| | ᠢᠯᠡᠳᠬᠡᠯ ᠢ ᠰᠤᠷᠤᠯᠴᠠᠬᠤᠢ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠳᠤᠮᠳᠠᠳᠤ ᠤᠯᠤᠰ ᠤᠨ | ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ | ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ | ᠶᠢᠨ ᠦᠢᠯᠡᠰ ᠢ ᠪᠦᠬᠦ ᠲᠠᠯ᠎ᠠ ᠪᠠᠷ ᠠᠬᠢᠭᠤᠯᠤᠨ᠎ᠠ᠃ | ᠪᠦᠯᠬᠦᠮᠳᠡᠯ ᠪᠣᠯ ᠬᠦᠴᠦᠨ ᠮᠥᠨ᠂ ᠪᠦᠯᠬᠦᠮᠳᠡᠪᠡᠯ ᠰᠠᠶ᠋ᠢ ᠢᠯᠠᠯᠲᠠ ᠣᠯᠵᠤ ᠴᠢᠳᠠᠨ᠎ᠠ᠃ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠳᠤ ᠡᠷᠬᠡᠪᠰᠢ ᠲᠦᠭ ᠲᠦᠮᠡᠨ ᠠᠷᠠᠳ ᠲᠦᠮᠡᠨ ᠤ ᠡᠭᠦᠳᠦᠨ ᠪᠦᠲᠦᠭᠡᠬᠦ ᠠᠤᠭ᠎ᠠ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠢ᠃ ᠪᠦᠬᠦ | ᠨᠠᠮ ᠢᠶᠠᠷ ᠢᠶᠠᠨ ᠪᠦᠬᠦ ᠰᠡᠳᠬᠢᠯ ᠪᠦᠬᠦ ᠵᠣᠷᠢᠭ ᠢᠶᠠᠷ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠨ ᠤᠯᠠᠨ ᠲᠦᠮᠡᠨᠴᠢ ᠦᠵᠡᠯᠲᠡ ᠶᠢ | ᠪᠠᠲᠤ ᠪᠤᠢ ᠪᠣᠯᠭᠠᠵᠤ᠂ ᠤᠯᠠᠨ ᠲᠦᠮᠡᠨᠴᠢ ᠱᠤᠭᠤᠮ ᠢ ᠲᠤᠭᠤᠰᠢᠯᠠᠭᠤᠯᠵᠤ᠂ ᠠᠷᠠᠳ ᠲᠦᠮᠡᠨ ᠤ ᠡᠭᠦᠳᠦᠨ ᠪᠦᠲᠦᠭᠡᠬᠦ ᠵᠣᠷᠢᠭ ᠰᠠᠨᠠᠭ᠎ᠠ ᠶᠢ ᠬᠦᠨᠳᠦᠳᠬᠡᠵᠦ᠂ ᠠᠯᠢᠪᠠ | ᠪᠦᠬᠦᠨ ᠳᠤ ᠠᠷᠠᠳ ᠲᠦᠮᠡᠨ ᠤ ᠲᠥᠯᠥᠭᠡ ᠪᠠᠶᠢᠬᠤ᠂ ᠠᠯᠢᠪᠠ ᠪᠦᠬᠦᠨ ᠳᠤ ᠠᠷᠠᠳ ᠲᠦᠮᠡᠨ ᠢ ᠲᠦᠰᠢᠭᠯᠡᠬᠦ᠂ ᠤᠯᠠᠨ ᠲᠦᠮᠡᠨ ᠤ ᠳᠤᠮᠳᠠ ᠠᠴᠠ ᠢᠷᠡᠵᠤ ᠤᠯᠠᠨ | ᠲᠦᠮᠡᠨ ᠤ ᠳᠤᠮᠳᠠ ᠣᠴᠢᠬᠤ ᠶᠢ ᠪᠠᠷᠢᠮᠲᠠᠯᠠᠵᠤ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠪᠠᠷᠢᠯᠳᠤᠯᠭ᠎ᠠ ᠪᠠᠨ ᠢᠮᠠᠭᠲᠠ ᠪᠠᠲᠤᠯᠠᠵᠤ᠂ ᠢᠮᠠᠭᠲᠠ ᠠᠷᠠᠳ | ᠲᠦᠮᠡᠨ ᠤ ᠰᠢᠭᠦᠮᠵᠢᠯᠡᠯ ᠪᠠ ᠬᠢᠨᠠᠯᠲᠠ ᠶᠢ ᠬᠦᠯᠢᠶᠡᠵᠦ᠂ ᠢᠮᠠᠭᠲᠠ ᠠᠷᠠᠳ ᠲᠦᠮᠡᠨ ᠲᠠᠢ ᠠᠮᠢᠰᠬᠤᠭ᠎ᠠ ᠪᠠᠨ ᠨᠢᠭᠡᠳᠬᠡᠨ ᠬᠤᠪᠢ ᠵᠠᠶᠠᠭ᠎ᠠ ᠪᠠᠨ ᠬᠠᠮᠲᠤᠳᠬᠠᠵᠤ | ᠰᠡᠳᠬᠢᠯ ᠵᠢᠷᠦᠬᠡ ᠪᠠᠨ ᠬᠤᠯᠪᠣᠵᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠪᠦᠯᠬᠦᠮᠳᠡᠯ ᠢ ᠲᠠᠰᠤᠷᠠᠯᠳᠠ ᠦᠭᠡᠢ ᠪᠠᠬᠢᠵᠢᠭᠦᠯᠵᠦ᠂ | ᠤᠯᠤᠰ ᠤᠨ ᠳᠣᠲᠣᠭᠠᠳᠤ ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠴᠢᠩᠭᠠᠷᠠᠭᠤᠯᠵᠤ᠂ ᠰᠡᠳᠬᠢᠯ ᠨᠢᠭᠡᠳᠦᠨ ᠳᠤᠮᠳᠠᠳᠤ ᠶᠢᠨ | ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠬᠦᠴᠦᠷᠬᠡᠭ ᠶᠡᠭᠡ ᠨᠡᠶᠢᠯᠡᠯ ᠬᠦᠴᠦᠨ ᠢ ᠪᠤᠢ ᠪᠣᠯᠭᠠᠬᠤ ᠬᠡᠷᠡᠭᠲᠡᠢ᠃ | | ᠤᠳᠤᠷᠢᠳᠬᠠᠯ | ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠰᠢᠨ᠎ᠡ | ᠲᠣᠳᠣᠷᠬᠠᠢ ᠱᠠᠭᠠᠷᠳᠠᠯᠭ᠎ᠠ ᠳᠤᠷᠠᠳᠴᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠲᠣᠳᠣᠷᠬᠠᠢ ᠴᠢᠭᠯᠡᠯ ᠢ | ᠵᠢᠭᠠᠵᠤ ᠥᠭᠴᠡᠢ᠃ | ᠥᠪᠥᠷ ᠮᠣᠩᠭᠤᠯ ᠪᠣᠯ ᠮᠠᠨ ᠤ ᠤᠯᠤᠰ ᠤᠨ ᠬᠠᠮᠤᠭ ᠤᠨ ᠡᠷᠲᠡ ᠪᠠᠶᠢᠭᠤᠯᠤᠭᠳᠠᠭᠰᠠᠨ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠮᠥᠨ᠂ | ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠲᠠᠯ᠎ᠠ ᠪᠠᠷ ᠢᠷᠠᠭᠤ ᠠᠯᠳᠠᠷᠲᠤ ᠤᠯᠠᠮᠵᠢᠯᠠᠯ ᠲᠠᠢ᠂ ᠣᠷᠳᠣ ᠬᠤᠭᠤᠴᠠᠭᠠᠨ ᠤ ᠲᠤᠷᠰᠢ《ᠵᠢᠱᠢᠶᠡᠴᠢ ᠥᠪᠡᠷᠲᠡᠭᠡᠨ | ᠵᠠᠰᠠᠬᠤ ᠣᠷᠣᠨ》 ᠤ ᠡᠷᠬᠢᠮ ᠳᠡᠭᠡᠳᠦ ᠢᠷᠠᠭᠤ ᠠᠯᠳᠠᠷ ᠲᠠᠢ ᠶᠤᠮ᠃ | ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠭᠠᠰᠢ᠂ ᠥᠪᠥᠷ ᠮᠣᠩᠭᠤᠯ ᠤᠯᠤᠰ ᠤᠨ ᠨᠢᠭᠡᠳᠦᠯ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ | ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠭᠦᠷᠭᠡᠯᠡᠨ ᠰᠠᠶᠢᠲᠤᠷ ᠭᠦᠶᠴᠡᠳᠬᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ | ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠡᠨᠡ ᠬᠦ ᠭᠤᠤᠯ ᠰᠢᠵᠢᠮ ᠤᠨ ᠲᠣᠭᠤᠷᠢᠨ ᠳᠤ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ | ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠦᠷᠭᠦᠯᠵᠢᠯᠡᠨ ᠪᠠᠬᠢᠵᠢᠭᠦᠯᠦᠨ ᠬᠥᠭᠵᠢᠭᠦᠯᠪᠡ᠃ 2400 ᠭᠠᠷᠤᠢ ᠲᠦᠮᠡᠨ ᠦᠨᠳᠦᠰᠦᠲᠡᠨ ᠨᠦᠭᠦᠳ ᠤᠨ ᠠᠷᠠᠳ | ᠲᠦᠮᠡᠨ ᠰᠡᠳᠬᠢᠯ ᠵᠢᠷᠦᠬᠡ ᠪᠠᠨ ᠬᠤᠯᠪᠣᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠪᠦᠯᠬᠦᠮᠳᠡᠨ | ᠲᠡᠮᠡᠴᠡᠵᠦ ᠡᠷᠡᠮᠡᠬᠡᠶᠢᠯᠡᠨ ᠤᠷᠤᠭᠰᠢᠯᠠᠵᠤ᠂ ᠵᠣᠯ ᠵᠢᠷᠭᠠᠯᠲᠤ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ ᠴᠣᠭᠴᠠᠯᠠᠪᠠ᠃ | ᠰᠢᠨ᠎ᠡ ᠠᠶᠠᠨ ᠵᠠᠮ ᠤᠨ ᠠᠯᠬᠤᠭ᠎ᠠ ᠪᠠᠨ ᠡᠬᠢᠯᠡᠭᠦᠯᠵᠦ᠂ ᠰᠢᠨ᠎ᠡ ᠴᠠᠭ ᠦᠶ᠎ᠡ ᠳᠤ ᠡᠷᠡᠯᠬᠡᠭᠯᠡᠨ ᠲᠡᠮᠡᠴᠡᠨᠡᠮ᠃ ᠥᠪᠥᠷ ᠮᠣᠩᠭᠤᠯ ᠤᠨ ᠡᠯ᠎ᠡ ᠭᠠᠵᠠᠷ ᠡᠯ᠎ᠡ | ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ | ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠦᠨᠳᠦᠰᠦᠲᠡᠨ ᠨᠦᠭᠦᠳ ᠤᠨ ᠠᠷᠠᠳ | ᠲᠦᠮᠡᠨ ᠢ ᠳᠠᠭᠠᠭᠤᠯᠤᠨ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠵᠦ᠂《ᠵᠢᠱᠢᠶᠡᠴᠢ ᠥᠪᠡᠷᠲᠡᠭᠡᠨ ᠵᠠᠰᠠᠬᠤ ᠣᠷᠣᠨ》 ᠤ ᠡᠷᠬᠢᠮ | ᠳᠡᠭᠡᠳᠦ ᠢᠷᠠᠭᠤ ᠠᠯᠳᠠᠷ ᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠠᠮᠠᠭᠠᠯᠠᠬᠤ ᠪᠣᠯᠣᠨ᠎ᠠ᠃ | 《ᠵᠢᠱᠢᠶᠡᠴᠢ ᠥᠪᠡᠷᠲᠡᠭᠡᠨ ᠵᠠᠰᠠᠬᠤ ᠣᠷᠣᠨ》ᠭᠡᠬᠦ ᠠᠯᠲᠠᠨ ᠫᠠᠶᠢᠰᠠ ᠲᠡᠮᠳᠡᠭ ᠢ ᠬᠡᠷᠬᠢᠨ ᠶᠠᠪᠤᠬᠤ ᠲᠤᠲᠤᠮ ᠭᠢᠯᠠᠯᠵᠠᠭᠤᠯᠬᠤ ᠪᠢᠯᠡ︖ ᠥᠨᠥᠳᠦᠷ ᠪᠢᠳᠡ | ᠬᠠᠮᠢᠶ᠎ᠠ ᠪᠥᠬᠦᠶ ᠲᠤᠰᠬᠠᠶ ᠮᠡᠷᠭᠡᠵᠢᠯᠲᠡᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠣᠯᠤᠨ ᠦᠨᠳᠦᠰᠦᠨ ᠱᠠᠲᠤᠨ ᠤ ᠺᠠᠳ᠋ᠷ ᠢ ᠤᠷᠢᠵᠤ᠂ ᠲᠡᠳᠡᠨ ᠤ | ᠲᠠᠷᠠᠭᠠᠴᠢ ᠶᠢᠨ ᠠᠯᠬᠤᠮ ᠳᠤ ᠶᠠᠭᠠᠬᠢᠵᠤ ᠬᠢᠬᠦ ᠶᠢ ᠰᠣᠨᠣᠰᠤᠶ᠎ᠠ᠃ | | ᠤᠯᠠᠨ ᠢᠶᠠᠷ ᠢᠶᠠᠨ ᠶᠠᠷᠢᠯᠴᠠᠬᠤᠢ | ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ | ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠦᠢᠯᠡᠰ ᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ ᠭᠡᠵᠦ ᠳᠤᠷᠠᠳᠤᠨ ᠭᠠᠷᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠡᠷᠬᠢᠯᠡᠭᠴᠢ ᠭᠤᠤ ᠵᠠᠨ ᠱᠧᠩ᠄《ᠪᠥᠬᠦ ᠣᠷᠣᠨ ᠤ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ᠬᠢᠨ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠵᠢᠴᠢ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠲᠠᠢ ᠤᠶᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠵᠤ | ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨ ᠬᠦ ᠨᠠᠮ ᠤᠨ | ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠣᠳᠠᠲᠠᠶ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ》ᠭᠡᠵᠡᠢ᠃ | 《ᠵᠢᠱᠢᠶᠡᠴᠢ ᠥᠪᠡᠷᠲᠡᠭᠡᠨ ᠵᠠᠰᠠᠬᠤ ᠣᠷᠣᠨ》 ᠤ ᠠᠯᠳᠠᠨ ᠫᠠᠶᠢᠰᠠ ᠲᠡᠮᠳᠡᠭ ᠢ ᠬᠡᠷᠬᠢᠨ ᠶᠠᠪᠤᠬᠤ ᠲᠤᠳᠤᠮ ᠭᠢᠯᠠᠯᠵᠠᠭᠤᠯᠬᠤ ᠪᠢᠯᠡ︖ ᠭᠤᠤ ᠵᠠᠨ ᠱᠧᠩ | ᠢᠯᠡᠷᠬᠡᠶᠢᠯᠡᠬᠦ ᠳᠤ ᠪᠠᠨ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠰ ᠭᠤᠶᠢᠪᠢᠰᠢ ᠦᠭᠡᠢ | ᠵᠠᠮᠨᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠨᠠᠮ ᠤᠨ ᠦᠨᠳᠦᠰᠦᠲᠡᠨ ᠤ | ᠠᠵᠢᠯ ᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠢ᠃ 《ᠪᠢᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ | ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ 〈ᠳᠤᠮᠳᠠᠳᠤ ᠶᠢᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ ᠮᠠᠲ᠋ᠧᠷᠢᠶᠠᠯ ᠤᠨ | ᠡᠮᠬᠢᠳᠬᠡᠯ · ᠥᠪᠥᠷ ᠮᠣᠩᠭᠤᠯ ᠤᠨ ᠪᠤᠳᠢ 〉 ᠶᠢ ᠨᠠᠶᠢᠷᠠᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠰᠤᠳᠤᠯᠭᠠᠨ ᠤ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ | ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠤᠬᠠᠭᠤᠯᠭ᠎ᠠ ᠬᠥᠮᠦᠵᠢᠯ ᠢ ᠪᠤᠲᠠᠳᠠᠢ ᠲᠦᠷᠦᠭᠳᠡᠯ ᠲᠠᠢ ᠪᠦᠲᠦᠮᠵᠢᠲᠡᠢ ᠥᠷᠨᠢᠭᠦᠯᠬᠦ ᠬᠡᠷᠡᠭᠲᠡᠢ︔ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠥᠷᠭᠡᠨ ᠢᠶᠠᠷ ᠠᠬᠢᠭᠤᠯᠵᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ | ᠰᠣᠯᠢᠯᠴᠠᠭᠠᠨ ᠤ ᠲᠥᠯᠥᠪᠯᠡᠭᠡ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠰᠢᠬᠢᠳᠬᠡᠯᠲᠦ ᠮᠠᠶ᠋ᠢᠭ ᠤᠨ ᠬᠥᠭᠵᠢᠯᠲᠡ ᠶᠢᠨ ᠲᠥᠯᠥᠪᠯᠡᠭᠡ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠵᠢᠭᠤᠯᠴᠢᠯᠠᠯ ᠢᠶᠠᠷ ᠠᠬᠢᠭᠤᠯᠬᠤ ᠲᠥᠯᠥᠪᠯᠡᠭᠡ ᠶᠢ ᠰᠠᠶᠢᠲᠤᠷ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠤᠨ᠎ᠠ︔ ᠦᠨᠳᠦᠰᠦᠲᠡᠨ ᠤ ᠬᠡᠷᠡᠭ ᠶᠠᠪᠤᠳᠠᠯ ᠤᠨ | ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠤᠯᠤᠰ ᠤᠨ〈ᠠᠷᠪᠠᠨ ᠳᠥᠷᠪᠡᠳᠦᠭᠡᠷ | ᠲᠠᠪᠤᠨ ᠵᠢᠯ〉 ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠶᠯᠡᠰ ᠤᠨ ᠲᠥᠯᠥᠪᠵᠢᠭᠦᠯᠭᠡ ᠵᠢᠴᠢ ᠥᠪᠡᠷᠲᠡᠭᠡᠨ ᠵᠠᠰᠠᠬᠤ ᠣᠷᠣᠨ ᠤ ᠲᠦᠬᠦᠷᠵᠢᠭᠦᠯᠦᠭᠰᠡᠨ | ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠡᠭᠦᠨ ᠤ ᠬᠠᠮᠲᠤ᠂ ᠪᠥᠬᠦ ᠣᠷᠣᠨ ᠤ ᠦᠨᠳᠦᠰᠦᠲᠡᠨ ᠤ ᠠᠵᠢᠯ ᠤᠨ ᠪᠠᠶᠢᠭᠤᠯᠤᠮᠵᠢ ᠪᠣᠯᠤᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠶᠢ ᠠᠬᠢᠭᠤᠯᠵᠤ᠂ ᠪᠥᠬᠦ ᠣᠷᠣᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠮᠦᠵᠢᠭᠦᠯᠦᠨ ᠬᠥᠮᠥᠵᠢᠭᠦᠯᠵᠦ ᠵᠢᠯᠣᠭᠤᠳᠴᠤ ᠪᠠᠶᠢᠭᠠᠳ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ | ᠰᠣᠨᠣᠰᠴᠤ᠂ ᠨᠠᠮ ᠢᠶᠠᠨ ᠳᠠᠭᠠᠵᠤ᠂ ᠪᠣᠳᠠᠲᠤ ᠠᠵᠢᠯᠯᠠᠭ᠎ᠠ ᠪᠠᠷ ᠢᠶᠠᠨ〈ᠬᠤᠶᠠᠷ ᠢ ᠲᠣᠭᠲᠠᠭᠠᠬᠤ 〉 ᠶᠢ ᠬᠦᠷᠢᠶᠡᠯᠡᠵᠦ᠂〈ᠬᠤᠶᠠᠷ ᠢ ᠬᠠᠮᠠᠭᠠᠯᠠᠬᠤ〉 ᠶᠢ ᠪᠡᠶᠡᠯᠡᠭᠦᠯᠵᠦ᠂ | ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠬᠡᠷᠡᠭᠲᠡᠶ》ᠭᠡᠵᠡᠢ᠃ | ᠦᠨᠳᠦᠰᠦᠲᠡᠨ ᠤ ᠬᠦᠷᠢᠶᠡᠨ ᠳᠠᠬᠢ ᠡᠯ᠎ᠡ ᠵᠦᠶᠯ ᠤᠨ ᠠᠵᠢᠯ ᠢ ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠶ ᠪᠥᠭᠡᠳ ᠪᠦᠲᠦᠮᠵᠢᠲᠡᠶ ᠰᠠᠶᠢᠲᠤᠷ ᠬᠢᠨ᠎ᠡ | 《ᠨᠢᠭᠡᠳᠦᠮᠡᠯ ᠹᠷᠣᠨᠲ ᠤᠨ ᠬᠡᠯᠲᠡᠰ ᠨᠢ ᠦᠨᠳᠦᠰᠦᠲᠡᠨ ᠤ ᠠᠵᠢᠯ ᠤᠨ ᠭᠤᠣᠯ ᠬᠠᠷᠢᠭᠤᠴᠠᠯᠭᠠᠲᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠡᠭᠦᠷᠭᠡ | ᠢᠷᠠᠭᠤ ᠠᠯᠳᠠᠷᠲᠠᠢ᠂ ᠬᠠᠷᠢᠭᠤᠴᠠᠯᠭ᠎ᠠ ᠬᠦᠨᠳᠦ ᠶᠡᠭᠡ ᠭᠡᠳᠡᠭ ᠢ ᠭᠦᠨᠵᠡᠭᠡᠢ ᠮᠡᠳᠡᠷᠡᠵᠦ ᠪᠠᠶᠢᠨ᠎ᠠ》ᠭᠡᠵᠦ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ | ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠤᠣ ᠮᠠᠨ ᠪᠢᠨ ᠬᠡᠯᠡᠪᠡ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠲᠤᠬᠠᠶ ᠤᠣ ᠮᠠᠨ ᠪᠢᠨ᠄《ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ | ᠦᠨᠳᠦᠰᠦᠲᠡᠨ ᠤ ᠬᠦᠷᠢᠶᠡᠨ ᠳᠠᠬᠢ ᠡᠯ᠎ᠡ ᠵᠦᠶᠯ ᠤᠨ ᠠᠵᠢᠯ ᠢ ᠰᠢᠨᠵᠢᠯᠡᠬᠦ ᠤᠬᠠᠭᠠᠨᠴᠢ᠂ ᠨᠠᠷᠢᠯᠢᠭ ᠣᠨᠣᠴᠢᠲᠠᠢ᠂ ᠪᠦᠲᠦᠮᠵᠢᠲᠡᠶ ᠰᠠᠶᠢᠲᠤᠷ ᠬᠢᠵᠦ᠂ ᠦᠨᠳᠦᠰᠦᠲᠡᠨ ᠤ | ᠪᠦᠯᠬᠦᠮᠳᠡᠯ ᠤᠨ ᠥᠯᠢᠭᠡᠷ ᠢ ᠦᠶ᠎ᠡ ᠶᠢᠨ ᠦᠶ᠎ᠡ ᠳᠤ ᠤᠯᠠᠮᠵᠢᠯᠠᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠭᠠᠵᠠᠷ ᠪᠣᠯᠭᠠᠨ ᠳᠤ ᠳᠡᠯᠭᠡᠷᠡᠭᠦᠯᠦᠨ᠎ᠡ》ᠭᠡᠪᠡ᠃ | ᠤᠣ ᠮᠠᠨ ᠪᠢᠨ᠂ ᠰᠡᠳᠬᠢᠯ ᠢᠶᠠᠨ ᠨᠢᠭᠡᠳᠬᠡᠨ ᠰᠥᠭ ᠰᠥᠯᠳᠡᠷ ᠢ ᠰᠠᠶᠢᠲᠤᠷ ᠱᠣᠭᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ | ᠬᠡᠷ ᠣᠷᠣᠨ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠬᠠᠮᠤᠭ ᠤᠨ ᠰᠠᠶᠢᠨ ᠨᠤᠲᠤᠭ ᠪᠡᠯᠴᠢᠭᠡᠷ ᠢᠶᠠᠨ ᠰᠠᠨᠰᠠᠷ ᠤᠨ ᠠᠶᠠᠯᠠᠯ ᠳᠤ | ᠵᠣᠷᠢᠭᠤᠯᠤᠭᠰᠠᠨ᠂《ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠦᠷᠡᠴᠢᠯᠡᠭᠳᠡᠭᠰᠡᠨ ᠨᠢ》 ᠵᠡᠷᠭᠡ ᠦᠨᠳᠦᠰᠦᠲᠡᠨ ᠤ ᠪᠦᠯᠬᠦᠮᠳᠡᠯ ᠤᠨ ᠥᠯᠢᠭᠡᠷ | ᠢ ᠭᠦᠶᠴᠡᠳ ᠠᠭᠤᠳᠠᠯᠤᠨ ᠠᠮᠢᠳᠤᠯᠢᠭ ᠢᠶᠠᠷ ᠢᠯᠡᠷᠡᠭᠦᠯᠵᠦ᠂ ᠨᠠᠮ ᠤᠨ ᠲᠤᠭ ᠤᠨ ᠳᠣᠤᠷ᠎ᠠ《ᠪᠣᠯᠣᠳ ᠲᠡᠮᠦᠷ》 ᠪᠣᠯᠵᠤ ᠪᠦᠯᠬᠦᠮᠳᠡᠵᠦ᠂ ᠰᠡᠳᠬᠢᠯ ᠢᠶᠠᠨ ᠨᠢᠭᠡᠳᠬᠡᠨ | ᠬᠦᠴᠦ ᠪᠠᠨ ᠬᠠᠮᠲᠤᠳᠬᠠᠵᠤ᠂ 《ᠭᠤᠷᠪᠠᠨ ᠰᠠᠯᠵᠤ ᠴᠢᠳᠠᠬᠤ ᠥᠬᠡᠶ》᠂《ᠲᠠᠪᠤᠨ ᠮᠡᠳᠡᠷᠡᠬᠦᠢ》 ᠶᠢᠨ ᠣᠶᠢᠯᠠᠭᠠᠭᠳᠠᠬᠤᠨ ᠢ ᠦᠨᠳᠦᠰᠦᠲᠡᠨ ᠨᠦᠭᠦᠳ ᠤᠨ ᠣᠯᠠᠨ | ᠲᠦᠮᠡᠨ ᠤ ᠰᠡᠳᠬᠢᠯ ᠳᠤ ᠭᠦᠨ ᠬᠠᠳᠠᠩᠰᠢᠭᠤᠯᠬᠤ ᠶᠢ ᠪᠣᠳᠠᠲᠠᠢ ᠲᠥᠷᠥᠭᠳᠡᠯ ᠲᠠᠢ ᠪᠦᠲᠦᠮᠵᠢᠲᠡᠶ ᠠᠬᠢᠭᠤᠯᠬᠤ ᠬᠡᠷᠡᠭᠲᠡᠢ︔ ᠠᠷᠠᠳ ᠲᠤ ᠠᠰᠢᠭ ᠬᠦᠷᠲᠡᠭᠡᠬᠦ | ᠠᠵᠢᠯ ᠢ ᠰᠠᠶᠢᠲᠤᠷ ᠠᠳᠬᠤᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠢᠯᠢ | ᠬᠢᠵᠠᠭᠠᠷ ᠢ ᠪᠠᠬᠢᠵᠢᠭᠦᠯᠦᠨ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ | ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠵᠥᠷᠢᠶ᠎ᠡ ᠶᠢ ᠲᠠᠰᠤᠷᠠᠯᠳᠠ ᠦᠭᠡᠢ ᠪᠠᠭᠠᠰᠬᠠᠵᠤ᠂ | ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠶᠢ ᠨᠡᠩ ᠢᠯᠡᠷᠬᠡᠢ ᠮᠥᠨ ᠴᠢᠨᠠᠷ ᠤᠨ ᠠᠬᠢᠴᠠ ᠲᠠᠢ ᠪᠣᠯᠭᠠᠬᠤ ᠬᠡᠷᠡᠭᠲᠡᠢ︔ ᠰᠡᠳᠬᠢᠯ ᠵᠢᠷᠦᠬᠡ ᠪᠠᠨ ᠬᠤᠯᠪᠣᠯᠴᠠᠬᠤ | ᠠᠵᠢᠯ ᠢ ᠰᠠᠶᠢᠲᠤᠷ ᠬᠢᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠪᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠤᠯᠲᠠ ᠶᠢ ᠭᠦᠨᠵᠡᠭᠡᠢ | ᠥᠷᠨᠢᠭᠦᠯᠵᠦ᠂ ᠰᠢᠭᠢᠳᠬᠡᠯᠳᠦ ᠮᠠᠶ᠋ᠢᠭ ᠤᠨ ᠨᠡᠶᠢᠭᠡᠮ ᠤᠨ ᠪᠦᠲᠦᠴᠡ ᠪᠣᠯᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠢᠳᠡᠪᠬᠢᠲᠡᠢ ᠪᠠᠶᠢᠭᠤᠯᠵᠤ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠭᠦᠨᠵᠡᠭᠡᠶᠢᠷᠡᠭᠦᠯᠵᠦ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ | ᠪᠦᠯᠬᠦᠮᠳᠡᠬᠦ ᠶᠢ ᠠᠬᠢᠭᠤᠯᠬᠤ ᠬᠡᠷᠡᠭᠲᠡᠢ︔ ᠰᠠᠶᠢᠨ ᠬᠠᠤᠯᠢ ᠪᠠᠷ ᠴᠢᠳᠠᠮᠠᠭᠠᠢ ᠵᠠᠰᠠᠬᠤ ᠠᠵᠢᠯ ᠢ ᠰᠠᠶᠢᠲᠤᠷ ᠬᠢᠵᠦ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠪᠠᠷ | ᠵᠠᠰᠠᠬᠤ ᠶᠢ ᠪᠠᠷᠢᠮᠲᠠᠯᠠᠵᠤ᠂ ᠦᠨᠳᠦᠰᠦᠲᠡᠨ ᠤ ᠬᠦᠷᠢᠶᠡᠨ ᠳᠠᠬᠢ ᠡᠯ᠎ᠡ ᠵᠦᠶᠯ ᠤᠨ ᠠᠶᠤᠯ ᠲᠦᠭᠰᠢᠭᠦᠷᠢ ᠬᠡᠮ ᠰᠣᠭᠤᠭ ᠢ ᠪᠦᠲᠦᠮᠵᠢᠲᠡᠶ ᠰᠡᠷᠭᠡᠶᠢᠯᠡᠵᠦ᠂ ᠡᠬᠡ ᠤᠯᠤᠰ | ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ | ᠲᠦᠪᠰᠢᠷᠡᠨ ᠪᠦᠯᠬᠦᠮᠳᠡᠭᠰᠡᠨ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠥᠬᠡᠶ ᠪᠠᠬᠢᠵᠢᠭᠦᠯᠦᠨ ᠬᠥᠭᠵᠢᠭᠦᠯᠬᠦ ᠬᠡᠷᠡᠭᠲᠡᠶ ᠭᠡᠵᠦ ᠢᠯᠡᠷᠬᠡᠶᠢᠯᠡᠪᠡ᠃ | ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠬᠡᠦᠬᠡᠳ ᠪᠠᠭᠠᠴᠤᠳ ᠠᠴᠠ ᠡᠬᠢᠯᠡᠨ ᠠᠳᠬᠤᠨ᠎ᠠ | ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠤᠳᠤᠯᠭ᠎ᠠ᠂ ᠨᠠᠮ ᠤᠨ ᠶᠡᠭᠡ ᠪᠤᠳᠤᠯᠭ᠎ᠠ ᠮᠥᠨ᠃ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ | ᠶᠢᠨ ᠵᠢᠱᠢᠶᠡᠴᠢ ᠬᠤᠪᠢ ᠬᠥᠮᠦᠨ᠂ ᠦᠬᠠᠶ ᠬᠤᠲᠠ ᠶᠢᠨ ᠬᠠᠶᠢᠷᠤᠪ ᠤᠨ ᠲᠣᠬᠤᠶ ᠲᠣᠭᠤᠷᠢᠭ ᠤᠨ ᠬᠤᠶᠠᠳᠤᠭᠠᠷ ᠬᠡᠦᠬᠡᠳ ᠤᠨ ᠴᠡᠴᠡᠷᠯᠢᠭ ᠤᠨ ᠨᠠᠮ ᠤᠨ ᠡᠭᠦᠷ ᠤᠨ | ᠱᠦᠵᠢ᠂ ᠴᠡᠴᠡᠷᠯᠢᠭ ᠤᠨ ᠳᠠᠷᠤᠭ᠎ᠠ ᠸᠠᠩ ᠰᠦ᠋ ᠮᠧᠶ ᠢᠯᠡᠷᠬᠡᠶᠢᠯᠡᠬᠦ ᠳᠤ ᠪᠠᠨ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠠᠵᠢᠯᠲᠠᠳ | ᠬᠡᠦᠬᠡᠳ ᠤᠨ ᠨᠠᠰᠤᠨ ᠲᠤᠷᠰᠢᠳᠠ ᠰᠤᠷᠤᠯᠴᠠᠬᠤ ᠪᠠ ᠬᠥᠭᠵᠢᠬᠦ ᠳᠤ ᠰᠠᠭᠤᠷᠢ ᠲᠠᠯᠪᠢᠬᠤ ᠰᠤᠷᠭᠠᠨ ᠬᠥᠮᠦᠵᠢᠯ ᠤᠨ ᠡᠭᠦᠷᠭᠡ ᠶᠢ ᠡᠭᠦᠷᠭᠡᠯᠡᠵᠦ ᠪᠠᠶᠢᠭ᠎ᠠ ᠪᠣᠯᠬᠤᠷ | ᠬᠡᠦᠬᠡᠳ ᠤᠳ ᠲᠤ《ᠬᠥᠮᠦᠨ ᠤ ᠠᠮᠢᠳᠤᠷᠠᠯ ᠤᠨ ᠠᠩᠬᠠᠨ ᠤ ᠲᠣᠪᠴᠢ ᠶᠢ ᠰᠠᠶᠢᠲᠤᠷ ᠲᠣᠪᠴᠢᠯᠠᠵᠤ ᠥᠭᠬᠦ︾ ᠬᠡᠷᠡᠭᠲᠡᠶ᠃ ᠪᠢᠳᠡ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠢ ᠬᠡᠦᠬᠡᠳ ᠪᠠᠭᠠᠴᠤᠳ ᠠᠴᠠ ᠡᠬᠢᠯᠡᠨ ᠠᠳᠬᠤᠬᠤ ᠣᠶᠢᠯᠠᠭᠠᠭᠳᠠᠬᠤᠨ | ᠢ ᠴᠢᠷᠮᠠᠶᠢᠨ ᠦᠢᠯᠡᠳᠦᠯᠭᠡᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠤᠳᠠᠲᠠᠢ ᠲᠦᠷᠦᠭᠳᠡᠯ ᠲᠠᠢ ᠪᠦᠲᠦᠮᠵᠢᠲᠡᠢ | ᠪᠠᠲᠤᠳᠬᠠᠬᠤ ᠬᠡᠷᠡᠭᠲᠡᠢ ᠭᠡᠵᠡᠢ᠃ | ᠬᠡᠷᠬᠢᠨ ᠬᠡᠦᠬᠡᠳ ᠢ ᠬᠠᠪᠰᠤᠷᠴᠤ《ᠬᠥᠮᠦᠨ ᠤ ᠠᠮᠢᠳᠤᠷᠠᠯ ᠤᠨ ᠠᠩᠬᠠᠨ ᠤ ᠲᠣᠪᠴᠢ ᠢ ᠰᠠᠶᠢᠲᠤᠷ ᠲᠣᠪᠴᠢᠯᠠᠬᠤ》 ᠪᠢᠯᠡ︖ ᠸᠠᠩ ᠰᠦ᠋ ᠮᠧᠶ᠄《ᠪᠢ | ᠪᠠᠭᠰᠢ ᠨᠠᠷ ᠢ ᠳᠠᠭᠠᠭᠤᠯᠤᠨ ᠦᠨᠳᠦᠰᠦᠲᠡᠨ ᠤ ᠪᠦᠯᠬᠦᠮᠳᠡᠯ ᠤᠨ ᠬᠢᠴᠢᠶᠡᠯ ᠤᠨ ᠥᠭᠡᠷᠡᠴᠢᠯᠡᠯᠲᠡ ᠶᠢ ᠦᠷᠭᠦᠯᠵᠢᠯᠡᠨ ᠬᠢᠵᠦ᠂ ᠬᠢᠴᠢᠶᠡᠯ ᠤᠨ ᠠᠭᠤᠯᠭ᠎ᠠ ᠶᠢ | ᠪᠠᠶᠠᠯᠢᠭᠵᠢᠭᠤᠯᠵᠤ᠂ 〈ᠦᠵᠡᠰᠬᠦᠯᠡᠩᠲᠦ ᠰᠠᠶᠢᠬᠠᠨ ᠳᠤᠮᠳᠠᠳᠤ ᠤᠯᠤᠰ〉᠂ 〈ᠠᠨᠠᠷ ᠤᠨ ᠦᠷ᠎ᠡ ᠶᠢᠨ ᠬᠢᠴᠢᠶᠡᠯ ᠤᠨ ᠲᠠᠩᠬᠢᠮ〉᠂ 〈ᠦᠨᠳᠦᠰᠦᠲᠡᠨ ᠤ | ᠪᠦᠯᠬᠦᠮᠳᠡᠯ ᠤᠨ ᠥᠯᠢᠭᠡᠷ ᠢ ᠪᠢ ᠶᠠᠷᠢᠵᠤ ᠴᠢᠳᠠᠨ᠎ᠠ〉 ᠵᠡᠷᠭᠡ ᠬᠢᠴᠢᠶᠡᠯ ᠢᠶᠠᠷ ᠳᠠᠮᠵᠢᠭᠤᠯᠤᠨ ᠬᠡᠦᠬᠡᠳ ᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠬᠥᠮᠦᠵᠢᠯ ᠬᠢᠨ᠎ᠡ᠃ ᠬᠡᠦᠬᠡᠳ ᠤᠨ ᠴᠡᠴᠡᠷᠯᠢᠭ ᠢᠶᠠᠷ ᠬᠤᠯᠪᠣᠭᠠᠰᠤ ᠪᠣᠯᠭᠠᠵᠤ᠂ ᠭᠡᠷ ᠪᠦᠯᠢ᠂ ᠨᠡᠶᠢᠭᠡᠮ ᠲᠣᠭᠤᠷᠢᠭ ᠲᠠᠢ ᠦᠷᠭᠦᠯᠵᠢᠯᠡᠨ ᠬᠤᠯᠪᠣᠭᠠᠯᠠᠨ〈ᠬᠥᠭᠡᠷᠦᠬᠦᠨ | ᠬᠡᠦᠬᠡᠳ ᠰᠦᠮ᠎ᠡ ᠶᠢᠨ ᠬᠤᠷᠠᠯ ᠢ ᠲᠣᠭᠤᠷᠢᠭᠰᠠᠨ ᠨᠢ〉᠂ 〈ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠶᠢᠨ ᠬᠢᠨ ᠮᠡᠲᠦ ᠳᠣᠲᠣᠨᠣ ᠪᠠᠶᠢᠵᠤ᠂ ᠰᠡᠳᠬᠢᠯ | ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ〉ᠵᠡᠷᠭᠡ ᠭᠤᠣᠯ ᠰᠡᠳᠦᠪᠲᠦ ᠠᠵᠢᠯᠯᠠᠭ᠎ᠠ ᠶᠢ ᠬᠠᠮᠲᠤ ᠪᠠᠷ ᠰᠠᠶᠢᠲᠤᠷ ᠥᠷᠨᠢᠭᠦᠯᠵᠦ᠂ ᠭᠡᠷ ᠤᠨ | ᠠᠬᠠᠮᠠᠳ ᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭ᠎ᠠ ᠶᠢ ᠤᠬᠠᠭᠤᠯᠤᠨ᠎ᠠ᠃ ᠪᠢᠳᠡ ᠪᠠᠰᠠ ᠵᠢᠱᠢᠶᠡᠴᠢ ᠳᠠᠭᠠᠭᠤᠯᠬᠤ ᠦᠶᠯᠡᠳᠦᠯ ᠢᠶᠠᠨ | ᠪᠠᠳᠠᠷᠠᠭᠤᠯᠵᠤ᠂ 〈ᠬᠠᠮᠲᠤ ᠪᠠᠷ ᠰᠤᠷᠤᠯᠴᠠᠵᠤ ᠬᠠᠮᠲᠤ ᠪᠠᠷ ᠳᠠᠪᠰᠢᠵᠤ ᠭᠠᠷ ᠭᠠᠷ ᠢᠶᠠᠨ ᠬᠤᠯᠪᠣᠯᠴᠠᠬᠤ〉 ᠠᠵᠢᠯᠯᠠᠭ᠎ᠠ ᠥᠷᠨᠢᠭᠦᠯᠵᠦ᠂ ᠪᠤᠰᠤᠳ ᠬᠡᠦᠬᠡᠳ ᠤᠨ | ᠴᠡᠴᠡᠷᠯᠢᠭ ᠢ ᠬᠥᠲᠥᠯᠥᠨ ᠳᠠᠭᠠᠭᠤᠯᠵᠤ ᠪᠠᠶᠢᠭᠠᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠬᠠᠮᠲᠤ ᠪᠠᠷ ᠰᠠᠶᠢᠲᠤᠷ ᠬᠢᠨ᠎ᠡ᠃ | ᠡᠭᠦᠨ ᠤ ᠬᠠᠮᠲᠤ᠂ ᠪᠢᠳᠡ ᠦᠷᠭᠦᠯᠵᠢᠯᠡᠨ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ 〈ᠪᠢᠳᠡᠨ ᠤ ᠪᠠᠶᠠᠷ ᠤᠨ ᠡᠳᠦᠷ〉 ᠢᠶᠠᠷ ᠠᠴᠢᠶᠠᠯᠠᠪᠤᠷᠢ ᠪᠣᠯᠭᠠᠵᠤ᠂ | ᠨᠢᠯᠬ᠎ᠠ ᠬᠡᠦᠬᠡᠳ ᠲᠤ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠬᠥᠮᠦᠵᠢᠯ ᠢ ᠬᠦᠷᠲᠡᠭᠡᠵᠦ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ | ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠶᠢᠨ | ᠲᠥᠯᠥᠭᠡ ᠴᠢᠷᠮᠠᠶᠢᠨ ᠲᠡᠮᠡᠴᠡᠨ᠎ᠡ》ᠭᠡᠪᠡ᠃ | | ᠲᠤᠰᠬᠠᠶ ᠮᠡᠷᠭᠡᠵᠢᠯᠲᠡᠨ ᠥᠭᠦᠯᠡᠬᠦᠢ | ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠳᠡᠳ᠋ ᠫᠷᠤᠹᠧᠰᠰᠤᠷ ᠨᠢ ᠫᠢᠩ᠄ ᠰᠡᠳᠬᠢᠯ ᠢᠶᠠᠨ ᠨᠢᠭᠡᠳᠦᠨ ᠬᠦᠴᠦ ᠪᠠᠨ ᠬᠠᠮᠲᠤᠳᠬᠠᠵᠤ 《ᠵᠢᠱᠢᠶᠡᠴᠢ | ᠥᠪᠡᠷᠲᠡᠭᠡᠨ ᠵᠠᠰᠠᠬᠤ ᠣᠷᠣᠨ》 ᠤ ᠡᠷᠬᠢᠮ ᠳᠡᠭᠡᠳᠦ ᠢᠷᠠᠭᠤ ᠠᠯᠳᠠᠷ ᠢ ᠰᠠᠬᠢᠨ ᠬᠠᠮᠠᠭᠠᠯᠠᠬᠤ ᠬᠡᠷᠡᠭᠲᠡᠶ᠃ | ᠮᠠᠨ ᠤ ᠨᠠᠮ ᠤᠨ ᠤᠳᠤᠷᠢᠳᠤᠭᠰᠠᠨ ᠬᠤᠪᠢᠰᠬᠠᠯ᠂ ᠪᠦᠳᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢᠨ ᠤᠷᠳᠤ ᠬᠤᠭᠤᠴᠠᠭᠠᠨ ᠤ ᠲᠡᠦᠬᠡᠨ ᠬᠥᠭᠵᠢᠯᠲᠡ | ᠳᠤᠮᠳᠠ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠶᠡᠭᠡ ᠶᠣᠰᠣ ᠶᠢ ᠮᠡᠳᠡᠬᠦ᠂ ᠶᠡᠭᠡ ᠲᠠᠯ᠎ᠠ ᠶᠢ ᠬᠠᠷᠠᠭᠠᠯᠵᠠᠬᠤ᠂ ᠬᠡᠪ ᠨᠠᠮᠪᠠ ᠶᠢ ᠡᠷᠬᠢᠮᠯᠡᠬᠦ᠂ | ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ᠂ ᠬᠠᠷᠢᠭᠤᠴᠠᠯᠭ᠎ᠠ ᠡᠭᠦᠷᠭᠡᠯᠡᠬᠦ ᠭᠦᠨ ᠭᠦᠨᠵᠡᠭᠡᠢ ᠬᠠᠮᠲᠤ ᠶᠢᠨ ᠲᠠᠨᠢᠯᠲᠠ ᠪᠠ ᠡᠷᠬᠢᠮ ᠨᠠᠨᠳᠢᠨ ᠵᠠᠩ ᠴᠢᠨᠠᠷ ᠢ | ᠪᠦᠷᠢᠯᠳᠦᠭᠦᠯᠵᠦ᠂ ᠦᠨᠳᠦᠰᠦᠲᠡᠨ ᠤ ᠪᠦᠯᠬᠦᠮᠳᠡᠯ ᠤᠨ ᠠᠯᠢ ᠤᠯᠠᠨ ᠰᠠᠶᠢᠬᠠᠨ ᠦᠯᠢᠭᠡᠷ ᠢ ᠪᠢᠴᠢᠭᠯᠡᠵᠡᠢ᠃ ᠰᠢᠨ᠎ᠡ ᠠᠶᠠᠨ ᠳᠤ ᠮᠣᠷᠳᠠᠵᠤ᠂ ᠰᠢᠨ᠎ᠡ ᠡᠭᠦᠷᠭᠡ ᠶᠢ | ᠬᠦᠯᠢᠶᠡᠨ ᠠᠪᠬᠤ ᠳᠤ᠂ ᠪᠢᠳᠡᠨ ᠤ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠨ ᠵᠠᠯᠭᠠᠮᠵᠢᠯᠠᠵᠤ᠂ ᠬᠢᠯᠪᠠᠷ ᠪᠤᠰᠤ ᠪᠠᠷ | ᠣᠯᠵᠤ ᠢᠷᠡᠭᠰᠡᠨ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠪᠠᠶᠢᠳᠠᠯ ᠢ ᠨᠠᠨᠳᠢᠩᠨᠠᠵᠤ᠂ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ | ᠰᠣᠨᠣᠰᠴᠤ᠂ ᠨᠠᠮ ᠢᠶᠠᠨ ᠳᠠᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠦᠨᠳᠦᠰᠦᠲᠡᠨ | ᠤ ᠪᠦᠯᠬᠦᠮᠳᠡᠯ ᠤᠨ ᠶᠡᠭᠡ ᠲᠠᠯ᠎ᠠ ᠶᠢ ᠲᠠᠰᠤᠷᠠᠯᠲᠠ ᠥᠬᠡᠶ ᠪᠠᠬᠢᠵᠢᠭᠦᠯᠦᠨ ᠬᠥᠭᠵᠢᠭᠦᠯᠬᠦ ᠶᠢ ᠱᠠᠭᠠᠷᠳᠠᠵᠤ ᠪᠠᠶᠢᠨ᠎ᠠ᠃ | ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠣᠨᠣᠪᠴᠢᠲᠠᠢ | ᠡᠵᠡᠮᠳᠡᠬᠦ ᠪᠠ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠤᠨᠤᠯ ᠤᠨ ᠰᠤᠳᠤᠯᠭᠠᠨ ᠢ ᠴᠢᠩᠭᠠᠳᠬᠠᠵᠤ᠂ ᠶᠠᠷᠢᠶ᠎ᠠ | ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠨ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠶᠢ ᠪᠦᠷᠢᠯᠳᠦᠭᠦᠯᠬᠦ ᠬᠡᠷᠡᠭᠲᠡᠢ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ ᠪᠤᠢ | ᠪᠦᠬᠦᠢ ᠠᠵᠢᠯ ᠢ ᠡᠭᠦᠨ ᠳᠤ ᠲᠥᠪᠯᠡᠷᠡᠭᠦᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ | ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠣᠳᠣᠬᠢᠴᠢᠯᠠᠭᠰᠠᠨ ᠪᠦᠳᠦᠭᠡᠨ ᠪᠠᠶᠢᠭᠤᠯᠤᠯᠲᠠ ᠶᠢᠨ ᠠᠯᠬᠤᠴᠠ ᠪᠠᠨ ᠲᠦᠷᠭᠡᠳᠬᠡᠨ ᠠᠬᠢᠭᠤᠯᠵᠤ᠂ ᠦᠨᠳᠦᠰᠦᠲᠡᠨ | ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠢᠳᠡᠪᠬᠢᠲᠡᠢ ᠠᠬᠢᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠦᠨᠳᠦᠰᠦᠲᠡᠨ ᠤ ᠬᠦᠷᠢᠶᠡᠨ ᠳᠠᠬᠢ ᠬᠦᠨᠳᠦ ᠶᠡᠭᠡ ᠠᠶᠤᠯ | ᠲᠦᠭᠰᠢᠭᠦᠷᠢ ᠭᠡᠮ ᠰᠣᠭᠤᠭ ᠢ ᠡᠷᠡᠰ ᠰᠡᠷᠭᠡᠶᠢᠯᠡᠵᠦ᠂ ᠤᠯᠤᠰ ᠤᠨ ᠨᠢᠭᠡᠳᠦᠯ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠴᠢᠬᠤᠯᠠ ᠶᠡᠭᠡ ᠤᠯᠤᠰ ᠲᠦᠷᠦ ᠶᠢᠨ | ᠬᠠᠷᠢᠭᠤᠴᠠᠯᠭ᠎ᠠ ᠶᠢ ᠡᠭᠦᠷᠭᠡᠯᠡᠵᠦ᠂ ᠰᠠᠶᠢᠲᠤᠷ ᠭᠦᠢᠴᠡᠳᠬᠡᠬᠦ ᠬᠡᠷᠡᠭᠲᠡᠢ᠃ | ᠦᠨᠳᠦᠰᠦᠲᠡᠨ ᠤ ᠠᠵᠢᠯ ᠳᠠᠬᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠲᠠᠰᠤᠷᠠᠯᠲᠠ ᠥᠬᠡᠶ ᠴᠢᠩᠭᠠᠳᠬᠠᠨ ᠲᠡᠭᠦᠯᠳᠡᠷᠵᠢᠭᠦᠯᠵᠦ᠂ ᠨᠠᠮ ᠤᠨ | ᠤᠳᠤᠷᠢᠳᠤᠯᠭ᠎ᠠ ᠶᠢ ᠦᠨᠳᠦᠰᠦᠲᠡᠨ ᠤ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ | ᠢ ᠰᠢᠶᠳᠪᠦᠷᠢᠯᠡᠬᠦ ᠵᠥᠪ ᠵᠠᠮ ᠢᠶᠠᠷ ᠭᠤᠶᠢᠪᠢᠰᠢ ᠥᠬᠡᠶ ᠵᠠᠮᠨᠠᠵᠤ᠂ ᠦᠨᠳᠦᠰᠦᠲᠡᠨ ᠨᠦᠭᠦᠳ ᠤᠨ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ | ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠶ ᠳᠡᠭᠡᠳᠦ ᠬᠡᠮᠵᠢᠶᠡᠨ ᠤ | ᠮᠡᠳᠡᠷᠡᠬᠦᠢ ᠪᠠᠨ ᠪᠠᠲᠤᠳᠬᠠᠵᠤ᠂ 《ᠵᠢᠱᠢᠶᠡᠴᠢ ᠥᠪᠡᠷᠲᠡᠭᠡᠨ ᠵᠠᠰᠠᠬᠤ ᠣᠷᠣᠨ》 ᠤ ᠡᠷᠬᠢᠮ ᠳᠡᠭᠡᠳᠦ ᠢᠷᠠᠭᠤ ᠠᠯᠳᠠᠷ ᠢᠶᠠᠨ ᠦᠷᠭᠦᠯᠵᠢᠯᠡᠨ ᠬᠠᠮᠠᠭᠠᠯᠠᠵᠤ᠂ ᠨᠡᠶᠢᠭᠡᠮ | ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠥᠬᠦ | ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠶ᠃ |