ᠨᠠᠮ ᠤᠨ ᠬᠤᠷᠢᠳᠤᠭᠠᠷ ᠶᠡᠭᠡ ᠬᠤᠷᠠᠯ ᠪᠠ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠲᠤᠭᠤᠰᠢᠯᠠᠭᠤᠯᠬᠤ ᠶᠢᠨ ᠲᠥᠯᠥᠭᠡ᠂ ᠨᠠᠮ ᠤᠨ ᠲᠥᠪ ᠬᠤᠷᠢᠶᠠᠨ ᠤ ︽ᠬᠢᠯᠢ ᠬᠢᠵᠠᠭᠠᠷ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ᠂ ᠬᠢᠯᠢ ᠬᠢᠵᠠᠭᠠᠷ ᠣᠷᠣᠨ ᠢ ᠲᠣᠭᠲᠠᠪᠤᠷᠢᠵᠢᠭᠤᠯᠵᠤ ᠬᠢᠯᠢ ᠬᠢᠵᠠᠭᠠᠷ ᠣᠷᠣᠨ ᠢ ᠪᠠᠬᠢᠵᠢᠭᠦᠯᠬᠦ︾ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠤᠯᠤᠰ ᠤᠨ ᠦᠨᠳᠦᠰᠦᠲᠡᠨ ᠤ ᠵᠥᠪᠯᠡᠯ᠂ ᠪᠦᠬᠦ ᠤᠯᠤᠰ ᠤᠨ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠠᠴᠠ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠢᠯᠢ ᠬᠢᠵᠠᠭᠠᠷ ᠣᠷᠣᠨ ᠳᠤ ᠣᠷᠣᠭᠤᠯᠬᠤ︾ ᠠᠵᠢᠯᠯᠠᠭ᠎ᠠ ᠶᠢ ᠵᠣᠬᠢᠶᠠᠨ | ᠪᠠᠶᠢᠭᠤᠯᠵᠤ ᠥᠷᠨᠢᠭᠦᠯᠬᠦ ᠪᠠᠷ ᠲᠣᠭᠲᠠᠪᠠ᠃ ᠣᠶᠢᠷ᠎ᠠ ᠳᠤ᠂ ᠬᠤᠶᠠᠷ ᠰᠠᠯᠠᠭ᠎ᠠ ᠮᠥᠴᠢᠷ ᠠᠴᠠ ᠬᠠᠮᠲᠤᠷᠠᠨ ︽︿ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠢᠯᠢ | ᠬᠢᠵᠠᠭᠠᠷ ᠣᠷᠣᠨ ᠳᠤ ᠣᠷᠣᠭᠤᠯᠬᠤ﹀ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠪᠠ᠃ | ︽ᠬᠡᠷᠡᠭᠵᠢᠭᠦᠯᠬᠦ ᠲᠥᠰᠥᠯ︾ ᠳᠤ᠂ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠢᠯᠢ ᠬᠢᠵᠠᠭᠠᠷ ᠣᠷᠣᠨ ᠳᠤ ᠣᠷᠣᠭᠤᠯᠬᠤ︾ ᠠᠵᠢᠯᠯᠠᠭ᠎ᠠ ᠨᠢ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠠᠬᠢᠭᠤᠯᠬᠤ ᠠᠴᠢᠶᠠᠯᠠᠪᠤᠷᠢ ᠪᠣᠯᠣᠨ ᠲᠠᠪᠴᠠᠩ ᠤᠨ ᠰᠢᠨ᠎ᠡ ᠶᠢ ᠡᠭᠦᠳᠴᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠥᠷᠭᠡᠨ ᠢᠶᠠᠷ | ᠳᠠᠶᠢᠴᠢᠯᠠᠵᠤ ᠬᠢᠯᠢ ᠬᠢᠵᠠᠭᠠᠷ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠵᠤ᠂ ᠦᠨᠳᠦᠰᠦᠲᠡᠨ ᠨᠦᠭᠦᠳ ᠨᠡᠶᠢᠭᠡᠮ ᠵᠢᠷᠤᠮᠲᠤ ᠣᠳᠣᠬᠢᠴᠢᠯᠠᠯᠲᠠ | ᠲᠡᠶᠢᠰᠢ ᠬᠠᠮᠲᠤ ᠪᠠᠷ ᠤᠷᠤᠭᠰᠢᠯᠠᠬᠤ ᠳᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ ᠬᠡᠷᠡᠭᠲᠡᠢ ᠭᠡᠵᠦ ᠱᠠᠭᠠᠷᠳᠠᠪᠠ᠃ | ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠬᠢᠯᠢ ᠬᠢᠵᠠᠭᠠᠷ ᠣᠷᠣᠨ ᠳᠤ ᠣᠷᠣᠭᠤᠯᠬᠤ︾ ᠠᠵᠢᠯᠯᠠᠭ᠎ᠠ ᠶᠢᠨ ᠭᠤᠣᠯ ᠠᠭᠤᠯᠭ᠎ᠠ ᠳᠤ ᠳᠥᠷᠪᠡᠨ ᠲᠠᠯ᠎ᠠ | ᠪᠠᠭᠲᠠᠨ᠎ᠠ᠄ | ᠨᠢᠭᠡ ᠳᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠬᠢᠯᠢ ᠬᠢᠵᠠᠭᠠᠷ ᠣᠷᠣᠨ ᠳᠤ ᠬᠦᠷᠴᠦ ᠪᠡᠯᠡ ᠣᠷᠣᠭᠤᠯᠤᠨ ᠦᠢᠯᠡᠰ ᠪᠣᠰᠬᠠᠬᠤ ᠶᠢ | ᠵᠣᠷᠢᠭᠵᠢᠭᠤᠯᠤᠨ᠎ᠠ᠃ ᠬᠢᠯᠢ ᠶᠢᠨ ᠬᠤᠲᠠ ᠰᠢᠶᠠᠨ ᠤ ᠲᠣᠭᠲᠠᠭᠠᠭᠰᠠᠨ ᠠᠵᠤ ᠠᠬᠤᠶᠢᠯᠠᠯ ᠳᠤ ᠪᠣᠳᠠᠲᠠᠢ ᠠᠰᠢᠭ ᠲᠤᠰᠠ ᠲᠠᠢ ᠲᠥᠷᠥ ᠶᠢᠨ ᠪᠣᠳᠣᠯᠭ᠎ᠠ ᠶᠢ ᠰᠠᠶᠢᠲᠤᠷ | ᠤᠬᠠᠭᠤᠯᠵᠤ᠂ ᠬᠢᠯᠢ ᠶᠢᠨ ᠬᠤᠲᠠ ᠰᠢᠶᠠᠨ ᠢ ᠬᠠᠪᠰᠤᠷᠴᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠣᠷᠣᠨ ᠨᠤᠲᠤᠭ ᠤᠨ ᠣᠨᠴᠠᠯᠢᠭᠲᠤ ᠠᠵᠤ | ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠢ ᠲᠠᠨᠢᠯᠴᠠᠭᠤᠯᠤᠨ᠎ᠠ᠃ | ᠬᠤᠶᠠᠷ ᠲᠤ᠂ ᠣᠷᠣᠨ ᠪᠦᠰᠡ ᠠᠯᠤᠰᠯᠠᠭᠰᠠᠨ ᠶᠠᠪᠤᠯᠴᠠᠭ᠎ᠠ ᠰᠣᠯᠢᠯᠴᠠᠭ᠎ᠠ ᠶᠢ ᠭᠦᠨᠵᠡᠭᠡᠶᠢᠷᠡᠭᠦᠯᠦᠨ᠎ᠡ᠃ ᠤᠯᠠᠨ ᠲᠦᠷᠦᠯ ᠤᠨ ᠬᠤᠣᠰ ᠴᠢᠭᠯᠡᠯᠲᠦ | ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠷᠣᠨ ᠪᠦᠰᠡ ᠠᠯᠤᠰᠯᠠᠭᠰᠠᠨ ᠶᠠᠪᠤᠯᠴᠠᠭ᠎ᠠ ᠰᠣᠯᠢᠯᠴᠠᠭ᠎ᠠ ᠶᠢ ᠲᠦᠯᠬᠢᠨ ᠠᠬᠢᠭᠤᠯᠤᠨ᠎ᠠ᠃ | ᠭᠤᠷᠪᠠ ᠳᠤ᠂ ᠬᠢᠯᠢ ᠬᠢᠵᠠᠭᠠᠷ ᠣᠷᠣᠨ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠲᠤ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ ᠠᠵᠤ | ᠦᠢᠯᠡᠰ ᠤᠨ ᠬᠡᠯᠬᠢᠶ᠎ᠡ ᠶᠢᠨ ᠲᠣᠯᠣᠭᠠᠶᠢᠯᠠᠭᠴᠢ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠬᠢᠯᠢ ᠶᠢᠨ ᠠᠵᠤ ᠠᠬᠤᠶᠢᠯᠠᠯ ᠢ ᠳᠠᠶᠢᠴᠢᠯᠠᠵᠤ ᠡᠯ᠎ᠡ ᠲᠥᠷᠥᠯ ᠤᠨ | ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠤᠨ᠎ᠠ᠃ ᠢᠨᠲ᠋ᠧᠷ ᠰᠦᠯᠵᠢᠶ᠎ᠡ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ | ᠵᠢᠭᠤᠯᠴᠢᠯᠠᠯ᠂ ᠰᠣᠶᠣᠯ ᠪᠡᠶ᠎ᠡ ᠶᠢᠨ ᠲᠠᠮᠢᠷ ᠵᠡᠷᠭᠡ ᠬᠦᠷᠢᠶ᠎ᠡ ᠴᠠᠷᠠᠭᠠᠨ ᠳᠠᠬᠢ ᠠᠵᠤ ᠠᠬᠤᠶᠢᠯᠠᠯ ᠤᠨ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠬᠤ ᠶᠢ | ᠵᠣᠷᠢᠭᠵᠢᠭᠤᠯᠵᠤ᠂ ᠬᠢᠯᠢ ᠬᠢᠵᠠᠭᠠᠷ ᠤᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠳᠡᠮᠵᠢᠨ᠎ᠡ᠃ | ᠳᠥᠷᠪᠡ ᠳᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠵᠤ ᠠᠷᠠᠳ ᠤᠨ ᠠᠮᠢᠳᠤᠷᠠᠯ ᠳᠤ ᠠᠰᠢᠭ | ᠬᠦᠷᠲᠡᠭᠡᠬᠦ ᠳᠤ ᠬᠦᠴᠦᠨ ᠨᠡᠮᠡᠷᠢᠯᠡᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ ᠦᠷᠭᠦᠯᠵᠢᠯᠡᠨ ᠵᠣᠷᠢᠭᠵᠢᠭᠤᠯᠵᠤ᠂ | ᠬᠢᠯᠢ ᠶᠢᠨ ᠬᠤᠲᠠ ᠰᠢᠶᠠᠨ ᠳᠤ ᠠᠵᠤ ᠦᠢᠯᠡᠰ ᠤᠨ ᠮᠡᠷᠭᠡᠵᠢᠯ ᠤᠨ ᠵᠢᠯᠣᠭᠤᠳᠤᠯᠭ᠎ᠠ᠂ ᠬᠡᠷᠡᠭᠯᠡᠭᠡᠨ ᠤ ᠮᠡᠷᠭᠡᠵᠢᠯ ᠤᠨ ᠪᠣᠯᠪᠠᠰᠤᠷᠠᠯ ᠬᠠᠩᠭᠠᠵᠤ᠂ ᠠᠵᠢᠯ ᠣᠯᠭᠤᠬᠤ ᠠᠳᠠᠯ | ᠦᠢᠯᠡᠰ ᠴᠣᠭᠴᠠᠯᠠᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠢ ᠬᠥᠮᠥᠵᠢᠭᠦᠯᠬᠦ ᠳᠤ ᠬᠦᠴᠦᠨ ᠨᠡᠮᠡᠷᠢᠯᠡᠨ᠎ᠡ᠃ | ︽ᠬᠡᠷᠡᠭᠵᠢᠭᠦᠯᠬᠦ ᠲᠥᠰᠥᠯ︾ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠦᠢᠯᠡᠴᠢᠯᠡᠭᠡ ᠵᠢᠯᠣᠭᠤᠳᠤᠯᠭ᠎ᠠ ᠪᠠᠨ ᠴᠢᠩᠭᠠᠳᠬᠠᠵᠤ᠂ | ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ᠂ ᠢᠷᠠᠭᠤ ᠠᠯᠳᠠᠷ ᠤᠨ ᠲᠥᠷᠥᠭᠳᠡᠯ᠂ ᠠᠮᠵᠢᠯᠲᠠ | ᠪᠦᠲᠦᠮᠵᠢ ᠶᠢᠨ ᠲᠥᠷᠥᠭᠳᠡᠯ ᠢ ᠨᠢ ᠨᠡᠮᠡᠭᠳᠡᠭᠦᠯᠬᠦ ᠬᠡᠷᠡᠭᠲᠡᠢ᠃ ᠠᠵᠢᠯ ᠤᠨ ᠬᠠᠮᠲᠤᠷᠠᠯᠴᠠᠭ᠎ᠠ ᠶᠢ ᠰᠠᠶᠢᠲᠤᠷ ᠬᠢᠵᠦ᠂ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ | ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠣᠨᠣᠴᠢᠲᠠᠢ ᠲᠣᠬᠢᠷᠠᠭᠤᠯᠬᠤ ᠶᠢ ᠠᠬᠢᠭᠤᠯᠵᠤ᠂ ᠦᠨᠳᠦᠰᠦᠨ ᠱᠠᠲᠤ ᠪᠣᠯᠣᠨ ᠠᠵᠤ ᠠᠬᠤᠶᠢᠯᠠᠯ ᠤᠨ | ᠬᠠᠮᠲᠤᠷᠠᠯᠴᠠᠭᠠᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠬᠦ ᠬᠡᠷᠡᠭᠲᠡᠢ ᠭᠡᠵᠦ ᠳᠤᠷᠠᠳᠪᠠ᠃ | | |