ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠸᠢᠳᠢᠣ᠋ ᠬᠤᠷᠠᠯ ᠤᠨ ᠰᠢᠰᠲ᠋ᠧᠮ ᠤᠨ ᠪᠠᠭᠲᠠᠭᠠᠮᠵᠢ ᠶᠢ ᠥᠷᠭᠡᠳᠬᠡᠨ ᠲᠠᠰ ᠳᠡᠪᠰᠢᠭᠦᠯᠬᠦ ᠲᠦᠷᠦᠯ ᠵᠤᠶᠢᠯ ᠤᠨ ᠥᠷᠢᠰᠦᠯᠳᠦᠭᠡᠨᠲᠦ ᠬᠡᠯᠡᠯᠴᠡᠭᠡᠷ ᠤᠨ ᠳᠠᠭᠠᠭᠠᠴᠢᠯᠠᠯᠲᠠ ᠶᠢᠨ ᠵᠠᠷᠯᠠᠯ
ᠨᠡᠶᠢᠲᠡᠯᠡᠭᠰᠡᠨ ᠴᠠᠭ᠄
2022/9/8
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠥᠷᠢᠰᠦᠯᠳᠦᠭᠡᠨᠲᠦ ᠬᠡᠯᠡᠯᠴᠡᠭᠡᠷ ᠤᠨ ᠠᠷᠭ᠎ᠠ ᠮᠠᠶ᠋ᠢᠭ ᠢ ᠬᠡᠷᠡᠭᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠸᠢᠳᠢᠣ᠋ ᠬᠤᠷᠠᠯ ᠤᠨ ᠰᠢᠰᠲ᠋ᠧᠮ ᠤᠨ ᠪᠠᠭᠲᠠᠭᠠᠮᠵᠢ ᠶᠢ ᠥᠷᠭᠡᠳᠬᠡᠨ ᠲᠠᠰ ᠳᠡᠪᠰᠢᠭᠦᠯᠬᠦ ᠲᠥᠷᠥᠯ ᠵᠦᠶᠯ ᠤᠨ ᠬᠤᠳᠠᠯᠳᠤᠨ ᠠᠪᠬᠤ ᠠᠵᠢᠯ ᠢ ᠶᠠᠪᠤᠭᠳᠠᠭᠤᠯᠵᠤ᠂ ᠬᠢᠷᠢ ᠬᠡᠮ ᠤᠨ ᠨᠥᠬᠦᠴᠡᠯ ᠳᠤ ᠨᠡᠶᠢᠴᠡᠭᠰᠡᠨ ᠬᠠᠩᠭᠠᠯᠭ᠎ᠠ ᠶᠢᠨ ᠬᠤᠳᠠᠯᠳᠤᠭᠠᠴᠢᠨ ᠨᠡᠷ᠎ᠡ ᠮᠡᠳᠡᠭᠦᠯᠵᠦ ᠣᠷᠣᠯᠴᠠᠬᠤ ᠶᠢ ᠪᠠᠶᠠᠷᠯᠠᠨ ᠤᠭᠳᠤᠵᠦ ᠪᠠᠶᠢᠨ᠎ᠠ᠃       ᠨᠢᠭᠡ᠂ ᠲᠥᠷᠥᠯ ᠵᠦᠶᠯ ᠤᠨ ᠲᠤᠶᠢᠮᠦ ᠪᠠᠶᠢᠳᠠᠯ      1. ᠲᠥᠷᠥᠯ ᠵᠦᠶᠯ ᠤᠨ ᠦᠨᠳᠦᠰᠦᠨ ᠪᠠᠶᠢᠳᠠᠯ       ᠲᠥᠷᠥᠯ ᠵᠦᠶᠯ ᠤᠨ ᠨᠡᠷᠡᠶᠢᠳᠦᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠸᠢᠳᠢᠣ᠋ ᠬᠤᠷᠠᠯ  ᠤᠨ ᠰᠢᠰᠲ᠋ᠧᠮ ᠤᠨ ᠪᠠᠭᠲᠠᠭᠠᠮᠵᠢ ᠶᠢ ᠥᠷᠭᠡᠳᠬᠡᠨ ᠲᠠᠰ ᠳᠡᠪᠰᠢᠭᠦᠯᠬᠦ ᠲᠥᠷᠥᠯ ᠵᠦᠶᠯ       ᠬᠤᠳᠠᠯᠳᠤᠨ ᠠᠪᠬᠤ ᠪᠢᠴᠢᠭ ᠮᠠᠲ᠋ᠧᠷᠢᠶᠠᠯ ᠤᠨ ᠳ᠋ᠤᠭᠠᠷ᠄ NMW - BGS 004       ᠬᠤᠳᠠᠯᠳᠤᠨ ᠠᠪᠬᠤ ᠠᠷᠭ᠎ᠠ ᠮᠠᠶ᠋ᠢᠭ᠄ ᠥᠷᠢᠰᠦᠯᠳᠦᠭᠡᠨᠲᠦ ᠬᠡᠯᠡᠯᠴᠡᠭᠡᠷ ᠬᠢᠨ᠎ᠠ᠃      ᠬᠤᠳᠠᠯᠳᠤᠨ ᠠᠪᠬᠤ ᠱᠠᠭᠠᠷᠳᠠᠯᠭ᠎ᠠ᠄
微信图片_20220908111828.png     
      ᠬᠤᠶᠠᠷ᠂ ᠬᠠᠩᠭᠠᠯᠭ᠎ᠠ ᠶᠢᠨ ᠬᠤᠳᠠᠯᠳᠤᠭᠠᠴᠢᠨ ᠤ ᠬᠢᠷᠢ ᠬᠡᠮ ᠤᠨ ᠱᠠᠭᠠᠷᠳᠠᠯᠭ᠎ᠠ       1. ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠶᠢᠨ ᠬᠤᠷᠢᠨ ᠬᠤᠶᠠᠳᠤᠭᠠᠷ ᠵᠦᠢᠯ ᠳᠤ ᠲᠣᠭᠲᠠᠭᠠᠭᠰᠠᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄      ( 1 ) ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠪᠡᠶ᠎ᠡ ᠪᠠᠨ ᠳᠠᠭᠠᠭᠠᠵᠤ ᠡᠭᠦᠷᠭᠡᠯᠡᠬᠦ ᠴᠢᠳᠠᠪᠤᠷᠢ ᠲᠠᠢ ᠪᠠᠶᠢᠬᠤ︔       ( 2 ) ᠣᠬᠢ ᠰᠠᠶᠢᠨ ᠬᠤᠳᠠᠯᠳᠤᠭᠠᠨ ᠤ ᠢᠲᠡᠭᠡᠯ ᠬᠦᠨᠳᠦ ᠪᠠ ᠪᠦᠷᠢᠨ ᠲᠡᠭᠦᠯᠳᠡᠷ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠲᠦᠷᠢᠮ ᠲᠠᠢ ᠪᠠᠶᠢᠬᠤ︔       ( 3 ) ᠭᠡᠷ᠎ᠡ ᠶᠢ ᠭᠦᠢᠴᠡᠳᠬᠡᠬᠦ ᠳᠤ ᠵᠠᠪᠠᠯ ᠱᠠᠭᠠᠷᠳᠠᠭᠳᠠᠬᠤ ᠲᠤᠰᠬᠠᠢ ᠮᠡᠷᠭᠡᠵᠢᠯ ᠤᠨ ᠴᠢᠳᠠᠪᠤᠷᠢ ᠲᠠᠢ ᠪᠠᠶᠢᠬᠤ︔      ( 4 ) ᠬᠠᠤᠯᠢ ᠶᠣᠰᠣᠭᠠᠷ ᠭᠠᠶᠢᠯᠢ ᠲᠠᠲᠠᠪᠤᠷᠢ ᠪᠠ ᠨᠡᠶᠢᠭᠡᠮ ᠤᠨ ᠪᠠᠲᠤᠯᠠᠭ᠎ᠠ ᠶᠢᠨ ᠪᠡᠯᠡ ᠮᠥᠩᠭᠦ ᠲᠤᠰᠢᠶᠠᠭᠰᠠᠨ ᠣᠬᠢ ᠰᠠᠶᠢᠨ ᠲᠡᠮᠳᠡᠭᠯᠡᠯ ᠲᠠᠢ ᠪᠠᠶᠢᠬᠤ︔       ( 5 ) ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ ᠭᠤᠷᠪᠠᠨ ᠵᠢᠯ ᠤᠨ ᠳᠣᠲᠣᠷ᠎ᠠ᠂ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠬᠠᠤᠯᠢ ᠶᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠦᠭᠡᠢ ᠪᠠᠶᠢᠬᠤ︔       ( 6 ) ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠳᠤ ᠨᠡᠶᠢᠴᠡᠭᠰᠡᠨ ᠪᠠᠶᠢᠬᠤ᠃      2. ᠢᠲᠡᠭᠡᠮᠵᠢᠲᠦ ᠳᠤᠮᠳᠠᠳᠤ ᠤᠯᠤᠰ ᠤᠨ ᠰᠦᠯᠵᠢᠶ᠎ᠡ (www.creditchina.gov.cn)᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ (www.cgp.gov.cn) ᠵᠡᠷᠭᠡ  ᠰᠦᠯᠵᠢᠶ᠎ᠠ ᠳᠡᠭᠡᠷ᠎ᠠ ᠢᠲᠡᠭᠡᠮᠵᠢ ᠠᠯᠳᠠᠭᠰᠠᠨ ᠭᠦᠶᠴᠡᠳᠬᠡᠭᠳᠡᠭᠴᠢ᠂ ᠭᠠᠶᠢᠯᠢ ᠲᠠᠲᠠᠪᠤᠷᠢ  ᠶᠢᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠤᠨ ᠲᠤᠬᠠᠶ ᠶᠢᠨ ᠬᠥᠮᠦᠨ ᠤ ᠨᠡᠷᠡᠰ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠠᠴᠠ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠳ ᠤᠨ ᠦᠶᠯᠡ ᠠᠵᠢᠯᠯᠠᠭᠠᠨ ᠤ ᠲᠡᠮᠳᠡᠭᠯᠡᠯ ᠳᠤ ᠪᠦᠷᠢᠳᠬᠡᠭᠳᠡᠭᠰᠡᠳ ᠵᠢᠴᠢ ︽ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠶᠢᠨ ᠬᠤᠷᠢᠨ ᠬᠤᠶᠠᠳᠤᠭᠠᠷ ᠵᠦᠶᠯ ᠳᠤ ᠲᠣᠭᠲᠠᠭᠠᠭᠰᠠᠨ ᠨᠥᠬᠦᠴᠡᠯ ᠳᠤ ᠥᠯᠥ ᠨᠡᠶᠢᠴᠡᠬᠦ ᠬᠠᠩᠭᠠᠯᠭ᠎ᠠ  ᠶᠢᠨ ᠬᠤᠳᠠᠯᠳᠤᠭᠠᠴᠢᠳ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠵᠤ ᠥᠯᠥ ᠪᠣᠯᠣᠨ᠎ᠠ︔       3. ᠡᠷᠬᠡᠪᠰᠢ ᠥᠪᠴᠢ ᠪᠠᠷ ᠳᠠᠭᠠᠭᠠᠴᠢᠯᠠᠬᠤ ᠶᠢ ᠱᠠᠭᠠᠷᠳᠠᠨ᠎ᠠ︔       4. ᠲᠣᠰ ᠲᠥᠷᠥᠯ ᠵᠦᠶᠯ ᠳᠤ ᠬᠠᠮᠲᠤᠷᠠᠨ ᠳᠠᠭᠠᠭᠠᠴᠢᠯᠠᠬᠤ ᠶᠢ ᠬᠦᠯᠢᠶᠡᠬᠦ ᠥᠬᠡᠶ᠃      ᠭᠤᠷᠪᠠ᠂ ᠬᠤᠳᠠᠯᠳᠤᠨ ᠠᠪᠬᠤ ᠪᠢᠴᠢᠭ ᠮᠠᠲ᠋ᠧᠷᠢᠶᠠᠯ ᠢ ᠬᠦᠯᠢᠶᠠᠨ ᠠᠪᠬᠤ ᠴᠠᠭ᠂ ᠭᠠᠵᠠᠷ᠂ ᠠᠷᠭ᠎ᠠ ᠮᠠᠶ᠋ᠢᠭ       ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ  ᠬᠠᠩᠭᠠᠯᠭ᠎ᠠ ᠶᠢᠨ ᠬᠤᠳᠠᠯᠳᠤᠭᠠᠴᠢᠳ 2022 ᠣᠨ ᠤ 9 ᠳ᠋ᠦ᠋ᠭᠡᠷ ᠰᠠᠷ᠎ᠠ ᠶᠢᠨ 5 ᠤ ᠡᠳᠦᠷ ᠠᠴᠠ 2022 ᠣᠨ ᠤ 9 ᠳ᠋ᠦ᠋ᠭᠡᠷ ᠰᠠᠷ᠎ᠠ ᠶᠢᠨ 9 ᠤ ᠡᠳᠦᠷ ᠤᠨ ᠦᠳᠡ ᠶᠢᠨ ᠡᠮᠦᠨᠡᠬᠢ 9᠄ 00 —12᠄ 00 ᠴᠠᠭ᠂ ᠦᠳᠡ ᠶᠢᠨ ᠬᠤᠶᠢᠨᠠᠬᠢ 2᠄ 30 — 5᠄ 30  ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ 531 ᠳ᠋ᠦ᠋ᠭᠡᠷ ᠨᠣᠮᠧᠷᠲᠤ ᠠᠯᠪᠠᠨ ᠬᠡᠷ ︵ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠬᠦᠷᠢᠶᠡᠨ ᠤ 7 ᠳ᠋ᠤᠭᠠᠷ ᠠᠰᠠᠷ︶ ᠲᠤ ᠬᠦᠷᠴᠦ ᠨᠡᠷ᠎ᠡ ᠮᠡᠳᠡᠭᠦᠯᠬᠦ ᠮᠠᠲ᠋ᠧᠷᠢᠶᠠᠯ ᠢᠶᠠᠨ ᠳᠤᠰᠢᠶᠠᠨ᠎ᠠ᠃ ᠠᠩᠬᠠᠨ ᠤ ᠬᠢᠨᠠᠯᠲᠠ ᠳᠤ ᠬᠢᠷᠢ ᠲᠡᠩᠴᠡᠭᠰᠡᠨ ᠤ ᠳᠠᠷᠠᠭ᠎ᠠ᠂ ︽ᠬᠠᠩᠭᠠᠯᠭ᠎ᠠ ᠶᠢᠨ ᠬᠤᠳᠠᠯᠳᠤᠭᠠᠴᠢᠨ ᠤ ᠨᠡᠷ᠎ᠡ ᠮᠡᠳᠡᠭᠦᠯᠬᠦ ᠲᠡᠮᠳᠡᠭᠯᠡᠯ ᠤᠨ ᠬᠥᠰᠥᠨᠥᠭᠲᠦ︾ ᠶᠢ ᠲᠠᠭᠯᠠᠨ᠎ᠠ᠃ ᠨᠡᠷ᠎ᠡ ᠮᠡᠳᠡᠭᠦᠯᠵᠦ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠬᠠᠩᠭᠠᠯᠭ᠎ᠠ ᠶᠢᠨ ᠬᠤᠳᠠᠯᠳᠤᠭᠠᠴᠢᠨ ᠥᠪᠥᠷ ᠮᠣᠩᠭᠤᠯ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠠᠴᠠ ᠬᠤᠳᠠᠯᠳᠤᠨ ᠠᠪᠬᠤ ᠪᠢᠴᠢᠭ ᠮᠠᠲ᠋ᠧᠷᠢᠶᠠᠯ ᠢ ᠭᠠᠷᠳᠠᠨ ᠠᠪᠴᠤ ᠪᠣᠯᠣᠨ᠎ᠠ᠃      ᠨᠡᠷ᠎ᠡ ᠮᠡᠳᠡᠭᠦᠯᠬᠦ ᠦᠶ᠎ᠡ ᠳᠤ᠂ ᠨᠡᠷ᠎ᠡ ᠮᠡᠳᠡᠭᠦᠯᠦᠭᠴᠢ ᠳᠣᠤᠷ᠎ᠠ ᠵᠢᠭᠰᠠᠭᠠᠭᠰᠠᠨ ᠮᠠᠲ᠋ᠧᠷᠢᠶᠠᠯ ᠤᠨ ᠬᠠᠭᠤᠯᠪᠤᠷᠢ ︵ᠬᠠᠭᠤᠯᠪᠤᠷᠢᠯᠠᠭᠰᠠᠨ ᠮᠠᠲ᠋ᠧᠷᠢᠶᠠᠯ ᠳᠤ ᠪᠠᠨ ᠺᠣᠮᠫᠠᠨᠢ ᠶᠢᠨ ᠠᠯᠪᠠᠨ ᠲᠠᠮᠠᠭ᠎ᠠ ᠶᠢ ᠳᠠᠷᠤᠭᠰᠠᠨ ᠪᠠᠶᠢᠬᠤ ᠬᠡᠷᠡᠭᠲᠡᠶ᠂ ᠨᠢᠭᠡ ᠶᠠᠩᠵᠤ ᠶᠢᠨ ᠨᠢᠭᠡ ᠬᠤᠪᠢ᠂ ᠪᠠᠷᠢᠮᠵᠢᠶ᠎ᠠ A 4 ᠴᠠᠭᠠᠰᠤ᠂ ᠭᠤᠮ ᠦᠳᠡᠮᠡᠯ︶ ᠶᠢ ᠬᠠᠩᠭᠠᠬᠤ ᠬᠡᠷᠡᠭᠲᠡᠶ᠄       ( 1 ) ᠨᠡᠷ᠎ᠡ ᠮᠡᠳᠡᠭᠦᠯᠦᠭᠴᠢ ᠪᠡᠶ᠎ᠡ ᠶᠢᠨ ᠦᠨᠡᠮᠯᠡᠯ ᠤᠨ ᠣᠭ ᠡᠬᠡ ᠪᠠᠨ ᠦᠵᠡᠭᠦᠯᠬᠦ ᠶᠢᠨ ᠬᠠᠮᠲᠤ ᠬᠠᠭᠤᠯᠪᠤᠷᠢ ᠪᠠᠨ ᠬᠠᠩᠭᠠᠨ᠎ᠠ︔       ( 2 ) ᠨᠡᠷ᠎ᠡ ᠮᠡᠳᠡᠭᠦᠯᠦᠭᠴᠢ ᠬᠠᠤᠯᠢ ᠶᠢᠨ ᠲᠥᠯᠥᠭᠡᠯᠡᠭᠴᠢ ᠶᠢᠨ ᠭᠠᠷ ᠤᠨ ᠦᠰᠦᠭ ᠵᠢᠷᠤᠭᠰᠠᠨ᠂ ᠺᠣᠮᠫᠠᠨᠢ ᠶᠢᠨ ᠲᠠᠮᠠᠭ᠎ᠠ ᠳᠠᠷᠤᠭᠰᠠᠨ ︽ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ︾ ᠢ ᠬᠠᠩᠭᠠᠨ᠎ᠠ︔       ( 3 ) ᠳᠠᠭᠠᠭᠠᠴᠢᠯᠠᠯᠲᠠ ᠳᠤ ᠣᠷᠣᠯᠴᠠᠬᠤ ᠠᠵᠤ ᠠᠬᠤᠶᠢᠯᠠᠯ ᠤᠨ ᠠᠯᠪᠠᠨ ᠲᠠᠮᠠᠭ᠎ᠠ ᠲᠠᠢ ᠡᠵᠡᠩᠨᠡᠯᠲᠡ ᠶᠢᠨ ᠦᠨᠡᠮᠯᠡᠯ ᠤᠨ ᠳᠡᠳ᠋ ᠳᠡᠪᠲᠡᠷ ᠤᠨ ᠬᠠᠭᠤᠯᠪᠤᠷᠢ  ᠶᠢ ᠬᠠᠩᠭᠠᠨ᠎ᠠ︔      ( 4 ) ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ ᠭᠤᠷᠪᠠᠨ ᠵᠢᠯ ᠤᠨ ᠳᠣᠲᠣᠷ᠎ᠠ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠬᠠᠤᠯᠢ ᠶᠢ ᠬᠦᠨᠳᠦ ᠨᠣᠴᠢᠲᠠᠢ ᠵᠥᠷᠢᠴᠡᠭᠰᠡᠨ ᠲᠡᠮᠳᠡᠭᠯᠡᠯ ᠪᠠᠶᠢᠬᠤ ᠦᠭᠡᠢ ᠭᠡᠰᠡᠨ ᠢᠯᠡᠷᠬᠡᠶᠢᠯᠡᠯᠲᠡ ᠶᠢᠨ ᠪᠢᠴᠢᠭ ᠢ ᠬᠠᠩᠭᠠᠨ᠎ᠠ︔       ( 5 ) ᠢᠳᠡᠭᠡᠮᠵᠢᠳᠤ ᠳᠤᠮᠳᠠᠳᠤ ᠤᠯᠤᠰ ᠤᠨ ᠰᠦᠯᠵᠢᠶ᠎ᠡ (www.creditchina.gov.cn)᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠰᠦᠯᠵᠢᠶ᠎ᠡ (www.ccgp.gov.cn) ᠠᠴᠠ ᠢᠲᠡᠭᠡᠮᠵᠢ ᠶᠢ ᠨᠢ ᠪᠠᠶᠢᠴᠠᠭᠠᠨ ᠯᠠᠪᠯᠠᠭᠰᠠᠨ ᠲᠡᠮᠳᠡᠭᠯᠡᠯ ︵ᠢᠲᠡᠭᠡᠮᠵᠢ ᠠᠯᠳᠠᠭᠰᠠᠨ ᠭᠦᠶᠴᠡᠳᠬᠡᠭᠳᠡᠭᠴᠢ᠂ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠤᠨ ᠲᠤᠬᠠᠶ ᠶᠢᠨ ᠬᠥᠮᠦᠨ ᠤ ᠨᠡᠷᠡᠰ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠠᠴᠠ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠳ ᠤᠨ ᠦᠢᠯᠡ ᠠᠵᠢᠯᠯᠠᠭ᠎ᠠ ᠶᠢᠨ ᠲᠡᠮᠳᠡᠭᠯᠡᠯ ᠳᠤ ᠪᠦᠷᠢᠳᠬᠡᠭᠳᠡᠭᠰᠡᠳ ᠤᠨ ᠨᠡᠷᠡᠰ ᠲᠠᠢ ᠯᠠᠪᠯᠠᠨ ᠬᠠᠷᠭᠤᠭᠤᠯᠤᠨ᠎ᠠ︶ ᠢ ᠬᠠᠩᠭᠠᠨ᠎ᠠ᠃      ᠳᠥᠷᠪᠡ᠂ ᠳᠠᠭᠠᠭᠠᠴᠢᠯᠠᠯᠲᠠ ᠳᠤ ᠣᠷᠣᠯᠴᠠᠬᠤ ︵ᠳᠠᠭᠠᠯᠳᠤᠭᠰᠠᠨ︶ ᠪᠢᠴᠢᠭ ᠮᠠᠲ᠋ᠧᠷᠢᠶᠠᠯ ᠢᠶᠠᠨ ᠲᠤᠰᠢᠶᠠᠬᠤ ᠴᠠᠭ᠂ ᠳᠠᠭᠠᠭᠠᠴᠢᠯᠠᠯᠲᠠ ᠨᠡᠶᠢᠲᠡᠯᠡᠬᠦ ᠴᠠᠭ ᠵᠢᠴᠢ ᠭᠠᠵᠠᠷ       1. ᠳᠠᠭᠠᠭᠠᠴᠢᠯᠠᠯᠲᠠ ᠳᠤ ᠣᠷᠣᠯᠴᠠᠬᠤ  ︵ᠳᠠᠭᠠᠯᠳᠤᠭᠰᠠᠨ︶ ᠪᠢᠴᠢᠭ ᠮᠠᠲ᠋ᠧᠷᠢᠶᠠᠯ ᠢᠶᠠᠨ ᠲᠤᠰᠢᠶᠠᠬᠤ ᠡᠴᠦᠰ ᠤᠨ ᠴᠠᠭ᠄ 2022 ᠣᠨ ᠤ 9 ᠳ᠋ᠤᠭᠡᠷ ᠰᠠᠷ᠎ᠠ  ᠶᠢᠨ 16 ᠤ ᠡᠳᠦᠷ ᠤᠨ ᠦᠳᠡ ᠶᠢᠨ ᠬᠤᠶᠢᠨᠠᠬᠢ 15 ᠴᠠᠭ᠃       2. ᠳᠠᠭᠠᠭᠠᠴᠢᠯᠠᠯᠲᠠ ᠬᠦᠯᠢᠶᠡᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠥᠷᠪᠡᠳᠦᠭᠡᠷ ᠳᠠᠪᠬᠤᠷᠯᠢᠭ ᠤᠨ ᠮᠠᠰᠢᠨ ᠤ ᠭᠡᠷ ︵ᠰᠢᠨᠬᠤᠸᠠ ᠵᠡᠭᠡᠯᠢ ᠶᠢᠨ 63 ᠳ᠋ᠤᠭᠠᠷ ᠨᠣᠮᠧᠷᠲᠤ ᠶᠢᠨ 7 ᠳ᠋ᠤᠭᠠᠷ ᠠᠰᠠᠷ ᠤᠨ 4 ᠳ᠋ᠦ᠋ᠭᠡᠷ ᠳᠠᠪᠬᠤᠷᠯᠢᠭ︶᠃       3. ᠳᠠᠭᠠᠭᠠᠴᠢᠯᠠᠯᠲᠠ ᠨᠡᠶᠢᠲᠡᠯᠡᠬᠦ ᠴᠠᠭ᠄ 2022 ᠣᠨ ᠤ 9 ᠳ᠋ᠦ᠋ᠭᠡᠷ ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨᠠᠬᠢ 15 ᠴᠠᠭ᠃       4. ᠳᠠᠭᠠᠭᠠᠴᠢᠯᠠᠯᠲᠠ ᠨᠡᠶᠢᠲᠡᠯᠡᠬᠦ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ 4 ᠳ᠋ᠦ᠋ᠭᠡᠷ ᠳᠠᠪᠬᠤᠷᠯᠢᠭ ᠤᠨ ᠮᠠᠰᠢᠨ ᠤ ᠭᠡᠷ ︵ᠰᠢᠨᠬᠤᠸᠠ ᠵᠡᠭᠡᠯᠢ ᠶᠢᠨ 63 ᠳ᠋ᠤᠭᠠᠷ ᠨᠣᠮᠧᠷᠲᠤ ᠶᠢᠨ 7 ᠳ᠋ᠤᠭᠠᠷ ᠠᠰᠠᠷ ᠤᠨ 4 ᠳ᠋ᠦ᠋ᠭᠡᠷ ᠳᠠᠪᠬᠤᠷᠯᠢᠭ︶᠃      ᠲᠠᠪᠤ᠂ ᠬᠠᠷᠢᠯᠴᠠᠬᠤ ᠠᠷᠭ᠎ᠠ      ᠬᠤᠳᠠᠯᠳᠤᠨ ᠠᠪᠤᠭᠴᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ       ᠬᠠᠶ᠋ᠢᠭ᠄ ᠰᠢᠨᠬᠤᠸᠠ ᠶᠡᠭᠡ ᠵᠡᠭᠡᠯᠢ ᠶᠢᠨ 63 ᠳ᠋ᠤᠭᠠᠷ ᠨᠣᠮᠧᠷᠲᠤ ᠶᠢᠨ 7 ᠳ᠋ᠤᠭᠠᠷ ᠠᠰᠠᠷ ᠤᠨ 531 ᠳ᠋ᠦ᠋ᠭᠡᠷ ᠨᠣᠮᠧᠷᠲᠤ ᠠᠯᠪᠠᠨ ᠭᠡᠷ       ᠬᠠᠷᠢᠯᠴᠠᠬᠤ ᠬᠥᠮᠦᠨ᠄ ᠯᠢᠦ ᠯᠢ ᠵᠥᠩ       ᠤᠳᠠᠰᠤ᠄ 0471 - 6945074                              ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ                           2022 ᠣᠨ ᠤ 9 ᠳ᠋ᠦ᠋ᠭᠡᠷ ᠰᠠᠷ᠎ᠠ ᠶᠢᠨ 5 ᠤ ᠡᠳᠦᠷ               
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ