ᠦᠶ᠎ᠡ ᠳᠠᠮᠵᠢᠨ ᠤᠯᠠᠮᠵᠢᠯᠠᠭᠰᠠᠨ ᠥᠨᠢ ᠤᠳᠠᠭᠠᠨ ᠲᠡᠦᠬᠡ ᠲᠠᠢ ᠳᠤᠮᠳᠠᠳᠤ ᠶᠢᠨ ᠪᠣᠯᠪᠠᠰᠤᠨ ᠶᠠᠭᠠᠬᠢᠭᠠᠳ ᠤᠯᠠᠮᠵᠢᠯᠠᠯ ᠨᠢᠭᠡᠲᠡᠢ ᠪᠠᠶᠢᠳᠠᠭ ᠪᠤᠢ︖ ︵ᠳᠡᠭᠡᠳᠦ︶
ᠨᠡᠶᠢᠲᠡᠯᠡᠭᠰᠡᠨ ᠴᠠᠭ᠄
2023/10/31
      ᠳᠤᠮᠳᠠᠳᠤ ᠶᠢᠨ ᠪᠣᠯᠪᠠᠰᠤᠨ ᠦᠷᠭᠦᠯᠵᠢᠯᠡᠭᠰᠡᠨ ᠰᠢᠨᠵᠢ ᠪᠠᠷ ᠳᠣᠪᠤᠶᠢᠮ᠎ᠠ ᠪᠠᠶᠢᠳᠠᠭ ᠨᠢ ᠳᠤᠮᠳᠠᠳᠤ ᠶᠢᠨ ᠦᠨᠳᠦᠰᠦᠲᠡᠨ ᠵᠠᠶᠢᠯᠠᠰᠢ ᠦᠭᠡᠢ ᠥᠪᠡᠷ ᠤᠨ ᠵᠠᠮ  ᠢᠶᠠᠷ ᠢᠶᠠᠨ ᠵᠠᠮᠨᠠᠬᠤ ᠶᠢ ᠦᠨᠳᠦᠰᠦᠨ ᠠᠴᠠ ᠪᠠᠨ ᠲᠣᠭᠲᠠᠭᠠᠭᠰᠠᠨ ᠶᠤᠮ᠃ ᠬᠡᠷᠪᠡ ᠥᠨᠢ ᠤᠷᠲᠤ ᠤᠳᠠᠭᠠᠨ ᠲᠡᠥᠬᠡ ᠶᠢᠨ ᠦᠷᠭᠦᠯᠵᠢᠯᠡᠯᠲᠦ ᠰᠢᠨᠵᠢ ᠠᠴᠠ ᠨᠢ ᠳᠤᠮᠳᠠᠳᠤ ᠤᠯᠤᠰ ᠢ ᠣᠶᠢᠯᠠᠭᠠᠬᠤ ᠦᠭᠡᠢ ᠪᠣᠯ ᠡᠷᠲᠡᠨ ᠤ ᠳᠤᠮᠳᠠᠳᠤ ᠤᠯᠤᠰ ᠢ ᠣᠶᠢᠯᠠᠭᠠᠵᠤ ᠳᠡᠶᠢᠯᠬᠦ ᠦᠭᠡᠢ᠂ ᠪᠠᠰᠠ ᠤᠷᠴᠢᠨ ᠦᠶ᠎ᠡ ᠶᠢᠨ ᠳᠤᠮᠳᠠᠳᠤ ᠤᠯᠤᠰ ᠢ ᠴᠤ ᠣᠶᠢᠯᠠᠭᠠᠬᠤ ᠪᠣᠯᠤᠮᠵᠢ ᠦᠭᠡᠢ᠂  ᠢᠷᠡᠭᠡᠳᠦᠢ ᠶᠢᠨ ᠳᠤᠮᠳᠠᠳᠤ ᠤᠯᠤᠰ ᠢ ᠨᠡᠩ ᠴᠤ ᠣᠶᠢᠯᠠᠭᠠᠵᠤ ᠳᠡᠶᠢᠯᠬᠦ ᠦᠭᠡᠢ ᠶᠤᠮ᠃      ᠣᠶᠢᠷ᠎ᠠ ᠶᠢᠨ ᠡᠳᠦᠷ᠂ ︽ᠲᠤᠮᠳᠠᠳᠤ ᠶᠢ ᠦᠬᠦᠯᠡᠬᠦᠢ︾ ᠳᠠᠪᠴᠠᠩ ᠲᠤᠰ ᠰᠡᠳᠦᠪ ᠢᠶᠠᠷ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠵᠧᠩ ᠳ᠋ᠡ ᠬᠤᠸᠠ ᠫᠷᠤᠹᠧᠰᠰᠤᠷ ᠢ ᠲᠤᠰᠬᠠᠶᠢᠯᠠᠨ ᠰᠤᠷᠪᠤᠯᠵᠢᠯᠠᠪᠠ᠃
W020230818361492969807.png
           ᠳᠤᠮᠳᠠᠳᠤ ᠶᠢᠨ ᠪᠣᠯᠪᠠᠰᠤᠨ ᠪᠣᠯ ᠥᠨᠢ ᠤᠳᠠᠭᠠᠨ ᠲᠡᠦᠬᠡ ᠲᠠᠢ ᠶᠠᠭ ᠯᠨ ᠬᠠᠳᠤᠨ ᠭᠤᠤᠯ᠂ ᠬᠦᠬᠡᠮᠦ᠋ᠷᠡᠨ ᠤ ᠤᠷᠤᠰᠬᠠᠯ ᠮᠡᠲᠦ ᠡᠷᠡᠰ ᠬᠠᠲᠠᠭᠤ ᠠᠮᠢᠵᠢᠷᠠᠯ  ᠤᠨ ᠬᠦᠴᠦᠨ ᠢᠶᠠᠨ ᠢᠯᠡᠷᠡᠭᠦᠯᠦᠭᠰᠡᠭᠡᠷ ᠪᠠᠶᠢᠳᠠᠭ᠃ ᠵᠢᠷᠤᠭ 4 ᠪᠣᠯ ᠰᠧᠴᠤᠸᠠᠨ ᠤ ᠵᠣᠷᠭᠠᠶ ᠲᠠᠯ᠎ᠠ ᠨᠤᠲᠤᠭ ᠤᠨ ᠬᠠᠲᠤᠨ ᠭᠤᠣᠯ ᠤᠨ ᠶᠢᠰᠤ ᠲᠣᠬᠤᠶᠢᠷᠠᠭᠰᠠᠨ ᠤᠷᠤᠰᠬᠠᠯ ᠤᠨ ᠨᠢᠭᠡᠳᠦᠭᠡᠷ ᠲᠣᠬᠤᠢ ᠨᠢ ᠪᠤᠯᠤᠨ᠎ᠠ᠃      ᠳᠤᠮᠳᠠᠳᠤ ᠶᠢ ᠦᠭᠦᠯᠡᠬᠦᠢ᠄ ᠳᠤᠮᠳᠠᠳᠤ ᠶᠢᠨ ᠪᠣᠯᠪᠠᠰᠤᠨ ᠤ ᠦᠷᠭᠦᠯᠵᠢᠯᠡᠭᠰᠡᠨ ᠴᠠᠭ ᠨᠢ ᠬᠠᠮᠤᠭ ᠤᠨ ᠤᠷᠲᠤ ᠪᠥᠭᠡᠳ ᠶᠡᠷᠦ ᠠᠴᠠ ᠲᠠᠰᠤᠯᠳᠠᠵᠤ ᠦᠩᠭᠡᠷᠡᠭᠰᠡᠨ ᠦᠭᠡᠢ ᠴᠣᠷ ᠤᠨ ᠭᠠᠭᠴᠠ ᠡᠷᠲᠡᠨ ᠤ ᠪᠣᠯᠪᠠᠰᠤᠨ ᠭᠡᠳᠡᠭ᠂ ᠶᠠᠭᠠᠬᠢᠭᠠᠳ ᠢᠩᠭᠢᠵᠦ ᠬᠡᠯᠡᠳᠡᠭ ᠪᠣᠶ︖      ᠵᠧᠩ ᠳ᠋ᠡ ᠬᠤᠸᠠ᠄ ᠠᠯᠢ ᠡᠷᠲᠡ 1900 ᠣᠨ ᠳᠤ᠂ ᠯᠢᠶᠠᠩ ᠴᠢ ᠴᠤᠤ ᠲᠡᠭᠦᠨ ᠤ ︽ᠬᠤᠷᠢᠳᠤᠭᠠᠷ ᠵᠠᠭᠤᠨ ᠤ ᠨᠣᠮᠣᠬᠠᠨ ᠳᠠᠯᠠᠶ ᠶᠢᠨ ᠳᠠᠭᠤᠯᠠᠯ︾ ᠳᠤ  ᠪᠠᠨ᠄ ︽ᠳᠡᠯᠡᠬᠡᠶ ᠶᠢᠨ ᠪᠥᠮᠪᠥᠷᠴᠡᠭ ᠳᠡᠭᠡᠷ᠎ᠡ ᠳᠤᠮᠳᠠᠳᠤ ᠤᠯᠤᠰ᠂ ᠡᠨᠡᠳᠬᠡᠭ᠂ ᠶᠧᠵᠢᠫᠲ᠂ ᠪᠠᠭ᠎ᠠ ᠠᠽᠢᠶ᠎ᠠ ᠭᠡᠬᠦ ᠡᠷᠳᠡᠨ ᠤ ᠳᠥᠷᠪᠡᠨ ᠪᠤᠯᠪᠠᠰᠤᠨ ᠤᠯᠤᠰ ᠪᠤᠢ︾ ᠭᠡᠵᠦ ᠪᠢᠴᠢᠵᠡᠢ᠃ ᠭᠡᠲᠡᠯ᠎ᠡ ᠡᠷᠲᠡᠨ ᠤ ᠶᠧᠵᠢᠫᠲ᠂ ᠡᠷᠲᠡᠨ ᠤ ᠪᠠᠪᠢᠯᠤᠨ ᠪᠣᠯᠤᠨ ᠡᠷᠲᠡᠨ ᠤ ᠡᠨᠡᠳᠬᠡᠭ ᠤᠨ ᠪᠣᠯᠪᠠᠰᠤᠨ ᠴᠦᠮ ᠲᠠᠰᠤᠯᠳᠠᠭᠰᠠᠨ ᠶᠤᠮ᠂ ᠣᠳᠣ ᠳᠤ ᠬᠦᠷᠳᠡᠯ᠎ᠡ ᠦᠷᠬᠦᠯᠵᠢᠯᠡᠵᠦ ᠪᠠᠶᠢᠭ᠎ᠠ ᠴᠣᠷ ᠤᠨ ᠭᠠᠭᠴᠠ ᠪᠤᠯᠪᠠᠰᠤᠨ ᠪᠣᠯ ᠵᠥᠪᠬᠡᠨ ᠳᠤᠮᠳᠠᠳᠤ ᠶᠢᠨ ᠪᠣᠯᠪᠠᠰᠤᠨ ᠪᠣᠯᠣᠨ᠎ᠠ᠃       ᠪᠣᠯᠪᠠᠰᠤᠨ ᠢ ᠡᠭᠦᠳᠦᠨ ᠪᠦᠲᠦᠭᠡᠭᠰᠡᠨ ᠭᠤᠣᠯ ᠴᠣᠭᠴᠠ ᠠᠴᠠ ᠠᠪᠴᠤ ᠦᠵᠡᠪᠡᠯ᠂ ᠳᠤᠮᠳᠠᠳᠤ ᠤᠯᠤᠰ ᠤᠨ ᠡᠷᠲᠡᠨ ᠤ ᠪᠣᠯᠪᠠᠰᠤᠨ ᠢ ᠡᠭᠦᠳᠦᠨ ᠪᠦᠲᠦᠭᠡᠭᠰᠡᠨ ᠭᠤᠣᠯ ᠴᠣᠭᠴᠠ ᠪᠣᠯ ᠮᠠᠨ ᠤ ᠤᠷᠴᠢᠨ ᠦᠶ᠎ᠡ ᠶᠢᠨ ᠳᠤᠮᠳᠠᠳᠤ ᠶᠢᠨ ᠦᠨᠳᠦᠰᠦᠲᠡᠨ ᠤ ᠡᠪᠦᠭᠡ ᠳᠡᠭᠡᠳᠦᠰ ᠪᠤᠯᠤᠨ᠎ᠠ᠂ ᠣᠷᠴᠢᠨ ᠦᠶ᠎ᠡ ᠶᠢᠨ ᠳᠤᠮᠳᠠᠳᠤ ᠶᠢᠨ ᠦᠨᠳᠦᠰᠦᠲᠡᠨ ᠤ ᠲᠤᠮᠦ ᠭᠡᠷ ᠪᠦᠯᠢ ᠶᠢ ᠪᠦᠷᠢᠯᠳᠦᠭᠦᠯᠦᠭᠰᠡᠨ ᠦᠨᠳᠦᠰᠦᠲᠡᠨ ᠨᠦᠭᠦᠳ ᠴᠥᠮ ᠳᠤᠮᠳᠠᠳᠤ ᠤᠯᠤᠰ ᠤᠨ ᠡᠷᠲᠡᠨ ᠤ ᠦᠨᠳᠦᠰᠦᠲᠡᠨ  ᠨᠦᠭᠦᠳ ᠤᠨ ᠲᠡᠦᠬᠡᠨ ᠠᠴᠠ ᠡᠪᠦᠭᠡ ᠳᠡᠭᠡᠳᠦᠰ ᠤᠨ ᠤᠯᠠ ᠮᠥᠷ ᠢ ᠣᠯᠵᠤ ᠮᠥᠷᠳᠡᠵᠦ ᠳᠡᠶᠢᠯᠦᠨ᠎ᠡ᠃ ᠭᠡᠲᠡᠯ᠎ᠡ ᠤᠳᠤ ᠶᠢᠨ ᠶᠧᠵᠢᠫᠲᠴᠦᠳ᠂ ᠢᠷᠠᠺᠴᠤᠳ ᠪᠠ ᠡᠨᠡᠳᠬᠡᠭᠴᠦᠳ ᠲᠡᠳᠡᠭᠡᠷ ᠡᠷᠲᠡᠨ ᠤ ᠪᠣᠯᠪᠠᠰᠤᠨ ᠢ ᠡᠭᠦᠳᠦᠨ ᠪᠦᠲᠦᠭᠡᠭᠴᠢᠳ ᠤᠨ ᠰᠢᠭᠤᠳ ᠤᠳᠤᠮ ᠤᠨ ᠬᠤᠶᠢᠴᠢ ᠦᠶ᠎ᠡ ᠨᠢᠭᠡᠨᠲᠡ ᠪᠢᠰᠢ ᠪᠤᠯᠤᠭᠰᠠᠨ᠂ ᠡᠳᠡᠭᠡᠷ ᠡᠷᠲᠡᠨ ᠤ ᠪᠣᠯᠪᠠᠰᠤᠨ ᠢ ᠡᠭᠦᠳᠦᠨ ᠪᠦᠲᠦᠭᠡᠭᠰᠡᠨ ᠭᠤᠣᠯ ᠴᠣᠭᠴᠠ ᠠᠯᠢ ᠬᠡᠳᠦᠶᠢᠨ ᠲᠡᠦᠬᠡ ᠶᠢᠨ ᠤᠷᠤᠰᠬᠠᠯ ᠳᠤ ᠠᠯᠠᠭ᠎ᠠ ᠪᠣᠯᠵᠠᠢ᠃      ᠪᠣᠯᠪᠠᠰᠤᠨ ᠤ ᠦᠨᠳᠦᠰᠦ ᠰᠠᠭᠤᠷᠢ ᠪᠣᠯᠤᠭᠰᠠᠨ ᠰᠣᠶᠣᠯ ᠠᠴᠠ ᠠᠪᠴᠤ ᠦᠵᠡᠪᠡᠯ᠂ ᠺᠦᠩᠽᠢ ᠶᠢᠨ ᠰᠤᠷᠭᠠᠯᠲᠠᠨ ᠤ ᠰᠣᠶᠣᠯ ᠢᠶᠠᠷ ᠭᠤᠣᠯᠯᠠᠭᠴᠢ ᠪᠤᠶᠤ ᠭᠤᠣᠯ ᠴᠣᠭᠴᠠ ᠪᠣᠯᠭᠠᠭᠰᠠᠨ ᠳᠤᠮᠳᠠᠳᠤ ᠶᠢᠨ ᠰᠣᠶᠣᠯ ᠶᠡᠷᠦ ᠠᠴᠠ ᠲᠠᠰᠤᠯᠳᠠᠭ᠎ᠠ ᠦᠭᠡᠢ ᠶᠤᠮ᠂ ᠡᠷᠲᠡᠨ ᠤ ᠳᠤᠮᠳᠠᠳᠤ ᠶᠢᠨ ᠰᠣᠶᠣᠯ ᠤᠨ ᠦᠭᠡ ᠬᠡᠯᠡ ᠦᠰᠦᠭ ᠪᠢᠴᠢᠭ᠂ ᠵᠠᠩ ᠵᠠᠩᠰᠢᠯ ᠢᠲᠡᠭᠡᠯ ᠪᠢᠰᠢᠷᠡᠯ᠂ ᠦᠷᠳᠡᠭ ᠤᠨ ᠦᠵᠡᠯᠲᠡ ᠵᠡᠷᠭᠡ ᠨᠢ ᠤᠳᠤ ᠪᠣᠯᠲᠠᠯ᠎ᠠ ᠮᠥᠨ ᠯᠡ ᠬᠥᠮᠦᠰ ᠤᠨ ᠨᠡᠶᠢᠭᠡᠮ ᠤᠨ ᠠᠮᠢᠳᠤᠷᠠᠯ ᠪᠠ ᠦᠵᠡᠯ ᠰᠠᠨᠠᠭ᠎ᠠ ᠣᠶᠢᠯᠠᠭᠠᠭᠳᠠᠬᠤᠨ ᠳᠤ ᠨᠢ ᠴᠢᠬᠤᠯᠠ ᠨᠥᠯᠥᠭᠡ ᠦᠵᠡᠭᠦᠯᠦᠭᠰᠡᠭᠡᠷ ᠪᠠᠶᠢᠨ᠎ᠠ᠃ ᠭᠡᠲᠡᠯ᠎ᠡ ᠥᠨᠥ ᠶᠢᠨ ᠶᠧᠵᠢᠫᠲ ᠤᠨ ᠰᠣᠶᠣᠯ᠂ ᠢᠷᠠᠺ ᠤᠨ ᠰᠣᠶᠣᠯ ᠪᠠ ᠡᠨᠡᠳᠬᠡᠭ ᠤᠨ ᠰᠣᠶᠣᠯ ᠨᠢ ᠤᠤᠯ ᠤᠨ ᠣᠷᠤᠰᠢᠵᠤ ᠥᠩᠭᠡᠷᠡᠭᠰᠡᠨ ᠡᠷᠲᠡᠨ ᠤ ᠪᠣᠯᠪᠠᠰᠤᠨ ᠲᠠᠢ ᠬᠠᠷᠢᠴᠠᠭ᠎ᠠ ᠦᠭᠡᠢ ᠪᠣᠯᠣᠭᠰᠠᠨ ᠪᠠᠶᠢᠨ᠎ᠠ᠂ ᠡᠳᠡᠭᠡᠷ ᠪᠣᠯᠪᠠᠰᠤᠨ ᠢ ᠡᠬᠦᠳᠦᠨ ᠪᠥᠳᠦᠭᠡᠭᠰᠡᠨ ᠦᠨᠳᠦᠰᠦᠲᠡᠨ ᠵᠢᠴᠢ ᠳᠡᠳᠡᠨ ᠤ ᠦᠭᠡ ᠬᠡᠯᠡ ᠦᠰᠦᠭ ᠪᠢᠴᠢᠭ ᠨᠢ ᠴᠤ ᠤᠰᠠᠳᠤᠭᠠᠳ᠂ ᠲᠡᠳᠡᠨ ᠤ ᠵᠠᠩ ᠵᠠᠩᠰᠢᠯ ᠢᠲᠡᠭᠡᠯ ᠪᠢᠰᠢᠷᠡᠯ ᠪᠠ ᠦᠷᠳᠡᠭ ᠤᠨ ᠦᠵᠡᠯᠲᠡ ᠶᠢᠨ ᠵᠠᠷᠢᠮ ᠨᠢ ᠲᠠᠶᠠᠭᠳᠠᠭᠳᠠᠵᠤ᠂ ᠵᠠᠷᠢᠮ ᠨᠢ ᠪᠤᠰᠤᠳ ᠰᠤᠶᠤᠯ ᠢᠶᠠᠷ ᠤᠷᠤᠯᠠᠭᠳᠠᠵᠠᠢ᠃ ᠲᠡᠷᠡ ᠬᠦ ᠨᠤᠲᠤᠭ ᠲᠤ ᠣᠷᠤᠰᠢᠵᠤ ᠪᠠᠶᠢᠭ᠎ᠠ ᠥᠨᠥᠳᠦᠷ ᠤᠨ ᠰᠣᠶᠣᠯ ᠪᠣᠯ ᠤᠭᠳᠤ ᠥᠭᠡᠷ᠎ᠡ ᠨᠢᠭᠡ ᠲᠦᠷᠦᠯ ᠤᠨ ᠰᠣᠶᠣᠯ ᠪᠤᠯᠬᠤ ᠶᠤᠮ᠃      ᠪᠣᠯᠪᠠᠰᠤᠨ ᠤ ᠠᠴᠢᠶᠠᠯᠠᠭᠴᠢ ᠠᠴᠠ ᠠᠪᠴᠤ ᠦᠵᠡᠪᠡᠯ᠂ ᠬᠡᠳᠦᠨ ᠮᠢᠩᠭᠠᠨ ᠵᠢᠯ ᠤᠨ ᠳᠤᠮᠳᠠᠳᠤ ᠤᠯᠤᠰ ᠲᠦᠷᠦ ᠬᠦᠷᠦᠨ ᠤ ᠦᠬᠡᠷᠳᠡᠯ ᠰᠣᠯᠢᠭᠳᠠᠯ ᠭᠠᠷᠤᠭᠰᠠᠨ ᠨᠢ ᠳᠠᠮᠵᠢᠭ ᠦᠬᠡᠢ᠂ ᠬᠡᠳᠡᠯ᠎ᠡ ᠬᠢᠲᠠᠳ ᠦᠨᠳᠦᠰᠦᠲᠡᠨ ᠤ ᠪᠠᠶᠢᠭᠤᠯᠤᠭᠰᠠᠨ ᠲᠦᠷᠦ ᠵᠠᠰᠠᠭ ᠴᠤ ᠪᠤᠯᠤᠭ᠂ ᠴᠥᠭᠡᠨ ᠲᠣᠭᠠᠲᠤ ᠦᠨᠳᠦᠰᠦᠲᠡᠨ ᠤ ᠪᠠᠶᠢᠭᠤᠯᠤᠭᠰᠠᠨ ᠲᠦᠷᠦ ᠵᠠᠰᠠᠭ ᠴᠦ ᠪᠤᠯᠤᠭ᠂ ᠴᠥᠮ ᠳᠤᠮᠳᠠᠳᠤ ᠶᠢᠨ ᠪᠣᠯᠪᠠᠰᠤᠨ ᠢ ᠠᠴᠢᠶᠠᠯᠠᠵᠤ᠂ ᠳᠤᠮᠳᠠᠳᠤ ᠶᠢᠨ ᠦᠨᠳᠦᠰᠦᠲᠡᠨ ᠤ ᠲᠡᠦᠬᠡ ᠶᠢᠨ ᠪᠦᠷᠢᠯᠳᠦᠬᠦᠨ ᠬᠡᠰᠡᠭ  ᠪᠣᠯᠬᠤ ᠶᠤᠮ᠃ ᠺᠠᠩ ᠶᠸᠦ ᠸᠧᠢ᠂ ᠯᠢᠶᠠᠩ ᠴᠢ ᠴᠤᠤ ᠨᠠᠷ᠂ ᠳᠤᠮᠳᠠᠳᠤ ᠤᠯᠤᠰ ᠡᠷᠲᠡᠨ ᠠᠴᠠ ᠠᠪᠤᠭᠠᠳ ᠵᠥᠪᠬᠡᠨ ᠲᠦᠷᠦ ᠵᠠᠰᠠᠭ ᠰᠤᠯᠢᠭᠳᠠᠵᠤ ᠪᠠᠶᠢᠭᠰᠠᠨ  ᠠᠴᠠ ᠪᠢᠰᠢ᠂ ᠬᠠᠷᠢᠨ ᠲᠦᠷᠦ ᠮᠦᠬᠦᠵᠦ ᠥᠩᠭᠡᠷᠡᠭᠰᠡᠨ ᠦᠭᠡᠢ ᠶᠤᠮ᠂ ᠳᠥᠷᠦ ᠪᠤᠯ ᠢᠮᠠᠭᠲᠠ ᠳᠤᠮᠳᠠᠳᠤ ᠶᠢᠨ ᠦᠨᠳᠦᠰᠦᠲᠡᠨ ᠤ ᠲᠦᠷᠦ ᠶᠤᠮ ᠭᠡᠵᠦ ᠬᠡᠯᠡᠭᠰᠡᠨ ᠶᠤᠮ᠃      ᠳᠤᠮᠳᠠᠳᠤ ᠤᠯᠤᠰ ᠲᠠᠢ ᠬᠠᠷᠢᠴᠠᠭᠤᠯᠪᠠᠯ᠂ ᠡᠷᠲᠡᠨ ᠤ ᠶᠧᠵᠢᠫᠲ᠂ ᠡᠷᠲᠡᠨ ᠤ ᠪᠠᠪᠢᠯᠤᠨ᠂ ᠡᠷᠲᠡᠨ ᠤ ᠡᠨᠡᠳᠬᠡᠭ ᠴᠦᠮ ᠲᠥᠷᠥ ᠨᠢ ᠮᠦᠬᠦᠵᠦ ᠥᠩᠭᠡᠷᠡᠭᠰᠡᠨ ᠪᠥᠭᠡᠳ ᠨᠢᠭᠡ ᠤᠳᠠᠭ᠎ᠠ ᠲᠠᠢ ᠪᠠᠷ ᠪᠠᠷᠠᠬᠤ ᠦᠭᠡᠢ᠂ ᠵᠢᠱᠢᠶᠡᠯᠡᠪᠡᠯ ᠨᠡᠶᠢᠲᠡ ᠶᠢᠨ ᠣᠨ ᠲᠣᠭᠠᠯᠠᠯ ᠠᠴᠠ ᠡᠮᠦᠨ᠎ᠡ 6 ᠳ᠋ᠤᠭᠠᠷ ᠵᠠᠭᠤᠨ ᠠᠴᠠ ᠡᠬᠢᠯᠡᠨ ᠫᠧᠷᠰᠴᠤᠳ᠂ ᠭᠷᠧᠭᠴᠤᠳ᠂  ᠷᠤᠮᠠᠴᠤᠳ ᠤᠷᠢᠳ ᠬᠤᠵᠢᠳ ᠶᠧᠵᠢᠫᠲ ᠢ ᠳᠠᠶᠢᠯᠠᠨ ᠳᠠᠭᠠᠭᠤᠯᠵᠤ᠂ ᠶᠧᠵᠢᠫᠲ ᠨᠢ ᠫᠧᠷᠢᠰ ᠬᠠᠭᠠᠨᠲᠤ ᠤᠯᠤᠰ᠂ ᠮᠠᠺᠧᠳᠤᠨᠢᠶ᠎ᠠ ᠬᠠᠭᠠᠨᠲᠤ ᠤᠯᠤᠰ ᠪᠤᠶᠤ ᠷᠣᠮᠠ ᠬᠠᠭᠠᠨᠲᠤ ᠤᠯᠤᠰ ᠤᠨ ᠨᠢᠭᠡ ᠬᠡᠰᠡᠭ ᠪᠣᠯᠤᠭᠰᠠᠨ ᠶᠤᠮ᠃ ᠨᠡᠶᠢᠲᠡ ᠶᠢᠨ ᠣᠨ ᠲᠣᠭᠠᠯᠠᠯ ᠤᠨ 7 ᠳ᠋ᠤᠭᠠᠷ ᠵᠠᠭᠤᠨ ᠤ ᠦᠶ᠎ᠡ ᠳᠤ᠂ ᠠᠷᠠᠪ ᠬᠠᠭᠠᠨᠲᠤ ᠤᠯᠤᠰ ᠤᠨ ᠬᠥᠭᠵᠢᠨ ᠮᠠᠨᠳᠤᠬᠤ ᠶᠢ ᠳᠠᠭᠠᠯᠳᠤᠵᠤ᠂ ᠶᠧᠵᠢᠫᠲ ᠨᠢ ᠪᠠᠰᠠ ᠠᠷᠠᠪ ᠬᠠᠭᠠᠨᠲᠤ ᠤᠯᠤᠰ ᠤᠨ ᠪᠦᠷᠢᠯᠳᠦᠬᠦᠨ ᠬᠡᠰᠡᠭ ᠪᠣᠯᠪᠠ᠂ ᠡᠶᠢᠮᠦ ᠠᠴᠠ ᠣᠲᠣ ᠶᠢᠨ ᠶᠧᠵᠢᠫᠲᠴᠤᠳ ᠦᠨᠡᠨ ᠳᠤ ᠪᠠᠨ ᠠᠷᠠᠪ ᠬᠥᠮᠦᠨ ᠶᠤᠮ᠂ ᠣᠲᠣ ᠶᠢᠨ ᠶᠧᠵᠢᠫᠲ ᠤᠨ ᠰᠣᠶᠣᠯ ᠨᠢ ᠮᠥᠨ ᠴᠢᠨᠠᠷ ᠳᠡᠭᠡᠷ᠎ᠡ ᠪᠠᠨ  ᠠᠷᠠᠪ ᠤᠨ ᠰᠣᠶᠣᠯ ᠪᠤᠯᠬᠤ ᠶᠤᠮ᠃
W020230818361492980853.png
           ᠳᠤᠮᠳᠠᠳᠤ ᠶᠢᠨ ᠰᠣᠶᠣᠯ ᠦᠨᠢᠳᠡ ᠦᠷᠭᠦᠯᠵᠢᠯᠡᠵᠦ᠂ ᠳᠤᠮᠳᠠᠳᠤ ᠶᠢᠨ ᠪᠣᠯᠪᠠᠰᠤᠨ ᠤ ᠡᠷᠲᠡᠨ ᠤ ᠭᠦᠨ ᠤᠬᠠᠭᠠᠨ ᠨᠢ ᠮᠥᠨ ᠯᠡ ᠬᠥᠮᠦᠨ ᠤ ᠡᠰᠢ ᠶᠣᠰᠤ ᠡᠳᠦᠷ ᠲᠤᠳᠤᠮ ᠤᠨ ᠬᠡᠷᠡᠭᠯᠡᠭᠡᠨ ᠳᠤ ᠳᠤᠮᠳᠠᠳᠤ ᠶᠢᠨ ᠬᠥᠮᠦᠨ ᠤ ᠠᠮᠢᠳᠤᠷᠠᠯ ᠪᠠ ᠬᠠᠶᠢᠷ᠎ᠠ ᠰᠡᠳᠬᠢᠯᠭᠡ ᠶᠢ ᠨᠥᠯᠥᠭᠡᠯᠡᠭᠰᠡᠭᠡᠷ ᠪᠠᠶᠢᠨ᠎ᠠ᠃ ᠵᠢᠷᠤᠭ ᠪᠣᠯ ᠱᠠᠩᠬᠠᠶ ᠶᠢᠨ ᠭᠤᠣᠯ ᠤᠨ ᠲᠠᠨᠩ ᠳᠤ ᠨᠡᠷᠡᠭᠦᠶ ᠨᠢᠳᠤᠷᠭ᠎ᠠ ᠪᠣᠯᠪᠠᠰᠤᠷᠠᠵᠤ ᠪᠠᠶᠢᠭ᠎ᠠ ᠬᠤᠲᠠ ᠶᠢᠨ ᠠᠷᠠᠳ᠃      ᠲᠤᠮᠳᠠᠳᠤ ᠶᠢ ᠦᠬᠦᠯᠡᠬᠦᠢ᠄ ᠲᠤᠮᠳᠠᠳᠤ ᠶᠢᠨ ᠪᠤᠯᠪᠠᠰᠤᠨ ᠤ ᠦᠷᠭᠦᠯᠵᠢᠯᠡᠭᠰᠡᠨ ᠰᠢᠨᠵᠢ ᠨᠢ ᠠᠯᠢ ᠠᠯᠢ ᠳᠠᠯ᠎ᠠ ᠪᠠᠷ ᠢᠯᠡᠷᠡᠵᠦ ᠪᠠᠶᠢᠬᠤ ᠪᠤᠢ︖       ᠵᠧᠩ ᠳ᠋ᠠ ᠬᠤᠸᠠ᠄ ᠳᠤᠮᠳᠠᠳᠤ ᠶᠢᠨ ᠪᠣᠯᠪᠠᠰᠤᠨ ᠤ ᠦᠷᠭᠦᠯᠵᠢᠯᠡᠭᠰᠡᠨ ᠰᠢᠨᠵᠢ ᠨᠢ ᠨᠡᠶᠢᠬᠡᠮ ᠤᠨ ᠬᠦᠭᠵᠢᠯᠳᠡ ᠵᠢᠨ‌ᠦᠷᠭᠦᠯᠵᠢᠯᠡᠭᠰᠡᠨ ᠰᠢᠨᠵᠢ ᠳᠡᠭᠡᠷ᠎ᠡ ᠢᠯᠡᠷᠡᠳᠡᠭ᠃ ᠬᠦᠮᠦᠨ ᠲᠦᠷᠦᠯᠬᠢᠳᠡᠨ ᠤ ᠨᠡᠶᠢᠬᠡᠮ ᠪᠠᠶᠢᠮᠠᠨᠵᠢᠨ ᠬᠦᠮᠦᠨ ᠲᠦᠷᠦᠯᠬᠢᠳᠡᠨ ᠤ ᠪᠣᠯᠪᠠᠰᠤᠨ ᠪᠠᠶᠢᠳᠠᠭ᠃ ᠲᠤᠮᠳᠠᠳᠤ ᠤᠯᠤᠰ ᠤᠨ ᠨᠡᠶᠢᠬᠡᠮ ᠪᠣᠯ ᠪᠠᠯᠠᠷ ᠡᠷᠳᠡᠨ ᠤ ᠨᠡᠶᠢᠬᠡᠮ᠂ ᠪᠤᠭᠤᠯᠳᠤ ᠨᠡᠶᠢᠬᠡᠮ᠂ ᠹᠸᠤᠳᠠᠯ ᠤᠨ ᠨᠡᠶᠢᠬᠡᠮ᠂ ᠬᠠᠭᠠᠰ ᠺᠤᠯᠤᠨᠢ ᠬᠠᠭᠠᠰ ᠹᠸᠤᠳᠠᠯ ᠤᠨ ᠨᠡᠶᠢᠬᠡᠮ ᠪᠤᠯᠤᠨ ᠨᠡᠶᠢᠬᠡᠮ ᠵᠢᠷᠤᠮᠳᠤ ᠨᠡᠶᠢᠬᠡᠮ ᠤᠨ ᠬᠦᠭᠵᠢᠯᠳᠡ ᠶᠢ  ᠥᠩᠭᠡᠷᠡᠭᠡᠭᠡᠳ᠂ ᠮᠠᠷᠺᠰ ᠡᠩᠭᠧᠯᠰ ᠤᠨ ᠪᠣᠢ ᠪᠣᠯᠭᠠᠭᠰᠠᠨ ᠬᠥᠮᠦᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠲᠠᠪᠤᠨ ᠲᠦᠷᠦᠯ ᠤᠨ ᠬᠡᠯᠪᠡᠷᠢ ᠶᠢ ᠶᠡᠷᠦ ᠠᠴᠠ ᠲᠠᠰᠤᠯᠳᠠᠭᠤᠯᠤᠭᠰᠠᠨ ᠦᠭᠡᠢ ᠶᠤᠮ᠃      ᠳᠤᠮᠳᠠᠳᠤ ᠶᠢᠨ ᠪᠣᠯᠪᠠᠰᠤᠨ ᠤ ᠦᠷᠭᠦᠯᠵᠢᠯᠡᠭᠰᠡᠨ ᠰᠢᠨᠵᠢ ᠨᠢ ᠤᠯᠤᠰ ᠲᠥᠷᠥ ᠶᠢᠨ ᠤᠳᠤᠮᠰᠢᠯ ᠤᠨ ᠦᠷᠭᠦᠯᠵᠢᠯᠡᠭᠰᠡᠨ ᠰᠢᠨᠵᠢ ᠳᠡᠭᠡᠷ᠎ᠡ ᠢᠯᠡᠷᠡᠳᠡᠭ᠃ ᠡᠷᠲᠡᠨ ᠠᠴᠠ ᠠᠪᠤᠭᠠᠳ ᠳᠤᠮᠳᠠᠳᠤ ᠤᠯᠤᠰ ᠤᠨ ᠠᠯᠢ ᠨᠢᠭᠡᠨ ᠰᠢᠨ᠎ᠡ ᠲᠥᠷᠥ ᠪᠠᠶᠢᠭᠤᠯᠤᠭᠳᠠᠬᠤ ᠳᠤ ᠪᠠᠨ ᠪᠦᠷ ᠡᠮᠦᠨᠡᠬᠢ ᠲᠥᠷᠥ ᠪᠠᠨ ᠦᠪᠯᠡᠨ ᠵᠠᠯᠭᠠᠮᠵᠢᠯᠠᠬᠤ ᠪᠠ ᠦᠬᠡᠷᠡᠴᠢᠯᠡᠨ ᠰᠢᠨᠡᠴᠢᠯᠡᠬᠦ ᠶᠢ ᠴᠢᠬᠤᠯᠠᠴᠢᠯᠠᠵᠤ᠂ ᠤᠳᠤᠮᠰᠢᠯᠲᠤ ᠸᠠᠩᠲᠤ ᠲᠦᠷᠦ ᠶᠢᠨ ᠬᠠᠤᠯᠢ ᠶᠣᠰᠣᠨ ᠤ ᠴᠢᠨᠠᠷ ᠪᠠ ᠡᠷᠬᠡ ᠰᠦᠷᠲᠦ ᠴᠢᠨᠠᠷ ᠢ ᠴᠢᠬᠤᠯᠠᠴᠢᠯᠠᠳᠠᠭ  ᠨᠢ ᠲᠡᠭᠷᠢ ᠶᠢᠨ ᠵᠥᠢ ᠪᠠᠶᠢᠪᠠ᠂ ᠡᠨ᠋ᠨ ᠪᠤᠯ ᠬᠤᠪᠢ ᠵᠠᠶᠠᠭ᠎ᠠ ᠬᠡᠯᠳᠡᠢ᠃ ᠳᠤᠮᠳᠠᠳᠤ ᠤᠯᠤᠰ ᠤᠨ ᠡᠷᠲᠡᠨ ᠤ ᠦᠶ᠎ᠡ ᠶᠢᠨ ᠨᠢᠭᠡ ᠵᠦᠢᠯ ᠤᠨ ᠲᠦᠷᠦ ᠶᠢᠨ ᠡᠷᠬᠡ ᠶᠢᠨ ᠤᠨᠤᠯ ᠢ ︽ᠤᠳᠤᠮᠰᠢᠯᠲᠤ ᠤᠨᠤᠯ︾ ᠭᠡᠳᠡᠭ᠂  ᠲᠤᠬᠠᠶᠢᠯᠠᠪᠠᠯ ︽ᠨᠢᠭᠡᠲᠦᠯ︾᠂ ︽ᠪᠢᠯᠢᠭ ᠤᠨ ᠲᠤᠭᠠᠯᠠᠯ ᠢ ᠬᠡᠷᠡᠭᠵᠢᠬᠦᠯᠬᠦ︾᠂ ︽ᠳᠤᠮᠳᠠᠳᠤ ᠤᠯᠤᠰ ᠲᠤ ᠨᠤᠳᠤᠭᠰᠢᠬᠤ︾ ᠪᠠᠷ ᠳᠠᠮᠵᠢᠭᠤᠯᠤᠨ ᠥᠪᠡᠷ ᠤᠨ ᠪᠠᠶᠢᠭᠤᠯᠤᠭᠰᠠᠨ ᠲᠦᠷᠦ ᠶᠢᠨ ᠡᠷᠬᠡ ᠶᠢᠨ ᠲᠡᠦᠬᠡ ᠶᠢᠨ ᠲᠡᠰ ᠳᠠᠷᠠᠭᠠᠯᠠᠯ ᠪᠣᠯᠤᠨ ᠪᠤᠳᠠᠳᠠᠢ ᠤᠯᠤᠰ ᠲᠦᠷᠦ ᠶᠢᠨ ᠪᠦᠳᠦᠴᠠ ᠳᠠᠬᠢ ᠤᠳᠤᠮᠰᠢᠯᠲᠤ ᠴᠢᠨᠠᠷ ᠢᠶᠠᠨ ᠨᠤᠲᠠᠯᠠᠳᠠᠭ᠃ ᠡᠨᠡ ᠨᠢ ᠶᠠᠭ ᠤᠯᠤᠰ ᠲᠥᠷᠥ ᠶᠢᠨ ᠤᠯᠠᠮᠵᠢᠯᠠᠯ ᠳᠠᠬᠢ ᠤᠯᠠᠮᠵᠢᠯᠠᠯ ᠪᠠ ᠦᠷᠭᠦᠯᠵᠢᠯᠡᠯ ᠢᠶᠠᠨ ᠲᠤᠰᠬᠠᠵᠤ ᠪᠣᠢ᠃      ᠳᠤᠮᠳᠠᠳᠤ ᠶᠢᠨ ᠪᠣᠯᠪᠠᠰᠤᠨ ᠤ ᠦᠷᠭᠦᠯᠵᠢᠯᠡᠭᠰᠡᠨ ᠰᠢᠨᠵᠢ ᠨᠢ ᠰᠣᠶᠣᠯ ᠤᠨ ᠤᠳᠤᠮᠰᠢᠯ ᠤᠨ ᠦᠷᠭᠦᠯᠵᠢᠯᠡᠭᠰᠡᠨ ᠰᠢᠨᠵᠢ ᠳᠡᠭᠡᠷ᠎ᠡ ᠢᠯᠡᠷᠡᠳᠡᠭ᠃ ᠳᠤᠮᠳᠠᠳᠤ ᠤᠯᠤᠰ ᠤᠨ ᠰᠣᠶᠣᠯ ᠤᠨ ᠤᠳᠤᠮᠰᠢᠯ ᠢ ᠳᠡᠭᠡᠭᠰᠢ ᠪᠠᠨ ᠭᠤᠷᠪᠠᠨ ᠦᠶ᠎ᠡ ᠮᠥᠷᠳᠡᠵᠦ ᠪᠣᠯᠤᠨ᠎ᠠ᠂ ᠴᠦᠨ ᠴᠢᠦ ᠪᠠᠶᠢᠯᠳᠤᠭᠠᠨᠲᠤ ᠤᠯᠤᠰ ᠤᠨ ᠦᠶ᠎ᠡ ᠶᠢᠨ ᠰᠣᠶᠣᠯ ᠤᠨ ᠳᠡᠭᠡᠳᠦ ᠬᠡᠮᠵᠢᠶᠡᠨ ᠤ ᠬᠥᠭᠵᠢᠯᠲᠡ ᠨᠢ ᠳᠤᠮᠳᠠᠳᠤ ᠶᠢᠨ ᠪᠣᠯᠪᠠᠰᠤᠨ ᠤ ᠰᠠᠭᠤᠷᠢ ᠶᠢ ᠤᠯᠠᠮ ᠨᠢᠭᠡ ᠠᠯᠬᠤᠮ ᠪᠠᠬᠢᠵᠢᠬᠦᠯᠪᠠ᠃ ᠳᠡᠷᠨ ᠴᠠᠭ ᠦᠶ᠎ᠡ ᠶᠢᠨ ᠡᠷᠳᠡᠮᠳᠡᠳ᠂ ᠢᠯᠠᠩᠭᠤᠶ᠎ᠠ ᠯᠣᠣᠽᠢ᠂ ᠺᠦᠩᠽᠢ᠂ ᠵᠤᠸᠠᠩᠽᠢ᠂ ᠮᠧᠩᠽᠢ᠂ ᠮᠥᠸᠧᠽᠢ᠂ ᠰᠢᠤᠸᠠᠨᠽᠢ᠂ ᠬᠠᠨᠹᠧᠽᠢ ᠵᠡᠷᠭᠡ ᠪᠣᠳᠣᠯᠭᠠᠲᠠᠨ ᠤ ᠳᠤᠷᠠᠳᠤᠭᠰᠠᠨ ᠦᠵᠡᠯ ᠰᠠᠨᠠᠭᠠᠨ ᠤ ᠵᠣᠷᠢᠯᠲᠠ ᠪᠠ ᠥᠷᠲᠡᠭ ᠤᠨ ᠦᠵᠡᠯᠲᠡ ᠨᠢ ᠬᠤᠶᠢᠴᠢ ᠦᠶ᠎ᠡ ᠶᠢᠨ ᠤᠯᠤᠰ ᠲᠥᠷᠥ ᠶᠢᠨ ᠣᠶᠢᠯᠠᠭᠠᠭᠳᠠᠬᠤᠨ᠂ ᠨᠡᠶᠢᠭᠡᠮ ᠤᠨ ᠶᠣᠰᠣ ᠰᠤᠷᠲᠠᠬᠤᠨ᠂ ᠬᠥᠮᠦᠨ ᠤ ᠠᠮᠢᠳᠤᠷᠠᠯ ᠤᠨ ᠭᠦᠨ ᠤᠬᠠᠭᠠᠨ ᠵᠡᠷᠭᠡ ᠳᠤ ᠴᠥᠮ ᠴᠢᠬᠤᠯᠠ ᠶᠡᠭᠡ ᠨᠥᠯᠥᠭᠡ ᠦᠵᠡᠭᠦᠯᠵᠦ᠂ ᠬᠤᠶᠢᠴᠢ ᠦᠶ᠎ᠡ ᠶᠢᠨ ᠪᠣᠳᠣᠯᠭᠠᠲᠠᠳ ᠤᠨ ᠳᠤᠷᠠᠳᠤᠭᠰᠠᠨ ᠦᠵᠡᠯ ᠰᠠᠨᠠᠭᠠᠨ ᠤ ᠵᠣᠷᠢᠯᠲᠠ ᠪᠠ ᠥᠷᠲᠡᠭ ᠤᠨ ᠦᠵᠡᠯᠲᠡ ᠨᠢ ᠪᠦᠷ ᠲᠡᠳᠡᠨ ᠤ ᠦᠵᠡᠯ ᠰᠠᠨᠠᠭᠠᠨ ᠤ ᠵᠠᠯᠭᠠᠮᠵᠢᠯᠠᠯ ᠪᠠ ᠬᠦᠭᠵᠢᠭᠦᠯᠦᠯ ᠪᠠᠶᠢᠵᠤ᠂ ᠦᠷᠭᠦᠯᠵᠢᠯᠡᠭᠰᠡᠨ ᠰᠢᠨᠵᠢ ᠪᠠᠷ ᠢᠯᠡᠷᠬᠡᠢ ᠪᠠᠶᠢᠳᠠᠭ᠃      ᠳᠤᠮᠳᠠᠳᠤ ᠶᠢᠨ ᠪᠣᠯᠪᠠᠰᠤᠨ ᠤ ᠦᠷᠭᠦᠯᠵᠢᠯᠡᠭᠰᠡᠨ ᠰᠢᠨᠵᠢ ᠨᠢ ᠲᠡᠦᠬᠡ ᠰᠤᠳᠤᠷ ᠢᠶᠠᠨ ᠦᠷᠭᠦᠯᠵᠢᠯᠡᠭᠦᠯᠦᠨ ᠪᠢᠴᠢᠭᠰᠡᠨ ᠳᠡᠬᠡᠷ᠎ᠠ ᠢᠯᠡᠷᠡᠳᠡᠭ᠃ ᠡᠷᠲᠡᠨ ᠤ ᠪᠣᠯᠪᠠᠰᠤᠨ ᠤ ᠲᠡᠮᠳᠡᠭᠯᠡᠯ᠂ ᠤᠯᠠᠮᠵᠢᠯᠡᠨ ᠳᠠᠮᠵᠢᠭᠤᠯᠬᠤ ᠪᠠ ᠤᠯᠠᠮᠵᠢᠯᠡᠨ  ᠵᠠᠯᠭᠠᠮᠵᠢᠯᠠᠭᠰᠠᠨ ᠨᠢ ᠲᠡᠦᠬᠡ ᠶᠢᠨ ᠳᠡᠮᠲᠡᠭᠯᠡᠯ ᠠᠴᠠ ᠰᠠᠯᠵᠤ ᠴᠢᠳᠠᠬᠤ ᠦᠭᠡᠢ ᠶᠤᠮ᠂ ᠳᠤᠮᠳᠠᠳᠤ ᠶᠢᠨ ᠦᠨᠳᠦᠰᠦᠲᠡᠨ ᠡᠷᠲᠡᠨ ᠠᠴᠠ ᠠᠪᠤᠭᠠᠳ ᠲᠡᠦᠬᠡ ᠪᠠᠨ ᠲᠡᠮᠳᠡᠭᠯᠡᠬᠦ ᠶᠢ ᠴᠢᠬᠤᠯᠠᠴᠢᠯᠠᠳᠠᠭ ᠤᠳᠤᠮᠰᠢᠯ ᠲᠠᠢ ᠶᠤᠮ᠂ ᠤᠯᠠᠨ ᠠᠷᠪᠢᠨ ᠳᠡᠦᠬᠡ ᠶᠢᠨ ᠨᠤᠮ  ᠲᠠᠢ᠂ ᠲᠦᠷᠦᠯ ᠵᠤᠶᠢᠯ ᠢᠶᠠᠷ ᠴᠦ ᠪᠦᠷᠢᠨ ᠳᠡᠬᠦᠯᠳᠡᠷ᠂ ᠬᠦᠦᠷᠨᠢᠯ ᠢᠶᠠᠷ ᠤᠷᠠᠨ ᠨᠠᠷᠢᠯᠢᠭ ᠪᠠᠶᠢᠳᠠᠭ ᠢᠶᠠᠷ ᠢᠶᠠᠨ ᠳᠡᠯᠡᠬᠡᠢ ᠳᠤ ᠬᠤᠪᠤᠷᠬᠠᠨ ᠶᠤᠮ᠃ ᠳᠤᠮᠳᠠᠳᠤ ᠶᠢᠨ ᠦᠨᠳᠦᠰᠦᠲᠡᠨ ᠤ ᠲᠡᠦᠬᠡ ᠪᠠᠨ ᠳᠡᠮᠲᠡᠭᠯᠡᠬᠦ ᠶᠢᠨ ᠵᠣᠷᠢᠯᠭ᠎ᠠ ᠪᠣᠯ ᠡᠷᠲᠡᠨ ᠤ ᠬᠢ ᠪᠠᠷ ᠡᠳᠦᠭᠡ ᠶᠢ ᠳᠤᠯᠢᠳᠠᠬᠤ ᠶᠢᠨ ᠲᠥᠯᠥᠭᠡ ᠶᠤᠮ᠃ ᠤᠮᠠᠷᠠᠲᠤ ᠰᠦᠩ ᠤᠯᠤᠰ  ᠤᠨ ᠰᠧ ᠮᠠ ᠭᠤᠸᠠᠩ ᠤᠨ ︽ᠵᠠᠰᠠᠭ ᠲᠤᠷ ᠲᠤᠰᠠᠯᠠᠬᠤ ᠨᠡᠪᠲᠡᠷᠬᠡᠶ ᠪᠢᠴᠢᠭ︾ ᠲᠤ ᠪᠠᠶᠢᠯᠳᠤᠭᠠᠨᠲᠤ ᠤᠯᠤᠰ ᠠᠴᠠ ᠡᠬᠢᠯᠡᠬᠡᠳ ᠲᠠᠪᠤᠨ ᠲᠥᠷᠥ ᠶᠢᠨ ᠦᠶ᠎ᠡ ᠬᠦᠷᠲᠡᠯᠡᠬᠢ ᠨᠡᠶᠢᠲᠡ 1362 ᠣᠨ ᠤ ᠬᠤᠭᠤᠷᠣᠨᠳᠣᠬᠢ ᠲᠥᠷᠥ ᠭᠦᠷᠦᠨ ᠢ ᠵᠠᠰᠠᠭᠰᠠᠨ ᠣᠯᠤᠯᠲᠠ ᠪᠠ ᠠᠯᠳᠠᠭᠳᠠᠯ ᠢ ᠪᠢᠴᠢᠵᠦ᠂ ᠲᠤᠬᠠᠶ ᠶᠢᠨ ᠦᠶ᠎ᠡ ᠪᠠ ᠬᠤᠵᠢᠮ  ᠤᠨ ᠨᠣᠶᠠᠷᠬᠠᠭᠴᠢᠳ ᠲᠤ ᠡᠷᠬᠢᠮ ᠨᠠᠨᠳᠢᠨ ᠲᠣᠯᠢᠯᠡᠯᠲᠠ ᠬᠠᠩᠭᠠᠭᠰᠠᠨ ᠪᠠᠶᠢᠳᠠᠭ᠃ ᠲᠡᠦᠬᠡ ᠪᠠᠨ ᠳᠡᠮᠲᠡᠭᠯᠡᠬᠦ ᠶᠢᠨ ᠦᠷᠭᠦᠯᠵᠢᠯᠡᠭᠰᠡᠨ ᠰᠢᠨᠵᠢ ᠪᠣᠯ ᠳᠤᠮᠳᠠᠳᠤ ᠶᠢᠨ ᠪᠣᠯᠪᠠᠰᠤᠨ ᠤ ᠦᠷᠭᠦᠯᠵᠢᠯᠡᠭᠰᠡᠨ ᠰᠢᠨᠵᠢ ᠶᠢᠨ ᠬᠠᠮᠤᠭ ᠤᠨ ᠰᠢᠭᠤᠳ ᠪᠥᠭᠡᠳ ᠪᠦᠲᠦᠮᠵᠢᠲᠡᠶ ᠲᠣᠳᠣᠷᠬᠠᠶᠢᠯᠠᠯᠲᠠ ᠮᠥᠨ᠃      ᠳᠤᠮᠳᠠᠳᠤ ᠶᠢᠨ ᠪᠣᠯᠪᠠᠰᠤᠨ ᠤ ᠦᠷᠭᠦᠯᠵᠢᠯᠡᠭᠰᠡᠨ ᠰᠢᠨᠵᠢ ᠨᠢ ᠦᠭᠡ ᠬᠡᠯᠡ ᠦᠰᠦᠭ ᠪᠢᠴᠢᠭ ᠤᠨ ᠦᠷᠭᠦᠯᠵᠢᠯᠡᠭᠰᠡᠨ ᠰᠢᠨᠵᠢ ᠳᠡᠭᠡᠷ᠎ᠡ ᠢᠯᠡᠷᠡᠳᠡᠭ᠃ ᠦᠭᠡ ᠬᠡᠯᠡ ᠦᠰᠦᠭ ᠪᠢᠴᠢᠭ ᠪᠣᠯ ᠪᠣᠯᠪᠠᠰᠤᠨ ᠢ ᠠᠴᠢᠶᠠᠯᠠᠬᠤ ᠪᠠ ᠤᠯᠠᠮᠵᠢᠯᠠᠬᠤ ᠭᠤᠣᠯ ᠵᠠᠭᠤᠴᠢ ᠮᠥᠨ᠂ ᠳᠤᠮᠳᠠᠳᠤ ᠤᠯᠤᠰ ᠤᠨ ᠦᠭᠡ ᠬᠡᠯᠡ ᠦᠰᠦᠭ ᠪᠢᠴᠢᠭ ᠬᠡᠳᠦᠶᠢᠪᠡᠷ ᠲᠠᠰᠤᠷᠠᠯᠲᠠ ᠦᠭᠡᠢ ᠬᠥᠭᠵᠢᠨ ᠬᠤᠪᠢᠰᠴᠤ ᠪᠠᠶᠢᠭ᠎ᠠ ᠪᠣᠯᠪᠠᠴᠤ ᠴᠢᠨ ᠱᠢ ᠬᠤᠸᠠᠩ ᠳᠤᠮᠳᠠᠳᠤ ᠤᠯᠤᠰ ᠢ ᠨᠢᠭᠡᠳᠬᠡᠵᠦ᠂ ︽ᠪᠢᠴᠢᠭ ᠦᠰᠦᠭ ᠨᠢᠬᠡᠳᠦᠯᠳᠠᠢ᠂ ᠳᠡᠷᠬᠡᠨ ᠤ ᠵᠠᠮ ᠨᠢᠬᠡᠳᠦᠯᠳᠠᠢ᠂ ᠬᠡᠮ ᠬᠡᠮᠵᠢᠬᠦᠷ ᠨᠢᠬᠡᠳᠦᠯᠳᠠᠢ᠂ ᠦᠢᠯᠡ ᠠᠵᠢᠯᠯᠠᠭ᠎ᠠ ᠨᠢᠬᠡᠳᠦᠯᠳᠠᠢ︾ ᠭᠡᠬᠦ ᠶᠡᠭᠡ ᠨᠢᠭᠡᠳᠦᠯ ᠤᠨ ᠲᠦᠷᠦ ᠶᠢᠨ ᠪᠤᠳᠤᠯᠭ᠎ᠠ  ᠶᠢ ᠬᠡᠷᠡᠭᠵᠢᠭᠦᠯᠦᠭᠰᠡᠨ ᠤ ᠳᠠᠷᠠᠭ᠎ᠠ᠂ ᠪᠦᠬᠦ ᠤᠯᠤᠰ ᠤᠨ ᠬᠡᠪᠴᠢᠶᠡᠨ ᠳᠤ ᠳᠤᠮᠳᠠᠳᠤ ᠣᠷᠣᠨ ᠢᠶᠠᠷ ᠭᠤᠣᠯ ᠪᠣᠯᠭᠠᠭᠰᠠᠨ ᠦᠭᠡ ᠬᠡᠯᠡ ᠦᠰᠦᠭ ᠪᠢᠴᠢᠭ ᠤᠨ ᠰᠢᠰᠲ᠋ᠧᠮ ᠪᠠᠶᠢᠭᠤᠯᠤᠭᠳᠠᠨ ᠦᠷᠭᠦᠯᠵᠢᠯᠡᠭᠡᠳ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠤᠯᠵᠤ ᠥᠨᠥᠳᠦᠷ ᠪᠣᠯᠲᠠᠯ᠎ᠠ ᠬᠡᠷᠡᠭᠯᠡᠭᠳᠡᠭᠰᠡᠬᠡᠷ ᠪᠠᠶᠢᠨ᠎ᠠ᠃ ᠲᠡᠦᠬᠡ ᠪᠠᠨ ᠲᠡᠮᠳᠡᠭᠯᠡᠬᠦ ᠶᠢ ᠦᠷᠭᠦᠯᠵᠢᠯᠡᠭᠦᠯᠦᠭᠰᠡᠨ ᠰᠢᠨᠵᠢ ᠲᠠᠢ ᠠᠳᠠᠯᠢ ᠪᠠᠷ ᠦᠭᠡ ᠬᠡᠯᠡ ᠦᠰᠦᠭ ᠪᠢᠴᠢᠭ ᠤᠨ ᠦᠷᠭᠦᠯᠵᠢᠯᠡᠭᠰᠡᠨ ᠰᠢᠨᠵᠢ ᠨᠢ ᠴᠦ ᠳᠤᠮᠳᠠᠳᠤ  ᠶᠢᠨ ᠪᠣᠯᠪᠠᠰᠤᠨ ᠤ ᠦᠷᠭᠦᠯᠵᠢᠯᠡᠭᠰᠡᠨ ᠰᠢᠨᠵᠢ ᠶᠢᠨ ᠠᠮᠢᠳᠤᠯᠢᠭ ᠢᠯᠡᠷᠡᠯ ᠮᠥᠨ᠃
W020230818361493008334.png     
      ᠬᠢᠲᠠᠳ ᠤᠢᠰᠦᠭ ᠲᠤ ᠳᠤᠮᠳᠠᠳᠤ ᠶᠢᠨ ᠦᠨᠳᠦᠰᠦᠲᠡᠨ ᠤ ᠤᠶᠦᠠ ᠰᠠᠨᠠᠭᠠᠨ ᠤ ᠴᠤᠬ ᠵᠢᠪᠬᠤᠭ᠎ᠠ ᠬᠠᠳᠠᠭᠠᠯᠠᠭᠳᠠᠵᠤ᠂ ᠳᠤᠮᠳᠠᠳᠤ ᠶᠢᠨ ᠬᠥᠮᠦᠨ ᠳᠤ ᠯᠠ ᠣᠨᠴᠠᠭᠠᠢ ᠪᠠᠶᠢᠳᠠᠭ ᠬᠦᠮᠦᠨᠴᠢ ᠴᠢᠨᠠᠷ ᠤᠨ ᠬᠡᠪ ᠨᠠᠮᠪᠠ ᠪᠠ ᠵᠠᠩ ᠠᠭᠠᠯᠢ ᠳᠤᠷ᠎ᠠ ᠰᠣᠨᠢᠷᠬᠠᠯ ᠢ ᠢᠯᠡᠳᠬᠡᠳᠡᠭ᠃ ᠦᠭᠡ ᠬᠡᠯᠡ ᠦᠰᠦᠭ ᠪᠢᠴᠢᠭ ᠤᠨ ᠨᠢᠭᠡᠳᠦᠯ ᠪᠠ ᠤᠯᠠᠮᠵᠢᠯᠠᠯ ᠪᠣᠯ ᠳᠤᠮᠳᠠᠳᠤ ᠶᠢᠨ ᠪᠣᠯᠪᠠᠰᠤᠨ ᠤ ᠦᠷᠭᠦᠯᠵᠢᠯᠡᠭᠰᠡᠨ ᠰᠢᠨᠵᠢ ᠶᠢᠨ ᠴᠢᠬᠤᠯᠠ ᠪᠠᠲᠤᠯᠠᠭ᠎ᠠ ᠮᠥᠨ᠃              ᠣᠷᠴᠢᠭᠤᠯᠤᠭᠴᠢ᠄ ᠣᠶᠤᠨᠰᠡᠴᠡᠨ              ᠬᠢᠨᠠᠨ ᠨᠠᠶᠢᠷᠠᠭᠤᠯᠤᠭᠴᠢ᠄ ᠠᠳᠢᠶ᠎ᠠ   ᠰᠠᠴᠤᠷᠠᠯ              ᠶᠡᠷᠦᠩᠬᠡᠢ ᠬᠢᠨᠠᠨ ᠨᠠᠶᠢᠷᠠᠭᠤᠯᠤᠭᠴᠢ᠄ ᠪᠠᠶᠠᠨᠴᠢᠮᠡᠭ 
ᠢᠷᠡᠯᠲᠡ᠄ ᠲᠤᠮᠳᠠᠳᠤ ᠶᠢ ᠥᠭᠦᠯᠡᠬᠦᠢ