2022 ᠣᠨ ᠤ 11 ᠳ᠋ᠦ᠋ᠭᠡᠷ ᠰᠠᠷ᠎ᠠ ᠶᠢᠨ 30 ᠤ ᠡᠳᠦᠷ ᠤᠨ 0 ᠴᠠᠭ ᠠᠴᠠ 24 ᠴᠠᠭ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 76 ᠨᠡᠮᠡᠭᠳᠡᠵᠦ᠂ ᠡᠭᠦᠨ ᠳᠤ ᠭᠦᠭᠡᠬᠤᠳᠠ ᠳᠤ 66᠂ ᠬᠥᠯᠥᠨ ᠪᠦᠢᠷ ᠬᠤᠳᠠ ᠳᠤ 2 | ︵ᠴᠥᠮ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠤᠭᠰᠠᠨ︶᠂ ᠬᠢᠩᠭᠠᠨ ᠠᠶᠢᠮᠠᠭ ᠲᠤ 1᠂ | ᠤᠯᠠᠭᠠᠨᠬᠠᠳᠠ ᠬᠤᠳᠠ ᠳᠤ 3᠂ ᠣᠷᠳᠣᠰ ᠬᠤᠲᠠ ᠳᠤ 4 ᠪᠤᠢ᠃ ᠲᠤᠬᠠᠢ ᠶᠢᠨ ᠡᠳᠦᠷ ᠢᠯᠠᠷᠢᠰᠢᠵᠤ ᠡᠮᠨᠡᠯᠭᠡ ᠠᠴᠠ ᠭᠠᠷᠤᠭᠰᠠᠨ ᠲᠤᠬᠠᠢ ᠶᠢᠨ ᠭᠠᠵᠠᠷ ᠤᠨ | ᠲᠣᠳᠣᠯᠠᠭᠰᠠᠨ ᠡᠪᠡᠳᠴᠢᠨ ᠤ ᠵᠢᠱᠢᠶ᠎ᠡ 77 ᠨᠡᠮᠡᠭᠳᠡᠵᠦ᠂ ᠡᠭᠦᠨ ᠳᠤ ᠭᠦᠭᠡᠬᠤᠳᠠ ᠳᠤ 63᠂ ᠪᠤᠭᠤᠲᠤ ᠬᠤᠲᠠ ᠳᠤ 1᠂ ᠬᠥᠯᠥᠨ ᠪᠤᠶᠢᠷ ᠬᠤᠲᠠ ᠳᠤ 1᠂ ᠬᠢᠩᠭᠠᠨ | ᠠᠶᠢᠮᠠᠭ ᠲᠤ 2᠂ ᠤᠯᠠᠭᠠᠨᠬᠠᠳᠠ ᠬᠤᠲᠠ ᠳᠤ 2᠂ ᠤᠯᠠᠭᠠᠨᠴᠠᠪ ᠬᠤᠲᠠ ᠳᠤ 2᠂ ᠣᠷᠳᠣᠰ ᠬᠤᠲᠠ ᠳᠤ 6 ᠪᠤᠢ᠃ 11 ᠳ᠋ᠦ᠋ᠭᠡᠷ ᠰᠠᠷ᠎ᠠ ᠶᠢᠨ 30 ᠤ ᠡᠳᠦᠷ ᠤᠨ 24 | ᠴᠠᠭ ᠪᠤᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠲᠣ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ 772 ᠪᠠᠶᠢᠵᠤ᠂ | ᠡᠭᠦᠨ ᠳᠤ ᠭᠦᠭᠡᠬᠤᠳᠠ ᠳᠤ 445᠂ ᠬᠥᠯᠥᠨ ᠪᠦᠢᠷ ᠬᠤᠳᠠ ᠳᠤ 107᠂ ᠬᠢᠩᠭᠠᠨ ᠠᠶᠢᠮᠠᠭ ᠲᠤ 10᠂ ᠤᠯᠠᠭᠠᠨᠬᠠᠳᠠ ᠬᠤᠲᠠ ᠳᠤ 60᠂ ᠰᠢᠯᠢ ᠶᠢᠨ ᠭᠤᠣᠯ | ᠠᠶᠢᠮᠠᠭ ᠲᠤ 2᠂ ᠤᠯᠠᠭᠠᠨᠴᠠᠪ ᠬᠤᠳᠠ ᠳᠤ 3᠂ ᠣᠷᠳᠣᠰ ᠬᠤᠲᠠ ᠳᠤ 145 ᠪᠤᠢ᠃ ᠲᠤᠬᠠᠢ ᠶᠢᠨ ᠡᠳᠦᠷ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ | ᠲᠣᠳᠣᠯᠠᠭᠰᠠᠨ ᠡᠪᠡᠳᠴᠢᠨ ᠤ ᠵᠢᠱᠢᠶ᠎ᠡ 1 ᠨᠡᠮᠡᠭᠳᠡᠨ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 2 ᠨᠡᠮᠡᠭᠳᠡᠵᠦ᠂ 2 ᠲᠣᠳᠣᠯᠠᠭᠰᠠᠨ ᠡᠪᠡᠳᠴᠢᠨ ᠤ | ᠵᠢᠱᠢᠶ᠎ᠡ ᠡᠷᠡᠭᠦᠯᠵᠢᠵᠦ ᠡᠮᠨᠡᠯᠭᠡ ᠠᠴᠠ ᠭᠠᠷᠪᠠ᠃ ᠲᠡᠳᠡᠭᠡᠷ ᠨᠢ ᠴᠥᠮ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠤᠯᠠᠨ ᠤᠯᠤᠰ ᠤᠨ ᠡᠭᠡᠯᠵᠢ ᠶᠢᠨ ᠨᠢᠰᠬᠡᠯ ᠤᠨ | ᠬᠤᠪᠢᠶᠠᠷᠢᠯᠠᠯᠲᠠ ᠪᠠᠷ ᠭᠦᠭᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠪᠠᠭᠤᠭᠰᠠᠳ ᠪᠣᠯᠣᠨ᠎ᠠ᠃ ᠲᠤᠬᠠᠢ ᠶᠢᠨ ᠡᠳᠦᠷ | ᠲᠤᠬᠠᠢ ᠶᠢᠨ ᠭᠠᠵᠠᠷ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 258 ᠨᠡᠮᠡᠭᠳᠡᠵᠦ᠂ ᠡᠭᠦᠨ ᠳᠤ ᠭᠦᠭᠡᠬᠤᠳᠠ ᠳᠤ 99᠂ ᠪᠤᠭᠤᠲᠤ ᠬᠤᠳᠠ ᠳᠤ 25᠂ | ᠬᠥᠯᠥᠨ ᠪᠦᠢᠷ ᠬᠤᠳᠠ ᠳᠤ 3᠂ ᠬᠢᠩᠭᠠᠨ ᠠᠶᠢᠮᠠᠭ ᠲᠤ 39᠂ ᠲᠦᠩᠯᠢᠶᠣᠣ ᠬᠤᠲᠠ ᠳᠤ 14᠂ ᠤᠯᠠᠭᠠᠨᠬᠠᠳᠠ ᠬᠤᠲᠠ ᠳᠤ 13᠂ ᠰᠢᠯᠢ ᠶᠢᠨ ᠭᠤᠣᠯ ᠠᠶᠢᠮᠠᠭ ᠲᠤ | 20᠂ ᠤᠯᠠᠭᠠᠨᠴᠠᠪ ᠬᠤᠳᠠ ᠳᠤ 10᠂ ᠣᠷᠳᠣᠰ ᠬᠤᠲᠠ ᠳᠤ 15᠂ ᠪᠠᠶᠠᠨᠨᠠᠭᠤᠷ ᠬᠤᠲᠠ ᠳᠤ 16᠂ ᠦᠬᠠᠢ ᠬᠤᠳᠠ ᠳᠤ 4 ᠪᠤᠢ᠃ ᠲᠤᠬᠠᠢ ᠶᠢᠨ ᠡᠳᠦᠷ | ᠡᠪᠡᠳᠴᠢᠨ ᠤ ᠢᠯᠡᠷᠡᠯ ᠦᠭᠡᠢ 258 ᠬᠠᠯᠳᠠᠪᠤᠷᠢᠯᠠᠭᠳᠠᠭᠴᠢ ᠶᠢ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠪᠠ᠂ ᠡᠭᠦᠨ ᠳᠤ ᠭᠦᠭᠡᠬᠤᠳᠠ ᠳᠤ 143᠂ | ᠪᠤᠭᠤᠲᠤ ᠬᠤᠳᠠ ᠳᠤ 23᠂ ᠬᠥᠯᠥᠨ ᠪᠤᠶᠢᠷ ᠬᠤᠲᠠ ᠳᠤ 1᠂ ᠬᠢᠩᠭᠠᠨ ᠠᠶᠢᠮᠠᠭ ᠲᠤ 10᠂ ᠲᠦᠩᠯᠢᠶᠣᠣ ᠬᠤᠲᠠ ᠳᠤ 17᠂ ᠤᠯᠠᠭᠠᠨᠬᠠᠳᠠ ᠬᠤᠲᠠ ᠳᠤ 9᠂ | ᠰᠢᠯᠢ ᠶᠢᠨ ᠭᠤᠣᠯ ᠠᠶᠢᠮᠠᠭ ᠲᠤ 5᠂ ᠤᠯᠠᠭᠠᠨᠴᠠᠪ ᠬᠤᠳᠠ ᠳᠤ 33᠂ ᠣᠷᠳᠣᠰ ᠬᠤᠲᠠ ᠳᠤ 3᠂ ᠪᠠᠶᠠᠨᠨᠠᠭᠤᠷ ᠬᠤᠲᠠ ᠳᠤ 10᠂ ᠠᠯᠠᠱᠠ ᠠᠶᠢᠮᠠᠭ ᠲᠤ 4 ᠪᠤᠢ᠃ | ᠳᠡᠭᠡᠷ᠎ᠡ ᠳᠤᠷᠠᠳᠤᠭᠰᠠᠨ ᠬᠥᠮᠥᠰ ᠢ ᠪᠦᠭᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠬᠦ ᠪᠤᠶᠤ ᠴᠢᠩᠭᠡᠯᠢᠭᠲᠦ ᠡᠮᠨᠡᠯᠭᠡ ᠶᠢᠨ ᠬᠤᠷᠢᠶ᠎ᠠ ᠳᠤ | ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠤ ᠲᠥᠪᠯᠡᠷᠡᠭᠦᠯᠦᠨ ᠠᠨᠠᠭᠠᠬᠤ ᠤᠬᠠᠭᠠᠨ ᠤ | ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠶ᠃ |