ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠡᠯ᠎ᠡ ᠵᠦᠢᠯ ᠤᠨ ᠠᠵᠢᠯ ᠢᠶᠠᠨ ᠱᠠᠯᠠᠪᠳᠠᠨ ᠠᠬᠢᠭᠤᠯᠵᠤ ᠪᠣᠶ
ᠨᠡᠶᠢᠲᠡᠯᠡᠭᠰᠡᠨ ᠴᠠᠭ᠄
2022/12/24
      12 ᠳ᠋ᠤᠭᠠᠷ ᠰᠠᠷ᠎ᠠ ᠶᠢᠨ 20 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠬᠤᠶᠠᠷ ᠢ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠶᠢᠨ 30 ᠵᠦᠢᠯ ᠤᠨ ᠦᠷ᠎ᠡ ᠪᠦᠲᠦᠭᠡᠯ ᠢ ᠪᠣᠶ ᠪᠣᠯᠭᠠᠪᠠ᠃ ᠡᠭᠦᠨ ᠳᠤ᠂ 7 ᠵᠦᠢᠯ ᠤᠨ ᠠᠵᠢᠯ ᠤᠨ ᠡᠷᠬᠡ ᠶᠢ ᠬᠦᠴᠦᠨ ᠦᠭᠡᠢ ᠪᠣᠯᠭᠠᠬᠤ ᠪᠤᠶᠤ ᠡᠷᠬᠡ ᠶᠢ ᠨᠢ ᠳᠣᠷᠣᠭᠰᠢ ᠪᠠᠭᠤᠯᠭᠠᠵᠤ᠂ 10 ᠵᠦᠢᠯ ᠤᠨ ᠠᠵᠢᠯ ᠤᠨ ᠭᠦᠢᠴᠡᠳᠬᠡᠬᠦ ᠲᠠᠰ ᠳᠠᠷᠠᠭᠠᠯᠠᠯ ᠢ ᠳᠥᠭᠦᠮᠴᠢᠯᠡᠨ᠂ 3 ᠵᠦᠢᠯ ᠤᠨ ᠠᠵᠢᠯ ᠤᠨ ᠭᠦᠢᠴᠡᠳᠬᠡᠬᠦ ᠴᠢᠬᠤᠯᠠ ᠪᠢᠴᠢᠭ ᠮᠠᠲ᠋ᠧᠷᠢᠶᠠᠯ ᠢ ᠴᠣᠮᠬᠠᠳᠬᠠᠵᠤ᠂ 10 ᠵᠦᠢᠯ ᠤᠨ ᠠᠵᠢᠯ ᠤᠨ ᠭᠦᠢᠴᠡᠳᠬᠡᠬᠦ ᠴᠠᠭ ᠤᠨ ᠬᠢᠵᠠᠭᠠᠷ ᠢ ᠨᠢ ᠪᠣᠭᠤᠨᠢᠰᠬᠠᠵᠤ᠂ ᠡᠯ᠎ᠡ ᠵᠦᠢᠯ ᠤᠨ ᠠᠵᠢᠯ ᠤᠨ ᠦᠳᠲᠡᠷ ᠲᠦᠷᠭᠡᠨ ᠶᠠᠪᠤᠭᠳᠠᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠬᠤ ᠳᠤ ᠬᠦᠴᠦᠨ ᠪᠦᠬᠦᠢ ᠦᠢᠯᠡᠴᠢᠯᠡᠭᠡ ᠬᠠᠩᠭᠠᠪᠠ᠃       ︽ᠬᠤᠶᠠᠷ ᠢ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠮᠤᠭ ᠤᠨ ᠲᠡᠷᠢᠭᠦᠨ ᠳᠤ ᠳᠠᠶᠢᠴᠢᠯᠠᠨ ᠪᠠᠶᠢᠷᠢᠯᠠᠭᠤᠯᠬᠤ ᠬᠤᠷᠠᠯ ᠬᠤᠷᠠᠯᠳᠤᠭᠤᠯᠵᠤ᠂ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠤᠷᠢᠳ ᠬᠤᠵᠢᠳ ᠬᠤᠶᠠᠷ ᠤᠳᠠᠭ᠎ᠠ ᠬᠤᠷᠠᠯᠳᠤᠭᠤᠯᠵᠤ᠂ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠤᠶᠠᠷ ᠢ ᠰᠢᠯᠢᠳᠡᠭᠵᠢᠭᠦᠯᠬᠦ︾ ᠵᠦᠢᠯᠡᠰ ᠲᠤ ᠭᠦᠨᠵᠡᠭᠡᠢ ᠰᠤᠳᠤᠯᠤᠯᠲᠠ ᠬᠢᠪᠡ᠃ ᠠᠵᠢᠯ ᠤᠨ ᠬᠤᠷᠳᠤᠴᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠬᠤᠷᠠᠯ ᠤᠨ ᠠᠵᠢᠯᠯᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠵᠡᠷᠭᠡ ᠠᠯᠢ ᠣᠯᠠᠨ ᠠᠷᠭ᠎ᠠ ᠬᠡᠮᠵᠢᠶ᠎ᠡ ᠶᠢ ᠲᠣᠭᠲᠠᠭᠠᠵᠤ᠂ ᠪᠢᠴᠢᠭ ᠮᠠᠲ᠋ᠧᠷᠢᠶᠠᠯ ᠢ ᠭᠦᠢᠴᠡᠳᠬᠡᠬᠦ᠂ ᠬᠤᠷᠠᠯ ᠬᠤᠷᠠᠯᠳᠤᠭᠠᠨ ᠵᠣᠬᠢᠶᠠᠨ ᠪᠠᠶᠢᠭᠤᠯᠬᠤ᠂ ᠠᠵᠢᠯ ᠶᠠᠪᠤᠳᠠᠯ ᠭᠦᠢᠴᠡᠳᠬᠡᠬᠦ ᠲᠠᠯ᠎ᠠ ᠪᠠᠷ ᠳᠦᠷᠢᠮ ᠵᠢᠷᠤᠮ ᠲᠣᠭᠲᠠᠭᠠᠨ᠂ ᠱᠠᠭᠠᠷᠳᠠᠯᠭ᠎ᠠ ᠳᠤᠷᠠᠳᠴᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠯ᠎ᠠ ᠪᠠᠷ ᠤᠳᠠᠭᠠᠨ᠂ ᠠᠵᠢᠯᠯᠠᠭ᠎ᠠ ᠠᠪᠬᠤ ᠲᠠᠯ᠎ᠠ ᠪᠠᠷ ᠤᠳᠠᠭᠠᠨ᠂ ᠦᠷ᠎ᠡ ᠳ᠋ᠦᠩ ᠢ ᠪᠣᠢ ᠪᠣᠯᠭᠠᠬᠤ ᠲᠠᠯ᠎ᠠ ᠪᠠᠷ ᠤᠳᠠᠭᠠᠨ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃ ᠰᠠᠨᠠᠭᠠᠴᠢᠯᠠᠭ᠎ᠠ ᠠᠴᠠ ᠪᠠᠨ ᠡᠭᠦᠳᠡ ᠪᠠᠨ ᠨᠡᠭᠡᠭᠡᠨ ᠣᠯᠠᠨ ᠤ ᠰᠠᠨᠠᠯ ᠰᠠᠨᠠᠭᠤᠯᠭ᠎ᠠ ᠶᠢ ᠬᠦᠯᠢᠶᠡᠵᠦ᠂ ᠤᠯᠠᠨ ᠤ ᠣᠶᠤᠨ ᠤᠬᠠᠭᠠᠨ ᠢ ᠲᠥᠪᠯᠡᠷᠡᠭᠦᠯᠦᠨ᠂ ᠡᠯ᠎ᠡ ᠠᠶᠢᠮᠠᠭ ᠬᠤᠳᠠ ᠪᠣᠯᠣᠨ ᠡᠯ᠎ᠡ ᠰᠠᠯᠠᠭ᠎ᠠ ᠮᠥᠴᠢᠷ ᠤᠳ ᠤᠨ ᠰᠠᠨᠠᠯ ᠢ ᠥᠷᠭᠡᠨ ᠢᠶᠠᠷ ᠬᠤᠷᠢᠶᠠᠪᠠ᠃ ︽ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠳᠬᠠᠬᠤ︾ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠵᠦ᠂ ᠢᠳᠡᠪᠬᠢᠲᠡᠢ ᠪᠠᠷ ᠡᠷᠬᠡ ᠶᠢ ᠬᠠᠰᠤᠨ ᠡᠷᠬᠡ ᠶᠢ ᠳᠣᠷᠣᠭᠰᠢ ᠪᠠᠭᠤᠯᠭᠠᠵᠤ᠂ ᠴᠤᠪᠤᠷᠠᠯ ᠢ ᠦᠨᠡᠨ ᠬᠦ ᠰᠢᠯᠢᠳᠡᠭᠵᠢᠭᠦᠯᠦᠨ᠂ ︽ᠭᠤᠷᠪᠠ ᠶᠢ ᠭᠦᠢᠴᠡᠳᠬᠡᠬᠦ︾ ︽ᠭᠤᠷᠪᠠ ᠳᠤ ᠦᠢᠯᠡᠴᠢᠯᠡᠬᠦ︾ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ︽ᠠᠵᠢᠯ ᠢ ᠥᠨᠵᠢᠭᠦᠯᠬᠦ ᠦᠭᠡᠢ︾ ᠠᠵᠢᠯᠯᠠᠭ᠎ᠠ ᠪᠠᠷ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠠᠭᠠᠵᠤ ᠨᠠᠶᠢᠳᠠᠪᠤᠷᠢᠵᠢᠭᠤᠯᠤᠨ᠂ ︽ᠬᠦᠯᠢᠶᠡᠵᠦ ᠪᠣᠯᠬᠤ ᠦᠭᠡᠢ᠂ ᠬᠤᠶᠢᠰᠢᠯᠠᠭᠤᠯᠵᠤ ᠪᠣᠯᠬᠤ ᠦᠭᠡᠢ︾ ᠰᠤᠷᠲᠠᠯ ᠢᠶᠠᠷ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠵᠤ ᠠᠬᠤᠶᠢᠯᠠᠯ ᠤᠨ ᠡᠵᠡᠩᠨᠡᠯᠲᠡ ᠵᠡᠷᠭᠡ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠰᠢᠢᠳᠪᠦᠷᠢᠯᠡᠪᠡ᠃       ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠷᠭᠦᠯᠵᠢᠯᠡᠨ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠵᠢᠯ ᠤᠨ ᠬᠤᠷᠳᠤᠴᠠ ᠶᠢ ᠲᠠᠬᠢᠨ ᠲᠦᠷᠭᠡᠳᠬᠡᠬᠦ᠂ ᠦᠷ᠎ᠡ ᠪᠦᠲᠦᠮᠵᠢ ᠶᠢ ᠲᠠᠬᠢᠨ ᠳᠡᠭᠡᠭᠰᠢᠯᠡᠭᠦᠯᠬᠦ᠂ ᠶᠠᠰᠤ ᠴᠢᠨᠠᠷ ᠢ ᠲᠠᠬᠢᠨ ᠰᠠᠶᠢᠵᠢᠷᠠᠭᠤᠯᠬᠤ ᠶᠢ ᠤᠷᠳᠤ ᠬᠤᠭᠤᠴᠠᠭ᠎ᠠ ᠪᠠᠷ ᠴᠢᠷᠮᠠᠶᠢᠨ ᠠᠬᠢᠭᠤᠯᠵᠤ᠂ ᠨᠠᠮ ᠳᠤ ᠢᠲᠡᠭᠡᠯ ᠨᠠᠶᠢᠳᠠᠪᠤᠷᠢᠲᠠᠢ᠂ ᠠᠷᠠᠳ ᠲᠦᠮᠡᠨ ᠳᠤ ᠰᠡᠳᠬᠢᠯ ᠬᠠᠨᠤᠮᠵᠢᠲᠠᠢ ᠪᠠᠶᠢᠭᠤᠯᠭ᠎ᠠ ᠶᠢ ᠬᠦᠴᠦᠯᠡᠨ ᠪᠠᠶᠢᠭᠤᠯᠤᠨ᠎ᠠ᠃   
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ