ᠦᠭᠡ ᠬᠡᠯᠡ ᠥᠰᠥᠭ ᠪᠢᠴᠢᠭ ᠤᠨ ᠳᠦᠷᠢᠮᠵᠢᠯ ᠪᠠᠷᠢᠮᠵᠢᠶᠠᠵᠢᠯ ᠤᠨ ᠠᠵᠢᠯ ᠤᠨ ᠪᠠᠷᠢᠮᠲᠠᠲᠤ ᠤᠬᠠᠭᠤᠯᠭ᠎ᠠ ᠶᠢᠨ ᠹᠢᠯᠢᠮ ︽ᠷᠠᠳᠢᠣ᠋ ᠲᠧᠯᠸᠢᠰ ᠺᠢᠨᠣ᠋ ᠪᠠ ᠲᠠᠭᠤ ᠳᠦᠷᠰᠦ ᠰᠢᠩᠭᠡᠭᠡᠯᠲᠡ ᠶᠢᠨ ᠦᠶᠯᠡᠴᠢᠯᠡᠭᠡ︾ ᠶᠢᠨ ᠲᠥᠷᠥᠯ ᠵᠦᠶᠯ ᠢ ᠰᠢᠯᠭᠠᠨ ᠬᠢᠨᠠᠭᠰᠠᠨ ᠦᠷ᠎ᠡ ᠳ᠋ᠦᠩ ᠤᠨ ᠳᠤᠬᠠᠢ ᠵᠠᠷᠯᠠᠯ
ᠨᠡᠶᠢᠲᠡᠯᠡᠭᠰᠡᠨ ᠴᠠᠭ᠄
2022/4/8
      2022 ᠣᠨ ᠤ 4 ᠳ᠋ᠦ᠋ᠭᠡᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠦᠭᠡ ᠬᠡᠯᠡ ᠥᠰᠥᠭ ᠪᠢᠴᠢᠭ  ᠤᠨ ᠳᠦᠷᠢᠮᠵᠢᠯ ᠪᠠᠷᠢᠮᠵᠢᠶᠠᠵᠢᠯ ᠤᠨ ᠠᠵᠢᠯ ᠤᠨ ᠪᠠᠷᠢᠮᠲᠠᠲᠤ ᠤᠬᠠᠭᠤᠯᠭ᠎ᠠ ᠶᠢᠨ ᠹᠢᠯᠢᠮ ︽ᠷᠠᠳᠢᠣ᠋ ᠲᠧᠯᠸᠢᠰ ᠺᠢᠨᠣ᠋ ᠪᠠ ᠲᠠᠭᠤ ᠳᠦᠷᠰᠦ ᠰᠢᠩᠭᠡᠭᠡᠯᠲᠡ ᠶᠢᠨ ᠦᠶᠯᠡᠴᠢᠯᠡᠭᠡ︾ ᠶᠢᠨ ᠲᠥᠷᠥᠯ ᠵᠦᠶᠯ ᠢ ᠰᠢᠯᠭᠠᠨ ᠠᠪᠬᠤ ᠲᠤᠬᠠᠢ ᠲᠤᠰᠬᠠᠶ ᠮᠡᠷᠭᠡᠵᠢᠯᠲᠡᠨ ᠤ ᠬᠢᠨᠡᠨ ᠲᠤᠭᠳᠠᠭᠠᠯᠳᠠ ᠶᠢᠨ ᠬᠤᠷᠠᠯ ᠢ ᠬᠤᠷᠠᠯᠳᠤᠭᠤᠯᠪᠠ᠃ ᠨᠠᠷᠢᠨ ᠬᠢᠨᠠᠮᠠᠭᠠᠶ ᠬᠢᠨᠠᠨ ᠲᠣᠭᠲᠠᠭᠠᠬᠤ ᠪᠠᠷ ᠳᠠᠮᠵᠢᠭᠠᠳ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠠᠴᠠ ᠲᠣᠰ ᠲᠥᠷᠥᠯ ᠵᠦᠶᠯ ᠤᠨ ᠬᠢᠷᠢ ᠲᠡᠩᠴᠡᠭᠰᠡᠨ ᠢ ᠰᠠᠨᠠᠯ ᠨᠢᠭᠡᠲᠡᠶ ᠵᠥᠪᠰᠢᠶᠡᠷᠡᠭᠰᠡᠨ ᠢ ᠵᠠᠷᠯᠠᠨ ᠨᠡᠶᠢᠳᠡᠯᠡᠪᠡ᠂ ᠵᠠᠷᠯᠠᠨ ᠨᠡᠶᠢᠲᠡᠯᠡᠬᠦ ᠬᠤᠭᠤᠴᠠᠭ᠎ᠠ ᠨᠢ 2022 ᠣᠨ ᠤ 4 ᠳ᠋ᠤᠬᠡᠷ ᠰᠠᠷ᠎ᠠ ᠶᠢᠨ 8 ᠤ ᠡᠳᠦᠷ ᠠᠴᠠ 13 ᠤ ᠡᠳᠦᠷ ᠪᠤᠯᠳᠠᠯ᠎ᠠ᠂ ᠬᠡᠷᠪᠡ ᠣᠨᠳᠣᠤ ᠰᠠᠨᠠᠯ ᠪᠠᠶᠢᠪᠠᠯ ᠵᠠᠷᠯᠠᠨ ᠨᠡᠶᠢᠲᠡᠯᠡᠬᠦ ᠬᠤᠭᠤᠴᠠᠭᠠᠨ ᠳᠤ ᠬᠠᠷᠢᠭᠤ ᠲᠤᠰᠬᠠᠭᠠᠷᠠᠶ᠃       ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠬᠦᠷᠢᠶᠡᠨ ᠤ 7 ᠳ᠋ᠤᠭᠠᠷ ᠠᠰᠠᠷ       ᠤᠲᠠᠰᠤ᠄ 0471— 6945429    ᠬᠠᠷᠢᠯᠴᠠᠬᠤ ᠬᠥᠮᠦᠨ᠄ ᠤᠳᠬᠤᠨᠬᠤᠸᠠᠷ                                                ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ                                   2022 ᠣᠨ ᠤ 4 ᠳ᠋ᠦ᠋ᠭᠡᠷ ᠰᠠᠷ᠎ᠠ ᠶᠢᠨ 7 ᠤ ᠡᠳᠦᠷ
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ