ᠦᠰᠦᠭ ᠪᠢᠴᠢᠭ ᠤᠨ ᠲᠠᠶᠢᠯᠤᠮᠵᠢ​᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ ᠲᠥᠷᠥᠯ ᠬᠤᠪᠢᠶᠠᠨ ᠰᠢᠯᠵᠢᠭᠦᠯᠦᠨ ᠥᠭᠬᠦ ᠲᠤᠬᠠᠢ ᠲᠣᠭᠲᠠᠭᠠᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2023/1/28
      ᠨᠢᠭᠡ᠂ ︽ᠲᠣᠭᠲᠠᠭᠠᠯ︾ ᠢ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ       ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠬᠠᠮᠢᠶᠠᠷᠤᠯᠲᠠ ᠶᠢᠨ ᠳᠦᠷᠢᠮ︾ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦᠨ ᠠᠭᠤᠷᠬᠠᠢ ᠶᠢᠨ ᠦᠢᠯᠡᠰ ᠤᠨ ᠡᠷᠬᠡ ᠶᠢ ᠲᠥᠷᠥᠯ ᠬᠤᠪᠢᠶᠠᠨ ᠰᠢᠯᠵᠢᠭᠦᠯᠦᠨ ᠥᠭᠬᠦ ᠳᠦᠷᠢᠮ ᠢ ᠲᠦᠷᠭᠡᠳᠬᠡᠨ ᠪᠠᠶᠢᠭᠤᠯᠵᠤ᠂ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠦᠢᠯᠡᠳᠪᠦᠷᠢᠯᠡᠯ ᠳᠤ ᠬᠡᠷᠡᠭᠯᠡᠬᠦ ᠨᠡᠭᠦᠷᠡᠰᠦᠨ ᠤ ᠬᠡᠷᠡᠭᠴᠡᠭᠡ ᠶᠢ ᠪᠠᠲᠤᠯᠠᠵᠤ᠂ ᠨᠡᠭᠦᠷᠡᠰᠦᠨ ᠤ ᠠᠵᠢᠯ ᠲᠥᠷᠥᠯ ᠤᠨ ᠬᠡᠯᠬᠢᠶ᠎ᠡ ᠶᠢ ᠤᠷᠲᠤᠳᠬᠠᠨ᠂ ᠤᠯᠠᠮᠵᠢᠯᠠᠯᠲᠤ ᠨᠡᠭᠦᠷᠡᠰᠦᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠵᠤ᠂ ᠥᠪᠥᠷ ᠮᠣᠩᠭᠤᠯ ᠤᠨ ᠤᠯᠤᠰ ᠤᠨ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠲᠠᠬᠢ ᠪᠠᠶᠢᠷᠢ ᠰᠠᠭᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠪᠠ ᠴᠢᠩᠭᠠᠷᠠᠭᠤᠯᠤᠨ᠂ ᠤᠯᠤᠰ ᠤᠨ ᠡᠨᠧᠷᠭᠢ ᠶᠢᠨ ᠠᠮᠤᠷ ᠲᠦᠪᠰᠢᠨ ᠳᠤ ᠦᠢᠯᠡᠴᠢᠯᠡᠬᠦ ᠪᠠ ᠪᠠᠲᠤᠯᠠᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ ᠲᠥᠷᠥᠯ ᠬᠤᠪᠢᠶᠠᠨ ᠰᠢᠯᠵᠢᠭᠦᠯᠦᠨ ᠥᠭᠬᠦ ᠲᠤᠬᠠᠢ ᠲᠣᠭᠲᠠᠭᠠᠯ︾ ︵ᠥᠪᠥᠷ ᠵᠠᠰᠠᠭ ᠲᠠᠷᠬᠠᠭᠠᠭᠰᠠᠨ ︹2022︺ 34 ᠳ᠋ᠦ᠋ᠭᠡᠷ ᠲᠣᠭᠠᠲᠤ︶ ︵ᠳᠣᠷᠣᠭᠰᠢ ︽ᠲᠣᠭᠲᠠᠭᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃       ᠬᠤᠶᠠᠷ᠂ ︽ᠲᠣᠭᠲᠠᠭᠠᠯ︾ ᠤᠨ ᠭᠤᠣᠯ ᠠᠭᠤᠯᠭ᠎ᠠ       ︽ᠲᠣᠭᠲᠠᠭᠠᠯ︾ ᠨᠢ ᠰᠢᠯᠵᠢᠭᠦᠯᠦᠨ ᠥᠭᠬᠦ ᠬᠡᠪᠴᠢᠶ᠎ᠡ ᠠᠴᠠ ᠰᠢᠯᠵᠢᠭᠦᠯᠦᠨ ᠥᠭᠬᠦ ᠴᠤᠪᠤᠷᠠᠯ᠂ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠭᠤᠷᠪᠠᠨ ᠲᠠᠯ᠎ᠠ ᠪᠠᠷ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ ᠰᠢᠯᠵᠢᠭᠦᠯᠦᠨ ᠥᠭᠬᠦ᠂ ᠬᠠᠤᠯᠢ ᠲᠣᠭᠲᠠᠭᠠᠯ ᠶᠣᠰᠣᠭᠠᠷ ᠰᠢᠯᠵᠢᠭᠦᠯᠦᠨ ᠠᠪᠬᠤ ᠬᠡᠪᠴᠢᠶ᠎ᠡ ᠶᠢ ᠲᠣᠳᠣᠷᠬᠠᠶᠢᠯᠠᠬᠤ᠂ ᠲᠥᠷᠥᠯ ᠬᠤᠪᠢᠶᠠᠨ ᠰᠢᠯᠵᠢᠭᠦᠯᠦᠨ ᠥᠭᠬᠦ ᠲᠥᠰᠥᠯ ᠢ ᠳᠤᠷᠠᠳᠬᠤ᠂ ᠨᠡᠭᠦᠷᠡᠰᠦ ᠦᠭᠡᠢ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ ᠲᠥᠷᠥᠯ ᠬᠤᠪᠢᠶᠠᠨ ᠰᠢᠯᠵᠢᠭᠦᠯᠦᠨ ᠥᠭᠬᠦ ᠴᠤᠪᠤᠷᠠᠯ ᠢ ᠵᠢᠷᠤᠮᠵᠢᠭᠤᠯᠬᠤ᠂ ᠨᠡᠭᠦᠷᠡᠰᠦᠨ ᠤ ᠥᠨᠴᠥᠭ ᠪᠣᠯᠣᠩ ᠤᠨ ᠡᠬᠢ ᠪᠠᠶᠠᠯᠢᠭ ᠤᠨ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ ᠲᠥᠷᠥᠯ ᠬᠤᠪᠢᠶᠠᠨ ᠰᠢᠯᠵᠢᠭᠦᠯᠦᠨ ᠥᠭᠬᠦ ᠴᠤᠪᠤᠷᠠᠯ ᠢ ᠵᠢᠷᠤᠮᠵᠢᠭᠤᠯᠬᠤ᠂ ᠥᠪᠡᠷᠲᠡᠭᠡᠨ ᠵᠠᠰᠠᠬᠤ ᠣᠷᠣᠨ ᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠂ ᠠᠶᠢᠮᠠᠭ ᠬᠤᠲᠠ ᠶᠢᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠵᠡᠷᠭᠡ ᠲᠤᠯᠤᠭᠠᠨ ᠵᠤᠷᠪᠤᠰ ᠪᠣᠳᠠᠲᠠᠢ ᠲᠣᠭᠲᠠᠭᠠᠯ ᠢ ᠳᠤᠷᠠᠳᠤᠨ ᠭᠠᠷᠭᠠᠪᠠ᠃       ︽ᠳᠥᠷᠪᠡᠨ ᠵᠠᠷᠴᠢᠮ ᠢ ᠲᠣᠳᠣᠷᠬᠠᠶᠢᠯᠠᠭᠰᠠᠨ︾ ᠨᠢ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ ᠰᠢᠯᠵᠢᠭᠦᠯᠦᠨ ᠥᠭᠬᠦ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠪᠠ᠃ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠦᠢᠯᠡᠳᠪᠦᠷᠢᠯᠡᠯ ᠢ ᠤᠷᠢᠳ ᠢᠶᠠᠷ ᠪᠠᠲᠤᠯᠠᠬᠤ ᠵᠠᠷᠴᠢᠮ ᠢ ᠲᠣᠳᠣᠷᠬᠠᠶᠢᠯᠠᠵᠤ᠂ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠳᠤ ᠨᠡᠶᠢᠴᠡᠭᠰᠡᠨ ᠨᠡᠭᠦᠷᠡᠰᠦᠨ ᠤ ᠡᠬᠢ ᠪᠠᠶᠠᠯᠢᠭ ᠲᠤ᠂ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ ᠲᠥᠷᠥᠯ ᠬᠤᠪᠢᠶᠠᠨ ᠰᠢᠯᠵᠢᠭᠦᠯᠦᠨ ᠥᠭᠬᠦ ᠶᠢ ᠬᠡᠷᠡᠭᠵᠢᠭᠦᠯᠦᠨ᠎ᠡ︔ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠢ ᠰᠢᠯᠵᠢᠭᠦᠯᠦᠨ ᠠᠪᠬᠤ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠵᠤ᠂ ᠬᠠᠤᠯᠢ ᠲᠣᠭᠲᠠᠭᠠᠯ ᠶᠣᠰᠣᠭᠠᠷ ᠲᠥᠷᠥᠯ ᠵᠦᠢᠯ ᠤᠨ ᠭᠠᠷᠳᠠᠮ ᠢ ᠣᠯᠣᠭᠰᠠᠨ᠂ ᠬᠠᠤᠯᠢ ᠲᠣᠭᠲᠠᠭᠠᠯ ᠳᠤ ᠨᠡᠶᠢᠴᠡᠭᠦᠯᠦᠨ ᠡᠵᠡᠩᠨᠡᠭᠰᠡᠨ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠴᠥᠮ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ ᠰᠢᠯᠵᠢᠭᠦᠯᠦᠨ ᠥᠭᠬᠦ ᠬᠦᠷᠢᠶ᠎ᠡ ᠬᠡᠪᠴᠢᠶ᠎ᠡ ᠳᠤ ᠣᠷᠣᠭᠤᠯᠵᠤ ᠪᠣᠯᠣᠨ᠎ᠠ︔ ᠠᠶᠢᠮᠠᠭ ᠬᠤᠲᠠ ᠶᠢᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠥᠷᠥᠯ ᠬᠤᠪᠢᠶᠠᠨ ᠰᠢᠯᠵᠢᠭᠦᠯᠦᠨ ᠥᠭᠬᠦ ᠲᠥᠰᠥᠯ ᠢ ᠰᠤᠳᠤᠯᠤᠨ ᠳᠤᠷᠠᠳᠴᠤ᠂ ᠬᠢᠮᠢ ᠶᠢᠨ ᠠᠵᠤ ᠦᠢᠯᠡᠳᠪᠦᠷᠢ ᠶᠢᠨ ᠬᠡᠷᠡᠭᠯᠡᠬᠦ ᠨᠡᠭᠦᠷᠡᠰᠦᠨ ᠤ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠰᠡᠨ ᠨᠡᠭᠦᠷᠡᠰᠦ ᠦᠭᠡᠢ ᠣᠷᠣᠨ᠂ ᠨᠡᠭᠦᠷᠡᠰᠦᠨ ᠤ ᠥᠨᠴᠥᠭ ᠪᠣᠯᠣᠩ ᠤᠨ ᠡᠬᠢ ᠪᠠᠶᠠᠯᠢᠭ ᠤᠨ ᠨᠠᠷᠢᠨ ᠳᠠᠩᠰᠠ ᠶᠢ ᠪᠠᠶᠢᠭᠤᠯᠵᠤ᠂ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠬᠡᠷᠡᠭᠯᠡᠬᠦ ᠨᠡᠭᠦᠷᠡᠰᠦᠨ ᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠲᠦᠯᠡᠰᠢ ᠶᠢᠨ ᠲᠥᠷᠥᠯ ᠪᠠ ᠲᠦᠯᠡᠰᠢ ᠶᠢᠨ ᠪᠤᠰᠤ ᠲᠥᠷᠥᠯ ᠤᠨ ᠲᠥᠷᠥᠯ ᠵᠦᠢᠯ ᠢᠶᠠᠷ ᠢᠯᠭᠠᠨ ᠬᠤᠪᠢᠶᠠᠵᠤ᠂ ᠲᠦᠯᠡᠰᠢ ᠶᠢᠨ ᠲᠥᠷᠥᠯ᠂ ᠲᠦᠯᠡᠰᠢ ᠶᠢᠨ ᠪᠤᠰᠤ ᠲᠥᠷᠥᠯ ᠵᠢᠴᠢ ᠲᠣᠬᠢᠷᠠᠭᠤᠯᠵᠤ ᠥᠩᠭᠡᠷᠡᠭᠰᠡᠨ ᠦᠭᠡᠢ ᠡᠬᠢ ᠪᠠᠶᠠᠯᠢᠭ᠂ ᠲᠥᠷᠥᠯ ᠵᠡᠷᠭᠡ ᠪᠠᠶᠢᠳᠠᠯ ᠢ ᠦᠨᠳᠦᠰᠦᠯᠡᠨ ᠲᠥᠷᠥᠯ ᠬᠤᠪᠢᠶᠠᠨ ᠰᠢᠯᠵᠢᠭᠦᠯᠦᠨ ᠥᠭᠬᠦ ᠲᠥᠰᠥᠯ ᠲᠣᠭᠲᠠᠭᠠᠵᠤ᠂ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ ᠬᠠᠷᠠᠬᠠᠨ ᠣᠯᠣᠭᠠᠳᠤᠢ ᠲᠥᠷᠥᠯ ᠵᠦᠢᠯ ᠢ ᠤᠷᠢᠳ ᠢᠶᠠᠷ ᠪᠠᠲᠤᠯᠠᠨ᠎ᠠ︔ ᠬᠢᠮᠢ ᠶᠢᠨ ᠠᠵᠤ ᠦᠢᠯᠡᠳᠪᠦᠷᠢ ᠶᠢᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠨ ᠳᠤ ᠪᠠᠨ ᠬᠠᠩᠭᠠᠵᠤ ᠳᠡᠶᠢᠯᠬᠦ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ ᠨᠢᠭᠡᠨᠲᠡ ᠣᠯᠣᠭᠰᠠᠨ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠳᠤ ᠵᠠᠷᠴᠢᠮ ᠳᠡᠭᠡᠷ᠎ᠡ ᠪᠠᠨ ᠨᠡᠭᠦᠷᠡᠰᠦᠨ ᠤ ᠡᠬᠢ ᠪᠠᠶᠠᠯᠢᠭ ᠢ ᠳᠠᠭᠢᠵᠤ ᠰᠢᠨ᠎ᠡ ᠪᠠᠷ ᠰᠢᠯᠵᠢᠭᠦᠯᠦᠨ ᠥᠭᠬᠦ ᠦᠭᠡᠢ ᠭᠡᠵᠦ ᠲᠣᠳᠣᠷᠬᠠᠶᠢᠯᠠᠪᠠ᠃       ︽ᠬᠤᠶᠠᠷ ᠲᠥᠷᠥᠯ ᠤᠨ ᠪᠠᠶᠢᠳᠠᠯ︾ ᠨᠢ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ ᠲᠥᠷᠥᠯ ᠬᠤᠪᠢᠶᠠᠨ ᠰᠢᠯᠵᠢᠭᠦᠯᠦᠨ ᠥᠭᠬᠦ ᠴᠤᠪᠤᠷᠠᠯ ᠢ ᠵᠢᠷᠤᠮᠵᠢᠭᠤᠯᠪᠠ᠃ ᠭᠤᠣᠯᠳᠠᠭᠤ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ ᠲᠥᠷᠥᠯ ᠬᠤᠪᠢᠶᠠᠨ ᠨᠡᠭᠦᠷᠡᠰᠦ ᠦᠭᠡᠢ ᠣᠷᠣᠨ᠂ ᠥᠨᠴᠥᠭ ᠪᠤᠯᠤᠩ ᠤᠨ ᠡᠬᠢ ᠪᠠᠶᠠᠯᠢᠭ ᠢ ᠰᠢᠯᠵᠢᠭᠦᠯᠦᠨ ᠥᠭᠬᠦ ᠠᠵᠢᠯ ᠤᠨ ᠴᠤᠪᠤᠷᠠᠯ ᠢ ᠵᠢᠷᠤᠮᠵᠢᠭᠤᠯᠪᠠ᠃ ᠰᠠᠭᠤᠭ᠎ᠠ ᠭᠠᠵᠠᠷ ᠤᠨ ᠠᠶᠢᠮᠠᠭ ᠬᠤᠳᠠ ᠶᠢᠨ ᠵᠠᠰᠠᠭ ᠤᠨ ᠵᠠᠬᠢᠷᠭ᠎ᠠ ︵ᠵᠠᠰᠠᠭ ᠤᠨ ᠣᠷᠳᠣᠨ︶ ᠨᠢ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ ᠲᠥᠷᠥᠯ ᠬᠤᠪᠢᠶᠠᠨ ᠰᠢᠯᠵᠢᠭᠦᠯᠦᠨ ᠥᠭᠬᠦ ᠲᠥᠰᠥᠯ ᠢ ᠰᠤᠳᠤᠯᠤᠨ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠡᠨᠧᠷᠭᠢ᠂ ᠠᠵᠤ ᠦᠢᠯᠡᠳᠪᠦᠷᠢ ᠮᠡᠳᠡᠭᠡ ᠵᠠᠩᠭᠢ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠢᠨᠠᠨ ᠬᠠᠷᠭᠤᠭᠤᠯᠵᠤ᠂ ᠠᠶᠢᠮᠠᠭ ᠬᠤᠳᠠ ᠶᠢᠨ ᠵᠠᠰᠠᠭ ᠵᠠᠬᠢᠷᠭ᠎ᠠ ᠶᠢᠨ ᠲᠥᠷᠥᠯ ᠬᠤᠪᠢᠶᠠᠨ ᠰᠢᠯᠵᠢᠭᠦᠯᠦᠨ ᠥᠭᠬᠦ ᠲᠥᠰᠥᠯ ᠢ ᠵᠥᠪᠰᠢᠶᠡᠷᠡᠬᠦ ᠡᠰᠡᠬᠦ ᠰᠠᠨᠠᠯ ᠢᠶᠠᠨ ᠳᠤᠷᠠᠳᠤᠨ᠎ᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠨᠡᠭᠦᠷᠡᠰᠦ ᠦᠭᠡᠢ ᠣᠷᠣᠨ ᠢ ᠲᠥᠷᠥᠯ ᠬᠤᠪᠢᠶᠠᠨ ᠰᠢᠯᠵᠢᠭᠦᠯᠦᠨ ᠥᠭᠬᠦ ᠶᠢ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ ᠲᠤ ᠨᠠᠶᠢᠳᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠠᠨᠠᠮᠵᠢ ᠶᠢᠨ ᠦᠨ᠎ᠡ ᠬᠠᠶᠠᠵᠤ ᠥᠷᠢᠰᠦᠯᠳᠦᠨ ᠬᠤᠳᠠᠯᠳᠤᠨ ᠠᠪᠤᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ︔ ᠥᠨᠴᠥᠭ ᠪᠣᠯᠣᠩ ᠤᠨ ᠡᠬᠢ ᠪᠠᠶᠠᠯᠢᠭ ᠢ ᠲᠥᠷᠥᠯ ᠬᠤᠪᠢᠶᠠᠨ ᠰᠢᠯᠵᠢᠭᠦᠯᠦᠨ ᠥᠭᠬᠦ ᠶᠢ ᠠᠶᠢᠮᠠᠭ ᠬᠤᠲᠠ ᠳᠤ ᠨᠠᠶᠢᠳᠠᠵᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠳᠠᠯᠢ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠥᠪ ᠲᠤ ᠨᠠᠶᠢᠳᠠᠨ ᠨᠡᠭᠦᠷᠡᠰᠦᠨ ᠤ ᠥᠨᠴᠥᠭ ᠪᠣᠯᠣᠩ ᠤᠨ ᠡᠬᠢ ᠪᠠᠶᠠᠯᠢᠭ ᠤᠨ ᠠᠭᠤᠷᠬᠠᠢ ᠶᠢᠨ ᠦᠢᠯᠡᠰ ᠤᠨ ᠡᠷᠬᠡ ᠶᠢᠨ ᠳᠠᠭᠠᠭᠠᠴᠢᠯᠠᠯᠲᠠ ᠵᠠᠷᠯᠠᠬᠤ᠂ ᠦᠨ᠎ᠡ ᠬᠠᠶᠠᠯᠴᠠᠨ ᠬᠤᠳᠠᠯᠳᠤᠬᠤ᠂ ᠨᠡᠷ᠎ᠡ ᠳᠤᠷᠠᠳᠤᠨ ᠲᠣᠭᠲᠠᠭᠠᠬᠤ ᠶᠢ ᠵᠣᠬᠢᠶᠠᠨ ᠪᠠᠶᠢᠭᠤᠯᠵᠤ᠂ ᠰᠠᠨᠠᠮᠵᠢ ᠶᠢᠨ ᠦᠨ᠎ᠡ ᠬᠠᠶᠠᠵᠤ ᠥᠷᠢᠰᠦᠯᠳᠦᠨ ᠬᠤᠳᠠᠯᠳᠤᠨ ᠠᠪᠤᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠶᠢ ᠬᠠᠷᠢᠭᠤᠴᠠᠭᠤᠯᠤᠨ᠎ᠠ᠃       ︽ᠬᠤᠶᠠᠷ ᠱᠠᠲᠤ ᠲᠠᠰ︾ ᠨᠢ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠤᠨ ᠨᠡᠭᠦᠷᠡᠰᠦᠨ ᠤ ᠲᠥᠷᠥᠯ ᠵᠦᠢᠯ ᠤᠨ ᠬᠡᠷᠡᠭ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠨᠡᠭᠦᠷᠡᠰᠦᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠠ ᠨᠡᠭᠦᠷᠡᠰᠦᠨ ᠤ ᠠᠭᠤᠷᠬᠠᠢ ᠶᠢᠨ ᠦᠢᠯᠡᠰ ᠤᠨ ᠡᠷᠬᠡ ᠶᠢᠨ ᠳᠡᠩᠰᠡᠯᠡᠨ ᠲᠡᠮᠳᠡᠭᠯᠡᠬᠦ ᠭᠠᠷᠳᠠᠮ ᠭᠦᠢᠴᠡᠳᠬᠡᠬᠦ ᠶᠢ ᠬᠠᠷᠢᠭᠤᠴᠠᠨ᠎ᠠ᠃ ᠠᠶᠢᠮᠠᠭ ᠬᠤᠲᠠ ᠶᠢᠨ ᠵᠠᠬᠢᠷᠭ᠎ᠠ ︵ᠵᠠᠰᠠᠭ ᠤᠨ ᠣᠷᠳᠣᠨ︶ ᠠᠴᠠ ᠠᠵᠤ ᠠᠬᠤᠶᠢᠯᠠᠯ ᠤᠨ ᠵᠥᠪᠯᠡᠯᠴᠡᠭᠡᠷ ᠲᠤ ᠪᠣᠯᠵᠣᠨ ᠲᠣᠭᠲᠠᠭᠰᠠᠨ ᠡᠭᠦᠷᠭᠡ ᠪᠠᠨ ᠭᠦᠢᠴᠡᠳᠬᠡᠬᠦ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠲᠦᠭᠦᠬᠡᠢ ᠨᠡᠭᠦᠷᠡᠰᠦ ᠶᠢ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦᠨ ᠤ ᠬᠡᠷᠡᠭᠯᠡᠯᠲᠡ ᠶᠣᠰᠣᠭᠠᠷ ᠬᠠᠮᠢᠶᠠᠷᠤᠨ ᠬᠡᠷᠡᠭᠯᠡᠵᠦ᠂ ᠨᠡᠭᠦᠷᠡᠰᠦᠨ ᠤ ᠥᠨᠴᠥᠭ ᠪᠣᠯᠣᠩ ᠤᠨ ᠡᠬᠢ ᠪᠠᠶᠠᠯᠢᠭ ᠢ ᠨᠢᠭᠡᠨᠲᠡ ᠪᠠᠶᠢᠭᠤᠯᠤᠭᠰᠠᠨ ᠠᠭᠤᠷᠬᠠᠢ ᠮᠠᠯᠲᠠᠬᠤ ᠡᠷᠬᠡ ᠯᠦᠭᠡ ᠡᠮᠬᠢᠯᠡᠨ ᠨᠡᠶᠢᠯᠡᠭᠦᠯᠵᠦ ᠨᠡᠭᠡᠭᠡᠨ ᠠᠰᠢᠭᠯᠠᠬᠤ ᠶᠢ ᠦᠨᠡᠨ ᠬᠦ ᠪᠠᠲᠤᠯᠠᠨ᠎ᠠ᠃       ᠭᠤᠷᠪᠠ᠂ ︽ᠲᠣᠭᠲᠠᠭᠠᠯ︾ ᠤᠨ ᠲᠣᠪᠤᠶᠢᠮ᠎ᠠ ᠣᠨᠴᠠᠯᠢᠭ       ︽ᠲᠣᠭᠲᠠᠭᠠᠯ︾ ᠨᠢ ᠮᠠᠨ ᠤ ᠣᠷᠣᠨ ᠤ ᠪᠣᠳᠠᠲᠠᠢ ᠲᠠᠢ ᠨᠢᠭᠲᠠ ᠤᠶᠠᠯᠳᠤᠭᠤᠯᠤᠨ᠂ ᠭᠤᠷᠪᠠᠨ ᠲᠠᠯ᠎ᠠ ᠶᠢᠨ ᠲᠣᠪᠤᠶᠢᠮ᠎ᠠ ᠣᠨᠴᠠᠯᠢᠭ ᠲᠠᠢ ᠶᠤᠮ᠃ ᠨᠢᠭᠡ ᠳᠤ᠂ ᠦᠨᠡᠨ ᠪᠣᠳᠠᠲᠠᠢ ᠬᠠᠮᠢᠶᠠᠷᠴᠤ ᠬᠡᠷᠡᠭᠯᠡᠬᠦ ᠵᠠᠷᠴᠢᠮ ᠢ ᠪᠠᠷᠢᠮᠲᠠᠯᠠᠨ᠂ ︽ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠬᠠᠮᠢᠶᠠᠷᠤᠯᠲᠠ ᠶᠢᠨ ᠳᠦᠷᠢᠮ︾ ᠳᠤ ᠬᠦᠳᠡᠯᠭᠡᠬᠦ ᠬᠦᠴᠦᠨ ᠤ ᠨᠡᠭᠦᠷᠡᠰᠦ᠂ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠵᠡᠷᠭᠡ ᠨᠡᠭᠦᠷᠡᠰᠦᠨ ᠤ ᠠᠭᠤᠷᠬᠠᠢ ᠶᠢᠨ ᠦᠢᠯᠡᠰ ᠤᠨ ᠡᠷᠬᠡ ᠶᠢ ᠲᠥᠷᠥᠯ ᠬᠤᠪᠢᠶᠠᠨ ᠰᠢᠯᠵᠢᠭᠦᠯᠦᠨ ᠥᠭᠬᠦ ᠳᠦᠷᠢᠮ ᠢ ᠪᠠᠶᠢᠭᠤᠯᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠲᠦᠯᠡᠰᠢ ᠶᠢᠨ ᠲᠥᠷᠥᠯ ᠪᠠ ᠲᠦᠯᠡᠰᠢ ᠶᠢᠨ ᠪᠤᠰᠤ ᠲᠥᠷᠥᠯ ᠤᠨ ᠲᠥᠷᠥᠯ ᠵᠦᠢᠯ ᠬᠡᠮᠡᠨ ᠢᠯᠭᠠᠨ ᠬᠤᠪᠢᠶᠠᠵᠤ᠂ ᠲᠦᠯᠡᠰᠢ ᠶᠢᠨ ᠲᠥᠷᠥᠯ᠂ ᠲᠦᠯᠡᠰᠢ ᠶᠢᠨ ᠪᠤᠰᠤ ᠲᠥᠷᠥᠯ ᠵᠢᠴᠢ ᠲᠣᠬᠢᠷᠠᠭᠤᠯᠵᠤ ᠥᠩᠭᠡᠷᠡᠭᠰᠡᠨ ᠦᠭᠡᠢ ᠡᠬᠢ ᠪᠠᠶᠠᠯᠢᠭ ᠤᠨ ᠲᠥᠷᠥᠯ ᠵᠡᠷᠭᠡ ᠪᠠᠶᠢᠳᠠᠯ ᠢ ᠦᠨᠳᠦᠰᠦᠯᠡᠨ ᠲᠥᠷᠥᠯ ᠬᠤᠪᠢᠶᠠᠨ ᠰᠢᠯᠵᠢᠭᠦᠯᠦᠨ ᠥᠭᠬᠦ ᠲᠥᠰᠥᠯ ᠢ ᠲᠣᠭᠲᠠᠭᠠᠵᠠᠢ᠃ ᠬᠤᠶᠠᠷ ᠲᠤ᠂ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠤᠷᠢᠳ ᠢᠶᠠᠷ ᠪᠠᠲᠤᠯᠠᠵᠤ᠂ ᠰᠠᠨᠠᠮᠵᠢ ᠶᠢᠨ ᠥᠷᠢᠰᠦᠯᠳᠦᠨ ᠬᠤᠳᠠᠯᠳᠤᠨ ᠠᠪᠬᠤ ᠠᠵᠤ ᠠᠬᠤᠶᠢᠯᠠᠯ ᠨᠢ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ ᠰᠢᠯᠵᠢᠭᠦᠯᠦᠨ ᠥᠭᠬᠦ ᠬᠡᠪᠴᠢᠶᠡᠨ ᠳᠤ ᠨᠡᠶᠢᠴᠡᠭᠰᠡᠨ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠠᠵᠤ ᠠᠬᠤᠶᠢᠯᠠᠯ ᠪᠠᠶᠢᠬᠤ ᠬᠡᠷᠡᠭᠲᠡᠢ ᠭᠡᠵᠦ ᠲᠣᠳᠣᠷᠬᠠᠶᠢᠯᠠᠵᠠᠢ︔ ᠪᠠᠰᠠ ᠪᠡᠯᠡ ᠨᠡᠶᠢᠯᠡᠭᠦᠯᠦᠭᠰᠡᠨ ᠺᠣᠮᠫᠠᠨᠢ ᠶᠢ ᠵᠣᠬᠢᠶᠠᠨ ᠪᠠᠶᠢᠭᠤᠯᠵᠤ ᠥᠷᠢᠰᠦᠯᠳᠦᠨ ᠬᠤᠳᠠᠯᠳᠤᠨ ᠠᠪᠬᠤ ᠳᠤ ᠣᠷᠣᠯᠴᠠᠭᠤᠯᠤᠭᠰᠠᠨ ᠴᠤ ᠪᠣᠯᠣᠨ᠎ᠠ᠂ ᠡᠭᠦᠨ ᠤ ᠳᠣᠲᠣᠷᠠᠬᠢ ᠨᠢᠭᠡ ᠨᠢ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ ᠰᠢᠯᠵᠢᠭᠦᠯᠦᠨ ᠠᠪᠬᠤ ᠬᠡᠪᠴᠢᠶᠡᠨ ᠳᠤ ᠨᠡᠶᠢᠴᠡᠭᠰᠡᠨ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠤᠨ ᠠᠵᠤ ᠠᠬᠤᠶᠢᠯᠠᠯ ᠪᠠᠶᠢᠬᠤ ᠬᠡᠷᠡᠭᠲᠡᠢ ᠭᠡᠵᠦ ᠲᠣᠳᠣᠷᠬᠠᠶᠢᠯᠠᠵᠠᠢ︔ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠬᠢᠭᠡᠳ ᠨᠡᠭᠦᠷᠡᠰᠦᠨ ᠤ ᠥᠨᠴᠥᠭ ᠪᠤᠯᠤᠩ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠭᠤᠣᠯ ᠴᠣᠭᠴᠠ ᠯᠤᠭ᠎ᠠ ᠬᠤᠷᠰᠢᠨ ᠡᠵᠡᠩᠨᠡᠬᠦ ᠶᠢ ᠳᠡᠮᠵᠢᠵᠦ᠂ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦ ᠶᠢ ᠣᠯᠬᠤ ᠶᠢ ᠳᠡᠮᠵᠢᠨ᠎ᠡ᠃ ᠭᠤᠷᠪᠠ ᠳᠤ᠂ ᠲᠥᠷᠥᠯ ᠵᠦᠢᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠥᠷᠢᠰᠦᠯᠳᠦᠨ ᠣᠯᠣᠭᠴᠢ ᠲᠠᠢ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠤᠨ ᠨᠡᠭᠦᠷᠡᠰᠦ ᠶᠢ ᠦᠢᠯᠡᠳᠪᠦᠷᠢᠯᠡᠵᠦ ᠪᠣᠷᠣᠯᠠᠭᠤᠯᠬᠤ ᠵᠥᠪᠯᠡᠯᠴᠡᠭᠡᠷ ᠲᠣᠭᠲᠠᠵᠤ᠂ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠠᠰᠢᠭᠯᠠᠯᠲᠠ ᠳᠤ ᠣᠷᠣᠭᠤᠯᠬᠤ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠪᠦᠲᠦᠭᠡᠨ ᠪᠠᠶᠢᠭᠤᠯᠤᠭᠰᠠᠨ ᠦᠭᠡᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠨᠡᠭᠦᠷᠡᠰᠦᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠬᠢᠨᠠᠨ ᠵᠥᠪᠰᠢᠶᠡᠷᠡᠬᠦ᠂ ᠴᠣᠬᠤᠯᠠᠪᠤᠷᠢᠯᠠᠬᠤ᠂ ᠳᠠᠩᠰᠠᠯᠠᠬᠤ᠂ ᠲᠡᠮᠳᠡᠭᠯᠡᠬᠦ ᠵᠡᠷᠭᠡ ᠭᠠᠷᠳᠠᠮ ᠢ ᠲᠦᠷ ᠬᠤᠶᠢᠰᠢᠯᠠᠭᠤᠯᠤᠨ ᠭᠦᠢᠴᠡᠳᠬᠡᠵᠦ᠂ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠦᠭᠡᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠠᠴᠠ ᠰᠢᠯᠵᠢᠭᠦᠯᠦᠨ ᠥᠭᠬᠦ ᠠᠭᠤᠷᠬᠠᠢ ᠶᠢᠨ ᠦᠢᠯᠡᠰ ᠤᠨ ᠡᠷᠬᠡ ᠶᠢ ᠬᠤᠷᠢᠶᠠᠨ ᠠᠪᠬᠤ ᠶᠢᠨ ᠬᠠᠮᠲᠤ ᠨᠢᠭᠡᠨᠲᠡ ᠲᠤᠰᠢᠶᠠᠭᠰᠠᠨ ᠠᠭᠤᠷᠬᠠᠢ ᠶᠢᠨ ᠦᠢᠯᠡᠰ ᠤᠨ ᠡᠷᠬᠡ ᠶᠢ ᠰᠢᠯᠵᠢᠭᠦᠯᠦᠨ ᠥᠭᠭᠦᠭᠰᠡᠨ ᠠᠰᠢᠭ ᠣᠯᠵᠠᠪᠤᠷᠢ ᠶᠢ ᠪᠤᠴᠠᠭᠠᠨ᠎ᠠ︔ ᠬᠢᠮᠢ ᠶᠢᠨ ᠠᠵᠤ ᠦᠢᠯᠡᠳᠪᠦᠷᠢ ᠶᠢᠨ ᠲᠦᠭᠦᠬᠡᠢ ᠮᠠᠲ᠋ᠧᠷᠢᠶᠠᠯ ᠳᠤ ᠬᠡᠷᠡᠭᠯᠡᠬᠦ ᠨᠡᠭᠦᠷᠡᠰᠦᠨ ᠤ ᠬᠡᠷᠡᠭᠯᠡᠯᠲᠡ ᠬᠠᠮᠢᠶᠠᠷᠤᠯᠲᠠ᠂ ᠨᠢᠭᠡᠨᠲᠡ ᠪᠠᠶᠢᠭᠤᠯᠤᠭᠰᠠᠨ ᠠᠭᠤᠷᠬᠠᠢ ᠮᠠᠯᠲᠠᠬᠤ ᠡᠷᠬᠡ ᠶᠢ ᠡᠮᠬᠢᠯᠡᠨ ᠨᠡᠶᠢᠯᠡᠭᠦᠯᠵᠦ ᠨᠡᠭᠡᠭᠡᠨ ᠠᠰᠢᠭᠯᠠᠬᠤ ᠵᠦᠢᠯᠡᠰ ᠵᠢᠴᠢ ᠭᠡᠷ᠎ᠡ ᠠᠴᠠ ᠵᠥᠷᠢᠴᠡᠭᠰᠡᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃   
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ