ᠬᠠᠤᠯᠢ ᠴᠠᠭᠠᠵᠠ ᠶᠢᠨ ᠵᠥᠪᠯᠡᠭᠴᠢ ᠤᠷᠢᠬᠤ ᠦᠢᠯᠡᠴᠢᠯᠡᠭᠡᠨ ᠤ ᠥᠷᠢᠰᠥᠯᠳᠦᠭᠡᠨᠳᠦ ᠵᠥᠪᠳᠡᠯᠴᠡᠭᠡᠷ ᠬᠢᠵᠦ ᠳᠠᠭᠠᠭᠠᠴᠢᠯᠠᠯᠲᠠ ᠵᠠᠷᠯᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠵᠠᠷᠯᠠᠯ
ᠨᠡᠶᠢᠲᠡᠯᠡᠭᠰᠡᠨ ᠴᠠᠭ᠄
2022/12/1
   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠥᠷᠢᠰᠥᠯᠳᠦᠭᠡᠨᠳᠦ  ᠵᠥᠪᠳᠡᠯᠴᠡᠭᠡᠷ ᠬᠢᠬᠦ ᠠᠷᠭ᠎ᠠ ᠮᠠᠶ᠋ᠢᠭ  ᠢᠶᠠᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠬᠠᠤᠯᠢ ᠴᠠᠭᠠᠵᠠ ᠶᠢᠨ ᠵᠥᠪᠯᠡᠭᠴᠢ ᠤᠷᠢᠬᠤ ᠦᠢᠯᠡᠴᠢᠯᠡᠭᠡᠨ ᠤ ᠲᠥᠷᠥᠯ ᠵᠦᠢᠯ ᠢ ᠬᠤᠳᠠᠯᠳᠤᠨ ᠠᠪᠬᠤ ᠠᠵᠢᠯ ᠢ ᠶᠠᠪᠤᠬᠳᠠᠭᠤᠯᠬᠤ ᠪᠠᠷ ᠪᠤᠢ᠂ ᠬᠢᠷᠢ ᠬᠡᠮ ᠤᠨ ᠨᠥᠬᠦᠴᠡᠯ ᠳᠤ ᠨᠡᠶᠢᠴᠡᠬᠦ ᠬᠠᠨᠭ᠍ᠭᠠᠯᠭ᠎ᠠ ᠶᠢᠨ ᠬᠤᠳᠠᠯᠳᠤᠭᠠᠴᠢᠨ ᠨᠡᠷ᠎ᠡ ᠮᠡᠳᠡᠭᠦᠯᠵᠦ ᠣᠷᠣᠯᠴᠠᠬᠤ ᠶᠢ ᠤᠷᠢᠵᠦ ᠪᠠᠶᠢᠨ᠎ᠠ᠃    ᠨᠢᠭᠡ᠂ ᠲᠥᠷᠥᠯ ᠵᠦᠢᠯ ᠤᠨ ᠲᠤᠶᠢᠮᠦ ᠪᠠᠶᠢᠳᠠᠯ    1. ᠨᠡᠷᠡᠶᠢᠳᠦᠯ ᠬᠢᠭᠡᠳ ᠳ᠋ᠤᠭᠠᠷ᠄    ᠲᠥᠷᠥᠯ ᠵᠦᠢᠯ ᠤᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠬᠠᠤᠯᠢ ᠴᠠᠭᠠᠵᠠ ᠶᠢᠨ ᠵᠥᠪᠯᠡᠭᠴᠢ ᠤᠷᠢᠬᠤ ᠦᠢᠯᠡᠴᠢᠯᠡᠭᠡᠨ ᠤ ᠲᠥᠷᠥᠯ ᠵᠦᠢᠯ     ᠲᠥᠷᠥᠯ ᠵᠦᠢᠯ ᠤᠨ ᠳ᠋ᠤᠭᠠᠷ᠄ NMW - ZCFG 2203    2. ᠬᠤᠳᠠᠯᠳᠤᠨ ᠠᠪᠬᠤ ᠠᠷᠭ᠎ᠠ ᠮᠠᠶ᠋ᠢᠭ᠄ ᠥᠷᠢᠰᠥᠯᠳᠦᠭᠡᠨᠳᠦ  ᠵᠥᠪᠳᠡᠯᠴᠡᠭᠡᠷ ᠬᠢᠨ᠎ᠡ᠃    ᠬᠤᠶᠠᠷ᠂ ᠬᠠᠨᠭ᠍ᠭᠠᠯᠭ᠎ᠠ ᠶᠢᠨ ᠬᠤᠳᠠᠯᠳᠤᠭᠠᠴᠢᠨ ᠤ ᠬᠢᠷᠢ ᠬᠡᠮ ᠤᠨ ᠱᠠᠭᠠᠷᠳᠠᠯᠭ᠎ᠠ   1. ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠶᠢᠨ ᠬᠤᠷᠢᠨ ᠬᠤᠶᠠᠳᠤᠭᠠᠷ ᠵᠦᠢᠯ ᠳᠤ ᠲᠣᠭᠲᠠᠭᠠᠭᠰᠠᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ︔    ︵1︶ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ ᠪᠠᠶᠢᠬᠤ︔    ︵2︶ ᠮᠠᠰᠢ ᠰᠠᠶᠢᠨ ᠬᠤᠳᠠᠯᠳᠤᠭᠠᠨ ᠤ ᠢᠲᠡᠭᠡᠯ ᠬᠦᠨᠳᠦ ᠪᠠ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠲᠦᠷᠢᠮ ᠲᠠᠢ ᠪᠠᠶᠢᠬᠤ︔    ︵3︶ ᠭᠡᠷ᠎ᠡ ᠶᠢ ᠭᠦᠢᠴᠡᠳᠬᠡᠬᠦ ᠳᠤ ᠵᠠᠪᠠᠯ ᠱᠠᠭᠠᠷᠳᠠᠭᠳᠠᠬᠤ ᠲᠤᠰᠬᠠᠢ ᠮᠡᠷᠭᠡᠵᠢᠯ ᠤᠨ ᠴᠢᠳᠠᠪᠤᠷᠢ ᠲᠠᠢ ᠪᠠᠶᠢᠬᠤ︔    ︵4︶ ᠬᠠᠤᠯᠢ ᠶᠣᠰᠣᠭᠠᠷ ᠭᠠᠶᠢᠯᠢ ᠲᠠᠲᠠᠪᠤᠷᠢ ᠪᠠ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠲᠤᠰᠢᠶᠠᠭᠰᠠᠨ ᠤᠬᠢ ᠰᠠᠶᠢᠨ ᠲᠡᠮᠳᠡᠭᠯᠡᠯ ᠲᠠᠢ ᠪᠠᠶᠢᠬᠤ︔    ︵5︶ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ ᠭᠤᠷᠪᠠᠨ ᠵᠢᠯ ᠤᠨ ᠲᠤᠳᠤᠷᠠᠬᠢ ᠡᠵᠡᠩᠨᠡᠯᠲᠡ ᠶᠢᠨ ᠠᠵᠢᠯᠯᠠᠭ᠎ᠠ ᠳᠤ ᠪᠠᠨ ᠬᠠᠤᠯᠢ ᠶᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠦᠭᠡᠢ ᠪᠠᠶᠢᠬᠤ︔    ︵6︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠳᠤ ᠨᠡᠶᠢᠴᠡᠭᠰᠡᠨ ᠪᠠᠶᠢᠬᠤ᠃    2 . ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www . creditchina . gov . cn︶᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ︵www . ccgp . gov . cn︶ ᠵᠡᠷᠭᠡ ᠳᠤ ᠢᠲᠡᠭᠡᠮᠵᠢ ᠠᠯᠳᠠᠭᠰᠠᠨ ᠬᠦᠢᠴᠡᠳᠭᠡᠭᠳᠡᠭᠴᠢ᠂ ᠭᠠᠶᠢᠯᠢ ᠲᠠᠲᠠᠪᠤᠷᠢ ᠶᠢᠨ ᠬᠠᠤᠯᠢ ᠶᠢ ᠵᠥᠷᠢᠴᠡᠭᠰᠡᠨ ᠬᠦᠨᠳᠦ ᠶᠡᠭᠡ ᠬᠡᠷᠡᠭ ᠤᠨ ᠲᠤᠬᠠᠶ ᠶᠢᠨ ᠬᠥᠮᠦᠨ ᠤ ᠨᠡᠷᠡᠰ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠳ ᠤᠨ ᠦᠢᠯᠡ ᠠᠵᠢᠯᠯᠠᠭ᠎ᠠ ᠶᠢᠨ ᠲᠡᠮᠳᠡᠭᠯᠡᠯ ᠳᠤ ᠪᠦᠷᠢᠳᠭᠡᠭᠳᠡᠭᠰᠡᠳ ᠵᠢᠴᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠶᠢᠨ ᠬᠤᠷᠢᠨ ᠬᠤᠶᠠᠳᠤᠭᠠᠷ ᠵᠦᠢᠯ ᠳᠤ ᠲᠣᠭᠲᠠᠭᠠᠭᠰᠠᠨ ᠨᠥᠬᠦᠴᠡᠯ ᠳᠤ ᠥᠯᠥ ᠨᠡᠶᠢᠴᠡᠬᠦ ᠪᠤᠰᠤᠳ ᠬᠠᠨᠭ᠍ᠭᠠᠯᠭ᠎ᠠ ᠶᠢᠨ ᠬᠤᠳᠠᠯᠳᠤᠭᠠᠴᠢᠨ ᠢ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠭᠤᠯᠬᠤ ᠥᠬᠡᠶ︔    3. ᠲᠤᠰ ᠲᠦᠷᠦᠯ ᠵᠦᠢᠯ ᠳᠤ ᠬᠠᠮᠳᠤᠷᠠᠨ ᠲᠠᠭᠠᠭᠠᠴᠢᠯᠠᠬᠤ ᠶᠢ ᠬᠦᠯᠢᠶᠡᠨ ᠠᠪᠬᠤ ᠦᠭᠡᠶ᠃    ᠭᠤᠷᠪᠠ᠂ ᠬᠤᠳᠠᠯᠳᠤᠨ ᠠᠪᠬᠤ ᠪᠢᠴᠢᠭ ᠮᠠᠲ᠋ᠧᠷᠢᠶᠠᠯ ᠢ ᠭᠠᠷᠳᠠᠨ ᠠᠪᠬᠤ ᠴᠠᠭ᠂ ᠭᠠᠵᠠᠷ᠂ ᠠᠷᠭ᠎ᠠ ᠮᠠᠶ᠋ᠢᠭ    ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠬᠠᠨᠭ᠍ᠭᠠᠯᠭ᠎ᠠ ᠶᠢᠨ ᠬᠤᠳᠠᠯᠳᠤᠭᠠᠴᠢᠨ 2022 ᠣᠨ ᠤ 11 ᠳ᠋ᠤᠭᠡᠷ ᠰᠠᠷ᠎ᠠ ᠶᠢᠨ 23 ᠤ ᠡᠳᠦᠷ ᠠᠴᠠ 2022 ᠣᠨ ᠤ 11 ᠳ᠋ᠤᠭᠡᠷ ᠰᠠᠷ᠎ᠠ ᠶᠢᠨ 27 ᠤ ᠡᠳᠦᠷ ᠪᠤᠯᠳᠠᠯᠠᠬᠢ ᠠᠵᠢᠯᠯᠠᠬᠤ ᠡᠳᠦᠷ ᠤᠨ ᠦᠳᠡ ᠶᠢᠨ ᠡᠮᠦᠨᠡᠬᠢ 9᠄ 00 —12᠄ 00 ᠴᠠᠭ᠂ ᠦᠳᠡ ᠶᠢᠨ ᠬᠤᠶᠢᠨᠠᠬᠢ 2᠄ 30 — 5᠄ 00 ᠴᠠᠭ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠳᠤ ᠬᠦᠷᠴᠦ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠲᠤᠰᠢᠶᠠᠵᠤ ᠪᠣᠯᠤᠨ᠎ᠠ ︵ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ᠂ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠰᠢᠷᠪᠢᠭᠰᠡᠨ ᠡᠯᠧᠺᠲᠷᠣᠨ  ᠮᠠᠲ᠋ᠧᠷᠢᠶᠠᠯ ᠤᠨ ᠬᠡᠯᠪᠡᠷᠢ ᠪᠠᠷ zhmzgtt @ 126 . com ᠰᠢᠤᠳᠠᠨ ᠤ ᠬᠠᠶᠢᠷᠴᠠᠭ ᠲᠤ ᠶᠠᠪᠤᠭᠤᠯᠵᠤ ᠪᠤᠯᠤᠨ᠎ᠠ︶᠂ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠤ ᠲᠠᠷᠠᠭ᠎ᠠ᠂ ᠥᠪᠥᠷ ᠮᠣᠩᠭᠤᠯ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠬᠤᠳᠠᠯᠳᠤᠨ ᠠᠪᠬᠤ ᠪᠢᠴᠢᠭ ᠮᠠᠲ᠋ᠧᠷᠢᠶᠠᠯ ᠢ ᠭᠠᠷᠳᠠᠨ ᠠᠪᠤᠨ᠎ᠠ᠃    ᠨᠡᠷ᠎ᠡ ᠮᠡᠳᠡᠭᠦᠯᠬᠦ ᠦᠶ᠎ᠡ ᠳᠤ᠂ ᠨᠡᠷ᠎ᠡ ᠮᠡᠳᠡᠭᠦᠯᠦᠭᠴᠢ ᠲᠤᠤᠷ᠎ᠠ ᠵᠢᠬᠰᠠᠭᠠᠬᠰᠠᠨ ᠮᠠᠲ᠋ᠧᠷᠢᠶᠠᠯ ᠤᠨ ᠬᠠᠭᠤᠯᠪᠤᠷᠢ ︵ᠬᠠᠭᠤᠯᠪᠤᠷᠢᠯᠠᠬᠰᠠᠨ ᠮᠠᠲ᠋ᠧᠷᠢᠶᠠᠯ ᠳᠤ ᠪᠠᠨ ᠺᠣᠮᠫᠠᠨᠢ ᠶᠢᠨ ᠠᠯᠪᠠᠨ ᠲᠠᠮᠠᠭ᠎ᠠ ᠶᠢ ᠲᠠᠷᠤᠬᠰᠠᠨ ᠪᠠᠶᠢᠬᠤ ᠬᠡᠷᠡᠭᠲᠡᠶ᠂ ᠨᠢᠭᠡ ᠶᠠᠩᠵᠤ ᠶᠢᠨ  ᠭᠤᠷᠪᠠᠨ ᠬᠤᠪᠢ᠂ ᠪᠠᠷᠢᠮᠵᠢᠶᠠᠲᠤ A 4 ᠴᠠᠭᠠᠰᠤ︶ ᠶᠢ ᠬᠠᠩᠭᠠᠬᠤ ᠬᠡᠷᠡᠭᠲᠡᠶ᠄     ︵1︶ ᠨᠡᠷ᠎ᠡ ᠮᠡᠳᠡᠭᠦᠯᠦᠭᠴᠢ ᠪᠡᠶ᠎ᠡ ᠶᠢᠨ ᠦᠨᠡᠮᠯᠡᠯ ᠤᠨ ᠣᠭ ᠡᠬᠡ ᠪᠠᠨ ᠦᠵᠡᠬᠦᠯᠬᠦ ᠶᠢᠨ ᠬᠠᠮᠳᠤ ᠬᠠᠭᠤᠯᠪᠤᠷᠢ ᠪᠠᠨ ᠬᠠᠩᠭᠠᠬᠤ ᠬᠡᠷᠡᠭᠲᠡᠶ︔    ︵2︶ ᠨᠡᠷ᠎ᠡ ᠮᠡᠳᠡᠭᠦᠯᠦᠭᠴᠢ ᠬᠠᠤᠯᠢ ᠪᠠᠷ ᠲᠤᠬᠳᠠᠭᠠᠬᠰᠠᠨ ᠲᠦᠯᠦᠭᠡᠯᠡᠭᠴᠢ ᠶᠢᠨ ᠭᠠᠷ ᠤᠨ ᠦᠰᠦᠭ ᠵᠢᠷᠤᠭᠰᠠᠨ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾  ᠢ ᠬᠠᠩᠭᠠᠬᠤ ᠬᠡᠷᠡᠭᠲᠡᠶ︔    ︵3︶ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ ᠲᠠᠷᠤᠬᠰᠠᠨ ᠬᠦᠴᠦᠨ ᠲᠠᠢ ᠡᠵᠡᠩᠨᠡᠯᠲᠡ ᠶᠢᠨ ᠦᠨᠡᠮᠯᠡᠯ ᠤᠨ ᠲᠡᠳ᠋ ᠳᠡᠪᠲᠡᠷ ᠤᠨ ᠬᠠᠭᠤᠯᠪᠤᠷᠢ ᠶᠢ ᠬᠠᠩᠭᠠᠬᠤ ᠬᠡᠷᠡᠭᠲᠡᠶ︔    ︵4︶ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ ᠭᠤᠷᠪᠠᠨ ᠵᠢᠯ ᠤᠨ ᠲᠤᠳᠤᠷᠠᠬᠢ ᠡᠵᠡᠩᠨᠡᠯᠲᠡ ᠶᠢᠨ ᠠᠵᠢᠯᠯᠠᠭ᠎ᠠ ᠳᠤ ᠪᠠᠨ ᠬᠠᠤᠯᠢ ᠶᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠪᠠᠶᠢᠬᠤ ᠦᠭᠡᠢ ᠭᠡᠰᠡᠨ ᠪᠢᠴᠢᠭ ᠤᠨ ᠢᠯᠡᠷᠭᠡᠶᠢᠯᠡᠯᠳᠡ ᠶᠢ ᠬᠠᠩᠭᠠᠬᠤ ᠬᠡᠷᠡᠭᠲᠡᠶ︔    ︵5︶ ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www . creditchina . gov . cn︶᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ︵www . ccgp . gov . cn︶   ᠠᠴᠠ ᠢᠲᠡᠭᠡᠮᠵᠢ ᠶᠢ ᠬᠠᠷᠭᠤᠭᠤᠯᠤᠨ ᠯᠠᠪᠯᠠᠬᠰᠠᠨ ᠲᠡᠮᠳᠡᠭᠯᠡᠯ ︵ᠢᠲᠡᠭᠡᠮᠵᠢ ᠠᠯᠳᠠᠭᠰᠠᠨ  ᠬᠦᠢᠴᠡᠳᠭᠡᠭᠳᠡᠭᠴᠢ᠂ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠤᠨ ᠲᠤᠬᠠᠶ ᠶᠢᠨ ᠬᠥᠮᠦᠨ ᠤ ᠨᠡᠷᠡᠰ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢ ᠬᠦᠨᠳᠦ ᠨᠣᠴᠢᠲᠠᠶ ᠵᠥᠷᠢᠴᠡᠭᠰᠡᠨ ᠢᠲᠡᠭᠡᠮᠵᠢ ᠠᠯᠳᠠᠭᠰᠠᠳ ᠤᠨ ᠦᠢᠯᠡ ᠠᠵᠢᠯᠯᠠᠭ᠎ᠠ ᠶᠢᠨ ᠲᠡᠮᠳᠡᠭᠯᠡᠯ ᠳᠤ ᠪᠦᠷᠢᠳᠭᠡᠭᠳᠡᠭᠰᠡᠳ ᠤᠨ ᠨᠡᠷᠡᠰ ᠯᠦᠭᠡ ᠬᠠᠷᠭᠤᠭᠤᠯᠤᠨ ᠯᠠᠪᠯᠠᠬᠰᠠᠨ ᠪᠠᠶᠢᠬᠤ ᠭᠡᠷᠡᠭᠳᠡᠢ︶ ᠢ ᠬᠠᠩᠭᠠᠬᠤ ᠬᠡᠷᠡᠭᠲᠡᠶ᠃    ᠳᠥᠷᠪᠡ᠂ ᠳᠠᠭᠠᠭᠠᠴᠢᠯᠠᠯᠲᠠ ᠬᠦᠯᠢᠶᠡᠬᠦ ︵  ᠳᠠᠭᠠᠯᠲᠠ︶ ᠪᠢᠴᠢᠭ ᠮᠠᠲ᠋ᠧᠷᠢᠶᠠᠯ ᠢ ᠲᠤᠰᠢᠶᠠᠬᠤ ᠴᠠᠭ᠂ ᠳᠠᠭᠠᠭᠠᠴᠢᠯᠠᠯᠲᠠ ᠨᠡᠶᠢᠲᠡᠯᠡᠬᠦ ᠴᠠᠭ ᠵᠢᠴᠢ ᠭᠠᠵᠠᠷ    1. ᠳᠠᠭᠠᠭᠠᠴᠢᠯᠠᠯᠲᠠ ᠬᠦᠯᠢᠶᠡᠬᠦ ︵ᠲᠠᠭᠠᠯᠳᠠ︶ ᠪᠢᠴᠢᠭ ᠮᠠᠲ᠋ᠧᠷᠢᠶᠠᠯ ᠢᠶᠠᠨ ᠲᠤᠰᠢᠶᠠᠬᠤ ᠡᠴᠦᠰ ᠤᠨ ᠴᠠᠭ᠄ 2022 ᠣᠨ ᠤ 12 ᠳ᠋ᠤᠭᠠᠷ ᠰᠠᠷ᠎ᠠ ᠶᠢᠨ 2  ᠤᠨ ᠡᠳᠦᠷ ᠤᠨ ᠦᠳᠡ ᠶᠢᠨ ᠬᠤᠶᠢᠨᠠᠬᠢ 14 ᠴᠠᠭ 30 ᠮᠢᠨᠦ᠋ᠲ᠃    2. ᠳᠠᠭᠠᠭᠠᠴᠢᠯᠠᠯᠲᠠ ᠬᠦᠯᠢᠶᠡᠬᠦ ᠲᠠᠭᠠᠯᠳᠠ ᠪᠢᠴᠢᠭ ᠮᠠᠲ᠋ᠧᠷᠢᠶᠠᠯ ᠢᠶᠠᠨ ᠲᠤᠰᠢᠶᠠᠬᠤ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠠᠯᠪᠠᠨ ᠬᠡᠷ ︵ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠨᠣᠮᠧᠷᠲᠤ ᠬᠦᠷᠢᠶᠡᠨ ᠤ 7 ᠳ᠋ᠤᠭᠠᠷ ᠠᠰᠠᠷ ᠤᠨ ᠭᠤᠷᠪᠠᠳᠤᠭᠠᠷ ᠲᠠᠪᠬᠤᠷᠯᠢᠭ︶᠃     3. ᠳᠠᠭᠠᠭᠠᠴᠢᠯᠠᠯᠲᠠ ᠬᠦᠯᠢᠶᠡᠬᠦ  ᠴᠠᠭ᠄ 2022 ᠣᠨ ᠤ 12 ᠳ᠋ᠤᠭᠠᠷ ᠰᠠᠷ᠎ᠠ ᠶᠢᠨ 2 ᠤᠨ ᠡᠳᠦᠷ ᠤᠨ ᠦᠳᠡ ᠶᠢᠨ ᠬᠤᠶᠢᠨᠠᠬᠢ 15 ᠴᠠᠭ᠃   4. ᠳᠠᠭᠠᠭᠠᠴᠢᠯᠠᠯᠲᠠ ᠬᠦᠯᠢᠶᠡᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠤᠷᠠᠯ ᠤᠨ ᠭᠡᠷ ︵ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠨᠣᠮᠧᠷᠲᠤ ᠬᠦᠷᠢᠶᠡᠨ ᠤ 7 ᠳ᠋ᠤᠭᠠᠷ ᠠᠰᠠᠷ ᠤᠨ 3 ᠳ᠋ᠤᠭᠠᠷ ᠲᠠᠪᠬᠤᠷᠯᠢᠭ︶᠃    ᠲᠠᠪᠤ᠂ ᠬᠠᠷᠢᠯᠴᠠᠬᠤ ᠠᠷᠭ᠎ᠠ ᠮᠠᠶ᠋ᠢᠭ    ᠬᠤᠳᠠᠯᠳᠤᠨ ᠠᠪᠤᠭᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ    ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠨᠣᠮᠧᠷᠲᠤ ᠬᠦᠷᠢᠶᠡᠨ ᠤ 7 ᠳ᠋ᠤᠭᠠᠷ ᠠᠰᠠᠷ ᠤᠨ 3 ᠳ᠋ᠤᠭᠠᠷ ᠲᠠᠪᠬᠤᠷᠯᠢᠭ    ᠬᠠᠷᠢᠯᠴᠠᠬᠤ ᠬᠥᠮᠦᠨ᠄ ᠶᠠᠩ ᠠᠪᠠᠭ᠋ᠠᠶ    ᠤᠲᠠᠰᠤ᠄ 0471 - 6944541
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ