︽ᠶᠡᠭᠡ ᠬᠥᠯᠭᠡᠨ ᠰᠤᠳᠤᠷ · ᠭᠠᠨᠵᠤᠤᠷ︾ ᠤᠨ ᠡᠬᠡ ᠪᠢᠴᠢᠭ ᠤᠨ ᠬᠡᠪᠯᠡᠯ ᠤᠨ ᠨᠢᠭᠤᠷ ᠤᠨ ᠵᠢᠷᠤᠭ ᠲᠥᠯᠥᠪᠯᠡᠭᠡ ᠵᠢᠴᠢ ᠪᠠᠷᠯᠠᠨ ᠦᠢᠯᠡᠳᠬᠦ ᠥᠷᠢᠰᠦᠯᠳᠦᠭᠡᠨᠲᠦ ᠬᠡᠯᠡᠯᠴᠡᠭᠡᠷ ᠬᠢᠵᠦ ᠳᠠᠭᠠᠭᠠᠴᠢᠯᠠᠯᠲᠠ ᠵᠠᠷᠯᠠᠬᠤ ᠠᠯᠪᠠᠨ ᠵᠠᠷ
ᠨᠡᠶᠢᠲᠡᠯᠡᠭᠰᠡᠨ ᠴᠠᠭ᠄
2022/9/29
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠴᠤᠭᠯᠠᠭᠤᠯᠤᠨ ᠡᠮᠬᠢᠳᠬᠡᠵᠦ ᠰᠤᠳᠤᠯᠬᠤ ᠲᠠᠰᠤᠭ ︽ᠶᠡᠭᠡ ᠬᠥᠯᠭᠡᠨ ᠰᠤᠳᠤᠷ · ᠭᠠᠨᠵᠤᠤᠷ︾ ᠤᠨ ᠡᠬᠡ ᠪᠢᠴᠢᠭ ᠤᠨ ᠨᠢᠭᠤᠷ ᠤᠨ ᠵᠢᠷᠤᠭ ᠲᠥᠯᠥᠪᠯᠡᠭᠡ ᠵᠢᠴᠢ ᠪᠠᠷᠯᠠᠨ ᠦᠶᠯᠡᠳᠬᠦ ᠦᠢᠯᠡᠴᠢᠯᠡᠭᠡ ᠶᠢ ᠬᠤᠳᠠᠯᠳᠤᠨ ᠠᠪᠬᠤ ᠪᠠᠷ ᠪᠤᠢ᠂ ᠪᠣᠳᠠᠲᠠᠢ ᠠᠷᠭ᠎ᠠ ᠮᠠᠶ᠋ᠢᠭ ᠨᠢ ᠥᠷᠢᠰᠦᠯᠳᠦᠭᠡᠨᠲᠦ ᠬᠡᠯᠡᠯᠴᠡᠭᠡᠷ ᠬᠢᠨ᠎ᠡ᠂ ᠬᠢᠷᠢ ᠲᠡᠩᠴᠡᠭᠰᠡᠨ ᠬᠠᠩᠭᠠᠯᠭ᠎ᠠ ᠶᠢᠨ ᠬᠤᠳᠠᠯᠳᠤᠭᠠᠴᠢᠳ ᠤᠨ ᠨᠡᠷ᠎ᠡ ᠮᠡᠳᠡᠭᠦᠯᠦᠨ ᠣᠷᠣᠯᠴᠠᠬᠤ ᠶᠢ ᠤᠷᠢᠵᠤ ᠪᠠᠶᠢᠨ᠎ᠠ᠃      ᠨᠢᠭᠡ᠂ ᠲᠥᠷᠥᠯ ᠵᠦᠢᠯ ᠤᠨ ᠨᠡᠷᠡᠶᠢᠳᠦᠯ      ︽ᠶᠡᠭᠡ ᠬᠥᠯᠭᠡᠨ ᠰᠤᠳᠤᠷ ·ᠭᠠᠨᠵᠤᠤᠷ︾ ᠤᠨ ᠡᠬᠡ ᠪᠢᠴᠢᠭ ᠤᠨ ᠬᠡᠪᠯᠡᠯ ᠤᠨ ᠨᠢᠭᠤᠷ ᠤᠨ ᠵᠢᠷᠤᠭ ᠲᠥᠯᠥᠪᠯᠡᠭᠡ ᠪᠠ ᠪᠠᠷᠯᠠᠨ ᠦᠢᠯᠡᠳᠬᠦ       ᠬᠤᠶᠠᠷ᠂ ᠪᠡᠯᠡ ᠮᠥᠩᠭᠦ ᠶᠢᠨ ᠢᠷᠡᠯᠲᠡ       ᠡᠳ᠋ ᠤᠨ ᠵᠠᠰᠠᠭ ᠤᠨ ᠪᠡᠯᠡ ᠮᠥᠩᠭᠦ ᠂ ᠲᠣᠰ ᠤᠳᠠᠭᠠᠨ ᠤ ᠲᠥᠰᠥᠪ ᠤᠨ ᠬᠢᠵᠠᠭᠠᠷᠯᠠᠬᠤ ᠵᠣᠭᠤᠰ ᠤᠨ ᠲᠤᠭ᠎ᠠ ᠨᠢ ᠠᠷᠠᠳ ᠤᠨ ᠵᠣᠭᠤᠰ ᠢᠶᠠᠷ 28 ᠲᠦᠮᠡᠨ ᠲᠥᠭᠦᠷᠢᠭ ᠪᠦᠬᠦᠯᠢ ᠪᠠᠶᠢᠵᠤ᠂ ᠲᠥᠰᠥᠪ ᠤᠨ ᠬᠢᠵᠠᠭᠠᠷᠯᠠᠬᠤ ᠵᠣᠭᠤᠰ ᠤᠨ ᠲᠤᠭ᠎ᠠ ᠠᠴᠠ ᠳᠠᠪᠠᠭᠰᠠᠨ ᠳᠠᠭᠠᠯᠲᠠ ᠪᠢᠴᠢᠭ ᠮᠠᠲ᠋ᠧᠷᠢᠶᠠᠯ ᠨᠢ ᠬᠦᠴᠦᠨ ᠦᠭᠡᠢ᠃      ᠭᠤᠷᠪᠠ᠂ ᠬᠠᠩᠭᠠᠯᠭ᠎ᠠ ᠶᠢᠨ ᠬᠤᠳᠠᠯᠳᠤᠭᠠᠴᠢᠨ ᠤ ᠪᠦᠷᠢᠯᠳᠦᠭᠦᠯᠪᠡᠰᠦ ᠵᠣᠬᠢᠬᠤ ᠨᠥᠬᠦᠴᠡᠯ      ︵ᠨᠢᠭᠡ︶ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ ᠪᠠᠶᠢᠬᠤ︔       ︵ᠬᠤᠶᠠᠷ︶ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠢ ᠵᠢᠷᠤᠮᠯᠠᠨ ᠰᠠᠬᠢᠬᠤ︔      ︵ᠭᠤᠷᠪᠠ︶ ᠣᠬᠢ ᠰᠠᠶᠢᠨ ᠬᠤᠳᠠᠯᠳᠤᠭᠠᠨ ᠤ ᠢᠲᠡᠭᠡᠯ ᠬᠦᠨᠳᠦ ᠪᠠ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠨᠢᠭᠲᠠᠯᠠᠨ ᠪᠤᠳᠦᠬᠤ ᠳᠦᠷᠢᠮ ᠲᠠᠢ ᠪᠠᠶᠢᠬᠤ︔      ︵ᠳᠥᠷᠪᠡ︶ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠤᠯᠴᠠᠬᠤ ᠠᠴᠠ ᠡᠮᠦᠨᠡᠬᠢ ᠭᠤᠷᠪᠠᠨ ᠵᠢᠯ ᠤᠨ ᠳᠣᠲᠣᠷ᠎ᠠ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠬᠠᠤᠯᠢ ᠶᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠦᠭᠡᠢ ᠪᠠᠶᠢᠬᠤ︔      ︵ᠲᠠᠪᠤ︶ ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn︶ ᠪᠤᠶᠤ ᠡᠯ᠎ᠡ ᠱᠠᠲᠤᠨ ᠤ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠳᠤ ᠢᠲᠡᠭᠡᠯ ᠠᠯᠳᠠᠭᠰᠠᠳ ᠤᠨ ᠨᠡᠷᠡᠰ ᠲᠤ ᠪᠦᠷᠢᠳᠬᠡᠭᠳᠡᠭᠰᠡᠨ ᠦᠭᠡᠢ ᠪᠠᠶᠢᠬᠤ︔       ︵ᠵᠢᠷᠭᠤᠭ᠎ᠠ︶ ᠭᠡᠷ᠎ᠡ ᠶᠢ ᠭᠦᠢᠴᠡᠳᠬᠡᠬᠦ ᠳᠤ ᠵᠠᠪᠠᠯ ᠱᠠᠭᠠᠷᠳᠠᠭᠳᠠᠬᠤ ᠲᠤᠰᠬᠠᠢ ᠮᠡᠷᠭᠡᠵᠢᠯ ᠤᠨ ᠴᠢᠳᠠᠪᠤᠷᠢ ᠲᠠᠢ ᠪᠠᠶᠢᠬᠤ︔      ︵ᠲᠤᠯᠤᠭ᠎ᠠ︶ ᠲᠤᠰ ᠤᠳᠠᠭᠠᠨ ᠤ ᠬᠤᠳᠠᠯᠳᠤᠨ ᠠᠪᠬᠤ ᠳᠤ ᠬᠠᠮᠲᠤᠷᠠᠨ ᠳᠠᠭᠠᠭᠠᠴᠢᠯᠠᠬᠤ ᠶᠢ ᠬᠦᠯᠢᠶᠡᠬᠦ ᠦᠭᠡᠢ︔      ︵ᠨᠠᠢᠮᠠ︶ ᠭᠠᠭᠴᠠ ᠬᠦ ᠬᠢᠷᠢ ᠲᠡᠩᠴᠡᠭᠰᠡᠨ ᠬᠠᠩᠭᠠᠯᠭ᠎ᠠ ᠶᠢᠨ ᠬᠤᠳᠠᠯᠳᠤᠭᠠᠴᠢᠨ ᠰᠠᠶ᠋ᠢ ᠦᠨ᠎ᠡ ᠮᠡᠳᠡᠭᠦᠯᠬᠦ ᠳᠤ ᠣᠷᠣᠯᠴᠠᠵᠤ ᠪᠣᠯᠣᠨ᠎ᠠ᠃      ᠳᠥᠷᠪᠡ᠂ ᠨᠡᠷ᠎ᠡ ᠮᠡᠳᠡᠭᠦᠯᠬᠦ ᠳᠤ ᠠᠩᠬᠠᠷᠬᠤ ᠵᠦᠢᠯ      ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠬᠠᠩᠭᠠᠯᠭ᠎ᠠ ᠶᠢᠨ ᠬᠤᠳᠠᠯᠳᠤᠭᠠᠴᠢᠨ 2022 ᠣᠨ ᠤ 9 ᠳ᠋ᠦ᠋ᠭᠡᠷ ᠰᠠᠷ᠎ᠠ ᠶᠢᠨ 21 ᠤ ᠡᠳᠦᠷ ᠠᠴᠠ 2022 ᠣᠨ ᠤ 9 ᠳ᠋ᠦ᠋ᠭᠡᠷ ᠰᠠᠷ᠎ᠠ ᠶᠢᠨ 27 ᠤ ᠡᠳᠦᠷ ᠪᠣᠯᠲᠠᠯ᠎ᠠ᠂ ᠠᠵᠢᠯᠯᠠᠬᠤ ᠡᠳᠦᠷ ᠪᠦᠷᠢ ᠶᠢᠨ ᠦᠳᠡ ᠶᠢᠨ ᠡᠮᠦᠨᠡᠬᠢ 9᠄ 00 ᠴᠠᠭ ᠠᠴᠠ 12᠄ 00 ᠴᠠᠭ᠂ ᠦᠳᠡ ᠶᠢᠨ ᠬᠤᠶᠢᠨᠠᠬᠢ 2᠄ 30 ᠴᠠᠭ ᠠᠴᠠ 5᠄ 00 ᠴᠠᠭ  ᠤᠨ ᠬᠤᠭᠤᠷᠣᠨᠳᠤ ᠲᠣᠰ ᠤᠳᠠᠭᠠᠨ ᠤ ᠥᠷᠢᠰᠦᠯᠳᠦᠭᠡᠨᠲᠦ ᠬᠡᠯᠡᠯᠴᠡᠭᠡᠷ ᠲᠤ ᠣᠷᠣᠯᠴᠠᠬᠤ ᠮᠠᠲ᠋ᠧᠷᠢᠶᠠᠯ ᠢᠶᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ  ᠰᠢᠨᠬᠤᠸᠠ ᠵᠡᠭᠡᠯᠢ ᠶᠢᠨ 63 ᠳ᠋ᠤᠭᠠᠷ ᠬᠦᠷᠢᠶᠡᠨ ᠤ 7 ᠳ᠋ᠤᠭᠠᠷ ᠠᠰᠠᠷ ᠤᠨ 505 ᠥᠷᠥᠭᠡ ᠳᠤ ᠲᠤᠰᠢᠶᠠᠭᠠᠷᠠᠢ᠃ ᠠᠵᠢᠯᠲᠠᠳ ᠠᠩᠬ᠎ᠠ ᠠᠯᠬᠤᠮ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠤ ᠳᠠᠷᠠᠭ᠎ᠠ ᠨᠡᠷ᠎ᠡ ᠮᠡᠳᠡᠭᠦᠯᠵᠦ ᠳᠠᠩᠰᠠᠯᠠᠭᠤᠯᠬᠤ ᠭᠠᠷ ᠭᠦᠢᠴᠡᠳᠬᠡᠯ ᠬᠢᠵᠦ᠂ ᠬᠤᠳᠠᠯᠳᠤᠨ ᠠᠪᠬᠤ ᠪᠢᠴᠢᠭ ᠮᠠᠲ᠋ᠧᠷᠢᠶᠠᠯ ᠢ ᠲᠠᠷᠬᠠᠭᠠᠨ᠎ᠠ᠃      ᠨᠡᠷ᠎ᠡ ᠮᠡᠳᠡᠭᠦᠯᠬᠦ ᠳᠤ ᠳᠣᠣᠷᠠᠬᠢ ᠮᠠᠲ᠋ᠧᠷᠢᠶᠠᠯ ᠤᠳ ᠢ ᠪᠡᠯᠡᠳᠬᠡᠬᠦ ᠬᠡᠷᠡᠭᠲᠡᠢ᠄      ︵1︶ ᠨᠡᠷ᠎ᠡ ᠮᠡᠳᠡᠭᠦᠯᠦᠭᠴᠢ ᠪᠡᠶ᠎ᠡ ᠶᠢᠨ ᠦᠨᠡᠮᠯᠡᠯ ᠤᠨ ᠤᠭ ᠡᠬᠡ ᠪᠠᠨ ᠦᠵᠡᠭᠦᠯᠬᠦ ᠶᠢᠨ ᠬᠠᠮᠲᠤ ᠬᠠᠭᠤᠯᠪᠤᠷᠢ ᠶᠢ ᠨᠢ ᠬᠠᠩᠭᠠᠬᠤ ᠬᠡᠷᠡᠭᠲᠡᠢ︔      ︵2︶ ᠨᠡᠷ᠎ᠡ ᠮᠡᠳᠡᠭᠦᠯᠦᠭᠴᠢ ᠬᠠᠤᠯᠢ ᠶᠢᠨ ᠲᠥᠯᠥᠭᠡᠯᠡᠭᠴᠢ ᠶᠢᠨ ᠭᠠᠷ ᠤᠨ ᠦᠰᠦᠭ ᠵᠢᠷᠤᠭᠰᠠᠨ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠢ ᠬᠠᠩᠭᠠᠬᠤ ᠬᠡᠷᠡᠭᠲᠡᠢ︔      ︵3︶ ᠳᠠᠭᠠᠭᠠᠴᠢᠯᠠᠯᠲᠠ ᠳᠤ ᠣᠷᠣᠯᠴᠠᠬᠤ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ ᠳᠠᠷᠤᠭᠰᠠᠨ ᠬᠦᠴᠦᠨ ᠲᠠᠢ ᠬᠤᠭᠤᠴᠠᠭᠠᠨ ᠳᠤ ᠪᠠᠶᠢᠬᠤ ᠡᠵᠡᠩᠨᠡᠯᠲᠡ ᠶᠢᠨ ᠦᠨᠡᠮᠯᠡᠯ ᠤᠨ ᠳᠡᠳ᠋ ᠳᠡᠪᠲᠡᠷ ᠤᠨ ᠬᠠᠭᠤᠯᠪᠤᠷᠢ ᠶᠢ ᠬᠠᠩᠭᠠᠬᠤ ᠬᠡᠷᠡᠭᠲᠡᠢ︔      ︵4︶ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠤᠯᠴᠠᠬᠤ ᠠᠴᠠ ᠡᠮᠦᠨᠡᠬᠢ ᠭᠤᠷᠪᠠᠨ ᠵᠢᠯ ᠤᠨ ᠳᠣᠲᠣᠷᠠᠬᠢ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠬᠠᠤᠯᠢ ᠶᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠪᠠᠶᠢᠬᠤ ᠦᠭᠡᠢ ᠭᠡᠰᠡᠨ ᠪᠢᠴᠢᠭ ᠤᠨ ᠢᠯᠡᠷᠬᠡᠶᠢᠯᠡᠯᠲᠡ ᠬᠠᠩᠭᠠᠬᠤ ᠬᠡᠷᠡᠭᠲᠡᠢ︔      ︵5︶ ︽ᠢᠲᠡᠭᠡᠮᠵᠢᠲᠦ ᠳᠤᠮᠳᠠᠳᠤ ᠤᠯᠤᠰ︾ ᠰᠦᠯᠵᠢᠶ᠎ᠡ ︵www.creditchina.gov.cn︶᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ  ᠰᠦᠯᠵᠢᠶᠡᠨ ︵www.ccgp.gov.cn︶ ᠤ ᠢᠲᠡᠭᠡᠮᠵᠢ ᠶᠢ ᠪᠠᠶᠢᠴᠠᠭᠠᠨ ᠯᠠᠪᠯᠠᠭᠰᠠᠨ ᠲᠡᠮᠳᠡᠭᠯᠡᠯ ︵ᠡᠷᠬᠡᠪᠰᠢ ᠢᠲᠡᠭᠡᠯ ᠠᠯᠳᠠᠭᠰᠠᠨ ᠭᠦᠢᠴᠡᠳᠬᠡᠭᠳᠡᠭᠴᠢ᠂ ᠭᠠᠶᠢᠯᠢ ᠲᠠᠲᠠᠪᠤᠷᠢ ᠶᠢᠨ ᠬᠠᠤᠯᠢ ᠶᠢ ᠵᠥᠷᠢᠴᠡᠭᠰᠡᠨ ᠬᠦᠨᠳᠦ ᠶᠡᠭᠡ ᠬᠡᠷᠡᠭ ᠤᠨ ᠲᠤᠬᠠᠢ ᠶᠢᠨ ᠬᠥᠮᠥᠨ ᠤ ᠨᠡᠷᠡᠰ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠳ ᠤᠨ ᠦᠶᠯᠡ ᠠᠵᠢᠯᠯᠠᠭ᠎ᠠ ᠶᠢᠨ ᠲᠡᠮᠳᠡᠭᠯᠡᠯ ᠳᠤ ᠪᠦᠷᠢᠳᠬᠡᠭᠳᠡᠭᠰᠡᠳ ᠤᠨ ᠨᠡᠷᠡᠰ ᠲᠠᠢ ᠯᠠᠪᠯᠠᠨ ᠬᠠᠷᠭᠤᠭᠤᠯᠤᠭᠰᠠᠨ ᠪᠠᠶᠢᠬᠤ ᠬᠡᠷᠡᠭᠲᠡᠢ︶᠃      ᠲᠠᠪᠤ᠂ ᠳᠠᠭᠠᠯᠲᠠ ᠪᠢᠴᠢᠭ ᠮᠠᠲ᠋ᠧᠷᠢᠶᠠᠯ ᠢ ᠲᠤᠰᠢᠶᠠᠬᠤ ᠴᠠᠭ᠂ ᠦᠨ᠎ᠡ ᠮᠡᠳᠡᠭᠦᠯᠬᠦ ᠭᠠᠵᠠᠷ ᠵᠢᠴᠢ ᠳᠠᠭᠠᠭᠠᠴᠢᠯᠠᠯᠲᠠ ᠨᠡᠶᠢᠲᠡᠯᠡᠬᠦ ᠴᠠᠭ      ᠳᠠᠭᠠᠯᠲᠠ ᠪᠢᠴᠢᠭ ᠮᠠᠲ᠋ᠧᠷᠢᠶᠠᠯ ᠢᠶᠠᠨ ᠲᠤᠰᠢᠶᠠᠬᠤ ᠡᠴᠦᠰ ᠤᠨ ᠴᠠᠭ᠄ 2022 ᠣᠨ ᠤ 9 ᠳ᠋ᠦ᠋ᠭᠡᠷ ᠰᠠᠷ᠎ᠠ ᠶᠢᠨ 27 ᠤ ᠡᠳᠦᠷ ᠤᠨ ᠦᠳᠡ ᠶᠢᠨ ᠬᠤᠶᠢᠨᠠᠬᠢ 5᠄ 00 ᠴᠠᠭ᠃      ᠲᠤᠰᠢᠶᠠᠬᠤ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠬᠦᠷᠢᠶᠡᠨ ᠤ 7 ᠳ᠋ᠤᠭᠠᠷ ᠠᠰᠠᠷ ᠤᠨ 512 ᠬᠤᠷᠠᠯ ᠤᠨ ᠭᠡᠷ᠃      ᠳᠠᠭᠠᠭᠠᠴᠢᠯᠠᠯᠲᠠ ᠨᠡᠶᠢᠲᠡᠯᠡᠬᠦ ᠴᠠᠭ᠄ 2022 ᠣᠨ ᠤ 9 ᠳ᠋ᠦ᠋ᠭᠡᠷ ᠰᠠᠷ᠎ᠠ ᠶᠢᠨ 29 ᠤ ᠡᠳᠦᠷ ᠤᠨ ᠦᠳᠡ ᠶᠢᠨ ᠡᠮᠦᠨᠡᠬᠢ 10 ᠴᠠᠭ᠃      ᠵᠢᠷᠭᠤᠭ᠎ᠠ᠂ ᠬᠠᠷᠢᠯᠴᠠᠬᠤ ᠠᠷᠭ᠎ᠠ       ᠬᠤᠳᠠᠯᠳᠤᠨ ᠠᠪᠤᠭᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠴᠤᠭᠯᠠᠭᠤᠯᠤᠨ ᠡᠮᠬᠢᠳᠬᠡᠵᠦ ᠰᠤᠳᠤᠯᠬᠤ ᠲᠠᠰᠤᠭ      ᠬᠠᠶᠠᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠬᠦᠷᠢᠶᠡᠨ ᠤ 7 ᠳ᠋ᠤᠭᠠᠷ ᠠᠰᠠᠷ ᠤᠨ 505 ᠥᠷᠥᠭᠡ      ᠬᠠᠷᠢᠯᠴᠠᠬᠤ ᠬᠥᠮᠥᠨ᠄ ᠯᠢ ᠠᠪᠠᠭ᠋ᠠᠢ   ᠸᠠᠩ ᠠᠪᠠᠭ᠋ᠠᠢ      ᠤᠲᠠᠰᠤ᠄ 0471-6611832   15847189824            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠳᠤᠷ ᠪᠢᠴᠢᠭ ᠴᠤᠭᠯᠠᠭᠤᠯᠤᠨ ᠡᠮᠬᠢᠳᠬᠡᠵᠦ ᠰᠤᠳᠤᠯᠬᠤ ᠲᠠᠰᠤᠭ                         2022 ᠣᠨ ᠤ 9 ᠳ᠋ᠦ᠋ᠭᠡᠷ ᠰᠠᠷ᠎ᠠ ᠶᠢᠨ 20 ᠤ ᠡᠳᠦᠷ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ