ᠰᠢᠨ᠎ᠡ ᠴᠠᠭ ᠦᠶ᠎ᠡ ᠶᠢᠨ ᠮᠣᠩᠭᠤᠯ ᠦᠭᠡ ᠬᠡᠯᠡ ᠥᠰᠥᠭ ᠪᠢᠴᠢᠭ ᠤᠨ ᠳᠦᠷᠢᠮᠵᠢᠭᠦᠯᠦᠯᠲᠡ ᠪᠠᠷᠢᠮᠵᠢᠶᠠᠵᠢᠭᠤᠯᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠮᠡᠳᠡᠭᠳᠡᠯ
ᠨᠡᠶᠢᠲᠡᠯᠡᠭᠰᠡᠨ ᠴᠠᠭ᠄
2023/1/30
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠦ ᠂ ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠦᠭᠡ ᠬᠡᠯᠡ ᠦᠰᠦᠭ ᠪᠢᠴᠢᠭ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ︽ᠰᠢᠨ᠎ᠡ ᠴᠠᠭ ᠦᠶ᠎ᠡ ᠶᠢᠨ ᠦᠭᠡ ᠬᠡᠯᠡ ᠦᠰᠦᠭ ᠪᠢᠴᠢᠭ ᠤᠨ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠦᠷᠦ ᠠᠯᠪᠠᠨ ᠲᠠᠷᠬᠠᠭᠠᠭᠰᠠᠨ〔2020〕30 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠵᠠᠷᠯᠠᠯ ᠵᠢᠷᠠᠨ ᠬᠤᠶᠠᠳᠤᠭᠠᠷ ᠲᠣᠭᠠᠲᠤ︶ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠡᠳᠦᠭᠡ ᠰᠢᠨ᠎ᠡ ᠴᠠᠭ ᠦᠶ᠎ᠡ ᠶᠢᠨ ᠮᠣᠩᠭᠤᠯ ᠦᠭᠡ ᠬᠡᠯᠡ ᠥᠰᠥᠭ ᠪᠢᠴᠢᠭ ᠤᠨ ᠳᠦᠷᠢᠮᠵᠢᠭᠦᠯᠦᠯᠲᠡ ᠪᠠᠷᠢᠮᠵᠢᠶᠠᠵᠢᠭᠤᠯᠤᠯᠲᠠ ᠶᠢᠨ ᠠᠵᠢᠯ ᠢ ᠰᠠᠶᠢᠲᠤᠷ ᠬᠢᠬᠦ ᠬᠤᠯᠪᠣᠭᠳᠠᠯ ᠪᠥᠬᠦᠶ ᠤᠴᠢᠷ ᠢ ᠳᠤᠤᠷᠠᠬᠢ ᠮᠡᠲᠦ ᠮᠡᠳᠡᠭᠳᠡᠶ᠎ᠡ᠃      ᠨᠢᠭᠡ᠂ ᠶᠡᠷᠦᠩᠬᠡᠶ ᠱᠠᠭᠠᠷᠳᠠᠯᠭ᠎ᠠ ᠶᠢ ᠲᠣᠳᠣᠷᠬᠠᠶᠢᠯᠠᠬᠤ ᠨᠢ      ︵ᠨᠢᠭᠡ︶ ᠴᠢᠬᠤᠯᠠ ᠠᠴᠢ ᠬᠤᠯᠪᠣᠭᠳᠠᠯ᠃ ᠦᠭᠡ ᠬᠡᠯᠡ ᠦᠰᠦᠭ ᠪᠢᠴᠢᠭ ᠤᠨ ᠦᠢᠯᠡᠰ ᠪᠣᠯ ᠨᠢᠭᠡᠨ ᠰᠠᠭᠤᠷᠢ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ᠂ ᠨᠡᠶᠢᠭᠡᠮᠴᠢ ᠴᠢᠨᠠᠷᠲᠠᠢ᠂ ᠪᠦᠬᠦ ᠠᠷᠠᠳ ᠤᠨ ᠴᠢᠨᠠᠷᠲᠠᠢ ᠦᠢᠯᠡᠰ ᠮᠥᠨ᠂ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠳᠤ ᠴᠢᠬᠤᠯᠠ ᠪᠠᠶᠢᠷᠢ ᠰᠠᠭᠤᠷᠢ ᠪᠠ ᠦᠢᠯᠡᠳᠦᠯ ᠲᠠᠢ ᠪᠠᠶᠢᠳᠠᠭ᠃ ᠮᠣᠩᠭᠤᠯ ᠦᠭᠡ ᠬᠡᠯᠡ ᠦᠰᠦᠭ ᠪᠢᠴᠢᠭ ᠪᠣᠯ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠭᠤᠤᠯ ᠪᠦᠷᠢᠯᠳᠦᠬᠦᠨ ᠬᠡᠰᠡᠭ ᠮᠥᠨ᠂ ᠮᠣᠩᠭᠤᠯ ᠦᠭᠡ ᠬᠡᠯᠡ ᠥᠰᠥᠭ ᠪᠢᠴᠢᠭ ᠢ ᠳᠦᠷᠢᠮᠵᠢᠭᠦᠯᠵᠦ ᠪᠠᠷᠢᠮᠵᠢᠶᠠᠵᠢᠭᠤᠯᠵᠦ ᠬᠥᠭᠵᠢᠭᠦᠯᠬᠦ ᠶᠢ ᠠᠬᠢᠭᠤᠯᠬᠤ ᠪᠤᠯ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠪᠠ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠬᠤᠯᠠ ᠡᠭᠦᠷᠭᠡ ᠮᠥᠨ᠂ ᠰᠢᠨ᠎ᠡ ᠴᠠᠭ ᠦᠶ᠎ᠡ ᠳᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠪᠦᠬᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠬᠦ᠂ ᠦᠨᠳᠦᠰᠦᠲᠡᠨ ᠨᠦᠭᠦᠳ ᠤᠨ ᠦᠭᠡ ᠬᠡᠯᠡ ᠦᠰᠦᠭ ᠪᠢᠴᠢᠭ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠬᠤ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢᠶᠠᠨ ᠰᠤᠷᠤᠯᠴᠠᠬᠤ ᠪᠠ ᠬᠡᠷᠡᠭᠯᠡᠬᠦ ᠶᠢ ᠬᠦᠨᠳᠦᠳᠬᠡᠨ ᠪᠠᠲᠤᠯᠠᠬᠤ ᠪᠣᠳᠠᠲᠠᠶ ᠠᠷᠭ᠎ᠠ ᠬᠡᠮᠵᠢᠶ᠎ᠡ ᠮᠦᠨ᠂ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠶᠢᠨ ᠪᠤᠰᠤᠳᠴᠢ ᠱᠠᠭᠠᠷᠳᠠᠯᠭ᠎ᠠ ᠪᠣᠯᠤᠨ᠎ᠠ᠂ ᠤᠯᠤᠰ ᠤᠨ ᠦᠭᠡ ᠬᠡᠯᠡᠨ ᠤ ᠠᠮᠤᠷ ᠲᠦᠪᠰᠢᠨ ᠢ ᠬᠠᠮᠠᠭᠠᠯᠠᠬᠤ ᠳᠤ ᠠᠰᠢᠭᠲᠠᠶ ᠪᠦᠭᠡᠳ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠴᠢᠩᠭᠠᠳᠬᠠᠬᠤ ᠳᠤ ᠠᠰᠢᠭᠲᠠᠶ ᠶᠤᠮ᠃      ︵ᠬᠤᠶᠠᠷ︶ ᠵᠢᠯᠣᠭᠤᠳᠬᠤ ᠦᠵᠡᠯ ᠰᠠᠨᠠᠭ᠎ᠠ᠃ ᠰᠢᠨ᠎ᠡ ᠴᠠᠭ ᠦᠶ᠎ᠡ ᠶᠢᠨ ᠮᠣᠩᠭᠤᠯ ᠦᠭᠡ ᠬᠡᠯᠡ ᠦᠰᠦᠭ ᠪᠢᠴᠢᠭ ᠤᠨ ᠳᠦᠷᠢᠮᠵᠢᠭᠦᠯᠦᠯᠲᠡ ᠪᠠᠷᠢᠮᠵᠢᠶᠠᠵᠢᠭᠤᠯᠤᠯᠲᠠ ᠶᠢᠨ ᠠᠵᠢᠯ ᠢ ᠥᠷᠨᠢᠭᠦᠯᠬᠦ ᠳᠤ᠂ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠳᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠂ ᠦᠭᠡ ᠬᠡᠯᠡ ᠦᠰᠦᠭ ᠪᠢᠴᠢᠭ ᠤᠨ ᠠᠵᠢᠯ ᠤᠨ ᠲᠤᠬᠠᠶ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠡᠵᠡᠮᠰᠢᠨ ᠲᠤᠭᠤᠰᠢᠯᠠᠭᠤᠯᠵᠤ᠂ ᠨᠠᠮ ᠤᠨ ᠦᠨᠳᠦᠰᠦᠲᠡᠨ ᠤ ᠣᠨᠣᠯ ᠪᠠ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠬᠦᠯᠵᠦ᠂ ᠤᠬᠠᠮᠰᠠᠷ ᠠᠴᠠ ᠪᠠᠨ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ᠂ ᠳᠤᠮᠳᠠᠳᠤ ᠶᠢᠨ ᠦᠨᠳᠦᠰᠦᠲᠡᠨ ᠤ ᠪᠦᠬᠦᠯᠢ ᠴᠣᠭᠴᠠ ᠶᠢᠨ ᠠᠰᠢᠭ ᠲᠤᠰᠠ ᠶᠢᠨ ᠦᠨᠳᠦᠷᠴᠡ ᠠᠴᠠ ᠡᠭᠦᠰᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠪᠠᠷ ᠭᠤᠤᠯ ᠰᠢᠵᠢᠮ ᠪᠣᠯᠭᠠᠵᠦ᠂ ᠶᠡᠭᠡ ᠲᠠᠯ᠎ᠠ ᠳᠤ ᠦᠢᠯᠡᠴᠢᠯᠡᠬᠦ᠂ ᠠᠷᠠᠳ ᠲᠦᠮᠡᠨ ᠳᠤ ᠦᠢᠯᠡᠴᠢᠯᠡᠬᠦ᠂ ᠵᠢᠮ᠎ᠡ ᠶᠣᠰᠣ ᠶᠢ ᠵᠢᠷᠤᠮᠯᠠᠬᠤ᠂ ᠲᠥᠷᠥᠯ ᠬᠤᠪᠢᠶᠠᠨ ᠵᠢᠯᠣᠭᠤᠳᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂ ᠲᠣᠭᠲᠠᠭᠤᠨ ᠤ ᠲᠤᠮᠳᠠ ᠤᠷᠤᠬᠰᠢᠯᠠᠨ ᠲᠠᠪᠰᠢᠬᠤᠵᠠᠷᠴᠢᠮ ᠢᠶᠠᠷ ᠳᠤᠮᠳᠠᠳᠤ ᠶᠢᠨ ᠰᠢᠯᠢᠳᠡᠭ ᠰᠣᠶᠣᠯ ᠢ ᠤᠯᠠᠮᠵᠢᠯᠠᠨ ᠪᠠᠳᠠᠷᠠᠭᠤᠯᠵᠤ᠂ ᠰᠣᠶᠣᠯ ᠤᠨ ᠢᠲᠡᠭᠡᠯ ᠢᠶᠠᠨ ᠪᠠᠲᠤᠳᠬᠠᠵᠦ᠂ ᠤᠯᠤᠰ ᠤᠨ ᠰᠣᠶᠣᠯ ᠤᠨ ᠵᠥᠭᠡᠯᠡᠨ ᠪᠣᠳᠠᠲᠤ ᠬᠦᠴᠦᠨ ᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠵᠦ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠦ᠂ ᠠᠭᠤᠤ ᠶᠡᠭᠡ ᠡᠬᠡ ᠤᠯᠤᠰ ᠢᠶᠠᠨ ᠬᠠᠮᠲᠤ ᠪᠠᠷ ᠪᠦᠲᠦᠭᠡᠨ ᠪᠠᠶᠢᠭᠤᠯᠵᠦ᠂ ᠰᠠᠶᠢᠨ ᠰᠠᠶᠢᠬᠠᠨ ᠠᠮᠢᠳᠤᠷᠠᠯ ᠢᠶᠠᠨ ᠬᠠᠮᠲᠤ ᠪᠠᠷ ᠴᠣᠭᠴᠠᠯᠠᠬᠤ ᠬᠡᠷᠡᠭᠳᠡᠢ᠃      ᠬᠤᠶᠠᠷ᠂ ᠭᠤᠣᠯᠳᠠᠯᠭ᠎ᠠ ᠲᠠᠢ ᠠᠵᠢᠯ ᠢ ᠰᠠᠶᠢᠲᠤᠷ ᠠᠳᠬᠤᠬᠤ ᠲᠤᠬᠠᠢ      ︵ᠨᠢᠭᠡ︶ ᠨᠡᠷ᠎ᠡ ᠲᠣᠮᠢᠶ᠎ᠠ ᠶᠢ ᠬᠢᠨᠠᠨ ᠲᠣᠭᠲᠠᠭᠠᠵᠤ ᠳᠦᠷᠢᠮᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠮᠣᠩᠭᠤᠯ ᠬᠡᠯᠡᠨ ᠤ ᠨᠡᠷ᠎ᠡ ᠲᠣᠮᠢᠶ᠎ᠠ ᠶᠢ ᠴᠤᠭᠯᠠᠭᠤᠯᠬᠤ᠂ ᠡᠮᠬᠢᠳᠬᠡᠬᠦ᠂ ᠣᠷᠴᠢᠭᠤᠯᠬᠤ᠂ ᠬᠢᠨᠠᠨ ᠲᠣᠭᠲᠠᠭᠠᠬᠤ ᠪᠠ ᠨᠡᠶᠢᠲᠡᠯᠡᠵᠦ ᠬᠡᠷᠡᠭᠵᠢᠭᠦᠯᠬᠦ ᠠᠵᠢᠯ ᠢ ᠰᠠᠶᠢᠲᠤᠷ ᠬᠢᠨ᠎ᠠ᠃ ᠥᠪᠡᠷᠲᠡᠭᠡᠨ ᠵᠠᠰᠠᠬᠤ ᠣᠷᠣᠨ ᠵᠢᠯ ᠪᠤᠯᠭᠠᠨ ᠮᠣᠩᠭᠤᠯ ᠬᠡᠯᠡᠨ ᠤ ᠨᠡᠷ᠎ᠡ ᠲᠣᠮᠢᠶᠠᠨ ᠤ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ ᠬᠤᠷᠠᠯ ᠢ ᠬᠤᠷᠠᠯᠳᠤᠭᠤᠯᠵᠤ᠂ ᠨᠡᠷ᠎ᠡ ᠲᠣᠮᠢᠶ᠎ᠠ ᠶᠢ ᠬᠢᠨᠠᠨ ᠲᠣᠭᠲᠠᠭᠠᠬᠤ ᠶᠢᠨ ᠬᠠᠮᠲᠤ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠠ ᠮᠣᠩᠭᠤᠯ ᠦᠭᠡ ᠬᠡᠯᠡ ᠦᠰᠦᠭ ᠪᠢᠴᠢᠭ ᠤᠨ ᠬᠠᠷᠢᠴᠠᠭᠤᠯᠤᠭᠰᠠᠨ ᠨᠡᠷ᠎ᠡ ᠲᠣᠮᠢᠶᠠᠨ ᠤ ᠠᠯᠪᠠᠨ ᠮᠡᠳᠡᠭᠡ︾ ᠶᠢ ᠨᠡᠶᠢᠭᠡᠮ ᠨᠡᠶᠢᠲᠡ ᠳᠤ ᠴᠠᠭ ᠲᠤᠬᠠᠶ ᠳᠤ ᠨᠢ ᠨᠡᠶᠢᠲᠡᠯᠡᠨ ᠬᠡᠷᠡᠭᠵᠢᠭᠦᠯᠦᠨ᠎ᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠭᠠᠵᠠᠷ ᠣᠷᠣᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠰᠠᠯᠠᠭ᠎ᠠ ᠮᠥᠴᠢᠷ ᠤᠨ ᠨᠡᠶᠢᠲᠡᠯᠡᠭᠰᠡᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠠ ᠮᠣᠩᠭᠤᠯ ᠦᠭᠡ ᠬᠡᠯᠡ ᠦᠰᠦᠭ ᠪᠢᠴᠢᠭ ᠤᠨ ᠬᠠᠷᠢᠴᠠᠭᠤᠯᠤᠭᠰᠠᠨ ᠨᠡᠷ᠎ᠡ ᠲᠣᠮᠢᠶ᠎ᠠ ᠶᠢ ᠳᠦᠷᠢᠮᠵᠢᠭᠦᠯᠦᠨ ᠬᠡᠷᠡᠭᠯᠡᠬᠦ ᠬᠡᠷᠡᠭᠲᠡᠶ᠃ ᠬᠤᠯᠪᠣᠭᠳᠠᠯ ᠪᠦᠬᠦᠢ ᠨᠢᠭᠡᠴᠢ ᠨᠦᠭᠦᠳ ᠪᠣᠳᠠᠲᠤ ᠬᠡᠷᠡᠭᠴᠡᠭᠡ ᠪᠠᠨ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯᠤᠨ ᠮᠣᠩᠭᠤᠯ ᠦᠭᠡ ᠬᠡᠯᠡ ᠦᠰᠦᠭ ᠪᠢᠴᠢᠭ ᠤᠨ ᠬᠠᠷᠢᠴᠠᠭᠤᠯᠤᠭᠰᠠᠨ ᠨᠡᠷ᠎ᠡ ᠲᠣᠮᠢᠶᠠᠨ ᠤ ᠲᠤᠰᠬᠠᠶ ᠮᠡᠷᠭᠡᠵᠢᠯ ᠤᠨ ᠲᠣᠯᠢ ᠪᠢᠴᠢᠭ ᠢ ᠨᠠᠶᠢᠷᠠᠭᠤᠯᠤᠨ ᠪᠢᠴᠢᠵᠦ᠂ ᠵᠠᠰᠠᠪᠤᠷᠢ ᠣᠷᠣᠭᠤᠯᠵᠤ᠂ ᠨᠡᠮᠡᠨ ᠬᠡᠪᠯᠡᠵᠤ᠂ ᠰᠦᠯᠵᠢᠶ᠎ᠡ ᠳᠡᠭᠡᠷᠡᠬᠢ ᠨᠡᠷ᠎ᠡ ᠲᠣᠮᠢᠶᠠᠨ ᠤ ᠲᠣᠯᠢ ᠪᠤᠶᠤ ᠰᠦᠯᠵᠢᠶ᠎ᠡ ᠳᠡᠭᠡᠷᠡᠬᠢ ᠨᠡᠷ᠎ᠡ ᠲᠣᠮᠢᠶᠠᠨ ᠤ ᠮᠡᠳᠡᠯᠭᠡ ᠶᠢᠨ ᠦᠢᠯᠡᠴᠢᠯᠡᠭᠡᠨ ᠤ ᠲᠠᠪᠴᠠᠩ ᠢ ᠰᠤᠳᠤᠯᠤᠨ ᠨᠡᠭᠡᠭᠡᠵᠦ ᠬᠡᠷᠡᠭᠯᠡᠵᠦ ᠪᠣᠯᠤᠨ᠎ᠠ᠃      ︵ᠬᠤᠶᠠᠷ︶ ᠪᠠᠷᠢᠮᠵᠢᠶ᠎ᠠ ᠠᠪᠢᠶᠠᠨ ᠤ ᠪᠣᠯᠪᠠᠰᠤᠷᠠᠯ ᠰᠢᠯᠭᠠᠯᠲᠠ ᠶᠢᠨ ᠠᠵᠢᠯ ᠢ ᠰᠠᠶᠢᠲᠤᠷ ᠬᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠥᠬᠡ ᠬᠤᠰᠢᠭᠤ ᠪᠠᠷ ᠲᠥᠯᠥᠭᠡᠯᠡᠭᠦᠯᠦᠭᠰᠡᠨ ᠴᠠᠬᠠᠷ ᠠᠮᠠᠨ ᠠᠶᠠᠯᠭᠤ ᠪᠠᠷ ᠮᠣᠩᠭᠤᠯ ᠬᠡᠯᠡᠨ ᠤ ᠪᠠᠷᠢᠮᠵᠢᠶ᠎ᠠ ᠠᠪᠢᠶ᠎ᠠ ᠪᠣᠯᠭᠠᠬᠤ ᠶᠢ ᠪᠠᠷᠢᠮᠲᠠᠯᠠᠨ᠎ᠠ᠃ ᠬᠡᠷᠡᠭᠴᠡᠭᠡ ᠪᠠᠨ ᠦᠨᠳᠦᠰᠦᠯᠡᠵᠦ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠪᠣᠯᠪᠠᠰᠤᠷᠠᠯ ᠰᠢᠯᠭᠠᠯᠲᠠ ᠶᠢᠨ ᠲᠥᠪ ︵ᠥᠷᠲᠡᠭᠡ᠂ ᠰᠠᠭᠤᠷᠢᠨ ᠭᠠᠵᠠᠷ︶ ᠠᠴᠠ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠵᠢᠭᠠᠨ ᠰᠤᠷᠭᠠᠯᠲᠠ᠂ ᠪᠣᠯᠪᠠᠰᠤᠷᠠᠯ᠂ ᠰᠢᠯᠭᠠᠯᠲᠠ ᠪᠠ ᠬᠡᠷᠡᠭᠯᠡᠯᠲᠡ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠭᠤᠷᠪᠠ︶ ᠵᠥᠪ ᠪᠢᠴᠢᠯᠭᠡ ᠶᠢ ᠳᠦᠷᠢᠮᠵᠢᠭᠦᠯᠦᠨ ᠬᠡᠷᠡᠭᠯᠡᠬᠦ ᠠᠵᠢᠯ ᠢ ᠰᠠᠶᠢᠲᠤᠷ ᠬᠢᠨ᠎ᠡ᠃ ︽ᠮᠣᠩᠭᠤᠯ ᠵᠥᠪ ᠪᠢᠴᠢᠯᠭᠡ ᠶᠢᠨ ᠲᠣᠯᠢ︾ ︵2020 ᠣᠨ ᠤ 11 ᠳ᠋ᠤᠭᠡᠷ ᠰᠠᠷ᠎ᠠ᠂ ᠥᠪᠥᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ᠂ ᠭᠤᠷᠪᠠᠳᠡᠬᠢ ᠬᠡᠪᠯᠡᠯ︶ ᠪᠠᠷ ᠮᠣᠩᠭᠤᠯ ᠪᠢᠴᠢᠯᠭᠡ ᠶᠢᠨ ᠳᠦᠷᠢᠮᠵᠢᠯ ᠪᠤᠯᠭᠠᠨ ᠨᠢᠭᠡᠳᠭᠡᠨ᠎ᠡ᠃ ᠣᠨᠴᠠ ᠵᠠᠷᠢᠮ ᠪᠢᠴᠢᠯᠭᠡ ᠶᠢᠨ ᠬᠡᠯᠪᠡᠷᠢ ᠶᠢ ᠳᠦᠷᠢᠮᠵᠢᠭᠦᠯᠬᠦ ᠲᠤᠬᠠᠢ ᠤᠬᠠᠭᠤᠯᠭ᠎ᠠ ᠲᠠᠶᠢᠯᠪᠤᠷᠢᠯᠠᠯᠲᠠ ᠶᠢᠨ ᠠᠵᠢᠯ ᠢ ᠰᠠᠶᠢᠲᠤᠷ ᠬᠢᠨ᠎ᠠ᠃ ᠭᠠᠳᠠᠭᠠᠳᠤ ᠤᠯᠤᠰ ᠤᠨ ᠬᠥᠮᠦᠨ ᠤ ᠨᠡᠷ᠎ᠡ᠂ ᠭᠠᠵᠠᠷ ᠤᠨ ᠨᠡᠷ᠎ᠡ ᠵᠡᠷᠭᠡ ᠶᠢ ᠮᠣᠩᠭᠤᠯ ᠬᠡᠯᠡᠨ ᠳᠤ ᠪᠠᠭᠤᠯᠭᠠᠨ ᠪᠢᠴᠢᠬᠦ ᠶᠢ ᠳᠦᠷᠢᠮᠵᠢᠭᠦᠯᠬᠦ ᠠᠵᠢᠯ ᠢ ᠰᠠᠶᠢᠲᠤᠷ ᠬᠢᠨ᠎ᠠ᠃      ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ ᠲᠤᠬᠠᠢ      ︵ᠨᠢᠭᠡ︶ ᠨᠠᠮ ᠤᠨ ᠤᠳᠤᠷᠢᠳᠤᠯᠭ᠎ᠠ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ ᠮᠣᠩᠭᠤᠯ ᠦᠭᠡ ᠬᠡᠯᠡ ᠦᠰᠦᠭ ᠪᠢᠴᠢᠭ ᠢ ᠳᠦᠷᠢᠮᠵᠢᠭᠦᠯᠬᠦ ᠪᠠᠷᠢᠮᠵᠢᠶᠠᠵᠢᠭᠤᠯᠬᠤ ᠠᠵᠢᠯ ᠤᠨ ᠪᠥᠬᠦ ᠶᠠᠪᠤᠴᠠ ᠳᠤ ᠲᠤᠭᠤᠰᠢᠯᠠᠭᠤᠯᠵᠤ᠂ ᠤᠯᠤᠰ ᠤᠨ ᠦᠭᠡ ᠬᠡᠯᠡᠨ ᠤ ᠠᠮᠤᠷ ᠲᠦᠪᠰᠢᠨ ᠢ ᠬᠠᠮᠠᠭᠠᠯᠠᠬᠤ ᠪᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠴᠢᠩᠭᠠᠳᠬᠠᠬᠤ ᠦᠨᠳᠦᠷᠴᠡ ᠠᠴᠠ ᠡᠭᠦᠰᠴᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠨᠢᠭᠡᠳᠦᠯᠲᠡᠶ ᠲᠥᠯᠥᠪᠯᠡᠵᠦ ᠲᠣᠬᠢᠷᠠᠭᠤᠯᠤᠨ ᠪᠠᠶᠢᠷᠢᠯᠠᠭᠤᠯᠵᠦ᠂ ᠠᠶᠤᠯ ᠲᠦᠭᠰᠢᠭᠦᠷᠢ ᠬᠡᠮ ᠰᠤᠭᠤᠭ ᠢ ᠪᠦᠲᠦᠮᠵᠢᠲᠡᠶ ᠰᠡᠷᠭᠡᠶᠢᠯᠡᠨ ᠠᠷᠢᠯᠭᠠᠬᠤ ᠬᠡᠷᠡᠭᠲᠡᠶ᠃      ︵ᠬᠤᠶᠠᠷ︶ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠭᠤᠣᠯᠯᠠᠨ ᠵᠢᠯᠤᠭᠤᠳᠬᠤ᠂ ᠦᠭᠡ ᠬᠡᠯᠡ ᠦᠰᠦᠭ ᠪᠢᠴᠢᠭ ᠤᠨ ᠠᠵᠢᠯ ᠤᠨ ᠵᠥᠪᠯᠡᠯ ᠨᠢᠭᠡᠳᠦᠯᠲᠡᠶ ᠲᠥᠯᠥᠪᠯᠡᠬᠦ᠂ ᠰᠠᠯᠠᠭ᠎ᠠ ᠮᠥᠴᠢᠷ ᠳᠡᠮᠵᠢᠬᠦ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ︾ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠢᠶᠠᠨ ᠬᠤᠪᠢᠶᠠᠷᠢᠯᠠᠨ ᠬᠠᠮᠵᠢᠯᠴᠠᠬᠤ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠵᠣᠬᠢᠴᠠᠩᠭᠤᠶ ᠪᠥᠭᠡᠳ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠡᠯ᠎ᠡ ᠱᠠᠲᠤᠨ ᠤ ᠦᠨᠳᠦᠰᠦᠲᠡᠨ ᠤ ᠵᠥᠪᠯᠡᠯ ︵ᠮᠣᠩᠭᠤᠯ ᠬᠡᠯᠡ ᠪᠢᠴᠢᠭ ᠤᠨ ᠠᠵᠢᠯ︶ ᠤᠨ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠦᠷᠦᠭᠦᠯᠡᠨ ᠵᠣᠬᠢᠴᠠᠭᠤᠯᠬᠤ᠂ ᠨᠢᠭᠡᠳᠦᠯᠲᠡᠶ ᠲᠥᠯᠥᠪᠯᠡᠨ ᠠᠬᠢᠭᠤᠯᠬᠤ ᠦᠢᠯᠡᠳᠦᠯ ᠢᠶᠠᠨ ᠢᠳᠡᠪᠬᠢᠲᠡᠶ ᠪᠠᠳᠠᠷᠠᠭᠤᠯᠬᠤ ᠬᠡᠷᠡᠭᠲᠡᠶ᠃ ᠲᠤᠰᠬᠠᠢ ᠮᠡᠷᠭᠡᠵᠢᠯ ᠤᠨ ᠵᠢᠯᠣᠭᠤᠳᠬᠤ ᠪᠠᠶᠢᠭᠤᠯᠤᠮᠵᠢ ᠪᠣᠯᠤᠨ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠪᠣᠯᠪᠠᠰᠤᠷᠠᠯ ᠰᠢᠯᠭᠠᠯᠳᠠ ᠶᠢᠨ ᠲᠥᠪ ︵ᠥᠷᠲᠡᠭᠡ᠂ ᠰᠠᠭᠤᠷᠢᠨ ᠭᠠᠵᠠᠷ︶ ᠤᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠬᠡᠷᠡᠭᠲᠡᠶ᠃      ︵ᠭᠤᠷᠪᠠ︶ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠬᠥᠮᠦᠵᠢᠭᠦᠯᠦᠨ ᠪᠣᠯᠪᠠᠰᠤᠷᠠᠭᠤᠯᠬᠤ ᠡᠷᠴᠢᠮ ᠢᠶᠠᠨ ᠴᠢᠩᠭᠠᠳᠬᠠᠵᠤ᠂ ᠮᠣᠩᠭᠤᠯ ᠦᠭᠡ ᠬᠡᠯᠡ ᠥᠰᠥᠭ ᠪᠢᠴᠢᠭ ᠤᠨ ᠳᠦᠷᠢᠮᠵᠢᠭᠦᠯᠦᠯᠲᠡ ᠪᠠᠷᠢᠮᠵᠢᠶᠠᠵᠢᠭᠤᠯᠤᠯᠲᠠ ᠶᠢᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠮᠣᠩᠭᠤᠯ ᠬᠡᠯᠡᠨ ᠤ ᠪᠠᠷᠢᠮᠵᠢᠶ᠎ᠠ ᠠᠪᠢᠶ᠎ᠠ ᠪᠠᠷ ᠬᠢᠴᠢᠶᠡᠯᠯᠡᠬᠦ ᠪᠠᠭᠰᠢ ᠪᠣᠯᠤᠨ ᠮᠣᠩᠭᠤᠯ ᠬᠡᠯᠡᠨ ᠤ ᠪᠠᠷᠢᠮᠵᠢᠶ᠎ᠠ ᠠᠪᠢᠶᠠᠨ ᠤ ᠬᠢᠷᠢ ᠲᠦᠪᠰᠢᠨ ᠢ ᠰᠢᠯᠭᠠᠭᠴᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠥᠷᠥᠯ ᠵᠦᠢᠯ ᠢ ᠦᠷᠭᠦᠯᠵᠢᠯᠡᠨ ᠥᠷᠨᠢᠭᠦᠯᠵᠦ᠂ ᠮᠣᠩᠭᠤᠯ ᠦᠭᠡ ᠬᠡᠯᠡ ᠥᠰᠥᠭ ᠪᠢᠴᠢᠭ ᠢ ᠳᠦᠷᠢᠮᠵᠢᠭᠦᠯᠬᠦ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠎ᠠ᠃      ︵ᠳᠥᠷᠪᠡ︶ ᠪᠠᠷᠢᠮᠵᠢᠶᠠᠨ ᠤ ᠰᠢᠰᠲ᠋ᠧᠮ ᠢ ᠳᠦᠷᠢᠮᠵᠢᠭᠦᠯᠦᠨ᠎ᠡ᠃ ᠮᠣᠩᠭᠤᠯ ᠦᠭᠡ ᠬᠡᠯᠡ ᠥᠰᠥᠭ ᠪᠢᠴᠢᠭ ᠢ ᠳᠦᠷᠢᠮᠵᠢᠭᠦᠯᠬᠦ ᠰᠢᠨᠵᠢᠯᠡᠬᠦ ᠤᠬᠠᠭᠠᠨ ᠤ ᠰᠤᠳᠤᠯᠭᠠᠨ ᠢ ᠥᠷᠨᠢᠭᠦᠯᠵᠦ᠂ ᠮᠣᠩᠭᠤᠯ ᠦᠭᠡ ᠬᠡᠯᠡ ᠥᠰᠥᠭ ᠪᠢᠴᠢᠭ ᠢ ᠳᠦᠷᠢᠮᠵᠢᠭᠦᠯᠬᠦ ᠰᠢᠰᠲ᠋ᠧᠮ ᠪᠣᠯᠤᠨ ᠪᠠᠷᠢᠮᠵᠢᠶᠠᠵᠢᠭᠤᠯᠬᠤ ᠰᠢᠰᠲ᠋ᠧᠮ ᠢ ᠲᠡᠭᠦᠯᠳᠡᠷᠵᠢᠭᠦᠯᠵᠦ᠂ ᠮᠣᠩᠭᠤᠯ ᠦᠭᠡ ᠬᠡᠯᠡ ᠥᠰᠥᠭ ᠪᠢᠴᠢᠭ ᠤᠨ ᠳᠦᠷᠢᠮᠵᠢᠭᠰᠡᠨ ᠪᠠᠷᠢᠮᠵᠢᠶ᠎ᠠ ᠶᠢ ᠲᠣᠭᠲᠠᠭᠠᠬᠤ᠂ ᠵᠠᠰᠠᠪᠤᠷᠢ ᠣᠷᠣᠭᠤᠯᠬᠤ᠂ ᠨᠡᠶᠢᠲᠡᠯᠡᠨ ᠬᠡᠷᠡᠭᠵᠢᠭᠦᠯᠬᠦ᠂ ᠤᠬᠠᠭᠤᠯᠭ᠎ᠠ ᠬᠥᠮᠦᠵᠢᠯ ᠬᠢᠬᠦ᠂ ᠯᠠᠪᠯᠠᠯᠭ᠎ᠠ ᠥᠭᠬᠦ ᠦᠢᠯᠡᠴᠢᠯᠡᠭᠡ ᠬᠢᠬᠦ ᠵᠡᠷᠭᠡ ᠠᠵᠢᠯ ᠢ ᠰᠠᠶᠢᠲᠤᠷ ᠬᠢᠨ᠎ᠡ᠃      ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠳᠦᠷᠢᠮᠵᠢᠭᠦᠯᠦᠯᠲᠡ ᠪᠠᠷᠢᠮᠵᠢᠶᠠᠵᠢᠭᠤᠯᠤᠯᠲᠠ ᠶᠢᠨ ᠠᠵᠢᠯ ᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ                      2022 ᠣᠨ ᠤ 12 ᠳ᠋ᠤᠭᠠᠷ ᠰᠠᠷ᠎ᠠ ᠶᠢᠨ 21 ᠤ ᠡᠳᠦᠷ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ