ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ 2021 ᠣᠨ ᠤ ᠠᠵᠢᠯ ᠤᠨ ᠳ᠋ᠦᠩᠨᠡᠯᠲᠡ
ᠨᠡᠶᠢᠲᠡᠯᠡᠭᠰᠡᠨ ᠴᠠᠭ᠄
2022/6/8
      2021 ᠣᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠥᠪ ᠬᠤᠷᠢᠶ᠎ᠠ ᠪᠤᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠶᠢ ᠤᠯᠤᠰ ᠲᠦᠷᠦ ᠶᠢᠨ ᠱᠠᠭᠠᠷᠳᠠᠯᠭ᠎ᠠ ᠪᠤᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠬᠡᠷᠡᠭᠵᠢᠭᠦᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠵᠤ᠂ ᠦᠨᠳᠦᠰᠦᠲᠡᠨ ᠤ ᠵᠥᠪᠯᠡᠯ ᠤᠨ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠨᠠᠷᠢᠯᠢᠭ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠰᠢᠨ᠎ᠡ ᠴᠠᠭ ᠦᠶ᠎ᠡ ᠶᠢᠨ ᠮᠠᠨ ᠤ ᠣᠷᠣᠨ ᠤ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠬᠠᠮᠠᠭᠠᠯᠠᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠵᠠᠢ᠃      ᠨᠢᠭᠡ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠᠷ ᠲᠠᠨᠢᠯᠲᠠ ᠪᠠᠨ ᠨᠢᠭᠡᠳᠬᠡᠵᠦ ᠣᠶᠤᠨ ᠰᠠᠨᠠᠭ᠎ᠠ ᠪᠠᠨ ᠦᠨᠡᠨ ᠬᠦ ᠵᠡᠪᠰᠡᠭᠯᠡᠪᠡ᠃      ᠨᠢᠭᠡ ᠳᠤ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠶᠢ ᠪᠠᠷᠢᠮᠲᠠᠯᠠᠬᠤ ᠶᠢ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠯᠤᠰ ᠲᠥᠷᠥ ᠶᠢᠨ ᠬᠠᠷᠢᠭᠤᠴᠠᠯᠭ᠎ᠠ᠂ ᠤᠳᠤᠷᠢᠳᠬᠤ ᠬᠠᠷᠢᠭᠤᠴᠠᠯᠭ᠎ᠠ᠂ ᠠᠵᠢᠯ ᠤᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠦᠨᠳᠦᠰᠦᠲᠡᠨ ᠤ ᠵᠥᠪᠯᠡᠯ ᠤᠨ ᠰᠢᠰᠲ᠋ᠧᠮ ᠳᠤ ᠭᠤᠷᠪᠠᠨ ᠰᠠᠷ᠎ᠠ ᠶᠢᠨ ᠬᠤᠭᠤᠴᠠᠭ᠎ᠠ ᠲᠠᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠭᠤᠤᠯ ᠰᠡᠳᠦᠪᠲᠦ ᠬᠥᠮᠦᠵᠢᠯ ᠢ ᠵᠡᠷᠭᠡ ᠪᠠᠷ ᠥᠷᠨᠢᠭᠦᠯᠵᠦ᠂ ᠪᠥᠬᠦ ᠵᠢᠯ ᠳᠤ ᠭᠤᠤᠯ ᠤᠳᠤᠷᠢᠳᠬᠤ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢ 16 ᠤᠳᠠᠭ᠎ᠠ ᠵᠣᠬᠢᠶᠠᠨ ᠪᠠᠶᠢᠭᠤᠯᠵᠤ᠂ ᠨᠣᠮ ᠤᠩᠰᠢᠬᠤ ᠠᠩᠭᠢ ᠶᠢ 3 ᠤᠳᠠᠭ᠎ᠠ ᠡᠷᠭᠢᠯᠡᠵᠦ᠂ ᠲᠤᠰᠬᠠᠶ ᠰᠡᠳᠦᠪᠲᠦ ᠲᠠᠶᠢᠯᠤᠮᠵᠢ ᠶᠢ 3 ᠤᠳᠠᠭ᠎ᠠ ᠬᠢᠵᠦ᠂ ᠰᠠᠨᠠᠯ ᠢᠶᠠᠨ ᠰᠤᠯᠢᠯᠴᠠᠵᠤ ᠰᠤᠳᠤᠯᠤᠨ ᠶᠠᠷᠢᠯᠴᠠᠬᠤ ᠠᠵᠢᠯᠯᠠᠭ᠎ᠠ ᠶᠢ 9 ᠤᠳᠠᠭ᠎ᠠ ᠥᠷᠨᠢᠭᠦᠯᠪᠡ᠃ ᠬᠤᠶᠠᠷ ᠲᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠶᠢᠴᠢᠯᠠᠯᠳᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ︽7 ·1︾ ᠤ ᠴᠢᠬᠤᠯᠠ ᠶᠠᠷᠢᠶ᠎ᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠲᠠᠢ ᠤᠶᠠᠯᠳᠤᠭᠤᠯᠵᠤ᠂ ᠲᠠᠪᠤᠨ ᠲᠤᠰᠬᠠᠢ ᠰᠡᠳᠦᠪᠲᠦ ᠰᠤᠷᠤᠯᠴᠠᠯᠭ᠎ᠠ ᠶᠠᠷᠢᠯᠴᠠᠭ᠎ᠠ ᠶᠢ ᠲᠣᠭᠲᠠᠭᠰᠠᠨ ᠬᠤᠭᠤᠴᠠᠭᠠᠨ ᠳᠤ ᠪᠠᠨ ᠪᠡᠶᠡᠯᠡᠭᠦᠯᠪᠡ᠃ ︽ᠠᠷᠠᠳ ᠤᠨ ᠲᠥᠯᠥᠭᠡ ᠰᠠᠨᠠᠭᠠᠰᠢᠷᠠᠨ ᠬᠦᠴᠢᠷ ᠠᠰᠠᠭᠤᠳᠠᠯ ᠢ ᠨᠢ ᠰᠢᠢᠳᠪᠦᠷᠢᠯᠡᠨ ᠦᠭᠴᠦ᠂ ᠠᠵᠢᠯ ᠤᠨ ᠪᠠᠶᠢᠷᠢ ᠳᠤ ᠪᠠᠨ ᠰᠠᠭᠤᠷᠢᠯᠠᠨ ᠬᠤᠪᠢ ᠨᠡᠮᠡᠷᠢ ᠦᠵᠡᠭᠦᠯᠬᠦ︾ ᠠᠵᠢᠯᠯᠠᠭ᠎ᠠ ᠶᠢ ᠬᠢᠨᠠᠮᠠᠭᠠᠶ ᠥᠷᠨᠢᠭᠦᠯᠵᠦ᠂ ᠠᠶᠢᠮᠠᠭ ᠬᠤᠲᠠ ᠳᠤ ᠭᠦᠨᠵᠡᠭᠡᠶᠢᠷᠡᠨ ︽ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠬᠥᠮᠦᠵᠢᠯ᠂ ᠮᠡᠳᠡᠭᠡ ᠵᠠᠩᠭᠢᠴᠢᠯᠠᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠦᠢᠯᠡᠳᠦᠯᠭᠡ ᠶᠢᠨ ᠠᠵᠢᠯᠯᠠᠭ᠎ᠠ ᠦᠷᠨᠢᠬᠦᠯᠪᠡ᠃  ᠲᠤᠰ ᠵᠢᠯ ᠳᠤ 1 ᠨᠠᠮ ᠤᠨ ᠡᠭᠦᠷ ᠪᠦᠬᠦ ᠣᠷᠣᠨ ᠤ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠᠷ ᠦᠨᠡᠯᠡᠭᠳᠡᠵᠦ᠂ 1 ᠨᠠᠮ ᠤᠨ ᠭᠡᠰᠢᠭᠦᠨ ᠪᠦᠬᠦ ᠣᠷᠣᠨ ᠤ ᠰᠢᠯᠢᠳᠡᠭ ᠡᠪ ᠬᠠᠮᠲᠤ ᠨᠠᠮ ᠤᠨ ᠭᠡᠰᠢᠭᠦᠨ ᠢᠶᠠᠷ ᠦᠨᠡᠯᠡᠭᠳᠡᠵᠡᠢ᠃       ᠬᠤᠶᠠᠷ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠡᠮᠦᠨ᠎ᠡ ᠨᠢ ᠬᠤᠰᠢᠭᠤᠷᠠᠵᠤ᠂ ᠦᠯᠢᠭᠡᠷ ᠳᠠᠭᠤᠷᠢᠶᠠᠯ ᠦᠵᠡᠭᠦᠯᠪᠡ᠃      ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ︾ ᠶᠢ 2021 ᠣᠨ ᠤ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ᠂ ᠠᠶᠢᠮᠠᠭ ᠬᠤᠲᠠ ᠶᠢᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠬᠦᠢᠴᠡᠳᠭᠡᠯ ᠲᠤᠭ᠎ᠠ ᠳᠤ ᠣᠷᠣᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠦᠨᠳᠦᠰᠦᠲᠡᠨ ᠤ ᠠᠵᠢᠯ ᠢ ᠪᠥᠬᠦ ᠲᠠᠯ᠎ᠠ ᠪᠠᠷ᠂ ᠪᠤᠰᠤᠳᠴᠢ ᠪᠠᠷ ᠣᠨᠣᠪᠴᠢᠲᠠᠶ ᠦᠨᠡᠯᠡᠪᠡ᠃ ᠬᠤᠶᠠᠷ ᠲᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠭᠡᠰᠢᠭᠦᠳ ᠤᠨ ᠪᠥᠬᠦᠳᠡ ᠬᠤᠷᠠᠯ ᠢ ᠬᠤᠷᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠳᠤᠳᠬᠠᠬᠤ ᠭᠤᠤᠯ ᠰᠢᠵᠢᠮ ᠪᠠ ᠪᠣᠶ ᠪᠥᠬᠦᠶ ᠠᠵᠢᠯ ᠢ ᠡᠭᠦᠨ ᠳᠤ ᠲᠥᠪᠯᠡᠷᠡᠭᠦᠯᠬᠦ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠭᠡᠰᠢᠭᠦᠨ ᠤ ᠪᠠᠶᠢᠭᠤᠯᠤᠯ ᠤᠨ ᠠᠵᠢᠯ ᠤᠨ ᠲᠦᠷᠢᠮ᠂ ᠭᠡᠰᠢᠭᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ ᠳᠤ ᠳᠠᠬᠢᠨ ᠵᠠᠰᠠᠪᠤᠷᠢ ᠣᠷᠣᠭᠤᠯᠪᠠ᠃ ᠭᠤᠷᠪᠠ ᠳᠤ᠂ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠨᠢ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠪᠥᠬᠦ ᠰᠢᠰᠲ᠋ᠧᠮ ᠳᠤ ᠳᠣᠭᠢᠷᠠᠭᠤᠯᠤᠨ ᠪᠠᠶᠢᠷᠢᠯᠠᠭᠤᠯᠪᠠ᠃ ᠰᠠᠨᠠᠭᠠᠴᠢᠯᠠᠭ᠎ᠠ ᠠᠴᠠ ᠪᠠᠨ ︽ᠡᠭᠦᠷᠭᠡ ᠴᠢᠳᠠᠪᠬᠢ ᠪᠠᠨ ᠬᠤᠪᠢᠷᠠᠭᠤᠯᠬᠤ᠂ ᠠᠷᠭ᠎ᠠ ᠬᠡᠯᠪᠡᠷᠢ ᠪᠠᠨ ᠬᠤᠪᠢᠷᠠᠭᠤᠯᠬᠤ᠂ ᠣᠪᠣᠷ ᠰᠤᠷᠲᠠᠯ ᠢᠶᠠᠨ ᠬᠤᠪᠢᠷᠠᠭᠤᠯᠬᠤ︾ ᠶᠢ ᠪᠡᠶᠡᠯᠡᠬᠦᠯᠵᠦ᠂ ᠪᠥᠬᠦ ᠣᠷᠣᠨ ᠤ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ︽ᠶᠡᠭᠡ ᠪᠠᠷ ᠰᠤᠷᠪᠤᠯᠵᠢᠯᠠᠬᠤ᠂ ᠶᠡᠭᠡ ᠪᠠᠷ ᠪᠠᠶᠢᠴᠠᠭᠠᠨ ᠰᠤᠳᠤᠯᠬᠤ᠂ ᠲᠥᠷᠥ ᠶᠢᠨ ᠪᠣᠳᠣᠯᠭ᠎ᠠ ᠬᠦᠷᠭᠡᠬᠦ᠂ ᠬᠠᠶᠢᠷ᠎ᠠ ᠬᠠᠯᠠᠮᠵᠢ ᠬᠦᠷᠭᠡᠬᠦ᠂ ᠪᠦᠯᠬᠦᠮᠳᠡᠯ ᠢ ᠠᠬᠢᠭᠤᠯᠬᠤ᠂ ᠬᠥᠭᠵᠢᠯᠲᠡ ᠶᠢ ᠠᠬᠢᠭᠤᠯᠬᠤ︾ ᠲᠤᠰᠬᠠᠶ ᠠᠵᠢᠯᠯᠠᠭ᠎ᠠ ᠶᠢ ᠡᠬᠢᠯᠡᠭᠦᠯᠵᠦ᠂ ᠠᠵᠢᠯ ᠤᠨ ᠲᠥᠰᠦᠯ ᠲᠤᠬᠳᠠᠭᠠᠵᠤ᠂ ᠠᠵᠢᠯ ᠤᠨ ᠲᠣᠬᠢᠷᠠᠭᠤᠯᠤᠯᠲᠠ ᠬᠢᠵᠦ᠂ ᠭᠠᠷᠠᠭ ᠤᠨ ᠲᠣᠬᠢᠷᠠᠭᠤᠯᠤᠯᠲᠠ ᠪᠠ ᠵᠠᠷᠯᠠᠯ ᠤᠨ ᠲᠦᠷᠢᠮ ᠢ ᠲᠤᠬᠳᠠᠭᠠᠵᠤ᠂ ᠦᠨᠳᠦᠰᠦᠲᠡᠨ ᠤ ᠠᠵᠢᠯ ᠤᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠴᠢᠳᠠᠪᠤᠷᠢ ᠪᠠ ᠲᠦᠪᠰᠢᠨ ᠢ ᠤᠯᠠᠮ ᠴᠢᠨᠠᠬᠰᠢᠳᠠ ᠳᠡᠭᠡᠭᠰᠢᠯᠡᠭᠦᠯᠪᠡ᠃ ᠳᠥᠷᠪᠡ ᠳᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠲᠠᠪᠤᠨ ᠵᠦᠢᠯ ᠤᠨ ᠭᠤᠤᠯᠳᠠᠯᠭ᠎ᠠ ᠲᠠᠢ ᠡᠭᠦᠷᠭᠡ ᠲᠠᠢ ᠬᠠᠷᠢᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠭᠡᠰᠢᠭᠦᠨ ᠤ ᠪᠠᠶᠢᠭᠤᠯᠭ᠎ᠠ ᠶᠢᠨ ᠳᠦᠷᠢᠮ ᠤᠨ ᠪᠣᠷᠣ ᠲᠥᠯᠥᠪ ᠤᠨ ᠰᠢᠰᠲ᠋ᠧᠮ ᠳᠣᠲᠣᠷ᠎ᠠ᠂ ᠵᠣᠬᠢᠶᠠᠨ ᠪᠠᠶᠢᠭᠤᠯᠤᠯᠲᠠ ᠲᠠᠢ ᠪᠠᠶᠢᠬᠤ᠂ ᠲᠥᠰᠦᠯ ᠲᠠᠢ ᠪᠠᠶᠢᠬᠤ᠂ ᠡᠬᠡ ᠲᠠᠩᠰᠠ ᠲᠠᠢ ᠪᠠᠶᠢᠬᠤ᠂ ᠲᠤᠰᠬᠠᠶ ᠠᠩᠭᠢ ᠲᠠᠢ ᠪᠠᠶᠢᠬᠤ᠂ ᠬᠢᠨᠠᠨ ᠵᠢᠯᠣᠭᠤᠳᠣᠯᠭ᠎ᠠ ᠲᠠᠢ ᠪᠠᠶᠢᠬᠤ᠂ ᠰᠢᠯᠭᠠᠨ ᠬᠤᠷᠢᠶᠠᠯᠲᠠ ᠲᠠᠢ ᠪᠠᠶᠢᠬᠤ᠂ ᠦᠷ᠎ᠡ ᠪᠦᠲᠦᠭᠡᠯ ᠲᠠᠢ ᠪᠠᠶᠢᠬᠤ᠂ ᠳ᠋ᠦᠩᠨᠡᠯᠲᠡ ᠲᠠᠢ ᠪᠠᠶᠢᠬᠤ᠂ ᠰᠠᠨᠠᠭᠤᠯᠭ᠎ᠠ ᠲᠠᠢ ᠪᠠᠶᠢᠬᠤ᠂ ᠳᠡᠯᠭᠡᠷᠡᠭᠦᠯᠦᠭᠡ ᠲᠠᠢ ᠪᠠᠶᠢᠬᠤ ︽ᠠᠷᠪᠠᠨ ᠪᠠᠶᠢᠬᠤ ᠵᠠᠭᠪᠤᠷ︾ ᠤᠨ ᠶᠣᠰᠣᠭᠠᠷ᠂ ᠲᠠᠪᠤᠨ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠲᠥᠰᠦᠯ ᠢ ᠲᠣᠰ ᠲᠣᠰ ᠲᠣᠭᠲᠠᠭᠠᠵᠤ᠂ ᠲᠠᠪᠤᠨ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠠᠬᠢᠭᠤᠯᠵᠠᠢ᠃      ᠭᠤᠷᠪᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠪᠡ᠃      ︵ᠨᠢᠭᠡ︶ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠪᠠ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠪᠡ᠃ ᠨᠢᠭᠡ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠨᠠᠷᠢᠨ ᠬᠢᠨᠠᠮᠠᠭᠠᠶ ᠤᠬᠠᠭᠤᠯᠤᠨ  ᠲᠤᠭᠤᠰᠢᠯᠠᠭᠤᠯᠵᠤ᠂ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠪᠠ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ︵ᠬᠤᠶᠠᠷ ᠰᠠᠷ᠎ᠠ ᠨᠢᠭᠡ ᠭᠠᠷᠠᠭ ᠤᠨ ᠠᠵᠢᠯᠯᠠᠭ᠎ᠠ ᠭᠡᠵᠦ ᠲᠣᠪᠴᠢᠯᠠᠨ᠎ᠠ︶ ᠶᠢ ᠦᠷᠭᠦᠯᠵᠢᠯᠡᠨ ᠥᠷᠨᠢᠭᠦᠯᠵᠦ᠂ ᠠᠷᠠᠳ ᠢᠷᠭᠡᠳ ᠤᠨ ᠬᠥᠮᠦᠵᠢᠯ᠂ ᠺᠠᠳ᠋ᠷ ᠤᠨ ᠬᠥᠮᠦᠵᠢᠯ᠂ ᠨᠡᠶᠢᠭᠡᠮ ᠤᠨ ᠬᠥᠮᠦᠵᠢᠯ ᠳᠤ ᠨᠡᠶᠢᠲᠡᠮ ᠪᠦᠷᠬᠦᠭᠦᠯᠬᠦ ᠶᠢ ᠪᠡᠶᠡᠯᠡᠭᠦᠯᠪᠡ ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠲᠤᠷᠠᠨ ᠪᠥᠬᠦ ᠣᠷᠣᠨ ᠤ 12 ᠳᠤᠮᠳᠠᠳᠤ ᠪᠠᠭ᠎ᠠ ᠰᠤᠷᠭᠠᠭᠤᠯᠢ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠭᠤᠤᠯ ᠰᠡᠳᠦᠪᠲᠦ ᠬᠥᠮᠦᠵᠢᠯ ᠤᠨ ᠦᠢᠯᠡᠳᠦᠯᠭᠡ ᠶᠢᠨ ᠠᠵᠢᠯᠯᠠᠭ᠎ᠠ ᠶᠢᠨ ᠲᠤᠷᠰᠢᠯᠲᠠ ᠬᠢᠵᠡᠢ᠃ ᠪᠦᠬᠦ ᠣᠷᠣᠨ ᠤ ᠰᠢᠶᠠᠨ ᠭᠠᠵᠠᠷ ᠤᠨ ᠳᠡᠰ ᠠᠴᠠ ᠳᠡᠭᠡᠭᠰᠢᠬᠢ ᠺᠠᠳ᠋ᠷ ᠤᠨ ᠳᠤᠮᠳᠠ ᠨᠢᠭᠡ ᠵᠢᠯ ᠤᠨ ᠬᠤᠭᠤᠴᠠᠭ᠎ᠠ ᠲᠠᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠬᠥᠮᠦᠵᠢᠯ ᠢ ᠥᠷᠨᠢᠭᠦᠯᠪᠡ᠃ ᠪᠥᠬᠦ ᠣᠷᠣᠨ ᠤ ᠬᠢᠯᠢ ᠬᠢᠵᠠᠭᠠᠷ ᠤᠨ ᠰᠤᠮᠤ᠂ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠨᠴᠠᠯᠢᠬᠳᠤ ᠲᠣᠰᠬᠤᠨ᠂ ᠬᠥᠮᠦᠨ ᠠᠮᠠ ᠴᠦᠭᠡᠪᠳᠦᠷ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠴᠠᠭ᠎ᠠ ︵ᠲᠣᠰᠬᠤᠨ︶ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠡᠢ᠃ ᠠᠳᠠᠯᠢ ᠪᠤᠰᠤ ᠬᠦᠯᠢᠶᠡᠨ ᠠᠪᠤᠭᠴᠢᠳ ᠲᠤ ᠴᠢᠭᠯᠡᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠺᠠᠳ᠋ᠷ ᠤᠨ ᠵᠣᠬᠢᠶᠠᠯ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠵᠣᠬᠢᠶᠠᠯ᠂ ᠮᠠᠯᠴᠢᠨ ᠲᠠᠷᠢᠶᠠᠴᠢᠨ ᠤ ᠵᠣᠬᠢᠶᠠᠯ ᠢ ᠨᠠᠶᠢᠷᠠᠭᠤᠯᠤᠨ ᠲᠠᠷᠬᠠᠭᠠᠵᠤ᠂ ᠬᠦᠮᠦᠵᠢᠯ ᠵᠢᠯᠤᠭᠤᠳᠤᠯᠭ᠎ᠠ   ᠶᠢᠨ ᠠᠵᠢᠯ ᠢ ᠬᠠᠨᠳᠤᠯᠭᠠᠲᠤ ᠴᠢᠨᠠᠷᠲᠠᠢ ᠪᠠᠷ ᠰᠠᠶᠢᠲᠤᠷ ᠬᠢᠪᠡ᠃ ᠪᠥᠬᠦ ᠣᠷᠣᠨ ᠤ ︽ᠮᠢᠨᠦ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠤᠨ ᠥᠯᠢᠭᠡᠷ︾ ᠢ ᠲᠣᠭᠤᠷᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠦᠷᠡᠴᠢᠯᠡᠭᠳᠡᠭᠰᠡᠨ︾᠂ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢ ᠪᠠᠶᠢᠭᠤᠯᠤᠭᠰᠠᠨ︾᠂ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ︾ ᠵᠡᠷᠭᠡ ᠲᠡᠦᠬᠡ ᠶᠢᠨ ᠰᠠᠶᠢᠬᠠᠨ ᠳᠠᠭᠤᠷᠢᠰᠬᠠᠯ ᠢ ᠤᠯᠠᠮᠵᠢᠯᠠᠵᠠᠢ᠃ ᠬᠤᠶᠠᠷ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠ ᠡᠭᠦᠳᠦᠨ ᠪᠠᠶᠢᠭᠤᠯᠬᠤ ᠠᠵᠢᠯ ᠢ ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠳᠤ ᠣᠷᠣᠭᠤᠯᠵᠤ᠂ ᠬᠥᠯᠥᠨ ᠪᠤᠶᠢᠷ ᠬᠤᠲᠠ ᠳᠤ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠤᠷᠰᠢᠯᠭ᠎ᠠ ᠰᠣᠯᠢᠯᠴᠠᠬᠤ ᠲᠤᠬᠠᠶ ᠶᠢᠨ ᠭᠠᠵᠠᠷ ᠤᠨ ᠬᠤᠷᠠᠯ ᠢ ᠬᠤᠷᠠᠯᠳᠤᠭᠤᠯᠵᠤ᠂ ᠭᠤᠤᠯᠳᠠᠯᠭ᠎ᠠ ᠶᠢᠨ ᠲᠣᠭᠤᠷᠢᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠬᠥᠭᠵᠢᠯᠲᠡ ᠶᠢᠨ ᠲᠥᠯᠥᠪᠵᠢᠭᠦᠯᠭᠡ ︵2021 — 2025 ᠣᠨ︶︾ ᠶᠢ ᠨᠠᠶᠢᠷᠠᠭᠤᠯᠤᠨ ᠵᠣᠬᠢᠶᠠᠵᠤ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠵᠢᠱᠢᠶ᠎ᠡ ᠦᠵᠡᠭᠦᠯᠬᠦ ᠨᠢᠭᠡᠴᠢ ᠶᠢ ᠰᠢᠯᠭᠠᠨ ᠲᠣᠭᠲᠠᠭᠠᠬᠤ ᠬᠦᠢᠴᠡᠳᠭᠡᠯ ᠲᠤᠭ᠎ᠠ ᠪᠠ ᠨᠡᠷᠡᠶᠢᠳᠬᠦ ᠠᠷᠭ᠎ᠠ ᠳᠤ ᠵᠠᠰᠠᠪᠤᠷᠢ ᠣᠷᠣᠭᠤᠯᠤᠨ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠲᠠᠢ ᠬᠠᠮᠲᠤᠷᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠨᠡᠶᠢᠭᠡᠮ ᠲᠣᠭᠤᠷᠢᠭ ᠲᠤ ᠣᠷᠣᠭᠤᠯᠬᠤ ᠶᠢ ᠢᠳᠡᠪᠬᠢᠲᠡᠶ ᠠᠬᠢᠭᠤᠯᠪᠠ᠃ 2021 ᠣᠨ ᠳᠤ᠂ ᠬᠢᠩᠭᠠᠨ ᠠᠶᠢᠮᠠᠭ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠠᠶᠢᠮᠠᠭ ᠢ ᠠᠮᠵᠢᠯᠲᠠ ᠲᠠᠢ ᠰᠡᠷᠭᠦᠭᠡᠨ ᠪᠠᠶᠢᠭᠤᠯᠵᠤ᠂ 10 ᠭᠠᠵᠠᠷ ᠣᠷᠣᠨ ᠪᠠ ᠨᠢᠭᠡᠴᠢ ᠶᠢ ᠤᠯᠤᠰ ᠤᠨ ᠦᠨᠳᠦᠰᠦᠲᠡᠨ ᠤ ᠵᠥᠪᠯᠡᠯ ᠠᠴᠠ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠨᠢᠭᠡᠴᠢ ᠪᠠᠷ ᠨᠡᠷᠡᠶᠢᠳᠴᠦ᠂ 112 ᠨᠢᠭᠡᠴᠢ ᠶᠢ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠨᠢᠭᠡᠴᠢ ᠪᠠᠷ ᠨᠡᠷᠡᠶᠢᠳᠴᠡᠢ᠃      ︵ᠬᠤᠶᠠᠷ︶ ᠪᠦᠬᠦ ᠲᠠᠯ᠎ᠠ ᠪᠠᠷ ᠴᠢᠨᠡᠭᠡᠯᠢᠭᠵᠢᠬᠦ ᠪᠠ ᠬᠠᠮᠲᠤ ᠪᠠᠷ ᠪᠠᠶᠠᠵᠢᠬᠤ ᠶᠢ ᠪᠣᠳᠣᠯᠬᠢᠯᠠᠵᠤ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮᠳᠦ ᠣᠳᠣᠬᠢᠴᠢᠯᠠᠯᠲᠠ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠢᠳᠡᠪᠬᠢᠲᠡᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ︽ᠰᠢᠨ᠎ᠡ ᠴᠠᠭ ᠦᠶ᠎ᠡ ᠳᠤ ᠬᠢᠯᠢ ᠬᠢᠵᠠᠭᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠳᠡᠮᠵᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠪᠡᠭᠡᠵᠢᠩ ᠳᠤ ᠶᠠᠪᠤᠭᠳᠠᠭᠰᠠᠨ ᠪᠥᠬᠦ ᠤᠯᠤᠰ ᠤᠨ ᠬᠢᠯᠢ ᠬᠢᠵᠠᠭᠠᠷ ᠢ ᠪᠠᠬᠢᠵᠢᠭᠦᠯᠦᠨ ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠤᠭᠰᠠᠨ ᠠᠮᠵᠢᠯᠲᠠ ᠪᠦᠲᠦᠮᠵᠢ ᠶᠢᠨ ᠦᠵᠡᠰᠬᠦᠯᠡᠩ ᠳᠤ ᠣᠷᠣᠯᠴᠠᠵᠤ᠂ ᠪᠠᠶᠠᠨᠨᠠᠭᠤᠷ ᠬᠤᠲᠠ ᠳᠤ ᠪᠥᠬᠦ ᠣᠷᠣᠨ ᠤ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠵᠢᠴᠢ ᠦᠨᠳᠦᠰᠦᠲᠡᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠬᠠᠶ ᠶᠢᠨ ᠭᠠᠵᠠᠷ ᠤᠨ ᠬᠤᠷᠠᠯ ᠢ ᠬᠤᠷᠠᠯᠳᠤᠭᠤᠯᠵᠠᠢ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶ ᠨᠥᠬᠦᠪᠥᠷᠢ ᠪᠡᠯᠡ ᠮᠥᠩᠭᠦ ᠶᠢ ᠴᠠᠭ ᠲᠤᠬᠠᠢ ᠳᠤ ᠨᠢ ᠪᠠᠭᠤᠯᠭᠠᠵᠤ᠂ ᠭᠤᠤᠯᠳᠠᠭᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠠᠵᠢᠯ  ᠤᠨ ᠦᠷ᠎ᠡ ᠪᠦᠲᠦᠭᠡᠯ ᠢ ᠪᠠᠬᠢᠵᠢᠭᠦᠯᠬᠦ ᠳᠤ ᠬᠡᠷᠡᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠪᠡ᠃ ᠬᠤᠲᠠ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠴᠥᠭᠡᠨ ᠲᠣᠭᠠᠲᠤ ᠦᠨᠳᠦᠰᠦᠲᠡᠨ ᠤ ᠨᠡᠭᠦᠳᠡᠯ ᠬᠥᠮᠦᠨ ᠠᠮᠠ ᠶᠢᠨ ᠦᠢᠯᠡᠴᠢᠯᠡᠭᠡ ᠬᠠᠮᠢᠶᠠᠷᠤᠯᠲᠠ ᠶᠢ ᠴᠢᠩᠭᠠᠳᠬᠠᠵᠠᠢ᠃ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ  ᠴᠥᠭᠡᠨ ᠲᠣᠭᠠᠲᠤ ᠦᠨᠳᠦᠰᠦᠲᠡᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠳᠤ ᠣᠷᠣᠯᠴᠠᠵᠤ᠂ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ︾ ᠬᠡᠬᠦ ᠪᠥᠵᠢᠭᠲᠦ ᠵᠦᠴᠦᠭᠡ ᠨᠢ ᠬᠠᠮᠤᠭ ᠰᠢᠯᠢᠳᠡᠭ ᠵᠦᠴᠦᠭᠡ ᠶᠢᠨ ᠲᠥᠷᠥᠯ ᠤᠨ ᠱᠠᠩᠨᠠᠯ ᠪᠠ ᠬᠠᠮᠤᠭ ᠰᠢᠯᠢᠳᠡᠭ ᠤᠳᠤᠷᠢᠳᠤᠭᠠᠴᠢ ᠶᠢᠨ ᠱᠠᠩᠨᠠᠯ ᠬᠦᠷᠲᠡᠵᠦ᠂ ︽ᠮᠣᠷᠢᠲᠤ ᠴᠡᠷᠢᠭ︾ ᠨᠢ ᠤᠷᠠᠯᠢᠭ ᠤᠨ ᠲᠣᠭᠯᠠᠯᠲᠠ ᠶᠢᠨ ᠱᠠᠩᠨᠠᠯ ᠬᠦᠷᠲᠡᠪᠡ᠃ ᠤᠯᠠᠭᠠᠨᠴᠠᠪ ᠬᠤᠲᠠ ᠶᠢᠨ ᠠᠷᠪᠠᠳᠤᠭᠠᠷ ᠬᠤᠭᠤᠴᠠᠭᠠᠨ ᠤ ᠪᠥᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠵᠢᠭᠠᠨ ᠵᠢᠯᠤᠭᠤᠳᠴᠡᠢ᠃ ︽ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠵᠢᠷᠤᠭ ᠤᠨ ᠴᠠᠳᠢᠭ ︵ᠥᠪᠥᠷ ᠮᠣᠩᠭᠤᠯ ᠤᠨ ᠬᠤᠪᠢᠶᠠᠷᠢ ᠪᠣᠳᠢ︶︾ ᠢ ᠨᠠᠶᠢᠷᠠᠭᠤᠯᠤᠨ ᠪᠢᠴᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠣᠷᠴᠣᠨ ᠤ ᠥᠪᠡᠷᠲᠡᠭᠡᠨ ᠵᠠᠰᠠᠬᠤ ᠬᠤᠰᠢᠭᠤ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠳᠤ ᠬᠤᠯᠪᠣᠭ᠎ᠠ ᠠᠪᠴᠤ ᠵᠣᠬᠢᠴᠠᠭᠤᠯᠬᠤ ᠵᠡᠷᠭᠡ ᠠᠵᠢᠯ ᠢ ᠡᠮᠬᠢ ᠵᠢᠷᠤᠮ ᠲᠠᠢ ᠰᠠᠶᠢᠲᠤᠷ ᠬᠢᠵᠦ᠂ ᠨᠠᠢᠮᠠᠨ ᠮᠤᠵᠢ ᠤᠷᠤᠨ ᠤ ᠮᠣᠩᠭᠤᠯ ᠬᠡᠯᠡ ᠪᠢᠴᠢᠭ ᠤᠨ ᠠᠵᠢᠯ ᠤᠨ ᠬᠠᠮᠵᠢᠯᠴᠠᠬᠤ ᠳᠤᠭᠤᠶᠢᠯᠠᠩ ᠤᠨ ᠠᠯᠪᠠᠨ ᠬᠡᠷ ᠤᠨ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ ᠪᠠᠳᠠᠷᠠᠭᠤᠯᠵᠤ᠂ ᠾᠧᠪᠧᠶ ᠮᠤᠵᠢ ᠶᠢᠨ ᠨᠠᠢᠮᠠᠨ ᠮᠤᠵᠢ ᠤᠷᠤᠨ ᠤ ᠮᠣᠩᠭᠤᠯ ᠬᠡᠯᠡ ᠪᠢᠴᠢᠭ ᠤᠨ ᠠᠵᠢᠯ ᠤᠨ ᠬᠠᠮᠵᠢᠯᠴᠠᠬᠤ ᠳᠤᠭᠤᠶᠢᠯᠠᠩ ᠤᠨ ᠠᠷᠪᠠ ᠶᠢᠰᠦᠳᠦᠭᠡᠷ ᠤᠳᠠᠭ᠎ᠠ ᠶᠢᠨ ᠭᠡᠰᠢᠭᠦᠳ ᠤᠨ ᠬᠤᠷᠠᠯ ᠤᠨ ᠪᠡᠯᠡᠳᠭᠡᠯ ᠠᠵᠢᠯ ᠢ ᠵᠢᠭᠠᠨ ᠵᠢᠯᠣᠭᠤᠳᠴᠠᠢ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ