ᠭᠤᠤ ᠵᠠᠨ ᠱᠧᠩ | ᠨᠠᠮ ᠤᠨ ᠬᠤᠷᠢᠳᠤᠭᠠᠷ ᠶᠡᠭᠡ ᠬᠤᠷᠠᠯ ᠠᠮᠵᠢᠯᠳᠠ ᠲᠠᠢ ᠬᠤᠷᠠᠯᠳᠤᠭᠰᠠᠨ ᠶᠠᠪᠤᠳᠠᠯ ᠨᠢ ᠪᠦᠬᠦ ᠨᠠᠮ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ ᠤ ᠤᠯᠠᠮ ᠨᠢᠭᠡ ᠠᠯᠬᠤᠮ ᠦᠵᠡᠯ ᠰᠠᠨᠠᠭ᠎ᠠ ᠪᠠᠨ ᠨᠢᠭᠡᠳᠬᠡᠬᠦ᠂ ᠢᠲᠡᠭᠡᠯ ᠵᠣᠷᠢᠭ ᠢᠶᠠᠨ ᠪᠠᠲᠤᠳᠬᠠᠬᠤ᠂ ᠬᠦᠴᠦᠨ ᠴᠢᠳᠠᠯ ᠢᠶᠠᠨ ᠨᠢᠭᠲᠠᠷᠠᠭᠤᠯᠬᠤ᠂ ᠠᠯᠬᠤᠮ | ᠨᠢᠭᠡᠲᠡᠢ ᠤᠷᠤᠭᠰᠢᠯᠠᠬᠤ ᠳᠤ ᠴᠢᠬᠤᠯᠠ ᠶᠡᠭᠡ ᠪᠥᠭᠡᠳ ᠠᠯᠤᠰ ᠬᠡᠳᠦ ᠶᠢᠨ ᠠᠴᠢ ᠬᠤᠯᠪᠣᠭᠳᠠᠯ ᠲᠠᠢ ᠶᠤᠮ᠃ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ | ᠴᠢᠬᠤᠯᠠ ᠶᠡᠭᠡ ᠠᠴᠢ ᠬᠤᠯᠪᠣᠭᠳᠠᠯ ᠢ ᠤᠯᠤᠰ ᠲᠥᠷᠥ᠂ ᠪᠠᠶᠢᠯᠳᠤᠬᠤ ᠪᠣᠳᠣᠯᠭ᠎ᠠ᠂ ᠪᠦᠬᠦ ᠲᠠᠯ᠎ᠠ ᠶᠢᠨ ᠦᠨᠳᠦᠷᠴᠡ ᠠᠴᠠ ᠭᠦᠨᠵᠡᠭᠡᠢ ᠲᠠᠨᠢᠵᠦ᠂ ᠪᠠᠲᠤ ᠴᠢᠩᠭ᠎ᠠ ᠤᠯᠤᠰ | ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠡᠦᠬᠡᠨ ᠡᠭᠦᠷᠭᠡᠲᠦ ᠰᠡᠳᠬᠢᠯᠭᠡ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ᠂ ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠡᠯ᠎ᠡ ᠵᠦᠢᠯ ᠤᠨ ᠠᠵᠢᠯ ᠢ ᠪᠣᠳᠠᠲᠠᠢ ᠲᠦᠷᠦᠭᠳᠡᠯ ᠲᠠᠢ ᠪᠦᠲᠦᠮᠵᠢᠲᠡᠢ | ᠰᠠᠶᠢᠲᠤᠷ ᠬᠢᠵᠦ᠂ ᠪᠦᠬᠦ ᠣᠷᠣᠨ ᠤ 2400 ᠭᠠᠷᠤᠢ ᠲᠦᠮᠡᠨ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠬᠦᠴᠦᠨ ᠢ ᠨᠢᠭᠲᠠᠷᠠᠭᠤᠯᠵᠦ᠂ ᠪᠦᠯᠬᠦᠮᠳᠡᠨ | ᠲᠡᠮᠡᠴᠡᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠦ᠂ ᠰᠢᠨ᠎ᠡ | ᠴᠠᠭ ᠦᠶ᠎ᠡ ᠶᠢᠨ ᠥᠪᠥᠷ ᠮᠣᠩᠭᠤᠯ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠦᠢᠯᠡᠰ ᠢ ᠪᠦᠬᠦ ᠲᠠᠯ᠎ᠠ ᠪᠠᠷ ᠠᠬᠢᠭᠤᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠤᠮᠠᠷᠠᠲᠤ ᠬᠢᠯᠢ ᠶᠢᠨ ᠬᠦᠴᠦᠨ ᠴᠢᠳᠠᠯ ᠢᠶᠠᠨ ᠡᠷᠭᠦᠭᠦ | ᠬᠡᠷᠡᠭᠳᠡᠢ᠃ | ᠨᠢᠭᠡ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ | ᠣᠶᠢᠯᠠᠭᠠᠬᠤ ᠬᠡᠷᠡᠭᠲᠡᠶ | ᠰᠢᠨ᠎ᠡ ᠴᠠᠭ ᠦᠶ᠎ᠡ ᠶᠢᠨ 10 ᠵᠢᠯ ᠤᠨ ᠠᠭᠤᠤ ᠶᠡᠭᠡ ᠠᠮᠵᠢᠯᠲᠠ ᠪᠦᠲᠦᠮᠵᠢ ᠪᠣᠯᠤᠨ ᠬᠤᠪᠢᠰᠤᠯᠲᠠ ᠪᠣᠯ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ | ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠤᠭᠤᠳᠤᠯᠭ᠎ᠠ ᠳᠣᠣᠷ᠎ᠠ ᠪᠦᠬᠦ ᠨᠠᠮ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ | ᠲᠡᠮᠡᠴᠡᠵᠦ ᠪᠠᠶᠢᠭᠠᠳ ᠣᠯᠤᠭᠰᠠᠨ ᠶᠤᠮ᠃ ︽ᠬᠤᠶᠠᠷ ᠢ ᠲᠣᠭᠲᠠᠭᠠᠬᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ ᠣᠶᠢᠯᠠᠭᠠᠵᠤ᠂ ︽ᠬᠤᠶᠠᠷ ᠢ | ᠲᠣᠭᠲᠠᠭᠠᠬᠰᠠᠨ︾ ᠨᠢ ᠨᠠᠮ ᠤᠨ ᠰᠢᠨ᠎ᠡ ᠴᠠᠭ ᠦᠶ᠎ᠡ ᠳᠤ ᠣᠯᠤᠭᠰᠠᠨ ᠴᠢᠬᠤᠯᠠ ᠶᠡᠭᠡ ᠤᠯᠤᠰ ᠲᠥᠷᠥ ᠶᠢᠨ ᠦᠷ᠎ᠡ ᠪᠦᠲᠦᠭᠡᠯ ᠮᠥᠨ᠂ ᠨᠠᠮ ᠪᠣᠯᠤᠨ ᠤᠯᠤᠰ ᠤᠨ | ᠠᠵᠢᠯ ᠦᠢᠯᠡᠰ ᠤᠨ ᠤᠯᠤᠬᠰᠠᠨ ᠲᠡᠦᠬᠡᠲᠦ ᠴᠢᠨᠠᠷᠲᠠᠶ ᠠᠮᠵᠢᠯᠲᠠ ᠪᠦᠲᠦᠮᠵᠢ᠂ ᠲᠡᠦᠬᠡᠲᠦ ᠴᠢᠨᠠᠷᠲᠠᠶ ᠬᠤᠪᠢᠰᠤᠯᠲᠠ ᠭᠠᠷᠤᠬᠰᠠᠨ ᠤ ᠰᠢᠢᠳᠪᠦᠷᠢᠯᠡᠭᠴᠢ ᠴᠢᠨᠠᠷᠲᠠᠢ | ᠬᠦᠴᠦᠨ ᠵᠦᠢᠯ ᠮᠥᠨ᠂ ᠠᠯᠢᠪᠠ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠡᠨ ᠳᠠᠪᠠᠵᠤ᠂ ᠠᠯᠢᠪᠠ ᠲᠣᠭᠲᠠᠪᠤᠷᠢᠲᠤ ᠪᠤᠰᠤ ᠵᠦᠢᠯᠡᠰ ᠢ ᠠᠷᠭᠠᠴᠠᠭᠠᠬᠤ ᠬᠠᠮᠤᠭ ᠤᠨ | ᠶᠡᠭᠡ ᠲᠣᠭᠲᠠᠪᠤᠷᠢᠲᠤ ᠬᠦᠴᠦᠨ᠂ ᠬᠠᠮᠤᠭ ᠤᠨ ᠶᠡᠭᠡ ᠢᠲᠡᠭᠡᠯ ᠵᠣᠷᠢᠭ᠂ ᠬᠠᠮᠤᠭ ᠤᠨ ᠶᠡᠭᠡ ᠪᠠᠲᠤᠯᠠᠭ᠎ᠠ ᠮᠥᠨ ᠭᠡᠳᠡᠭ ᠢ ᠭᠦᠨᠵᠡᠭᠡᠶ ᠲᠠᠨᠢᠬᠤ ᠬᠡᠷᠡᠭᠲᠡᠶ᠃ | ᠰᠢᠨ᠎ᠡ ᠴᠠᠭ ᠦᠶ᠎ᠡ ᠶᠢᠨ 10 ᠵᠢᠯ ᠳᠤ᠂ ᠪᠥᠬᠦ ᠣᠷᠣᠨ ᠤ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ᠬᠢᠨ ︽ᠬᠤᠶᠠᠷ ᠢ ᠲᠣᠭᠲᠠᠭᠠᠬᠰᠠᠨ︾ ᠢ ᠢᠮᠠᠭᠲᠠ | ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠦᠨᠳᠦᠰᠦᠲᠡᠨ ᠤ ᠠᠵᠢᠯ ᠤᠨ ᠡᠯ᠎ᠡ ᠲᠠᠯ᠎ᠠ ᠪᠥᠬᠦ ᠶᠠᠪᠤᠴᠠ ᠳᠤ ᠪᠦᠷᠢᠨ ᠪᠦᠲᠦᠨ ᠵᠦᠪ ᠣᠨᠣᠪᠴᠢᠲᠠᠶ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ ᠭᠡᠷᠡᠭᠳᠡᠢ᠃ ᠰᠢᠨ᠎ᠡ ᠠᠶᠠᠨ ᠳᠤ᠂ ᠪᠢᠳᠡ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ | ᠵᠢᠭᠠᠪᠤᠷᠢ ᠱᠠᠭᠠᠷᠳᠠᠯᠭ᠎ᠠ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠦᠨᠡᠨ ᠬᠦ | ᠲᠤᠭᠤᠰᠢᠯᠠᠭᠤᠯᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ | ᠬᠤᠶᠠᠷ᠂ ᠦᠵᠡᠯ ᠰᠠᠨᠠᠭᠠᠨ ᠤ ᠵᠢᠯᠤᠭᠤᠳᠤᠯᠭ᠎ᠠ ᠶᠢ ᠴᠢᠩᠭᠠᠳᠬᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠦᠢᠯᠡᠳᠦᠯᠭᠡ ᠪᠠᠨ | ᠵᠢᠯᠤᠭᠤᠳᠤᠭᠤᠯᠵᠤ ᠠᠵᠢᠯ ᠢᠶᠠᠨ ᠠᠬᠢᠭᠤᠯᠤᠶ᠎ᠠ | ᠶᠡᠷᠦᠩᠬᠡᠢ ᠱᠦᠵᠢ ᠰᠢ ᠶᠢᠨ ᠫᠢᠩ ᠨᠠᠮ ᠤᠨ ᠬᠤᠷᠢᠳᠤᠭᠠᠷ ᠶᠡᠭᠡ ᠬᠤᠷᠠᠯ ᠤᠨ ᠭᠤᠸᠠᠩᠰᠢ ᠶᠢᠨ ᠲᠥᠯᠥᠭᠡᠯᠡᠭᠴᠢᠳ ᠤᠨ ᠪᠦᠯᠬᠦᠮ ᠤᠨ ᠶᠠᠷᠢᠯᠴᠠᠭ᠎ᠠ ᠳᠤ | ᠣᠷᠣᠯᠴᠠᠬᠤ ᠳᠤ ᠪᠠᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠢ ᠡᠷᠬᠢᠯᠡᠬᠦ ᠳᠤ ᠪᠠᠨ᠂ | ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠠᠮᠲᠤ ᠶᠢᠨ ᠰᠤᠷᠤᠯᠴᠠᠯᠭ᠎ᠠ ᠳᠤ ᠣᠷᠣᠯᠴᠠᠬᠤ ᠳᠤ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠤᠬᠠᠢ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠲᠣᠳᠣᠷᠬᠠᠢ ᠱᠠᠭᠠᠷᠳᠠᠯᠭ᠎ᠠ ᠳᠤᠷᠠᠳᠴᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠳᠤ ᠪᠢᠳᠡᠨ ᠳᠤ ᠰᠢᠨᠵᠢᠯᠡᠬᠦ ᠤᠬᠠᠭᠠᠨᠴᠢ ᠵᠢᠯᠣᠭᠤᠳᠣᠮᠵᠢ ᠪᠠ | ᠠᠵᠢᠯᠯᠠᠭᠠᠨ ᠤ ᠵᠦᠭᠯᠡᠭᠦᠷ ᠬᠠᠩᠭᠠᠪᠠ᠃ ᠪᠥᠬᠦ ᠣᠷᠣᠨ ᠤ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠤᠬᠠᠭᠤᠯᠵᠤ᠂ ᠰᠠᠶᠢᠲᠤᠷ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ | ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠠ ᠲᠡᠷᠢᠭᠦᠨ ᠴᠢᠬᠤᠯᠠ ᠶᠡᠭᠡ ᠶᠠᠪᠤᠳᠠᠯ ᠪᠣᠯᠭᠠᠨ ᠠᠳᠬᠤᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠪᠠᠷ ᠦᠨᠡᠨ ᠬᠦ ᠣᠶᠤᠨ ᠰᠠᠨᠠᠭ᠎ᠠ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠣᠭᠤᠯᠵᠤ᠂ ᠠᠵᠢᠯ ᠢᠶᠠᠨ ᠠᠬᠢᠭᠤᠯᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ | ᠪᠥᠲᠥᠭᠡᠨ ᠪᠠᠶᠢᠭᠤᠯᠬᠤ ︽ᠬᠤᠰᠢᠭᠤᠴᠢ︾ ᠪᠣᠯᠬᠤ ᠬᠡᠷᠡᠭᠲᠡᠶ᠃ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ᠂ ᠰᠢᠰᠲ᠋ᠧᠮ ᠲᠠᠢ᠂ ᠭᠦᠨᠵᠡᠭᠡᠢ ᠤᠢᠢᠯᠠᠭᠠᠨ ᠡᠵᠡᠮᠰᠢᠵᠦ᠂ ᠶᠡᠷᠦᠩᠬᠡᠢ ᠱᠦᠵᠢ | ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠨᠠᠮ ᠤᠨ ᠲᠥᠪ ᠬᠤᠷᠢᠶ᠎ᠠ ᠪᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠲᠠᠢ ᠤᠶᠠᠯᠳᠤᠭᠤᠯᠬᠤ ᠬᠡᠷᠡᠭᠲᠡᠢ᠃ ᠦᠵᠡᠯ ᠪᠤᠳᠤᠯ ᠢᠶᠠᠨ ᠠᠵᠢᠯᠯᠠᠬᠤ ᠠᠷᠭ᠎ᠠ ᠪᠤᠯᠭᠠᠨ ᠬᠤᠪᠢᠷᠠᠭᠤᠯᠬᠤ᠂ ᠳᠠᠶᠢᠴᠢᠯᠠᠯᠲᠠ ᠶᠢᠨ ᠵᠠᠷᠯᠢᠭ ᠢ ᠬᠢᠷᠢ | ᠪᠦᠲᠦᠮᠵᠢ ᠶᠢᠨ ᠬᠠᠭᠤᠳᠠᠰᠤ ᠪᠤᠯᠭᠠᠨ ᠬᠤᠪᠢᠷᠠᠭᠤᠯᠬᠤ ᠪᠠᠷ ᠴᠢᠷᠮᠠᠶᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠤᠬᠠᠭᠤᠯᠭ᠎ᠠ ᠬᠥᠮᠦᠵᠢᠯ ᠢ ᠥᠷᠨᠢᠭᠦᠯᠬᠦ᠂ ᠬᠢᠯᠢ ᠬᠢᠵᠠᠭᠠᠷ ᠢ ᠪᠠᠬᠢᠵᠢᠭᠦᠯᠦᠨ ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠠᠬᠢᠭᠤᠯᠬᠤ | ᠵᠡᠷᠭᠡ ᠪᠣᠳᠠᠲᠤ ᠠᠵᠢᠯᠯᠠᠭ᠎ᠠ ᠪᠠ ᠦᠷ᠎ᠡ ᠪᠦᠲᠦᠮᠵᠢ ᠪᠤᠯᠭᠠᠨ ᠬᠤᠪᠢᠷᠠᠭᠤᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠤᠨ | ᠡᠪ ᠬᠠᠮᠲᠤ ᠨᠠᠮ ᠤᠨ ᠰᠢᠭᠤᠳ ᠤᠳᠤᠷᠢᠳᠤᠯᠭ᠎ᠠ ᠳᠤᠤᠷ᠎ᠠ ᠪᠠᠶᠢᠭᠤᠯᠤᠭᠳᠠᠭᠰᠠᠨ ᠶᠤᠮ᠂ ᠨᠠᠮ ᠤᠨ ᠲᠥᠪ ᠬᠤᠷᠢᠶᠠᠨ ᠤ ᠳᠡᠮᠵᠢᠯᠭᠡ ᠳᠤᠤᠷ᠎ᠠ ᠬᠥᠭᠵᠢᠵᠦ ᠢᠷᠡᠭᠰᠡᠨ | ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠢᠯᠡᠷᠡᠭᠰᠡᠨ ᠬᠦᠨᠳᠦ ᠶᠡᠭᠡ ᠵᠥᠷᠢᠶ᠎ᠡ ᠶᠢ ᠴᠥᠮ ᠨᠠᠮ ᠤᠨ ᠲᠥᠪ ᠬᠤᠷᠢᠶ᠎ᠠ ᠬᠠᠪᠰᠤᠷᠤᠨ ᠵᠠᠯᠠᠷᠠᠭᠤᠯᠤᠭᠰᠠᠨ ᠶᠤᠮ᠂ | ᠥᠪᠥᠷ ᠮᠣᠩᠭᠤᠯ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠪᠣᠯᠤᠭᠰᠠᠨ ᠤ ᠤᠴᠢᠷ ᠨᠢ ᠨᠠᠮ ᠤᠨ ᠦᠭᠡ ᠶᠢ ᠰᠤᠨᠤᠰᠳᠠᠭ ᠠᠴᠠ ᠪᠣᠯᠣᠭᠰᠠᠨ ᠶᠤᠮ︾ ᠭᠡᠳᠡᠭ ᠢ | ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠳᠤ ᠰᠠᠶᠢᠲᠤᠷ ᠲᠣᠳᠣᠷᠬᠠᠶᠢᠯᠠᠨ ᠶᠠᠷᠢᠨ ᠥᠭᠴᠦ᠂ ᠪᠦᠬᠦ ᠣᠷᠣᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠨᠠᠮ ᠤᠨ ᠠᠴᠢ ᠳᠤ ᠦᠨᠡᠨ ᠰᠡᠳᠬᠢᠯ ᠠᠴᠠ ᠪᠠᠨ ᠤᠯᠠᠮ ᠢᠶᠠᠷ | ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠪᠠᠳᠠᠷᠠᠭᠤᠯᠵᠦ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠬᠠᠭᠤᠳᠠᠰᠤ ᠶᠢ ᠰᠠᠶᠢᠲᠤᠷ ᠪᠢᠴᠢᠭᠯᠡᠬᠦ ᠭᠡᠷᠡᠭᠳᠡᠢ᠃ | ᠭᠤᠷᠪᠠ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ | ᠪᠠᠶᠢᠭᠤᠯᠤᠶ᠎ᠠ | ᠨᠠᠮ ᠤᠨ ᠬᠤᠷᠢᠳᠤᠭᠠᠷ ᠶᠡᠭᠡ ᠬᠤᠷᠠᠯ ᠠᠴᠠ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ | ᠪᠠᠶᠢᠷᠢᠯᠠᠭᠤᠯᠤᠯᠲᠠ ᠬᠢᠵᠦ᠂ ᠪᠢᠳᠡᠨ ᠤ ᠳᠤᠮᠳᠠᠳᠤ ᠤᠯᠤᠰ ᠤᠨ ᠣᠨᠴᠠᠯᠢᠭ ᠲᠠᠢ ᠪᠠᠷ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠰ | ᠭᠤᠶᠢᠪᠢᠰᠢ ᠦᠭᠡᠢ ᠵᠠᠮᠨᠠᠵᠦ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ | ᠰᠠᠨᠠᠭ᠎ᠠ ᠶᠢ ᠪᠦᠷᠢᠨ ᠪᠦᠲᠦᠨ ᠵᠦᠪ ᠣᠨᠣᠪᠴᠢᠲᠠᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ | ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠢ | ᠬᠠᠩᠭᠠᠵᠠᠢ᠃ | ᠪᠥᠬᠦ ᠣᠷᠣᠨ ᠤ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠭᠠᠭᠠᠯᠭᠠᠬᠰᠠᠨ ︽ᠲᠠᠪᠤᠨ ᠶᠡᠭᠡ | ᠡᠭᠦᠷᠭᠡ︾ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠥᠷᠪᠡᠳᠦᠭᠡᠷ ᠪᠥᠬᠦᠳᠡ | ᠬᠤᠷᠠᠯ ᠠᠴᠠ ᠲᠣᠭᠲᠠᠭᠠᠭᠰᠠᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠤᠨ ᠪᠠᠶᠢᠷᠢᠯᠠᠭᠤᠯᠤᠯᠲᠠ ᠲᠠᠢ | ᠨᠢᠭᠲᠠ ᠤᠶᠠᠯᠳᠤᠭᠤᠯᠵᠤ᠂ ᠦᠨᠳᠦᠰᠦᠲᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ ᠴᠢᠬᠤᠯᠠ ᠶᠡᠭᠡ ᠬᠠᠷᠢᠭᠤᠴᠠᠯᠭ᠎ᠠ ᠶᠢ | ᠤᠬᠠᠮᠰᠠᠷ ᠠᠴᠠ ᠪᠠᠨ ᠡᠭᠦᠷᠭᠡᠯᠡᠨ ᠰᠠᠶᠢᠲᠤᠷ ᠬᠦᠢᠴᠡᠳᠭᠡᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠭᠠᠷᠳᠠᠬᠤ ᠴᠡᠭ᠂ ᠬᠦᠴᠦᠯᠡᠬᠦ ᠴᠡᠭ ᠪᠠ | ᠰᠢᠪᠲᠤᠯᠤᠯᠲᠠ ᠶᠢᠨ ᠴᠡᠭ ᠢ ᠣᠨᠣᠪᠴᠢᠲᠠᠶ ᠠᠳᠬᠤᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠦᠨᠡᠨ ᠬᠦ ᠠᠵᠢᠯ ᠤᠨ ᠪᠣᠳᠠᠲᠤ ᠠᠮᠵᠢᠯᠲᠠ ᠪᠣᠯᠭᠠᠨ | ᠬᠤᠪᠢᠷᠠᠭᠤᠯᠵᠦ᠂ ᠪᠥᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ | ᠪᠥᠬᠦ ᠬᠦᠴᠦᠨ ᠢᠶᠠᠷ ᠢᠶᠠᠨ ᠠᠬᠢᠭᠤᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠢᠷᠡᠭᠤ ᠠᠯᠳᠠᠷ ᠢᠶᠠᠨ ᠤᠯᠠᠮ ᠮᠠᠨᠳᠤᠭᠤᠯᠬᠤ ᠭᠡᠷᠡᠭᠳᠡᠢ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠬᠡᠷ ᠣᠷᠣᠨ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢ ᠲᠤᠰᠬᠠᠭᠰᠠᠨ ᠰᠤᠳᠤᠷ ᠪᠢᠴᠢᠭ ᠰᠤᠷᠪᠤᠯᠵᠢ ᠪᠢᠴᠢᠭ ᠢ ᠭᠦᠨᠵᠡᠭᠡᠶ | ᠡᠮᠬᠢᠳᠬᠡᠵᠦ᠂ ︽ᠳᠤᠮᠳᠠᠳᠤ ᠶᠢᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢᠨ ᠮᠠᠲ᠋ᠧᠷᠢᠶᠠᠯ ᠤᠨ ᠡᠮᠬᠢᠳᠬᠡᠯ — ᠦᠪᠦᠷ ᠮᠤᠩᠭᠤᠯ | ᠪᠤᠳᠢ︾ ᠶᠢ ᠨᠠᠶᠢᠷᠠᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ | ᠤᠬᠠᠭᠤᠯᠭ᠎ᠠ ᠬᠥᠮᠦᠵᠢᠯ ᠢ ᠪᠣᠳᠠᠲᠠᠶ ᠳᠦᠷᠦᠭᠳᠡᠯ ᠲᠠᠢ ᠪᠦᠲᠦᠮᠵᠢᠲᠡᠶ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠳᠤᠳᠬᠠᠬᠤ ᠣᠨᠣᠯ ᠤᠨ ᠰᠤᠳᠤᠯᠭᠠᠨ ᠤ ᠰᠢᠰᠲ᠋ᠧᠮ ᠪᠣᠯᠤᠨ ᠤᠬᠠᠭᠤᠯᠭ᠎ᠠ ᠬᠥᠮᠦᠵᠢᠯ ᠤᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠤᠯᠠᠭᠠᠨᠮᠥ᠋ᠴᠢᠷ ᠤᠨ | ᠵᠣᠷᠢᠭ ᠰᠠᠨᠠᠭ᠎ᠠ︾ ᠶᠢ ᠪᠠᠳᠠᠷᠠᠭᠤᠯᠵᠤ᠂ ︽ᠭᠤᠷᠪᠠᠨ ᠰᠠᠯᠵᠤ ᠴᠢᠳᠠᠬᠤ ᠥᠬᠡᠶ︾᠂ ︽ᠳᠥᠷᠪᠡ ᠶᠢ ᠬᠠᠮᠳᠤᠳᠬᠠᠬᠤ︾᠂ ︽ᠲᠠᠪᠤᠨ ᠮᠡᠳᠡᠷᠡᠬᠦᠢ︾ ᠶᠢ ᠬᠥᠮᠦᠰ ᠤᠨ | ᠰᠡᠳᠬᠢᠯ ᠳᠤ ᠨᠠᠩ ᠭᠦᠨ ᠬᠠᠳᠠᠩᠰᠢᠭᠤᠯᠬᠤ ᠬᠡᠷᠡᠭᠳᠡᠢ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ ᠬᠠᠮᠲᠤ ᠪᠠᠷ | ᠤᠷᠤᠭᠰᠢᠯᠠᠬᠤ ᠶᠢ ᠠᠬᠢᠭᠤᠯᠬᠤ ᠳᠤ ᠤᠯᠤᠰ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢᠨ ᠬᠤᠭᠤᠴᠠᠭᠠᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠦᠢᠯᠡᠰ ᠤᠨ ᠲᠥᠯᠥᠪᠵᠢᠭᠦᠯᠭᠡ ᠵᠢᠴᠢ ᠥᠪᠡᠷᠲᠡᠭᠡᠨ ᠵᠠᠰᠠᠬᠤ ᠣᠷᠣᠨ ᠬᠡᠷᠡᠭᠵᠢᠭᠦᠯᠬᠦ ᠲᠥᠰᠦᠯ ᠢ ᠰᠠᠶᠢᠲᠤᠷ ᠨᠠᠶᠢᠳᠠᠪᠤᠷᠢᠵᠢᠭᠤᠯᠤᠨ᠎ᠠ᠂ | ᠬᠢᠯᠢ ᠬᠢᠵᠠᠭᠠᠷ ᠢ ᠪᠠᠬᠢᠵᠢᠭᠦᠯᠦᠨ ᠬᠢᠯᠢ ᠬᠢᠵᠠᠭᠠᠷ ᠢ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠶᠠᠳᠠᠭᠤ ᠠᠴᠠ | ᠠᠩᠭᠢᠵᠢᠷᠠᠭᠤᠯᠵᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ | ᠠᠪᠴᠠᠯᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠦᠨᠳᠦᠰᠦᠲᠡᠨ ᠤ ᠭᠠᠵᠠᠷ ᠣᠷᠣᠨ᠂ ᠬᠢᠯᠢ ᠬᠢᠵᠠᠭᠠᠷ ᠣᠷᠣᠨ ᠤ ᠴᠢᠨᠠᠷ ᠰᠠᠶᠢᠲᠠᠶ ᠬᠥᠭᠵᠢᠯᠲᠡ ᠳᠤ | ᠬᠦᠴᠦᠨ ᠨᠡᠮᠡᠷᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠪᠣᠶ ᠪᠥᠬᠦᠶ ᠥᠭᠡᠷᠡᠴᠢᠯᠡᠯᠲᠡ ᠬᠥᠭᠵᠢᠯᠲᠡ ᠳᠤ ᠣᠯᠭᠤᠭᠰᠠᠨ | ᠠᠴᠢ ᠬᠤᠯᠪᠣᠭᠳᠠᠯ ᠢ ᠢᠯᠡᠷᠡᠭᠦᠯᠵᠦ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ | ᠠᠬᠢᠭᠤᠯᠬᠤ ᠬᠡᠷᠡᠭᠳᠡᠢ᠃ | ᠤᠯᠤᠰ ᠤᠨ ︽ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ︾᠂ ︽ᠦᠨᠳᠦᠰᠦᠲᠡᠨ ᠨᠦᠭᠦᠳ ᠤᠨ ᠣᠯᠠᠨ | ᠲᠦᠮᠡᠨ ᠤ ᠰᠢᠬᠢᠳᠬᠡᠯᠲᠦ ᠮᠠᠶ᠋ᠢᠭ ᠤᠨ ᠬᠥᠭᠵᠢᠯᠲᠡ ᠶᠢᠨ ᠲᠥᠯᠥᠪᠯᠡᠭᠡ︾᠂ ︽ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠠᠬᠢᠭᠤᠯᠬᠤ ᠲᠥᠯᠥᠪᠯᠡᠭᠡ︾ ᠪᠠ ᠥᠪᠡᠷᠲᠡᠭᠡᠨ ᠵᠠᠰᠠᠬᠤ ᠣᠷᠣᠨ ᠤ ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠ | ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠬᠤ ᠠᠵᠢᠯ ᠤᠨ ︽ᠲᠠᠰ ᠳᠡᠪᠰᠢᠭᠰᠡᠨ ᠬᠡᠪ ᠳᠠᠭᠤᠷᠢᠶᠠᠯ︾ ᠢ ᠪᠣᠶ ᠪᠣᠯᠭᠠᠬᠤ ᠬᠡᠷᠡᠭᠳᠡᠢ᠃ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ | ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ | ᠪᠠᠷᠢᠮᠲᠠᠯᠠᠨ ᠲᠡᠭᠦᠯᠳᠡᠷᠵᠢᠭᠦᠯᠵᠦ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠷᠢᠨ ᠪᠦᠲᠦᠨ ᠵᠥᠪ ᠣᠨᠣᠪᠴᠢᠲᠠᠶ ᠪᠥᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠮᠲᠤ ᠶᠢᠨ ᠴᠢᠨᠠᠷ ᠢ ᠨᠡᠮᠡᠭᠳᠡᠭᠦᠯᠬᠦ ᠴᠢᠭᠯᠡᠯ ᠢᠶᠠᠷ ᠦᠨᠳᠦᠰᠦᠲᠡᠨ ᠤ ᠠᠵᠢᠯ ᠢ ᠰᠠᠶᠢᠵᠢᠷᠠᠭᠤᠯᠵᠤ᠂ ᠦᠨᠳᠦᠰᠦᠲᠡᠨ ᠤ ᠬᠡᠷᠡᠭ | ᠶᠠᠪᠤᠳᠠᠯ ᠢ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠬᠤ ᠭᠡᠷᠡᠭᠳᠡᠢ᠃ ᠰᠠᠨᠠᠭᠠᠴᠢᠯᠠᠭᠠᠲᠤ ᠤᠬᠠᠮᠰᠠᠷ ᠢᠶᠠᠨ ᠨᠡᠮᠡᠭᠳᠡᠭᠦᠯᠵᠦ᠂ ᠬᠤᠷᠢᠭ᠎ᠠ ᠱᠤᠭᠤᠮ ᠤᠨ ᠰᠡᠳᠬᠢᠬᠦᠶ ᠪᠠᠨ | ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ | ᠵᠢᠬᠰᠠᠭᠠᠯ ᠤᠨ ᠭᠠᠵᠠᠷ ᠢ ᠰᠠᠶᠢᠲᠤᠷ ᠰᠠᠬᠢᠵᠤ᠂ ᠦᠨᠳᠦᠰᠦᠲᠡᠨ ᠤ ᠬᠦᠷᠢᠶ᠎ᠡ ᠴᠡᠷᠠᠭᠠᠨ ᠳᠠᠬᠢ ᠠᠶᠤᠯ ᠲᠦᠭᠰᠢᠭᠦᠷᠢ ᠬᠡᠮ ᠰᠣᠭᠤᠭ ᠢ ᠰᠡᠷᠭᠡᠶᠢᠯᠡᠨ ᠠᠷᠢᠯᠭᠠᠬᠤ ᠬᠡᠷᠡᠭᠲᠡᠶ᠃ | ᠳᠥᠷᠪᠡ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠴᠢᠩᠭᠠᠳᠬᠠᠵᠤ᠂ ᠨᠠᠮ ᠤᠨ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ | ᠢ ᠰᠠᠶᠢᠲᠤᠷ ᠬᠢᠬᠦ ᠴᠢᠳᠠᠪᠤᠷᠢ ᠶᠢᠨ ᠲᠦᠪᠰᠢᠨ ᠢᠶᠠᠨ ᠲᠡᠭᠡᠭᠰᠢᠯᠡᠬᠦᠯᠦᠶ᠎ᠡ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠭᠡᠵᠢᠶᠡᠳᠡ ᠵᠤᠬᠰᠤᠰᠢ ᠦᠭᠡᠢ ᠶᠤᠮ᠂ ᠨᠠᠮ ᠤᠨ ᠥᠪᠡᠷ ᠤᠨ ᠪᠡᠶ᠎ᠡ ᠳᠤ ᠪᠠᠨ ᠬᠤᠪᠢᠰᠬᠠᠯ ᠬᠢᠬᠦ ᠠᠵᠢᠯ | ᠭᠡᠵᠢᠶᠡᠳᠡ ᠶᠠᠪᠤᠭᠳᠠᠨ᠎ᠠ᠃ ᠰᠢᠨ᠎ᠡ ᠠᠶᠠᠨ ᠳᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠬᠢᠨ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠨᠠᠮ ᠤᠨ ᠰᠢᠨ᠎ᠡ ᠴᠠᠭ ᠦᠶ᠎ᠡ ᠶᠢᠨ | ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠬᠤ ᠶᠢ ᠪᠠᠷᠢᠮᠲᠠᠯᠠᠵᠤ᠂ | ︽ᠭᠤᠷᠪᠠᠨ ᠡᠷᠬᠡᠪᠰᠢ︾ ᠶᠢ ᠪᠠᠲᠤ ᠴᠡᠭᠡᠵᠢᠯᠡᠨ ᠦᠢᠯᠡᠳᠦᠯᠭᠡᠵᠢᠭᠦᠯᠵᠦ᠂ ︽ᠨᠠᠮ ᠤᠨ ᠪᠠᠶᠢᠭᠤᠯᠤᠯᠲᠠ ᠶᠢ ᠠᠳᠬᠤᠵᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ | ᠠᠬᠢᠭᠤᠯᠬᠤ︾ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ︽ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ᠂ ᠠᠵᠢᠯ ᠤᠨ ᠶᠠᠪᠤᠴᠠ ᠶᠢ ᠰᠢᠯᠢᠳᠡᠭᠵᠢᠭᠦᠯᠬᠦ︾ ᠲᠤᠰᠬᠠᠢ | ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠠᠵᠢᠯ ᠤᠨ ᠣᠷᠴᠢᠨ ᠲᠤᠭᠤᠷᠢᠨ ᠢ ᠪᠤᠢ ᠪᠤᠯᠭᠠᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠠᠠᠵᠢᠭᠤᠯᠬᠤ 12 | ᠵᠤᠷᠪᠤᠰ ᠤᠨ ᠠᠷᠭ᠎ᠠ ᠬᠡᠮᠵᠢᠶ᠎ᠡ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠦ᠂ ᠠᠯᠳᠠᠭ᠎ᠠ ᠪᠤᠷᠤᠭᠤ ᠶᠢ ᠵᠠᠯᠠᠷᠠᠭᠤᠯᠬᠤ 8 ᠵᠤᠷᠪᠤᠰ ᠰᠠᠨᠠᠯ ᠢ | ᠨᠠᠶᠢᠳᠠᠪᠤᠷᠢᠵᠢᠭᠤᠯᠵᠤ᠂ ᠦᠨᠳᠦᠰᠦᠲᠡᠨ ᠤ ᠵᠥᠪᠯᠡᠯ ᠤᠨ ᠰᠢᠰᠲ᠋ᠧᠮ ᠤᠨ ︽ᠭᠤᠷᠪᠠ ᠶᠢ ᠲᠣᠭᠲᠠᠭᠠᠬᠤ︾ ᠰᠢᠨ᠎ᠡ ᠲᠥᠰᠦᠯ ᠢ ᠨᠠᠶᠢᠳᠠᠪᠤᠷᠢᠵᠢᠭᠤᠯᠬᠤ ᠪᠠᠷ ᠲᠣᠬᠢᠶᠠᠯ | ᠪᠣᠯᠭᠠᠵᠤ᠂ ᠪᠥᠬᠦ ᠣᠷᠣᠨ ᠤ ᠦᠨᠳᠦᠰᠦᠲᠡᠨ ᠤ ᠠᠵᠢᠯ ᠤᠨ ᠪᠠᠶᠢᠭᠤᠯᠤᠮᠵᠢ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠤ ᠠᠵᠢᠯ ᠤᠨ | ᠰᠠᠯᠠᠭ᠎ᠠ ᠮᠥᠴᠢᠷ ᠤᠨ ᠭᠤᠤᠯ ᠬᠠᠷᠢᠭᠤᠴᠠᠯᠭ᠎ᠠ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠬᠦ ᠶᠢ ᠠᠬᠢᠭᠤᠯᠵᠤ᠂ ᠲᠡᠮᠡᠴᠡᠯ ᠤᠨ ᠵᠣᠷᠢᠭ ᠰᠠᠨᠠᠭ᠎ᠠ ᠪᠠᠨ | ᠪᠠᠳᠠᠷᠠᠭᠤᠯᠵᠤ᠂ ᠲᠡᠮᠡᠴᠡᠯ ᠤᠨ ᠴᠢᠳᠠᠪᠤᠷᠢ ᠪᠠᠨ ᠨᠡᠮᠡᠭᠳᠡᠭᠦᠯᠵᠦ᠂ ᠪᠦᠯᠬᠦᠮᠳᠡᠨ ᠲᠡᠮᠡᠴᠡᠬᠦ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠰᠠᠶᠢᠨ ᠵᠥᠪᠯᠡᠭᠴᠢ ᠲᠤᠰᠠᠯᠠᠭᠴᠢ ᠪᠣᠯᠣᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ | ᠠᠵᠢᠯ ᠤᠨ ᠬᠢᠨᠠᠨ ᠰᠢᠯᠭᠠᠬᠤ ᠲᠤᠬᠠᠢ ︽ᠬᠠᠲᠠᠭᠤ ᠬᠦᠢᠴᠡᠳᠭᠡᠯ ᠲᠤᠭ᠎ᠠ︾ ︵ᠴᠢᠩᠭ᠎ᠠ ᠪᠠᠷᠢᠮᠵᠢᠶ᠎ᠠ︶ ᠳᠤ ︽ᠳᠣᠬᠢᠭᠤᠷ︾ ᠤᠨ ᠦᠢᠯᠡᠳᠦᠯ ᠢ ᠪᠠᠳᠠᠷᠠᠭᠤᠯᠵᠤ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠦᠨᠳᠦᠰᠦᠲᠡᠨ ᠤ ᠠᠵᠢᠯ ᠢ ᠨᠢᠭᠡᠳᠦᠯᠲᠡᠶ | ᠲᠥᠯᠥᠪᠵᠢᠭᠦᠯᠦᠨ ᠵᠣᠬᠢᠴᠠᠭᠤᠯᠬᠤ ᠡᠭᠦᠷᠭᠡ ᠴᠢᠳᠠᠪᠬᠢ ᠶᠢᠨ ᠦᠢᠯᠡᠳᠦᠯ ᠢᠶᠠᠨ ᠪᠠᠳᠠᠷᠠᠭᠤᠯᠵᠤ᠂ ᠦᠨᠳᠦᠰᠦᠲᠡᠨ ᠤ ᠠᠵᠢᠯ ᠢ ᠨᠢᠭᠡᠳᠦᠮᠡᠯ ᠹᠷᠣᠨᠲ ᠤᠨ ᠠᠵᠢᠯ ᠤᠨ ᠶᠡᠭᠡ | ᠲᠠᠯ᠎ᠠ ᠳᠤ ᠤᠬᠠᠮᠰᠠᠷ ᠠᠴᠠ ᠪᠠᠨ ᠣᠷᠣᠭᠤᠯᠤᠨ ᠨᠢᠭᠡᠳᠦᠯᠲᠡᠶ ᠲᠥᠯᠥᠪᠵᠢᠭᠦᠯᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠭᠡᠰᠢᠭᠦᠨ | ᠨᠢᠭᠡᠴᠢ ᠶᠢᠨ ᠲᠦᠷᠢᠮ ᠢ ᠤᠯᠠᠮ ᠴᠠᠭᠠᠰᠢᠳᠠ ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠪᠠᠶᠢᠷᠢᠰᠢᠯ ᠢ | ᠲᠡᠭᠦᠯᠳᠡᠷᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠳᠬᠠᠬᠤ ᠠᠵᠢᠯ ᠤᠨ ᠬᠠᠮᠲᠤᠷᠠᠯ ᠤᠨ ᠬᠦᠴᠦᠨ ᠢ | ᠪᠦᠷᠢᠯᠳᠦᠭᠦᠯᠬᠦ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ | ᠲᠥᠯᠥᠭᠡ ᠪᠦᠯᠬᠦᠮᠳᠡᠨ ᠲᠡᠮᠡᠴᠡᠶ᠎ᠡ᠃ | ︵ᠵᠣᠬᠢᠶᠠᠭᠴᠢ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠭᠡᠯᠳᠡᠰ ᠤᠨ ᠳᠡᠳ᠋ ᠳᠠᠷᠤᠭ᠎ᠠ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ︶ |