ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠪᠠ ᠵᠢᠱᠢᠶᠡᠴᠢ ᠬᠤᠪᠢ ᠬᠥᠮᠦᠨ ᠤ ᠱᠠᠩᠨᠠᠯ ᠤᠨ ᠫᠠᠶᠢᠰᠠ ᠮᠧᠳᠠᠯ ᠦᠨᠡᠮᠯᠡᠯ ᠴᠠᠴᠤᠭ ᠵᠡᠷᠭᠡ ᠡᠳ᠋ ᠪᠣᠳᠠᠰ ᠢ ᠢᠯᠡ ᠪᠠᠷ ᠦᠨ᠎ᠡ ᠯᠠᠪᠯᠠᠬᠤ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2022/7/25
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠠᠴᠠ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠪᠠ ᠵᠢᠱᠢᠶᠡᠴᠢ ᠬᠤᠪᠢ ᠬᠥᠮᠦᠨ ᠤ ᠱᠠᠩᠨᠠᠯ ᠤᠨ ᠫᠠᠶᠢᠰᠠ ᠮᠧᠳᠠᠯ ᠦᠨᠡᠮᠯᠡᠯ ᠴᠠᠴᠤᠭ ᠵᠡᠷᠭᠡ ᠦᠢᠯᠡᠳᠬᠦ ᠲᠥᠷᠥᠯ ᠵᠦᠢᠯ ᠢ ᠬᠤᠳᠠᠯᠳᠤᠨ ᠠᠪᠬᠤ ᠪᠠᠷ ᠪᠠᠶᠢᠨ᠎ᠠ᠂ ᠬᠢᠷᠢ ᠬᠡᠮ ᠤᠨ ᠨᠥᠬᠦᠴᠡᠯ ᠳᠤ ᠨᠡᠶᠢᠴᠡᠭᠰᠡᠨ ᠪᠠᠷᠠᠭ᠎ᠠ ᠬᠠᠩᠭᠠᠭᠴᠢ ᠬᠤᠳᠠᠯᠳᠤᠭᠠᠴᠢᠳ ᠢ ᠪᠠᠶᠠᠷᠯᠠᠨ ᠤᠭᠲᠤᠵᠤ ᠪᠠᠶᠢᠨ᠎ᠠ᠃      ᠨᠢᠭᠡ᠂ ᠲᠥᠷᠥᠯ ᠵᠦᠢᠯ ᠤᠨ ᠳᠤᠶᠢᠮᠤ ᠪᠠᠶᠢᠳᠠᠯ      ᠲᠥᠷᠥᠯ ᠵᠦᠢᠯ ᠤᠨ ᠨᠡᠷᠡᠶᠢᠳᠦᠯ᠄ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠪᠠ ᠵᠢᠱᠢᠶᠡᠴᠢ ᠬᠤᠪᠢ ᠬᠥᠮᠦᠨ ᠤ ᠱᠠᠩᠨᠠᠯ ᠤᠨ ᠫᠠᠶᠢᠰᠠ ᠮᠧᠳᠠᠯ ᠦᠨᠡᠮᠯᠡᠯ ᠴᠠᠴᠤᠭ ᠵᠡᠷᠭᠡ ᠡᠳ᠋ ᠪᠣᠳᠠᠰ ᠢ ᠤᠶᠢᠯᠡᠳᠴᠤ ᠬᠢᠬᠦ ᠳᠦᠷᠦᠯ ᠵᠤᠶᠢᠯ      ᠲᠥᠷᠥᠯ ᠵᠦᠢᠯ ᠤᠨ ᠲᠤᠭ᠎ᠠ ᠬᠡᠮᠵᠢᠶ᠎ᠡ
微信图片_20220727142937.png     
      ᠵᠥᠪᠰᠢᠶᠡᠷᠡᠭᠰᠡᠨ ᠨᠢᠭᠡᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ       ᠬᠤᠶᠠᠷ᠂ ᠬᠤᠳᠠᠯᠳᠤᠨ ᠠᠪᠬᠤ ᠠᠷᠭ᠎ᠠ ᠮᠠᠶ᠋ᠢᠭ ᠵᠢᠴᠢ ᠲᠥᠰᠥᠪᠯᠡᠭᠰᠡᠨ ᠵᠣᠭᠤᠰ ᠤᠨ ᠲᠤᠭ᠎ᠠ       1. ᠬᠤᠳᠠᠯᠳᠤᠨ ᠠᠪᠬᠤ ᠬᠡᠯᠪᠡᠷᠢ᠄ ᠦᠨ᠎ᠡ ᠯᠠᠪᠯᠠᠬᠤ᠃       2. ᠦᠨ᠎ᠡ ᠯᠠᠪᠯᠠᠬᠤ ᠪᠢᠴᠢᠭ ᠮᠠᠲ᠋ᠧᠷᠢᠶᠠᠯ ᠤᠨ ᠳ᠋ᠤᠭᠠᠷ᠄ NMW - ZCFG 2202       3. ᠲᠥᠰᠥᠪᠯᠡᠭᠰᠡᠨ ᠪᠠᠯᠠ ᠮᠥᠩᠭᠦ᠄ 24 ᠲᠦᠮᠡᠨ ᠲᠥᠭᠦᠷᠢᠭ ( ᠮᠠᠲ᠋ᠧᠷᠢᠶᠠᠯ ᠤᠨ ᠵᠠᠷᠤᠳᠠᠯ᠂  ᠤᠶᠢᠯᠡᠳᠬᠦ ᠵᠠᠷᠤᠳᠠᠯ᠂ ᠲᠡᠭᠡᠭᠡᠪᠦᠷᠢ ᠶᠢᠨ ᠵᠠᠷᠤᠳᠠᠯ᠂ ᠬᠥᠮᠦᠨ ᠤ ᠬᠦᠴᠦᠨ ᠤ ᠵᠠᠷᠤᠳᠠᠯ ᠵᠡᠷᠭᠡ ᠪᠥᠬᠦ ᠵᠠᠷᠤᠳᠠᠯ ᠪᠠᠭᠲᠠᠨ᠎ᠠ )᠃      ᠭᠤᠷᠪᠠ᠂ ᠪᠠᠷᠠᠭ᠎ᠠ ᠬᠠᠩᠭᠠᠭᠴᠢ ᠬᠤᠳᠠᠯᠳᠤᠭᠠᠴᠢᠨ ᠤ ᠬᠢᠷᠢ ᠬᠡᠮ ᠤᠨ ᠱᠠᠭᠠᠷᠳᠠᠯᠭ᠎ᠠ       1. ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾  ᠶᠢᠨ ᠬᠤᠷᠢᠨ ᠬᠤᠶᠠᠳᠤᠭᠠᠷ ᠵᠦᠢᠯ ᠳᠤ ᠲᠣᠭᠲᠠᠭᠠᠭᠰᠠᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ︔      ︵1︶ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ ᠪᠠᠶᠢᠬᠤ︔       ︵2 ︶ ᠰᠠᠶᠢᠨ ᠰᠠᠶᠢᠬᠠᠨ ᠬᠤᠳᠠᠯᠳᠤᠭᠠᠨ ᠤ ᠢᠲᠡᠭᠡᠯ ᠬᠦᠨᠳᠦ ᠲᠠᠢ ᠪᠥᠭᠡᠳ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠲᠦᠷᠢᠮ ᠲᠠᠢ  ᠪᠠᠶᠢᠬᠤ︔       ︵3 ︶ ᠭᠡᠷ᠎ᠡ ᠶᠢ ᠭᠦᠢᠴᠡᠳᠬᠡᠬᠦ ᠳᠤ ᠵᠠᠪᠠᠯ ᠱᠠᠭᠠᠷᠳᠠᠭᠳᠠᠬᠤ ᠲᠤᠰᠬᠠᠢ ᠮᠡᠷᠭᠡᠵᠢᠯ ᠤᠨ ᠴᠢᠳᠠᠪᠤᠷᠢ ᠲᠠᠢ ᠪᠠᠶᠢᠬᠤ︔       ︵4︶ ᠬᠠᠤᠯᠢ ᠶᠣᠰᠣᠭᠠᠷ ᠭᠠᠶᠢᠯᠢ ᠲᠠᠲᠠᠪᠤᠷᠢ ᠪᠠ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠲᠤᠰᠢᠶᠠᠭᠰᠠᠨ ᠨᠠᠶᠢᠳᠠᠪᠤᠷᠢᠳᠠᠢ ᠲᠡᠮᠳᠡᠭᠯᠡᠯ ᠲᠠᠢ ᠪᠠᠶᠢᠬᠤ︔       ︵5 ︶ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ ᠭᠤᠷᠪᠠᠨ ᠵᠢᠯ ᠤᠨ ᠳᠣᠲᠣᠷ᠎ᠠ᠂ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠬᠠᠤᠯᠢ ᠶᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠦᠭᠡᠢ ᠪᠠᠶᠢᠬᠤ︔       ︵6︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠳᠤ ᠨᠡᠶᠢᠴᠡᠭᠰᠡᠨ ᠪᠠᠶᠢᠬᠤ︔      2. ︽ᠢᠲᠡᠭᠡᠮᠵᠢᠲᠦ ᠳᠤᠮᠳᠠᠳᠤ ᠤᠯᠤᠰ︾  ᠰᠦᠯᠵᠢᠶ᠎ᠡ ( www . creditchina . gov . cn )᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ( www . ccgp . gov . cn ) ᠵᠡᠷᠭᠡ ᠰᠦᠯᠵᠢᠶ᠎ᠠ ᠳᠤ ᠢᠲᠡᠭᠡᠮᠵᠢ ᠠᠯᠳᠠᠭᠰᠠᠨ ᠬᠦᠢᠴᠡᠳᠭᠡᠭᠳᠡᠭᠴᠢ᠂ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠤᠨ ᠲᠤᠬᠠᠶ ᠶᠢᠨ ᠬᠥᠮᠦᠨ ᠤ ᠨᠡᠷᠡᠰ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠠᠴᠠ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠨ ᠤᠶᠢᠯᠠ ᠠᠵᠢᠯᠯᠠᠭ᠎ᠠ ᠶᠢ ᠲᠡᠮᠳᠡᠭᠯᠡᠬᠦ ᠨᠡᠷᠡᠰ ᠤᠨ ᠵᠢᠭᠰᠠᠭᠠᠯᠳᠠ ᠳᠤ ᠤᠷᠤᠭᠰᠠᠨ ᠬᠦᠮᠦᠰ ᠵᠢᠴᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠶᠢᠨ ᠬᠤᠷᠢᠨ ᠬᠤᠶᠠᠳᠤᠭᠠᠷ ᠵᠦᠢᠯ ᠳᠤ ᠲᠣᠭᠲᠠᠭᠠᠭᠰᠠᠨ ᠨᠥᠬᠦᠴᠡᠯ ᠳᠤ ᠥᠯᠥ ᠨᠡᠶᠢᠴᠡᠭᠰᠡᠳ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠵᠤ ᠪᠣᠯᠬᠤ ᠥᠬᠡᠶ︔      3. ᠲᠤᠰ ᠲᠥᠷᠥᠯ ᠵᠦᠢᠯ ᠬᠠᠮᠲᠤᠷᠠᠨ ᠳᠠᠭᠠᠭᠠᠴᠢᠯᠠᠬᠤ ᠶᠢ ᠬᠦᠯᠢᠶᠡᠬᠦ ᠦᠭᠡᠶ᠃       ᠳᠥᠷᠪᠡ᠂ ᠪᠠᠷᠠᠭ᠎ᠠ ᠬᠠᠩᠭᠠᠭᠴᠢ ᠬᠤᠳᠠᠯᠳᠤᠭᠠᠴᠢᠨ ᠤ ᠨᠡᠷ᠎ᠡ ᠮᠡᠳᠡᠭᠦᠯᠬᠦ ᠳᠤ ᠬᠠᠩᠭᠠᠬᠤ ᠴᠢᠬᠤᠯᠠᠲᠠᠶ ᠮᠡᠳᠡᠭᠦᠯᠬᠦ ᠮᠠᠲ᠋ᠧᠷᠢᠶᠠᠯ       ᠨᠡᠷ᠎ᠡ ᠮᠡᠳᠡᠭᠦᠯᠦᠭᠴᠢ ᠨᠡᠷ᠎ᠡ ᠮᠡᠳᠡᠭᠦᠯᠬᠦ ᠳᠤ ᠪᠠᠨ ᠳᠤᠤᠷ᠎ᠠ ᠵᠢᠭᠰᠠᠭᠠᠭᠰᠠᠨ ᠮᠠᠲ᠋ᠧᠷᠢᠶᠠᠯ ᠤᠨ ᠬᠠᠭᠤᠯᠪᠤᠷᠢ ︵ᠬᠠᠭᠤᠯᠪᠤᠷᠢ ᠳᠤ ᠺᠣᠮᠫᠠᠨᠢ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠶ᠂ ᠨᠢᠭᠡ ᠶᠠᠩᠵᠤ ᠶᠢᠨ ᠭᠤᠷᠪᠠᠨ ᠬᠤᠪᠢ᠂ ᠪᠠᠷᠢᠮᠵᠢᠶᠠᠲᠤ A 4 ᠴᠠᠭᠠᠰᠤ︶ ᠢ ᠬᠠᠩᠭᠠᠬᠤ ᠬᠡᠷᠡᠭᠲᠡᠶ᠃      ( 1 ) ᠨᠡᠷ᠎ᠡ ᠮᠡᠳᠡᠭᠦᠯᠦᠭᠴᠢ ᠪᠡᠶ᠎ᠡ ᠶᠢᠨ ᠦᠨᠡᠮᠯᠡᠯ ᠤᠨ ᠣᠭ ᠡᠬᠡ᠂ ᠬᠠᠭᠤᠯᠪᠤᠷᠢ ᠪᠠᠨ ᠬᠠᠩᠭᠠᠨ᠎ᠠ︔       ︵2 ︶ ᠨᠡᠷ᠎ᠡ ᠮᠡᠳᠡᠭᠦᠯᠦᠭᠴᠢ ᠠᠴᠠ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠭᠠᠷ ᠤᠨ ᠦᠰᠦᠭ ᠵᠢᠷᠤᠭᠰᠠᠨ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾  ᠢ ᠭᠠᠷᠭᠠᠨ᠎ᠠ︔       ︵3 ︶ ᠥᠷᠢᠰᠥᠯᠳᠦᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ ᠳᠠᠷᠤᠭᠰᠠᠨ ᠬᠦᠴᠦᠨ ᠲᠠᠢ ᠡᠵᠡᠩᠨᠡᠯᠲᠡ ᠶᠢᠨ ᠦᠨᠡᠮᠯᠡᠯ ᠤᠨ ᠳᠡᠳ᠋ ᠳᠡᠪᠲᠡᠷ ᠤᠨ ᠬᠠᠭᠤᠯᠪᠤᠷᠢ ᠶᠢ ᠬᠠᠩᠭᠠᠨ᠎ᠠ︔       ︵4 ︶ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ ᠭᠤᠷᠪᠠᠨ ᠵᠢᠯ ᠤᠨ ᠳᠣᠲᠣᠷ᠎ᠠ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠬᠠᠤᠯᠢ ᠶᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠪᠠᠶᠢᠬᠤ ᠦᠭᠡᠢ ᠭᠡᠰᠡᠨ ᠪᠢᠴᠢᠭ ᠤᠨ ᠬᠡᠯᠪᠡᠷᠢ ᠶᠢᠨ ᠢᠯᠡᠷᠬᠡᠶᠢᠯᠡᠯᠲᠡ ᠬᠠᠩᠭᠠᠨ᠎ᠠ︔      ︵5︶  ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ( www . creditchina . gov . cn︶᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ( www . ccgp . gov . cn ) ᠠᠴᠠ ᠢᠲᠡᠭᠡᠮᠵᠢ ᠶᠢ ᠪᠠᠶᠢᠴᠠᠭᠠᠨ ᠯᠠᠪᠯᠠᠭᠰᠠᠨ ᠲᠡᠮᠳᠡᠭᠯᠡᠯ  ︵ᠢᠲᠡᠭᠡᠮᠵᠢ ᠠᠯᠳᠠᠭᠰᠠᠨ ᠬᠦᠢᠴᠡᠳᠭᠡᠭᠳᠡᠭᠴᠢ᠂ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠵᠢᠭᠰᠠᠭᠠᠯᠳᠠ᠂ ᠵᠠᠰᠠᠭ ᠤᠨ ᠣᠷᠳᠣᠨ ᠤ ᠬᠤᠳᠠᠯᠳᠤᠨ ᠠᠪᠬᠤ ᠳᠤ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠮᠵᠢ ᠠᠯᠳᠠᠭᠰᠠᠳ ᠤᠨ ᠦᠢᠯᠡ ᠠᠵᠢᠯᠯᠠᠭ᠎ᠠ ᠶᠢᠨ ᠲᠡᠮᠳᠡᠭᠯᠡᠯ ᠳᠤ ᠪᠦᠷᠢᠳᠬᠡᠭᠳᠡᠭᠰᠡᠳ ᠤᠨ ᠨᠡᠷᠡᠰ ᠲᠤ ᠣᠷᠣᠭᠰᠠᠨ︶︔       ( 6 )  ᠪᠠᠷᠠᠭ᠎ᠠ ᠬᠠᠩᠭᠠᠬᠤ ᠬᠤᠳᠠᠯᠳᠤᠭᠠᠴᠢᠨ ᠢ ᠳᠠᠩᠰᠠᠯᠠᠬᠤ ᠬᠦᠰᠦᠨᠦᠭᠲᠦ  ︵ᠳᠠᠭᠠᠯᠳᠤᠭᠤᠯᠤᠯ ᠳᠤ ᠦᠵᠡ︶᠃      ᠲᠠᠪᠤ᠂ ᠨᠠᠷ᠎ᠠ ᠮᠡᠳᠡᠭᠦᠯᠬᠦ ᠴᠠᠭ᠂ ᠭᠠᠵᠠᠷ ᠵᠢᠴᠢ ᠦᠨ᠎ᠡ ᠯᠠᠪᠯᠠᠬᠤ ᠪᠢᠴᠢᠭ ᠮᠠᠲ᠋ᠧᠷᠢᠶᠠᠯ ᠤᠯᠭᠤᠬᠤ ᠠᠷᠭ᠎ᠠ ᠮᠠᠶ᠋ᠢᠭ       ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ  ᠪᠠᠷᠠᠭ᠎ᠠ ᠬᠠᠩᠭᠠᠬᠤ ᠬᠤᠳᠠᠯᠳᠤᠭᠠᠴᠢᠨ 2022 ᠣᠨ ᠤ 7 ᠳ᠋ᠤᠭᠠᠷ ᠰᠠᠷ᠎ᠠ ᠶᠢᠨ 8  ᠤ ᠡᠳᠦᠷ ᠠᠴᠠ 2022 ᠣᠨ ᠤ 7 ᠳ᠋ᠤᠭᠠᠷ ᠰᠠᠷ᠎ᠠ ᠶᠢᠨ 14  ᠤ ᠡᠳᠦᠷ ᠪᠣᠯᠲᠠᠯ᠎ᠠ᠂ ᠠᠵᠢᠯᠯᠠᠬᠤ ᠡᠳᠦᠷ  ᠤᠨ ᠦᠳᠡ ᠶᠢᠨ ᠡᠮᠦᠨᠡᠬᠢ 9᠄ 00 —12᠄ 00 ᠴᠠᠭ᠂ ᠦᠳᠡ ᠶᠢᠨ ᠬᠤᠶᠢᠨᠠᠬᠢ 2᠄ 30 — 5᠄ 00 ᠴᠠᠭ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ ︵ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠨᠣᠮᠧᠷᠲᠤ ᠬᠦᠷᠢᠶᠡᠨ ᠤ 7 ᠳ᠋ᠤᠭᠠᠷ ᠠᠰᠠᠷ ᠤᠨ 306 ᠳ᠋ᠤᠭᠠᠷ ᠥᠷᠥᠭᠡ︶ ᠲᠤ ᠬᠦᠷᠴᠦ ᠬᠠᠮᠢᠶ᠎ᠠ ᠪᠦᠬᠦᠢ ᠮᠠᠲ᠋ᠧᠷᠢᠶᠠᠯ ᠢᠶᠠᠨ ᠲᠤᠰᠢᠶᠠᠨ᠎ᠠ᠃ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠤ ᠳᠠᠷᠠᠭ᠎ᠠ᠂ ︽ᠪᠠᠷᠠᠭ᠎ᠠ ᠬᠠᠩᠭᠠᠭᠴᠢ ᠬᠤᠳᠠᠯᠳᠤᠭᠠᠴᠢᠨ ᠢᠶᠠᠷ ᠨᠡᠷ᠎ᠡ ᠮᠡᠳᠡᠭᠦᠯᠬᠦ ᠳᠠᠩᠰᠠᠯᠠᠬᠤ ᠬᠦᠰᠦᠨᠦᠭᠲᠦ︾ ᠶᠢ ᠲᠠᠭᠯᠠᠵᠤ᠂ ᠨᠡᠷ᠎ᠡ ᠮᠡᠳᠡᠭᠦᠯᠵᠦ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠬᠠᠮᠢᠶ᠎ᠠ ᠪᠦᠬᠦᠢ ᠬᠦᠮᠦᠨ ᠥᠪᠥᠷ ᠮᠣᠩᠭᠤᠯ ᠤᠨ ᠦᠨᠳᠦᠰᠦᠲᠡᠨ ᠤ ᠵᠥᠪᠯᠡᠯ ᠳᠤ ᠬᠦᠷᠴᠦ ᠦᠨ᠎ᠡ ᠯᠠᠪᠯᠠᠬᠤ ᠳᠤᠬᠠᠢ ᠪᠢᠴᠢᠭ ᠮᠠᠲ᠋ᠧᠷᠢᠶᠠᠯ ᠢ ᠠᠪᠴᠤ ᠪᠣᠯᠤᠨ᠎ᠠ᠃      ᠵᠢᠷᠭᠤᠭ᠎ᠠ᠂ ᠦᠨ᠎ᠡ ᠯᠠᠪᠯᠠᠬᠤ ᠳᠤ ᠤᠷᠤᠯᠴᠠᠬᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠳᠤᠰᠢᠶᠠᠬᠤ ᠴᠠᠭ ᠬᠤᠭᠤᠴᠠᠭ᠎ᠠ ᠵᠢᠴᠢ ᠬᠠᠶ᠋ᠢᠭ        ᠴᠠᠭ ᠬᠤᠭᠤᠴᠠᠭ᠎ᠠ᠄ 2022 ᠣᠨ ᠤ 7 ᠳ᠋ᠤᠭᠠᠷ ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨᠠᠬᠢ 5᠄ 00 ᠴᠠᠭ ᠠᠴᠠ ᠡᠮᠦᠨ᠎ᠡ       ᠲᠤᠰᠢᠶᠠᠬᠤ  ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠭᠠᠵᠠᠷ  ︵ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠨᠣᠮᠧᠷᠲᠤ ᠬᠦᠷᠢᠶᠡᠨ ᠤ 7 ᠳ᠋ᠤᠭᠠᠷ ᠠᠰᠠᠷ ᠤᠨ 306 ᠳ᠋ᠤᠭᠠᠷ ᠥᠷᠥᠭᠡ︶᠃      ᠳᠣᠯᠤᠭ᠎ᠠ᠂ ᠦᠨ᠎ᠡ ᠯᠠᠪᠯᠠᠬᠤ ᠵᠠᠷᠯᠠᠯᠳᠠ ᠶᠢᠨ ᠬᠤᠷᠠᠯ ᠤᠨ ᠴᠠᠭ ᠬᠤᠭᠤᠴᠠᠭ᠎ᠠ ᠵᠢᠴᠢ ᠭᠠᠵᠠᠷ       ᠬᠤᠷᠠᠯ ᠤᠨ ᠴᠠᠭ᠄ 2022 ᠣᠨ ᠤ 7 ᠳ᠋ᠤᠭᠠᠷ ᠰᠠᠷ᠎ᠠ ᠶᠢᠨ 22  ᠤᠨ ᠡᠳᠦᠷ ᠤᠨ ᠦᠳᠡ ᠶᠢᠨ ᠬᠤᠶᠢᠨᠠᠬᠢ 3᠄ 00 ᠴᠠᠭ       ᠬᠤᠷᠠᠯ ᠤᠨ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠲᠠᠪᠤᠳᠤᠭᠠᠷ ᠳᠠᠪᠬᠤᠷᠭ᠎ᠠ ᠶᠢᠨ ᠬᠤᠷᠠᠯ ᠤᠨ ᠬᠡᠷ       ᠬᠠᠷᠢᠯᠴᠠᠬᠤ ᠬᠥᠮᠦᠨ᠄ ᠯᠢ ᠠᠪᠤᠭᠠᠶ       ᠬᠠᠷᠢᠯᠴᠠᠬᠤ ᠤᠲᠠᠰᠤ᠄ 0471 — 6611201                ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ                               2022 ᠣᠨ ᠤ 7 ᠳ᠋ᠤᠭᠠᠷ ᠰᠠᠷ᠎ᠠ ᠶᠢᠨ 8  ᠤ ᠡᠳᠦᠷ        ᠳᠠᠭᠠᠯᠳᠤᠭᠤᠯᠤᠯ᠄ ᠨᠡᠷ᠎ᠡ ᠮᠡᠳᠡᠬᠦᠯᠬᠦ ᠪᠠᠷᠠᠭ᠎ᠠ ᠬᠠᠩᠭᠠᠬᠤ ᠬᠤᠳᠠᠯᠳᠤᠭᠠᠴᠢᠨ ᠤ ᠳᠠᠩᠰᠠᠯᠠᠬᠤ ᠬᠦᠰᠦᠨᠦᠭᠲᠦ.xls                               
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ