2022 ᠣᠨ ᠤ ᠲᠥᠪ ᠤᠨ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶ ᠨᠥᠬᠦᠪᠥᠷᠢ ᠪᠠᠯᠠ ᠮᠥᠩᠭᠦ ︵ᠤᠷᠢᠳᠴᠢᠯᠠᠨ ᠪᠠᠭᠤᠯᠭᠠᠭᠰᠠᠨ ᠬᠡᠰᠡᠭ ᠢ ᠪᠠᠭᠲᠠᠭᠠᠬᠤ ᠥᠬᠡᠶ︶ ᠶᠢ ᠪᠠᠭᠤᠯᠭᠠᠭᠰᠠᠨ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2022/5/13
      ᠲᠥᠪ ᠤᠨ ᠡᠳ᠋ ᠤᠨ ᠵᠠᠰᠠᠭ ᠠᠴᠠ 2022 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶  ᠶᠢ ᠨᠥᠬᠦᠪᠥᠷᠢ ᠪᠠᠯᠠ ᠮᠥᠩᠭᠦ ︵ᠤᠷᠢᠳᠴᠢᠯᠠᠨ ᠪᠠᠭᠤᠯᠭᠠᠭᠰᠠᠨ ᠬᠡᠰᠡᠭ ᠢ ᠪᠠᠭᠲᠠᠭᠠᠬᠤ ᠥᠬᠡᠶ︶ ᠶᠢ ᠨᠢᠭᠡᠨᠲᠡ ᠮᠠᠨ ᠤ ᠣᠷᠣᠨ ᠳᠤ ᠰᠠᠯᠭᠠᠨ ᠦᠭᠪᠡ᠂ ᠬᠤᠯᠪᠣᠭᠳᠠᠯ ᠪᠥᠬᠦᠶ ᠬᠠᠮᠢᠶᠠᠷᠤᠯᠲᠠ ᠶᠢᠨ ᠠᠷᠭ᠎ᠠ ᠶᠢᠨ ᠶᠣᠰᠣᠭᠠᠷ᠂ ᠮᠠᠨ ᠤ ᠣᠷᠣᠨ ᠤ ᠡᠯ᠎ᠡ ᠭᠠᠵᠠᠷ ᠤᠨ ᠦᠨᠳᠦᠰᠦᠨ ᠪᠠᠶᠢᠳᠠᠯ ᠢ ᠪᠥᠬᠦ ᠲᠠᠯ᠎ᠠ ᠪᠠᠷ ᠪᠣᠳᠣᠯᠬᠢᠯᠠᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠵᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠲᠠᠢ ᠵᠥᠪᠳᠡᠯᠴᠡᠭᠰᠡᠨ ᠤ ᠳᠠᠷᠠᠭ᠎ᠠ᠂ ᠪᠠᠯᠠ ᠮᠥᠩᠭᠦ ᠬᠤᠪᠢᠶᠠᠷᠢᠯᠠᠬᠤ ᠰᠠᠨᠠᠯ ᠢ ᠲᠣᠭᠲᠠᠭᠠᠵᠠᠢ ︵ᠨᠠᠷᠢᠨ ᠠᠭᠤᠯᠭ᠎ᠠ ᠶᠢ ᠳᠠᠭᠠᠯᠳᠤᠭᠤᠯᠤᠯ ᠬᠦᠰᠦᠨᠦᠭᠲᠦ ᠠᠴᠠ ᠦᠵᠡ︶᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ 2022 ᠣᠨ ᠤ 5 ᠳ᠋ᠤᠭᠠᠷ ᠰᠠᠷ᠎ᠠ ᠶᠢᠨ 6 ᠤ ᠡᠳᠦᠷ ︵ᠥᠪᠥᠷ ᠡᠳ᠋ ᠬᠦᠳᠡᠭᠡ ᠲᠤᠰᠬᠤᠨ〔2022〕516 ᠳ᠋ᠤᠭᠠᠷ ᠲᠣᠭᠠᠲᠤ︶  ᠮᠡᠳᠡᠭᠳᠡᠯ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠠᠴᠠ 5 ᠳ᠋ᠤᠭᠠᠷ ᠰᠠᠷ᠎ᠠ ᠶᠢᠨ 9 ᠤ ᠡᠳᠦᠷ ︵ᠥᠪᠥᠷ ᠦᠨᠳᠦᠰᠦᠲᠡᠨ ᠤ ᠵᠥᠪᠯᠡᠯ ᠲᠠᠷᠬᠠᠭᠠᠭᠰᠠᠨ〔 2022〕18 ᠳ᠋ᠤᠭᠠᠷ ᠲᠣᠭᠠᠲᠤ︶  ᠮᠡᠳᠡᠭᠳᠡᠯ ᠢ ᠪᠠᠭᠤᠯᠭᠠᠪᠠ᠃      ︽ᠲᠥᠪ ᠤᠨ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠥᠷᠢ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︵ᠡᠳ᠋ ᠬᠥᠳᠡᠭᠡ ᠲᠣᠰᠬᠤᠨ 〔2021〕19 ᠳ᠋ᠤᠭᠡᠷ ᠲᠣᠭᠠᠲᠤ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠨᠥᠬᠦᠪᠥᠷᠢ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠡᠳ᠋ ᠬᠥᠳᠡᠭᠡ ᠲᠣᠰᠬᠤᠨ ᠲᠣᠭᠲᠠᠭᠠᠯ〔2021〕8 ᠳ᠋ᠤᠭᠠᠷ ᠲᠣᠭᠠᠲᠤ︶  ᠳᠠᠬᠢ ᠪᠠᠯᠠ ᠮᠥᠩᠭᠦ ᠶᠢᠨ ᠲᠤᠭ᠎ᠠ ᠬᠡᠮᠵᠢᠶ᠎ᠡ ᠶᠢᠨ ᠬᠤᠪᠢᠶᠠᠷᠢᠯᠠᠯᠲᠠ ᠳᠤ ᠡᠯᠧᠮᠧᠨ᠋ᠲ ᠤᠨ ᠠᠷᠭ᠎ᠠ ᠶᠢᠨ  ᠱᠠᠭᠠᠷᠳᠠᠯᠭ᠎ᠠ ᠶᠣᠰᠣᠭᠠᠷ᠂ ᠲᠣᠰ ᠤᠳᠠᠭᠠᠨ ᠤ ᠪᠠᠯᠠ ᠮᠥᠩᠭᠦ ᠶᠢᠨ ᠬᠤᠪᠢᠶᠠᠷᠢᠯᠠᠯᠲᠠ ᠳᠤ ᠭᠤᠤᠯᠳᠠᠭᠤ ᠳᠤᠤᠷᠠᠬᠢ ᠲᠠᠪᠤᠨ ᠡᠯᠧᠮᠧᠨ᠋ᠲ ᠢ ᠦᠨᠳᠦᠰᠦᠯᠡᠪᠡ᠄ ᠨᠢᠭᠡ ᠳᠤ᠂ ᠴᠥᠭᠡᠨ ᠲᠣᠭᠠᠲᠤ ᠦᠨᠳᠦᠰᠦᠲᠡᠨ ᠤ ᠬᠥᠮᠦᠨ ᠠᠮᠠ ᠶᠢᠨ ᠲᠤᠭ᠎ᠠ ᠬᠡᠮᠵᠢᠶᠡᠨ ᠤ ᠡᠯᠧᠮᠧᠨ᠋ᠲ ︵  20% ᠶᠢ ᠡᠵᠡᠯᠡᠨ᠎ᠡ︶︔ ᠬᠤᠶᠠᠷ ᠲᠤ᠂ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠡᠯᠧᠮᠧᠨ᠋ᠲ ︵20 % ᠶᠢ ᠡᠵᠡᠯᠡᠨ᠎ᠡ︶︔ ᠭᠤᠷᠪᠠ ᠳᠤ᠂ ᠲᠥᠷᠥ ᠶᠢᠨ ᠪᠣᠳᠣᠯᠭ᠎ᠠ ᠶᠢᠨ ᠡᠯᠧᠮᠧᠨ᠋ᠲ  ︵50% ᠶᠢ ᠡᠵᠡᠯᠡᠨ᠎ᠡ︶᠂ ᠣᠳᠣᠬᠠᠨ ᠤ᠂ ᠲᠥᠷᠥ ᠶᠢᠨ ᠪᠣᠳᠣᠯᠭ᠎ᠠ ᠶᠢᠨ ᠡᠯᠧᠮᠧᠨ᠋ᠲ ᠬᠡᠳᠡᠭ ᠨᠢ ᠭᠤᠣᠯᠳᠠᠭᠤ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ᠂ ᠬᠥᠮᠦᠨ ᠠᠮᠠ ᠪᠠᠷ ᠴᠥᠭᠡᠪᠳᠦᠷ ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠠᠶᠢᠯ ᠲᠣᠰᠬᠤᠨ ᠢ ᠲᠡᠳᠬᠦᠬᠦ ᠡᠯᠧᠮᠧᠨ᠋ᠲ ᠢ ᠵᠢᠭᠠᠵᠤ ᠪᠤᠶ︔ ᠳᠥᠷᠪᠡ ᠳᠤ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠭᠰᠡᠨ ᠡᠯᠧᠮᠧᠨ᠋ᠲ ︵10 % ᠶᠢ ᠡᠵᠡᠯᠡᠨ᠎ᠡ︶᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠬᠠᠩᠭᠠᠭᠰᠠᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢ ᠬᠡᠷᠡᠭᠯᠡᠨ᠎ᠡ︔ ᠲᠠᠪᠤ ᠳᠤ᠂ ᠵᠣᠬᠢᠰᠲᠠᠶ ᠲᠣᠬᠢᠷᠠᠭᠤᠯᠤᠯᠲᠠ ᠬᠢᠬᠦ ᠡᠯᠧᠮᠧᠨ᠋ᠲ᠂ ᠡᠮᠦᠨᠡᠬᠢ 4 ᠵᠦᠢᠯ ᠤᠨ ᠡᠯᠧᠮᠧᠨ᠋ᠲ ᠢ ᠦᠨᠳᠦᠰᠦᠯᠡᠨ ᠶᠡᠷᠦᠩᠬᠡᠶᠢᠯᠡᠨ ᠲᠥᠰᠦᠭᠡᠯᠡᠨ ᠪᠣᠳᠣᠭᠰᠠᠨ ᠤ ᠳᠠᠷᠠᠭ᠎ᠠ᠂ ᠬᠤᠲᠠ ᠶᠢᠨ ᠬᠠᠷᠢᠶ᠎ᠠ ᠲᠣᠭᠤᠷᠢᠭ ᠤᠨ ᠪᠡᠯᠡ ᠮᠥᠩᠭᠦ ᠶᠢ ᠲᠥᠰᠦᠭᠡᠯᠡᠨ ᠪᠣᠳᠣᠭᠰᠠᠨ ᠪᠡᠯᠡ ᠮᠥᠩᠭᠦ ᠶᠢᠨ 50 % ᠪᠠᠷ ᠳᠣᠷᠣᠭᠰᠢ ᠪᠠᠭᠤᠯᠭᠠᠵᠤ᠂ ᠦᠯᠡᠳᠡᠪᠦᠷᠢ ᠪᠡᠯᠡ ᠮᠥᠩᠭᠦ ᠶᠢ ᠮᠠᠨ ᠤ ᠣᠷᠣᠨ ᠤ ᠤᠤᠯ ᠤᠨ 57 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠳᠤ ᠬᠤᠪᠢᠶᠠᠷᠢᠯᠠᠨ ᠥᠭᠭᠦᠨ᠎ᠡ᠃      ᠬᠠᠷᠢᠯᠴᠠᠬᠤ ᠤᠲᠠᠰᠤ᠄ 0471 - 6945409᠂   ᠴᠢᠮᠡᠭᠡ ᠨᠡᠪᠲᠡᠷᠡᠬᠦ ᠬᠠᠶ᠋ᠢᠭ᠄ ᠥᠪᠥᠷ ᠮᠣᠩᠭᠤᠯ ᠤᠨ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠨᠣᠮᠧᠷᠲᠤ ᠬᠦᠷᠢᠶᠡᠨ ᠤ 7 ᠳ᠋ᠤᠭᠠᠷ ᠠᠰᠠᠷ ᠲᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠠᠵᠤ ᠠᠬᠤᠶ ᠶᠢᠨ ᠬᠥᠭᠵᠢᠯᠲᠡ ᠶᠢᠨ ᠭᠠᠵᠠᠷ᠃            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ                    2022 ᠣᠨ ᠤ 5 ᠳ᠋ᠤᠭᠠᠷ ᠰᠠᠷ᠎ᠠ ᠶᠢᠨ 9 ᠤ ᠡᠳᠦᠷ      2022 ᠣᠨ ᠤ ᠲᠥᠪ ᠤᠨ ᠡᠳ᠋ ᠤᠨ ᠵᠠᠰᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶ ᠶᠢ ᠠᠬᠢᠭᠤᠯᠬᠤ ᠨᠥᠬᠦᠪᠥᠷᠢ ᠪᠠᠯᠠ ᠮᠥᠩᠭᠦ ︵ᠤᠷᠢᠳᠴᠢᠯᠠᠨ ᠪᠠᠭᠤᠯᠭᠠᠭᠰᠠᠨ ᠬᠡᠰᠡᠭ ᠢ ᠪᠠᠭᠲᠠᠭᠠᠬᠤ ᠥᠬᠡᠶ︶ ᠶᠢ ᠵᠤᠯᠭᠠᠭᠤᠯᠤᠨ ᠬᠤᠪᠢᠶᠠᠷᠢᠯᠠᠬᠤ ᠬᠦᠰᠦᠨᠦᠭᠲᠦ      ᠨᠢᠬᠡᠴᠢ᠄ ᠲᠦᠮᠡᠨ ᠲᠦᠭᠦᠷᠢᠭ
微信图片_20220519155234.jpg
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ