ᠭᠦᠨᠵᠡᠭᠡᠢ ᠰᠤᠷᠤᠯᠴᠠᠵᠤ ᠨᠡᠪᠲᠡᠷᠡᠲᠡᠯ᠎ᠡ ᠣᠶᠢᠯᠠᠭᠠᠵᠦ ᠰᠡᠳᠬᠢᠯ ᠵᠢᠷᠦᠬᠡᠨ ᠳᠤ ᠪᠠᠨ ᠬᠠᠳᠠᠩᠰᠢᠭᠤᠯᠤᠨᠠᠮ︱ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠲᠡᠷᠡ ᠶᠣᠰᠣᠭᠠᠷ ᠢᠶᠠᠷ ᠨᠢ᠂ ᠦᠭᠡ ᠥᠭᠦᠯᠡᠪᠦᠷᠢ ᠳᠠᠷᠠᠭᠠᠯᠠᠨ ᠲᠤᠰᠬᠠᠢ ᠰᠡᠳᠦᠪ ᠢᠶᠠᠷ ᠰᠤᠷᠤᠯᠴᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/11/28
      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠭᠦᠨᠵᠡᠭᠡᠢ ᠰᠤᠷᠤᠯᠴᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠮᠡᠳᠡᠭᠳᠡᠯ ᠳᠠᠷᠤᠮᠠᠯᠯᠠᠨ ᠲᠠᠷᠬᠠᠭᠠᠵᠤ᠂ ᠪᠠᠶᠢᠭᠤᠯᠭ᠎ᠠ ᠶᠢᠨ ᠪᠦᠬᠦ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠲᠡᠷᠡ ᠶᠣᠰᠣᠭᠠᠷ ᠢᠶᠠᠷ ᠨᠢ᠂ ᠦᠭᠡ ᠥᠭᠦᠯᠡᠪᠦᠷᠢ ᠳᠠᠷᠠᠭᠠᠯᠠᠨ ᠲᠤᠰᠬᠠᠢ ᠰᠡᠳᠦᠪ ᠢᠶᠠᠷ ᠰᠤᠷᠤᠯᠴᠠᠵᠤ᠂ ︽ᠲᠠᠪᠤ ᠶᠢ ᠪᠠᠲᠤ ᠡᠵᠡᠮᠳᠡᠬᠦ︾ ᠴᠢᠬᠤᠯᠠ ᠱᠠᠭᠠᠷᠳᠠᠯᠭ᠎ᠠ ᠪᠠᠷ ᠪᠠᠷᠢᠮᠵᠢᠶᠠᠯᠠᠨ ᠬᠠᠷᠭᠤᠭᠤᠯᠵᠦ᠂ ᠢᠯᠡᠳᠬᠡᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠵᠦᠪ ᠣᠨᠣᠪᠴᠢᠲᠠᠢ ᠪᠥᠭᠡᠳ ᠭᠦᠨᠵᠡᠭᠡᠢ ᠡᠵᠡᠮᠰᠢᠵᠦ᠂ ᠢᠯᠠᠩᠭᠤᠶ᠎ᠠ ᠦᠨᠳᠦᠰᠦᠲᠡᠨ ᠤ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠢᠯᠡᠳᠬᠡᠯ ᠤᠨ ᠵᠣᠷᠢᠭ ᠰᠠᠨᠠᠭ᠎ᠠ ᠪᠠᠷ ᠦᠨᠡᠨ ᠬᠦ ᠤᠶᠤᠨ ᠰᠠᠨᠠᠭ᠎ᠠ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ ᠠᠵᠢᠯ ᠢᠶᠠᠨ ᠠᠬᠢᠭᠤᠯᠬᠤ ᠶᠢ ᠱᠠᠭᠠᠷᠳᠠᠪᠠ᠃      ᠪᠥᠬᠦ ᠠᠵᠢᠯᠲᠠᠨ ᠢ ᠬᠠᠮᠤᠷᠬᠤ ᠶᠢ ᠠᠳᠬᠤᠵᠤ᠂ ᠬᠠᠮᠲᠤ ᠶᠢᠨ ᠰᠤᠷᠤᠯᠴᠠᠯᠭ᠎ᠠ ᠶᠢ ᠯᠠᠪᠳᠠᠭᠤᠨ ᠢᠶᠠᠷ ᠠᠬᠢᠭᠤᠯᠪᠠ᠃ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ  ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠲᠦᠷᠦᠭᠦᠯᠡᠨ ᠤᠭ ᠵᠣᠬᠢᠶᠠᠯ ᠢ ᠰᠤᠷᠤᠯᠴᠠᠵᠤ ᠣᠩᠰᠢᠵᠦ ᠤᠭ ᠶᠣᠰᠣ ᠶᠢ ᠣᠶᠢᠯᠠᠭᠠᠵᠤ᠂ ᠡᠯ᠎ᠡ ᠨᠠᠮ ᠤᠨ ᠡᠭᠦᠷ ᠤᠨ ᠱᠦᠵᠢ ᠳᠠᠭᠠᠭᠤᠯᠤᠨ ᠰᠤᠷᠤᠯᠴᠠᠬᠤ᠂ ᠬᠠᠮᠲᠤ ᠪᠠᠷ ᠰᠤᠳᠤᠯᠤᠨ ᠰᠤᠷᠤᠯᠴᠠᠬᠤ᠂ ᠨᠠᠮ ᠤᠨ ᠭᠡᠰᠢᠭᠦᠨ ᠥᠪᠡᠷ ᠢᠶᠠᠨ ᠰᠤᠷᠤᠯᠴᠠᠬᠤ ᠶᠢ ᠥᠷᠨᠢᠭᠦᠯᠵᠦ᠂ ᠢᠯᠡᠳᠬᠡᠯ ᠤᠨ ᠤᠭ ᠵᠣᠬᠢᠶᠠᠯ ᠢ ᠲᠠᠬᠢᠨ ᠳᠠᠪᠲᠠᠨ ᠰᠤᠷᠤᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠰᠤᠷᠤᠯᠴᠠᠯᠭ᠎ᠠ ᠤᠬᠠᠭᠤᠯᠭ᠎ᠠ ᠪᠦᠬᠦ ᠨᠠᠮ ᠤᠨ ᠭᠡᠰᠢᠭᠦᠨ ᠺᠠᠳ᠋ᠷᠴᠤᠳ ᠢ ᠬᠠᠮᠤᠷᠬᠤ ᠶᠢ ᠦᠨᠡᠨ ᠬᠦ ᠪᠠᠳᠤᠯᠠᠪᠠ᠃ ᠢᠯᠡᠳᠬᠡᠯ ᠢ ᠲᠡᠷᠡ ᠶᠣᠰᠣᠭᠠᠷ ᠢᠶᠠᠷ ᠨᠢ ᠦᠭᠡ ᠥᠭᠦᠯᠡᠪᠦᠷᠢ ᠳᠠᠷᠠᠭᠠᠯᠠᠨ ᠰᠤᠳᠤᠯᠤᠨ ᠤᠩᠰᠢᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠴᠢᠬᠤᠯᠠ ᠦᠵᠡᠯ ᠰᠠᠨᠠᠭ᠎ᠠ᠂ ᠴᠢᠬᠤᠯᠠ ᠶᠡᠭᠡ ᠦᠵᠡᠯᠲᠡ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠶᠯᠡ ᠠᠵᠢᠯᠯᠠᠭᠠᠨ ᠤ ᠤᠬᠠᠮᠰᠠᠷ ᠢᠶᠠᠨ ᠴᠢᠩᠭᠠᠳᠬᠠᠵᠤ᠂ ᠦᠨᠳᠦᠰᠦᠲᠡᠨ ᠤ ᠠᠵᠢᠯ ᠤᠨ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠤᠶᠢᠯᠡᠳᠦᠯᠭᠡᠵᠢᠭᠦᠯᠪᠡ᠃      ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠠᠳᠬᠤᠵᠤ᠂ ᠤᠨᠤᠯ ᠤᠨ ᠰᠢᠯᠭᠠᠯᠲᠠ ᠶᠢ ᠨᠠᠷᠢᠨ ᠬᠢᠨᠠᠮᠠᠭᠠᠢ ᠶᠠᠪᠤᠭᠳᠠᠭᠤᠯᠪᠠ᠃ ᠡᠯ᠎ᠡ ᠨᠠᠮ ᠤᠨ ᠡᠭᠦᠷ ᠢ ᠵᠣᠬᠢᠶᠠᠨ ᠪᠠᠶᠢᠭᠤᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠤᠭ ᠵᠣᠬᠢᠶᠠᠯ  ᠢ ᠨᠡᠪᠲᠡᠷᠬᠡᠢ ᠰᠤᠷᠤᠯᠴᠠᠭᠰᠠᠨ ᠰᠠᠭᠤᠷᠢᠨ ᠳᠡᠭᠡᠷ᠎ᠡ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠵᠤ᠂ ᠪᠦᠯᠦᠭ ᠬᠤᠪᠢᠶᠠᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠤᠨᠤᠯ ᠤᠨ ᠰᠢᠯᠭᠠᠯᠲᠠ ᠶᠢ15 ᠬᠤᠭᠤᠴᠠᠭ᠎ᠠ ᠨᠡᠶᠢᠲᠡ 450 ᠰᠡᠳᠦᠪ ᠭᠠᠷᠭᠠᠵᠤ᠂ ᠰᠢᠯᠭᠠᠯᠲᠠ ᠪᠠᠷ ᠰᠤᠷᠤᠯᠴᠠᠯᠭ᠎ᠠ ᠶᠢ ᠠᠬᠢᠭᠤᠯᠵᠤ᠂ ᠰᠢᠯᠭᠠᠯᠲᠠ ᠰᠤᠷᠤᠯᠴᠠᠯᠭ᠎ᠠ  ᠶᠢ ᠵᠡᠷᠭᠡ ᠪᠠᠷ ᠶᠠᠪᠤᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠪᠠᠲᠤᠳᠬᠠᠵᠤ᠂ ᠢᠯᠡᠳᠬᠡᠯ ᠤᠨ ᠵᠣᠷᠢᠭ ᠰᠠᠨᠠᠭ᠎ᠠ ᠶᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠪᠠ᠃      ᠰᠢᠩᠭᠡᠬᠡᠨ ᠠᠪᠴᠤ ᠤᠯᠠᠷᠢᠭᠤᠯᠬᠤ ᠶᠢ ᠠᠳᠬᠤᠵᠤ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ ᠶᠢ ᠭᠦᠨᠵᠡᠭᠡᠢ ᠦᠷᠨᠢᠭᠦᠯᠪᠡ᠃ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠨᠤᠯ ᠰᠤᠷᠤᠯᠴᠠᠬᠤ ᠭᠤᠣᠯ ᠳᠤᠭᠤᠶᠢᠯᠠᠩ ᠂ ᠡᠯ᠎ᠡ ᠨᠠᠮ ᠤᠨ ᠡᠭᠦᠷ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠢᠯᠡᠳᠬᠡᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ᠂ ᠦᠨᠳᠦᠰᠦᠲᠡᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠵᠤ ᠣᠶᠢᠯᠠᠭᠠᠯᠲᠠ᠂ ᠲᠦᠷᠦᠭᠳᠡᠯ᠂ ᠨᠠᠶᠢᠳᠠᠪᠤᠷᠢᠵᠢᠭᠤᠯᠤᠯᠲᠠ ᠪᠠᠨ ᠶᠠᠷᠢᠯᠴᠠᠵᠤ᠂ ᠡᠯ᠎ᠡ ᠨᠠᠮ ᠤᠨ ᠡᠭᠦᠷ ᠨᠢᠭᠡᠨᠲᠡ 27 ᠣᠳᠠᠭᠠᠨ ᠤ ᠬᠠᠮᠲᠤ ᠶᠢᠨ ᠰᠤᠳᠤᠯᠤᠨ ᠶᠠᠷᠢᠯᠴᠠᠬᠤ ᠰᠤᠷᠤᠯᠴᠠᠯᠭ᠎ᠠ ᠥᠷᠨᠢᠭᠦᠯᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠦᠵᠡᠭᠦᠯᠵᠦ᠂ ᠢᠯᠡᠳᠬᠡᠯ ᠤᠨ ᠵᠣᠷᠢᠭ ᠰᠠᠨᠠᠭ᠎ᠠ ᠶᠢ ᠦᠨᠳᠦᠰᠦᠲᠡᠨ ᠤ ᠠᠵᠢᠯ ᠤᠨ ᠡᠯ᠎ᠡ ᠲᠠᠯ᠎ᠠ ᠶᠢᠨ ᠪᠦᠬᠦ ᠶᠠᠪᠤᠴᠠ ᠳᠤ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ ᠭᠡᠵᠦ ᠪᠦᠬᠦ ᠨᠠᠮ ᠤᠨ ᠭᠡᠰᠢᠭᠦᠨ ᠺᠠᠳ᠋ᠷᠴᠤᠳ ᠢᠯᠡᠷᠬᠡᠶᠢᠯᠡᠪᠡ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ