ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ︽ᠦᠨᠳᠦᠰᠦᠲᠡᠨ ᠤ ᠠᠵᠢᠯ ᠤᠨ ᠦᠵᠡᠬᠦᠯᠭᠡ ᠶᠢᠨ ᠲᠠᠰᠤᠭ︾ ᠤᠨ ᠲᠡᠯᠭᠡᠨ ᠦᠵᠡᠬᠦᠯᠭᠡ ᠶᠢᠨ ᠲᠦᠷᠦᠯ ᠵᠤᠶᠢᠯ ᠤᠨ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2022/8/10
      ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠥᠷᠢᠰᠥᠯᠳᠦᠭᠡᠨ ᠤ ᠴᠢᠨᠠᠷᠲᠠᠶ ᠬᠡᠯᠡᠯᠴᠡᠭᠡ ᠬᠢᠬᠦ ᠠᠷᠭ᠎ᠠ ᠬᠡᠯᠪᠡᠷᠢ ᠪᠠᠷ ︽ᠦᠨᠳᠦᠰᠦᠲᠡᠨ ᠤ ᠠᠵᠢᠯ ᠤᠨ ᠦᠵᠡᠬᠦᠯᠭᠡ ᠶᠢᠨ ᠲᠠᠰᠤᠭ︾ ᠤᠨ ᠲᠡᠯᠭᠡᠨ ᠦᠵᠡᠬᠦᠯᠭᠡ ᠬᠢᠬᠦ ᠪᠠᠷ ᠲᠣᠭᠲᠠᠪᠠ᠂ ᠨᠥᠬᠦᠴᠡᠯ ᠳᠤ ᠨᠡᠶᠢᠴᠡᠬᠦ ᠪᠠᠷᠠᠭ᠎ᠠ ᠬᠠᠩᠭᠠᠭᠴᠢ ᠬᠤᠳᠠᠯᠳᠤᠭᠠᠴᠢᠳ ᠨᠡᠷ᠎ᠡ ᠪᠠᠨ ᠮᠡᠳᠡᠭᠦᠯᠦᠨ ᠣᠷᠣᠯᠴᠠᠬᠤ ᠶᠢ ᠤᠷᠢᠵᠤ ᠪᠤᠢ᠃      ᠨᠢᠭᠡ᠂ ᠲᠥᠷᠥᠯ ᠵᠦᠶᠯ ᠤᠨ ᠲᠤᠶᠢᠮᠤ ᠪᠠᠶᠢᠳᠠᠯ      ︽ᠦᠨᠳᠦᠰᠦᠲᠡᠨ ᠤ ᠠᠵᠢᠯ ᠤᠨ ᠦᠵᠡᠬᠦᠯᠭᠡ ᠶᠢᠨ ᠲᠠᠰᠤᠭ︾ ᠤᠨ  ᠲᠡᠯᠭᠡᠨ ᠦᠵᠡᠬᠦᠯᠭᠡ᠃      ᠬᠤᠶᠠᠷ᠂ ᠬᠤᠳᠠᠯᠳᠤᠨ ᠠᠪᠬᠤ ᠠᠷᠭ᠎ᠠ ᠬᠡᠯᠪᠡᠷᠢ ᠵᠢᠴᠢ ᠲᠥᠰᠥᠪᠯᠡᠭᠰᠡᠨ ᠵᠣᠭᠤᠰ ᠤᠨ ᠲᠤᠭ᠎ᠠ       1. ᠬᠤᠳᠠᠯᠳᠤᠨ ᠠᠪᠬᠤ ᠠᠷᠭ᠎ᠠ ᠬᠡᠯᠪᠡᠷᠢ᠄ ᠥᠷᠢᠰᠥᠯᠳᠦᠭᠡᠨ ᠤ ᠴᠢᠨᠠᠷᠲᠠᠢ ᠬᠡᠯᠡᠯᠴᠡᠭᠡ ᠬᠢᠨ᠎ᠠ᠃      2. ᠵᠣᠬᠢᠶᠠᠨ ᠪᠠᠶᠢᠭᠤᠯᠤᠯᠲᠠ ᠶᠢᠨ ᠬᠡᠯᠪᠡᠷᠢ᠄ ᠬᠡᠰᠡᠭᠯᠡᠨ ᠬᠤᠪᠢᠶᠠᠷᠢᠯᠠᠵᠤ ᠬᠤᠳᠠᠯᠳᠤᠨ ᠠᠪᠤᠨ᠎ᠠ᠃      3. ᠲᠥᠰᠥᠪᠯᠡᠭᠰᠡᠨ ᠵᠣᠭᠤᠰ ᠤᠨ ᠲᠤᠭ᠎ᠠ᠄ 62793 ᠲᠥᠭᠦᠷᠢᠭ (6 ᠲᠦᠮᠡ 2 ᠮᠢᠩᠭ᠎ᠠ 7  ᠵᠠᠭᠤ 93 ᠲᠥᠭᠦᠷᠢᠭ)᠃      ᠭᠤᠷᠪᠠ᠂ ᠨᠡᠷ᠎ᠡ ᠮᠡᠳᠡᠭᠦᠯᠬᠦ ᠨᠥᠬᠦᠴᠡᠯ       1. ᠨᠡᠷ᠎ᠡ ᠮᠡᠳᠡᠭᠦᠯᠦᠭᠰᠡᠨ ᠨᠢᠭᠡᠴᠢ ᠨᠢ ᠡᠷᠬᠡᠪᠰᠢ ᠬᠠᠤᠯᠢ ᠶᠣᠰᠣᠭᠠᠷ ᠲᠡᠮᠳᠡᠭᠯᠡᠭᠦᠯᠦᠨ ᠳᠠᠩᠰᠠᠯᠠᠭᠤᠯᠵᠤ᠂ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠬᠡᠮ ᠢ ᠪᠦᠷᠢᠳᠦᠭᠦᠯᠦᠭᠰᠡᠨ ᠪᠠᠶᠢᠬᠤ᠂ ᠡᠳ᠋ ᠤᠨ ᠶᠠᠪᠤᠳᠠᠯ ᠨᠢ ᠪᠦᠷᠢᠨ ᠲᠡᠭᠦᠯᠳᠡᠷ ᠨᠢᠭᠡᠴᠢ ᠪᠠᠶᠢᠬᠤ ᠬᠡᠷᠡᠭᠲᠡᠶ᠃       2. ᠭᠡᠷ᠎ᠡ ᠶᠢ ᠭᠦᠢᠴᠡᠳᠬᠡᠬᠦ ᠳᠤ ᠡᠷᠬᠡᠪᠰᠢ ᠱᠠᠭᠠᠷᠳᠠᠭᠳᠠᠬᠤ ᠴᠢᠳᠠᠪᠤᠷᠢ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠢ ᠪᠦᠷᠢᠯᠳᠦᠬᠦᠯᠦᠭᠰᠡᠨ ᠪᠠᠶᠢᠬᠤ ᠭᠡᠷᠡᠭᠳᠡᠢ᠃      ᠳᠥᠷᠪᠡ᠂ ︽ᠦᠨᠳᠦᠰᠦᠲᠡᠨ ᠤ ᠠᠵᠢᠯ ᠤᠨ ᠦᠵᠡᠬᠦᠯᠭᠡ ᠶᠢᠨ ᠲᠠᠰᠤᠭ︾ ᠤᠨ ᠦᠵᠡᠬᠦᠯᠭᠡ ᠶᠢᠨ ᠬᠡᠪᠴᠢᠶ᠎ᠡ       ︽ᠦᠨᠳᠦᠰᠦᠲᠡᠨ ᠤ ᠠᠵᠢᠯ ᠤᠨ ᠦᠵᠡᠭᠦᠯᠭᠡ ᠶᠢᠨ ᠲᠠᠰᠤᠭ︾ ᠤᠨ ᠳᠡᠯᠭᠡᠨ ᠦᠵᠡᠬᠦᠯᠭᠡ᠃ (ᠳᠠᠭᠠᠯᠳᠠ ᠪᠢᠴᠢᠭ ᠮᠠᠲ᠋ᠧᠷᠢᠶᠠᠯ ᠳᠤ ᠦᠵᠡ)       ᠲᠠᠪᠤ᠂ ᠨᠡᠷ᠎ᠡ ᠮᠡᠳᠡᠭᠦᠯᠬᠦ ᠴᠠᠭ᠂ ᠠᠷᠭ᠎ᠠ ᠬᠡᠯᠪᠡᠷᠢ      ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠪᠠᠷᠠᠭ᠎ᠠ ᠬᠠᠩᠭᠠᠭᠴᠢ ᠬᠤᠳᠠᠯᠳᠤᠭᠠᠴᠢᠳ 2022 ᠣᠨ ᠤ 8 ᠳ᠋ᠤᠭᠠᠷ ᠰᠠᠷ᠎ᠠ ᠶᠢᠨ 4 ᠤ ᠡᠳᠦᠷ ᠠᠴᠠ 2022 ᠣᠨ ᠤ 8 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 —12᠄ 00 ᠴᠠᠭ᠂ ᠦᠳᠡ ᠶᠢᠨ ᠬᠤᠶᠢᠨ᠎ᠠ 2᠄ 30 — 5᠄ 00 ᠴᠠᠭ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠶᠡᠷᠦᠩᠬᠡᠶᠢᠯᠡᠭᠰᠡᠨ ᠪᠠᠲᠤᠯᠠᠭ᠎ᠠ  ᠶᠢᠨ ᠲᠥᠪ ᠤᠨ 107 ᠳ᠋ᠤᠭᠠᠷ ᠲᠠᠰᠤᠭ (ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠲᠣᠭᠠᠲᠤ 7 ᠳ᠋ᠤᠭᠠᠷ ᠠᠰᠠᠷ) ᠲᠤ ᠬᠦᠷᠴᠦ ᠨᠡᠷ᠎ᠡ ᠮᠡᠳᠡᠭᠦᠯᠬᠦ ᠮᠠᠲ᠋ᠧᠷᠢᠶᠠᠯ  ᠢᠶᠠᠨ ᠲᠤᠰᠢᠶᠠᠵᠤ᠂ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠤ ᠳᠠᠷᠠᠭ᠎ᠠ᠂ ︽ᠪᠠᠷᠠᠭ᠎ᠠ ᠬᠠᠩᠭᠠᠭᠴᠢ ᠬᠤᠳᠠᠯᠳᠤᠭᠠᠴᠢᠨ ᠤ ᠨᠡᠷ᠎ᠡ ᠮᠡᠳᠡᠬᠦᠯᠦᠭᠴᠢ ᠳᠠᠩᠰᠠᠯᠠᠬᠤ ᠬᠦᠰᠦᠨᠦᠭᠲᠦ︾ ᠶᠢ ᠲᠠᠭᠯᠠᠨ᠎ᠠ᠃      ᠨᠡᠷ᠎ᠡ ᠮᠡᠳᠡᠭᠦᠯᠬᠦ ᠦᠶ᠎ᠡ ᠳᠤ᠂ ᠨᠡᠷ᠎ᠡ ᠮᠡᠳᠡᠭᠦᠯᠦᠭᠴᠢ ᠳᠣᠤᠷ᠎ᠠ ᠵᠢᠭᠰᠠᠭᠠᠭᠰᠠᠨ ᠮᠠᠲ᠋ᠧᠷᠢᠶᠠᠯ ᠤᠨ ᠬᠠᠭᠤᠯᠪᠤᠷᠢ (ᠬᠠᠭᠤᠯᠪᠤᠷᠢ ᠳᠤ ᠺᠣᠮᠫᠠᠨᠢ ᠶᠢᠨ ᠠᠯᠪᠠᠨ ᠲᠠᠮᠠᠭ᠎ᠠ  ᠶᠢ ᠳᠠᠷᠤᠬᠤ ᠬᠡᠷᠡᠭᠲᠡᠶ᠂ ᠨᠢᠭᠡ ᠶᠠᠩᠵᠤ ᠶᠢᠨ ᠭᠤᠷᠪᠠᠨ ᠬᠤᠪᠢ᠂ ᠪᠠᠷᠢᠮᠵᠢᠶᠠᠲᠤ A4 ᠴᠠᠭᠠᠰᠤ) ᠶᠢ ᠬᠠᠩᠭᠠᠬᠤ ᠬᠡᠷᠡᠭᠲᠡᠶ᠄        1. ᠨᠡᠷ᠎ᠡ ᠮᠡᠳᠡᠭᠦᠯᠦᠭᠴᠢ ᠪᠡᠶ᠎ᠡ ᠶᠢᠨ ᠦᠨᠡᠮᠯᠡᠯ ᠤᠨ ᠣᠭ ᠡᠬᠡ᠂ ᠬᠠᠭᠤᠯᠪᠤᠷᠢ ᠪᠠᠨ ᠬᠠᠩᠭᠠᠨ᠎ᠠ᠃       2. ᠡᠷᠬᠡ ᠣᠯᠭᠤᠵᠤ ᠨᠠᠶᠢᠳᠠᠯᠭ᠎ᠠ ᠬᠦᠯᠢᠶᠡᠭᠰᠡᠨ ᠨᠡᠷ᠎ᠡ ᠮᠡᠳᠡᠭᠦᠯᠦᠭᠴᠢ ᠬᠠᠤᠯᠢ ᠶᠢᠨ ᠡᠷᠬᠡᠲᠡᠨ ᠤ ᠭᠠᠷ ᠤᠨ ᠦᠰᠦᠭ ᠵᠢᠷᠤᠭᠰᠠᠨ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠢ ᠬᠠᠩᠭᠠᠨ᠎ᠠ᠃       3. ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠠᠯᠪᠠᠨ ᠲᠠᠮᠠᠭ᠎ᠠ ᠲᠠᠢ ᠡᠵᠡᠩᠨᠡᠯᠲᠡ ᠶᠢᠨ ᠦᠨᠡᠮᠯᠡᠯ ᠤᠨ ᠳᠡᠳ᠋ ᠳᠡᠪᠲᠡᠷ ᠤᠨ ᠬᠠᠭᠤᠯᠪᠤᠷᠢ ᠶᠢ ᠬᠠᠩᠭᠠᠨ᠎ᠠ᠃       4. ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ ᠭᠤᠷᠪᠠᠨ ᠵᠢᠯ ᠤᠨ ᠳᠣᠲᠣᠷ᠎ᠠ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠬᠠᠤᠯᠢ ᠶᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠪᠠᠶᠢᠬᠤ ᠦᠭᠡᠢ ᠭᠡᠰᠡᠨ ᠪᠢᠴᠢᠭ ᠤᠨ ᠢᠯᠡᠷᠬᠡᠶᠢᠯᠡᠯᠲᠡ ᠶᠢ ᠬᠠᠩᠭᠠᠨ᠎ᠠ᠃      5. ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ( www.creditchina.gov.cn )᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ ( www.ccgp.gov.cn ) ᠠᠴᠠ ᠢᠲᠡᠭᠡᠮᠵᠢ ᠶᠢ ᠪᠠᠶᠢᠴᠠᠭᠠᠨ ᠯᠠᠪᠯᠠᠭᠰᠠᠨ ᠲᠡᠮᠳᠡᠭᠯᠡᠯ (ᠢᠲᠡᠭᠡᠮᠵᠢ ᠠᠯᠳᠠᠭᠰᠠᠨ ᠭᠦᠶᠴᠡᠳᠬᠡᠭᠳᠡᠭᠴᠢ᠂ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠤᠨ ᠲᠤᠬᠠᠶ ᠶᠢᠨ ᠬᠥᠮᠦᠨ ᠤ ᠨᠡᠷᠡᠰ ᠤᠨ ᠵᠢᠭᠰᠠᠭᠠᠯᠲᠠ᠂ ᠵᠠᠰᠠᠭ  ᠤᠨ ᠣᠷᠳᠣᠨ ᠤ ᠬᠤᠳᠠᠯᠳᠤᠨ ᠠᠪᠬᠤ ᠳᠤ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠳ ᠤᠨ ᠦᠢᠯᠡ ᠠᠵᠢᠯᠯᠠᠭ᠎ᠠ ᠶᠢᠨ ᠲᠡᠮᠳᠡᠭᠯᠡᠯ ᠳᠤ ᠪᠦᠷᠢᠳᠬᠡᠭᠳᠡᠭᠰᠡᠳ ᠤᠨ ᠨᠡᠷᠡᠰ ᠲᠤ ᠣᠷᠣᠭᠰᠠᠳ)᠃      ᠵᠢᠷᠭᠤᠭ᠎ᠠ᠂ ᠳᠠᠭᠠᠭᠠᠴᠢᠯᠠᠯᠲᠠ ᠬᠦᠯᠢᠶᠡᠬᠦ (ᠳᠠᠭᠠᠬᠤ) ᠪᠢᠴᠢᠭ ᠮᠠᠲ᠋ᠧᠷᠢᠶᠠᠯ ᠢᠶᠠᠨ ᠲᠤᠰᠢᠶᠠᠬᠤ ᠴᠠᠭ᠂ ᠳᠠᠭᠠᠭᠠᠴᠢᠯᠠᠯᠲᠠ ᠡᠬᠢᠯᠡᠬᠦ ᠴᠠᠭ ᠵᠢᠴᠢ ᠭᠠᠵᠠᠷ      1. ᠳᠠᠭᠠᠭᠠᠴᠢᠯᠠᠯᠲᠠ ᠬᠦᠯᠢᠶᠡᠬᠦ (ᠳᠠᠭᠠᠬᠤ) ᠪᠢᠴᠢᠭ ᠮᠠᠲ᠋ᠧᠷᠢᠶᠠᠯ ᠢᠶᠠᠨ ᠲᠤᠰᠢᠶᠠᠬᠤ ᠴᠠᠭ᠄ 2022 ᠣᠨ ᠤ 8 ᠳ᠋ᠤᠭᠠᠷ ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨᠠᠬᠢ 17᠄ 00 ᠴᠠᠭ ᠬᠦᠷᠲᠡᠯ᠎ᠡ᠃       2. ᠳᠠᠭᠠᠭᠠᠴᠢᠯᠠᠯᠲᠠ ᠬᠦᠯᠢᠶᠡᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠦᠭᠡ ᠬᠡᠯᠡ ᠦᠰᠦᠭ ᠪᠢᠴᠢᠭ  ᠤᠨ ᠰᠤᠳᠤᠯᠤᠯ ᠭᠡᠷᠡᠭᠯᠡᠭᠡᠨ ᠤ ᠲᠥᠪ (ᠥᠪᠥᠷ ᠮᠣᠩᠭᠤᠯ ᠤᠨ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠶᠢᠩ ᠪᠢᠨ ᠬᠤᠶᠢᠲᠤ ᠵᠠᠮ ᠤᠨ 8 ᠳ᠋ᠤᠭᠠᠷ ᠲᠣᠭᠠᠲᠤ)᠃       3. ᠳᠠᠭᠠᠭᠠᠴᠢᠯᠠᠯᠲᠠ ᠡᠬᠢᠯᠡᠬᠦ ᠴᠠᠭ᠄ 2022 ᠣᠨ ᠤ 8 ᠳ᠋ᠤᠭᠠᠷ ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ 9᠄ 30 ᠴᠠᠭ ᠲᠤ᠃      4. ᠳᠠᠭᠠᠭᠠᠴᠢᠯᠠᠯᠲᠠ ᠡᠬᠢᠯᠡᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠦᠭᠡ ᠬᠡᠯᠡ ᠦᠰᠦᠭ ᠪᠢᠴᠢᠭ ᠤᠨ ᠰᠤᠳᠤᠯᠤᠯ ᠬᠡᠷᠡᠭᠯᠡᠭᠡᠨ ᠤ ᠲᠥᠪ ᠤᠨ 214 ᠳ᠋ᠤᠭᠠᠷ ᠨᠣᠮᠧᠷᠲᠤ ᠬᠤᠷᠠᠯ ᠤᠨ ᠭᠡᠷ (ᠥᠪᠥᠷ ᠮᠣᠩᠭᠤᠯ ᠤᠨ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠶᠢᠩ ᠪᠢᠨ ᠬᠤᠶᠢᠲᠤ ᠵᠠᠮ ᠤᠨ 8 ᠳ᠋ᠤᠭᠠᠷ ᠲᠣᠭᠠᠲᠤ)᠃       5. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠦᠭᠡ ᠬᠡᠯᠡ ᠦᠰᠦᠭ ᠪᠢᠴᠢᠭ ᠤᠨ ᠰᠤᠳᠤᠯᠤᠯ ᠬᠡᠷᠡᠭᠯᠡᠭᠡᠨ ᠤ ᠲᠥᠪ  ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠦᠬᠦ ᠶᠠᠪᠤᠴᠠ ᠳᠤ ᠬᠢᠨᠠᠯᠲᠠ ᠲᠠᠯᠪᠢᠨ᠎ᠠ᠃       ᠲᠤᠯᠤᠭ᠎ᠠ᠂ ᠬᠠᠷᠢᠯᠴᠠᠬᠤ ᠬᠡᠯᠪᠡᠷᠢ       ᠬᠠᠶ᠋ᠢᠭ᠄ ᠬᠦᠬᠡᠬᠤᠳᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠬᠦᠷᠢᠶᠡᠨ ᠤ 7 ᠳ᠋ᠤᠭᠠᠷ ᠠᠰᠠᠷ       ᠬᠠᠷᠢᠯᠴᠠᠬᠤ ᠬᠥᠮᠦᠨ᠄ ᠴᠢ ᠠᠪᠤᠭᠠᠢ  0471 - 6944973                 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ