᠯᠠᠪᠳᠠᠭᠤᠨ ᠪᠠᠲᠤᠲᠠᠶ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠰᠢᠨ᠎ᠡ ᠪᠠᠷ 5000 ᠭᠠᠷᠤᠢ ᠺᠢᠯᠣᠮᠧᠳ᠋ᠷ ᠥᠭᠡᠷᠡᠴᠢᠯᠡᠨ ᠪᠠᠶᠢᠭᠤᠯᠤᠨ᠎ᠠ᠃ | ᠬᠥᠮᠦᠨ ᠢᠶᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠣᠵᠢᠯᠳᠡ ᠶᠢ ᠪᠥᠲᠥᠭᠡᠨ ᠪᠠᠶᠢᠭᠤᠯᠬᠤ ᠶᠠᠰᠤ ᠴᠢᠨᠠᠷ ᠢ ᠨᠢ ᠳᠡᠭᠡᠭᠰᠢᠯᠡᠭᠦᠯᠵᠦ᠂ ᠲᠣᠮᠣ ᠳᠤᠮᠳᠠ | ᠵᠢᠵᠢᠭ ᠬᠤᠲᠠ ᠪᠠ ᠵᠢᠵᠢᠭ ᠬᠤᠲᠠ ᠪᠠᠯᠭᠠᠰᠤᠨ ᠤ ᠵᠣᠬᠢᠴᠠᠩᠭᠤᠢ ᠬᠤᠯᠪᠣᠭᠠᠯᠠᠨ ᠬᠥᠳᠡᠯᠦᠯᠴᠡᠵᠦ ᠣᠨᠴᠠᠯᠢᠭ ᠲᠠᠢ ᠬᠥᠭᠵᠢᠬᠦ ᠶᠢ ᠨᠢ ᠠᠬᠢᠭᠤᠯᠤᠨ᠂ ᠣᠷᠣᠨ ᠤ ᠲᠥᠪ | ᠬᠤᠲᠠ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭᠴᠠᠵᠢᠭᠤᠯᠬᠤ ᠠᠬᠢᠴᠠ ᠪᠠᠨ ᠲᠦᠷᠭᠡᠳᠬᠡᠨ᠂ | ᠬᠤᠲᠠ ᠳᠠᠬᠢ ᠰᠠᠭᠤᠷᠢᠰᠢᠵᠤ ᠠᠵᠢᠯᠯᠠᠬᠤ ᠳᠤ ᠲᠣᠬᠢᠷᠠᠬᠤ ᠴᠢᠳᠠᠮᠵᠢ ᠶᠢ ᠨᠢ ᠲᠡᠭᠦᠯᠳᠡᠷᠵᠢᠭᠦᠯᠵᠦ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠶᠡᠷᠦᠩᠬᠡᠶᠢᠯᠡᠭᠰᠡᠨ | ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃ | ᠳᠣᠯᠤᠭ᠎ᠠ᠂ ᠠᠵᠤ ᠠᠬᠤᠢ ᠶᠢᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠢᠭᠡᠳᠦᠯᠲᠡᠢ ᠲᠥᠯᠥᠪᠯᠡᠵᠦ ᠠᠬᠢᠭᠤᠯᠤᠨ᠂ ᠠᠷᠠᠳ ᠤᠨ | ᠠᠮᠢᠳᠤᠷᠠᠯ ᠢ ᠰᠠᠭᠤᠷᠢ ᠠᠴᠠ ᠨᠢ ᠪᠠᠲᠤᠯᠠᠬᠤ ᠪᠠᠨ ᠪᠠᠲᠤᠲᠠᠢ ᠰᠠᠶᠢᠲᠤᠷ ᠳᠠᠭᠠᠭᠠᠵᠤ ᠪᠠᠲᠤᠯᠠᠨ᠎ᠠ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠣᠨᠣᠪᠴᠠᠵᠢᠭᠤᠯᠬᠤ᠂ ᠣᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠭᠦᠷᠢᠰᠢᠭᠦᠯᠬᠦ᠂ ᠨᠡᠶᠢᠭᠡᠮ ᠤᠨ ᠵᠠᠰᠠᠯᠲᠠ ᠶᠢ | ᠣᠳᠣᠬᠢᠴᠢᠯᠠᠬᠤ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠪᠦᠲᠦᠮᠵᠢᠲᠡᠶ ᠠᠷᠭ᠎ᠠ ᠬᠡᠮᠵᠢᠶ᠎ᠡ ᠪᠠᠷ ᠠᠷᠠᠳ ᠲᠦᠮᠡᠨ ᠢᠶᠠᠷ ᠭᠤᠤᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠵᠤ᠂ ᠬᠠᠮᠲᠤ ᠪᠠᠷ ᠪᠠᠶᠠᠵᠢᠬᠤ ᠶᠢ ᠠᠬᠢᠭᠤᠯᠤᠨ᠎ᠠ᠃ | ︵ᠨᠢᠭᠡ︶ ᠣᠯᠠᠨ ᠨᠡᠶᠢᠲᠡ ᠶᠢᠨ ᠦᠢᠯᠡᠴᠢᠯᠡᠭᠡ ᠪᠠ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠭᠦᠳᠦᠨ ᠪᠠᠶᠢᠭᠤᠯᠬᠤ ᠠᠵᠢᠯ ᠢ ᠭᠦᠨᠵᠡᠭᠡᠢ ᠪᠥᠭᠡᠳ ᠤᠳᠠᠭᠠᠨ ᠳᠠᠭᠠᠭᠠᠮᠠᠭᠠᠢ ᠥᠷᠨᠢᠭᠦᠯᠦᠨ᠎ᠡ᠃ | ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠪᠠᠶᠢᠩᠭᠤ ᠰᠠᠭᠤᠭ᠎ᠠ ᠭᠠᠵᠠᠷ ᠲᠤ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ | ᠬᠠᠩᠭᠠᠬᠤ ᠳᠦᠷᠢᠮ ᠢ ᠪᠦᠷᠢᠨᠰᠢᠭᠦᠯᠵᠦ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠬᠡᠪᠴᠢᠶ᠎ᠡ ᠪᠠ ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ | ᠲᠣᠬᠢᠷᠠᠭᠤᠯᠤᠨ᠂ ᠨᠠᠰᠤᠲᠠᠨ ᠪᠠ ᠨᠢᠯᠬ᠎ᠠ ᠶᠢᠨ ᠬᠥᠮᠦᠨ ᠠᠮᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ | ᠲᠥᠷᠥᠵᠦ ᠬᠥᠩᠭᠡᠵᠢᠬᠦ ᠲᠠᠯ᠎ᠠ ᠶᠢᠨ ᠲᠥᠬᠦᠷ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠪᠠ ᠨᠠᠰᠤᠲᠠᠶᠢᠴᠤᠳ ᠤᠨ | ᠡᠷᠡᠭᠦᠯ ᠮᠡᠨᠳᠦ ᠶᠢᠨ ᠦᠢᠯᠡᠴᠢᠯᠡᠭᠡᠨ ᠢ ᠰᠠᠶᠢᠲᠤᠷ ᠬᠢᠵᠦ᠂ ᠨᠡᠶᠢᠳᠡᠮ ᠬᠠᠷᠠᠭᠠᠯᠵᠠᠯ ᠬᠦᠷᠲᠡᠭᠡᠬᠦ ᠨᠠᠰᠤᠵᠢᠯ ᠤᠨ ᠦᠢᠯᠡᠴᠢᠯᠡᠭᠡᠨ ᠢ ᠬᠥᠭᠵᠢᠭᠦᠯᠦᠨ᠎ᠡ᠃ ᠨᠡᠶᠢᠭᠡᠮ ᠤᠨ | ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠵᠦ᠂ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠦᠨ᠂ ᠨᠡᠶᠢᠭᠡᠮ ᠤᠨ | ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠠᠵᠢᠯ ᠠᠯᠳᠠᠯᠲᠠ ᠶᠢᠨ ᠳᠠᠭᠠᠳᠬᠠᠯ ᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ | ᠨᠢᠭᠡᠳᠦᠯᠲᠡᠶ ᠲᠥᠯᠥᠪᠯᠡᠬᠦ ᠳᠦᠷᠢᠮ ᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠢ ᠪᠦᠬᠦ | ᠤᠯᠤᠰ ᠲᠤ ᠨᠢᠭᠡᠳᠦᠯᠲᠡᠶ ᠲᠥᠯᠥᠪᠯᠡᠬᠦ ᠯᠦᠭᠡ ᠲᠣᠭᠲᠠᠭᠤᠨ ᠢᠶᠠᠷ ᠵᠣᠯᠭᠠᠭᠤᠯᠦᠨᠡ᠃ ᠨᠡᠶᠢᠭᠡᠮ ᠤᠨ ᠪᠠᠲᠤᠯᠠᠭ᠎ᠠ ᠪᠠᠷ ᠰᠠᠭᠤᠷᠢ ᠠᠴᠠ ᠨᠢ ᠪᠠᠲᠤᠯᠠᠬᠤ ᠶᠢ ᠴᠢᠩᠭᠠᠳᠬᠠᠨ᠂ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠣᠷᠣᠯᠭ᠎ᠠ ᠪᠠᠭᠠᠲᠠᠶ ᠬᠥᠮᠥᠰ ᠲᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠬᠦᠴᠢᠷᠳᠡᠯᠲᠡᠶ | ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠨ᠎ᠠ᠃ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠡᠬᠡ | ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠡᠮᠳᠡᠭᠴᠦᠳ᠂ ᠥᠨᠥᠴᠢᠨ ᠬᠡᠦᠬᠡᠳ ᠵᠡᠷᠭᠡ ᠶᠢᠨ | ᠨᠡᠶᠢᠭᠡᠮ ᠤᠨ ᠠᠰᠠᠷᠠᠮᠵᠢ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠠᠮᠤᠷ ᠠᠮᠤᠭᠤᠯᠠᠩ ᠥᠪᠥᠷ ᠮᠣᠩᠭᠤᠯ᠂ ᠬᠠᠤᠯᠢᠵᠢᠯ ᠤᠨ ᠥᠪᠥᠷ ᠮᠣᠩᠭᠤᠯ ᠤᠨ ᠪᠠᠶᠢᠭᠤᠯᠤᠯᠲᠠ ᠶᠢ | ᠭᠦᠨᠵᠡᠭᠡᠶ ᠠᠬᠢᠭᠤᠯᠵᠤ᠂ ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠵᠠᠰᠠᠯᠲᠠ ᠪᠠ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠨ᠂ | ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ | ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠠᠶᠢᠭᠤᠯᠤᠯᠲᠠ ᠶᠢ ᠳᠡᠮᠵᠢᠵᠦ᠂ ᠡᠬᠡ ᠤᠯᠤᠰ ᠤᠨ | ᠤᠮᠠᠷᠠᠲᠤ ᠶᠢᠨ ᠠᠮᠤᠷ ᠲᠣᠭᠲᠠᠭᠤᠨ ᠢ ᠰᠠᠬᠢᠨ ᠬᠠᠮᠠᠭᠠᠯᠠᠨ᠎ᠠ᠃ | ︵ᠬᠤᠶᠠᠷ︶ ᠨᠡᠶᠢᠭᠡᠮ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠴᠢᠨᠠᠷ ᠰᠠᠶᠢᠲᠠᠶ ᠰᠤᠷᠭᠠᠨ ᠬᠥᠮᠦᠵᠢᠯ ᠤᠨ | ᠲᠣᠭᠲᠠᠯᠴᠠᠭ᠎ᠠ ᠶᠢ ᠪᠠᠶᠢᠭᠤᠯᠵᠤ᠂ ᠶᠣᠰᠣ ᠰᠤᠷᠲᠠᠬᠤᠨ ᠢᠶᠠᠷ ᠬᠥᠮᠦᠨ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠭᠦᠨᠵᠡᠭᠡᠶ ᠥᠷᠨᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ | ᠪᠢᠴᠢᠭ ᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠠᠬᠢ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠪᠠ ᠰᠢᠶᠠᠨ ᠤ ᠬᠡᠪᠴᠢᠶᠡᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠥᠭᠵᠢᠯᠲᠡ ᠶᠢ ᠳᠡᠭᠡᠭᠰᠢᠯᠡᠭᠦᠯᠬᠦ | ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠤᠨ᠂ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ | ᠬᠥᠭᠵᠢᠬᠦ ᠶᠢ ᠠᠬᠢᠭᠤᠯᠵᠤ᠂ ︽ᠬᠤᠶᠠᠷ ᠢ ᠬᠥᠩᠭᠡᠷᠡᠭᠦᠯᠬᠦ︾ ᠦᠷ᠎ᠡ ᠪᠦᠲᠦᠮᠵᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠬᠥᠳᠡᠯᠮᠦᠷᠢ᠂ ᠪᠡᠶ᠎ᠡ ᠶᠢᠨ ᠲᠠᠮᠢᠷ᠂ ᠭᠤᠸ᠎ᠠ | ᠰᠠᠶᠢᠬᠠᠨ ᠤ ᠬᠥᠮᠥᠵᠢᠯ ᠢ ᠴᠢᠩᠭᠠᠳᠬᠠᠨ ᠰᠠᠶᠢᠵᠢᠷᠠᠭᠤᠯᠵᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ | ᠰᠢᠯᠢᠳᠡᠭᠵᠢᠭᠦᠯᠦᠨ ᠬᠥᠮᠥᠵᠢᠭᠦᠯᠬᠦ ᠠᠵᠢᠯᠯᠠᠭᠠᠨ ᠤ ᠲᠥᠯᠥᠪᠯᠡᠭᠡ ᠶᠢ ᠴᠢᠨᠠᠷ ᠰᠠᠶᠢᠲᠠᠶ ᠬᠡᠷᠡᠭᠵᠢᠭᠦᠯᠦᠨ᠂ ︽ᠬᠤᠤᠰ ᠲᠡᠷᠢᠭᠦᠨ ᠲᠠᠰ︾ ᠤᠨ ᠪᠠᠶᠢᠭᠤᠯᠤᠯᠲᠠ ᠶᠢ ᠳᠡᠮᠵᠢᠬᠦ | ᠡᠷᠴᠢᠮ ᠢᠶᠠᠨ ᠴᠢᠩᠭᠠᠷᠠᠭᠤᠯᠤᠨ᠎ᠠ᠃ ᠡᠷᠡᠭᠦᠯ ᠡᠩᠬᠡ ᠥᠪᠥᠷ ᠮᠣᠩᠭᠤᠯ ᠤᠨ ᠪᠠᠶᠢᠭᠤᠯᠤᠯᠲᠠ ᠶᠢ ᠠᠬᠢᠭᠤᠯᠵᠤ᠂ ᠣᠷᠣᠨ ᠪᠦᠰᠡ ᠶᠢᠨ ᠡᠮᠴᠢᠯᠡᠭᠡᠨ ᠤ ᠲᠥᠪ ᠤᠨ | ᠪᠠᠶᠢᠭᠤᠯᠤᠯᠲᠠ ᠶᠢ ᠴᠢᠩᠭᠠᠳᠬᠠᠨ᠂ ᠱᠠᠲᠤ ᠬᠤᠪᠢᠶᠠᠵᠤ ᠣᠨᠣᠰᠢᠯᠠᠨ ᠡᠮᠨᠡᠬᠦ ᠲᠣᠭᠲᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠶᠠᠨ ᠤ | ᠬᠡᠪᠴᠢᠶᠡᠨ ᠤ ᠨᠢᠭᠲᠠᠷᠠᠭᠰᠠᠨ ᠬᠡᠯᠪᠡᠷᠢ ᠪᠦᠬᠦᠢ ᠡᠮᠴᠢᠯᠡᠭᠡᠨ ᠤ ᠬᠠᠮᠲᠤ ᠶᠢᠨ ᠴᠣᠭᠴᠠ ᠶᠢᠨ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠠᠬᠢᠭᠤᠯᠤᠨ᠂ ᠶᠡᠷᠦᠩᠬᠡᠶ | ᠰᠠᠯᠠᠭᠠᠨ ᠤ ᠡᠮᠴᠢ ᠪᠠ ᠬᠥᠳᠡᠭᠡ ᠲᠣᠰᠬᠤᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ | ︾ ᠶᠢ ᠵᠢᠷᠤᠮᠵᠢᠭᠤᠯᠤᠨ ᠬᠥᠭᠵᠢᠭᠦᠯᠬᠦ ᠶᠢ ᠠᠬᠢᠭᠤᠯᠤᠨ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠭᠡ | ᠢᠨᠵᠧᠨᠧᠷᠢᠩ ᠢ ᠬᠡᠷᠡᠭᠵᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠵᠦ ᠬᠤᠷᠢᠭᠯᠠᠬᠤ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠤᠨ᠂ ᠤᠨᠳᠤᠤ ᠭᠠᠵᠠᠷ ᠲᠤ | ᠡᠮᠨᠡᠭᠦᠯᠦᠭᠰᠡᠨ ᠵᠠᠷᠤᠳᠠᠯ ᠢ ᠨᠢ ᠰᠢᠭᠤᠳ ᠳ᠋ᠦᠩᠨᠡᠨ ᠪᠤᠳᠤᠬᠤ ᠶᠢ ᠰᠢᠯᠢᠳᠡᠭᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠡᠯᠧᠺᠳ᠋ᠷᠣᠨ ᠭᠡᠷᠡᠴᠢ ᠪᠠᠷᠢᠮᠲᠠ ᠶᠢ ᠨᠡᠶᠢᠳᠡᠮ | ᠬᠡᠷᠡᠭᠯᠡᠵᠦ ᠪᠣᠯᠬᠤ ᠶᠢ ᠨᠢ ᠲᠦᠷᠭᠡᠳᠬᠡᠨ ᠠᠬᠢᠭᠤᠯᠤᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠡᠷᠴᠢᠮ ᠢ ᠴᠢᠩᠭᠠᠷᠠᠭᠤᠯᠵᠤ᠂ ᠲᠡᠦᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠪᠠ ᠪᠣᠳᠠᠰ ᠤᠨ ᠪᠤᠰᠤ ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠢ ᠬᠠᠮᠠᠭᠠᠯᠠᠯᠲᠠ ᠶᠢ ᠴᠢᠩᠭᠠᠳᠬᠠᠵᠤ᠂ ᠤᠷᠳᠤ ᠴᠠᠭᠠᠨ ᠬᠡᠷᠡᠮ ᠤᠨ | ᠤᠯᠤᠰ ᠤᠨ ᠰᠣᠶᠣᠯ ᠤᠨ ᠴᠡᠴᠡᠷᠯᠢᠭ᠂ ᠬᠠᠳᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ᠂ ᠬᠤᠷᠢᠨᠭᠡᠷ ᠡᠷᠲᠡᠨ ᠤ ᠰᠢᠷᠣᠢ ᠶᠢᠨ ᠬᠤᠳᠠ ᠶᠢᠨ ᠬᠠᠭᠤᠴᠢ | ᠰᠤᠳᠤᠯᠤᠯ ᠤᠨ ᠴᠡᠴᠡᠷᠯᠢᠭ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠦᠢᠯᠡᠰ ᠢ ᠬᠥᠭᠵᠢᠭᠦᠯᠵᠦ᠂ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠪᠡᠶ᠎ᠡ ᠶᠢᠨ ᠲᠠᠮᠢᠷ ᠤᠨ ᠴᠡᠴᠡᠷᠯᠢᠭ᠂ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠲᠠᠯᠠᠪᠠᠶ ᠵᠡᠷᠭᠡ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠮᠥᠰᠥ ᠴᠠᠰᠤᠨ ᠤ ᠬᠥᠳᠡᠯᠭᠡᠭᠡᠨ ᠢ ᠶᠡᠭᠡ ᠪᠠᠷ ᠬᠥᠭᠵᠢᠭᠦᠯᠦᠨ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ | ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠬᠠᠮᠵᠢᠯᠴᠠᠨ ᠰᠠᠶᠢᠲᠤᠷ ᠡᠷᠬᠢᠯᠡᠨ᠎ᠡ᠃ ᠨᠡᠶᠢᠭᠡᠮ ᠤᠨ | ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢ ᠴᠢᠩᠭᠠᠳᠬᠠᠨ᠎ᠠ᠃ | ︵ᠭᠤᠷᠪᠠ︶ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ | ᠣᠨᠣᠴᠠᠲᠠᠢ ᠰᠠᠶᠢᠲᠤᠷ ᠬᠢᠨ᠎ᠡ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠤ ᠪᠠᠨ ᠳᠠᠬᠢᠨ ᠡᠭᠦᠰᠬᠦ ᠶᠢ ᠰᠡᠷᠭᠡᠶᠢᠯᠡᠬᠦ︾ ᠶᠢ | ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠬᠦ ᠪᠠ ᠰᠢᠢᠳᠪᠦᠷᠢᠯᠡᠬᠦ ᠬᠢᠷᠢ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠢᠯᠢ ᠶᠢᠨ ᠪᠣᠭᠤᠮᠲᠠ ᠶᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠶᠠᠨ ᠴᠢᠩᠭ᠎ᠠ ᠵᠢᠷᠤᠮᠵᠢᠭᠤᠯᠤᠨ ᠰᠠᠶᠢᠲᠤᠷ ᠬᠢᠵᠦ᠂ ᠬᠢᠯᠢ ᠶᠢᠨ ᠪᠣᠭᠤᠮᠲᠠ ᠳᠠᠬᠢ ᠬᠥᠮᠦᠨ᠂ ᠪᠣᠳᠠᠰ᠂ ᠣᠷᠴᠢᠨ | ᠲᠣᠭᠤᠷᠢᠨ ᠤ ᠪᠢᠲᠡᠭᠦᠦ ᠴᠥᠷᠬᠡᠯᠡᠭᠡ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾ | ᠰᠡᠷᠭᠡᠶᠢᠯᠡᠯᠲᠡ ᠶᠢᠨ ᠱᠤᠭᠤᠮ ᠢ ᠡᠷᠡᠰ ᠰᠠᠬᠢᠨ᠎ᠠ᠃ ᠴᠠᠭᠠᠨ ᠰᠠᠷ᠎ᠠ ᠵᠢᠴᠢ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ | ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠢᠶᠠᠨ ᠴᠢᠩᠭᠠᠳᠬᠠᠵᠤ᠂ ᠵᠠᠩᠭᠢᠯᠠᠭ᠎ᠠ ᠪᠣᠯᠬᠤ ᠭᠠᠵᠠᠷ᠂ ᠴᠢᠬᠤᠯᠠ ᠲᠠᠯᠠᠪᠤᠷ ᠭᠠᠵᠠᠷ ᠪᠠ ᠭᠤᠣᠯᠳᠠᠯᠭ᠎ᠠ ᠪᠣᠯᠬᠤ ᠬᠥᠮᠦᠰ ᠢ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ | ᠠᠵᠢᠯ ᠢ ᠰᠠᠶᠢᠲᠤᠷ ᠠᠳᠬᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠶᠠᠨ ᠪᠠᠶᠢᠩᠭᠤᠵᠢᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠤᠯᠠᠷᠠᠭᠤᠯᠤᠯ ᠥᠬᠡᠶ ᠠᠳᠬᠤᠬᠤ ᠶᠢ ᠪᠠᠷᠢᠮᠲᠠᠯᠠᠨ᠂ ᠰᠡᠷᠭᠡᠶᠢᠯᠡᠨ ᠡᠵᠡᠮᠳᠡᠬᠦ ᠠᠵᠢᠯ ᠤᠨ ᠳᠤᠲᠠᠭᠤᠳᠠᠯ ᠪᠠ ᠳᠤᠲᠠᠭᠳᠠᠯ ᠢ | ᠴᠠᠭ ᠲᠤᠬᠠᠶ ᠳᠤ ᠨᠢ ᠪᠠᠶᠢᠴᠠᠭᠠᠨ ᠨᠥᠬᠦᠪᠥᠷᠢᠯᠡᠵᠦ᠂ ᠡᠮᠴᠢᠯᠡᠭᠡᠨ ᠤ ᠭᠤᠤᠯᠳᠠᠯᠭ᠎ᠠ ᠲᠠᠢ ᠰᠡᠷᠭᠡᠶᠢᠯᠡᠨ ᠡᠵᠡᠮᠳᠡᠬᠦ ᠡᠳ᠋ ᠪᠠᠷᠠᠭᠠᠨ ᠤ ᠪᠠᠷᠢᠮᠵᠢᠶ᠎ᠠ ᠪᠠᠷ ᠨᠥᠭᠡᠴᠡᠯᠡᠬᠦ | ᠬᠡᠮᠵᠢᠶ᠎ᠡ ᠶᠢ ᠪᠠᠶᠢᠩᠭᠤᠵᠢᠭᠤᠯᠤᠨ ᠪᠠᠷᠢᠮᠲᠠᠯᠠᠨ᠎ᠠ᠃ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠲᠠᠷᠢᠬᠤ ᠠᠵᠢᠯ ᠢ ᠡᠮᠬᠢ ᠵᠢᠷᠤᠮ ᠲᠠᠢ ᠠᠬᠢᠭᠤᠯᠤᠨ᠎ᠠ᠃ | ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠦᠴᠢᠷ᠂ ᠥᠪᠥᠷ ᠮᠣᠩᠭᠤᠯ ᠤᠨ ᠴᠡᠷᠢᠭ ᠤᠨ | ᠲᠣᠭᠤᠷᠢᠭ᠂ ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠥᠷᠥ ᠶᠢᠨ ᠵᠦᠪᠯᠡᠯᠭᠡᠨ ᠤ ᠠᠯᠪᠠᠨ ᠲᠢᠩᠬᠢᠮ᠂ | ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ | ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2022 ᠣᠨ ᠤ 1 ᠳ᠋ᠤᠭᠡᠷ ᠰᠠᠷ᠎ᠠ ᠶᠢᠨ 30 ᠤ ᠡᠳᠦᠷ ᠳᠠᠷᠤᠮᠠᠯᠯᠠᠨ ᠲᠠᠷᠬᠠᠭᠠᠪᠠ | |