ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | | ᠥᠪᠥᠷ ᠵᠠᠰᠠᠭ ᠠᠯᠪᠠᠨ ᠲᠠᠷᠬᠠᠭᠠᠭᠰᠠᠨ ﹇2022﹈ 56 ᠳ᠋ᠤᠭᠠᠷ ᠲᠣᠭᠠᠲᠤ | | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠣᠷᠣᠭᠴᠢ ᠶᠢ ᠮᠥᠩᠭᠦ ᠪᠠᠷ ᠲᠤᠰᠠᠯᠠᠬᠤ ᠲᠥᠷᠥ ᠶᠢᠨ | ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠠᠵᠢᠯ ᠦᠢᠯᠡᠰ ᠤᠨ ᠨᠢᠭᠡᠴᠢ ᠳᠤ᠄ | ︽ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠪ ᠲᠠᠷᠬᠠᠭᠠᠭᠰᠠᠨ ﹇2018﹈ 34 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠤᠨᠨᠴᠢ ᠶᠢ ᠮᠥᠩᠭᠦ ᠪᠠᠷ | ᠲᠤᠰᠠᠯᠠᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠤᠰᠠᠳᠠ᠂ ︽ᠰᠤᠷᠭᠠᠨ ᠬᠥᠮᠦᠵᠢᠯ ᠤᠨ ᠬᠦᠷᠢᠶ᠎ᠡ ᠴᠠᠷᠠᠭᠠᠨ ᠳᠠᠬᠢ ᠲᠥᠪ ᠤᠨ | ᠪᠠ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ | ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ | ﹇2019﹈ 27 ᠳ᠋ᠤᠭᠠᠷ ᠲᠣᠭᠠᠲᠤ︶᠂ ︽ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠠᠩᠰᠠ ᠡᠪᠬᠡᠮᠡᠯ ᠪᠠᠶᠢᠭᠤᠯᠤᠨ ᠺᠠᠷᠲ ᠲᠤ ᠣᠷᠣᠭᠤᠯᠤᠭᠰᠠᠨ | ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠣᠷᠣᠭᠴᠢᠣᠨ ᠤᠨ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠲᠤᠬᠠᠢ ᠡᠳ᠋ ᠤᠨ ᠵᠠᠰᠠᠭ ᠤᠨ ᠶᠠᠮᠤᠨ | ᠰᠤᠷᠭᠠᠨ ᠬᠥᠮᠦᠵᠢᠯ ᠤᠨ ᠶᠠᠮᠤᠨ ᠤ ᠰᠠᠨᠠᠯ︾ ︵ᠡᠳ᠋ ᠤᠨ ᠵᠠᠰᠠᠭ ᠰᠤᠷᠭᠠᠨ ᠬᠥᠮᠦᠵᠢᠯ ﹇2016﹈ 292 ᠳ᠋ᠤᠭᠠᠷ ᠲᠣᠭᠠᠲᠤ︶᠂ ︽︿ᠰᠤᠷᠤᠨᠨᠴᠢ ᠶᠢ ᠮᠥᠩᠭᠦ ᠪᠠᠷ | ᠲᠤᠰᠠᠯᠠᠬᠤ ᠶᠢᠨ ᠪᠡᠯᠡ ᠮᠥᠩᠭᠦᠨ ᠤ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠡᠳ᠋ ᠤᠨ ᠵᠠᠰᠠᠭ ᠤᠨ ᠶᠠᠮᠤᠨ ᠰᠤᠷᠭᠠᠨ ᠬᠥᠮᠦᠵᠢᠯ ᠤᠨ | ᠶᠠᠮᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠮᠤᠨ ᠲᠥᠪ ᠤᠨ | ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠶᠠᠮᠤᠨ ᠤ ᠮᠡᠳᠡᠭᠳᠡᠯ︾ ︵ᠡᠳ᠋ ᠤᠨ ᠵᠠᠰᠠᠭ ᠰᠤᠷᠭᠠᠨ | ᠬᠥᠮᠦᠵᠢᠯ ﹇2021﹈ 310 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠳ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠣᠷᠣᠭᠴᠢ ᠶᠢ | ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠲᠣᠬᠢᠷᠠᠭᠤᠯᠤᠨ ᠲᠡᠭᠦᠯᠳᠡᠷᠵᠢᠭᠦᠯᠬᠦ ᠶᠢᠨ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠷᠢᠶᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ | ᠥᠭᠦᠯᠡᠯᠲᠡ ᠪᠠ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠦᠴᠦᠯᠡᠨ ᠪᠠᠲᠤ ᠴᠣᠭᠴᠠᠯᠠᠵᠤ᠂ ᠰᠤᠷᠭᠠᠨ ᠬᠥᠮᠦᠵᠢᠯ ᠤᠨ ᠭᠤᠣᠯᠴᠢ ᠪᠠᠶᠢᠬᠤ ᠶᠢ ᠠᠬᠢᠭᠤᠯᠬᠤ᠂ | ᠰᠤᠷᠭᠠᠨ ᠬᠥᠮᠦᠵᠢᠯ ᠤᠨ ᠪᠦᠲᠦᠴᠡ ᠶᠢ ᠰᠢᠯᠢᠳᠡᠭᠵᠢᠭᠦᠯᠬᠦ᠂ ᠬᠥᠳᠡᠯᠮᠦᠷᠢᠴᠢᠳ ᠤᠨ ᠬᠡᠪ ᠴᠢᠨᠠᠷ ᠢ ᠳᠡᠭᠡᠭᠰᠢᠯᠡᠭᠦᠯᠬᠦ ᠪᠠᠷ ᠡᠭᠦᠰᠴᠡ ᠪᠠ ᠲᠤᠰᠤᠯᠲᠠ ᠪᠣᠯᠭᠠᠵᠤ᠂ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ᠰᠤᠷᠤᠨᠨᠴᠢ ᠶᠢ ᠮᠥᠩᠭᠦ ᠪᠠᠷ ᠲᠤᠰᠠᠯᠠᠬᠤ ᠲᠦᠷᠦ ᠶᠢᠨ ᠪᠣᠳᠣᠯᠭ᠎ᠠ ᠶᠢ | ᠲᠣᠬᠢᠷᠠᠭᠤᠯᠤᠨ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠵᠣᠩᠬᠢᠯᠠᠬᠤ ᠲᠣᠭᠠᠨ ᠤ ᠰᠢᠨ᠎ᠡ ᠪᠠᠷ ᠨᠡᠮᠡᠭᠳᠡᠭᠰᠡᠨ ᠬᠥᠳᠡᠯᠮᠦᠷᠢ ᠬᠦᠴᠦᠨ ᠤ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠬᠥᠷᠳᠡᠬᠦ ᠶᠢ ᠪᠡᠶᠡᠯᠡᠭᠦᠯᠵᠦ᠂ ᠤᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠨᠳᠦᠰᠦᠨ | ᠦᠢᠯᠡᠴᠢᠯᠡᠭᠡᠨ ᠤ ᠠᠳᠠᠯᠢ ᠲᠡᠭᠰᠢ ᠪᠣᠯᠬᠤ ᠶᠢ ᠤᠯᠠᠮ ᠨᠢᠭᠡ ᠠᠯᠬᠤᠮ ᠠᠬᠢᠭᠤᠯᠤᠨ᠎ᠠ᠃ | ᠬᠤᠶᠠᠷ᠂ ᠭᠤᠣᠯ ᠠᠭᠤᠯᠭ᠎ᠠ | ︵ᠨᠢᠭᠡ︶ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ᠃ | 1.ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠣᠷᠣᠭᠴᠢ ᠶᠢᠨ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠶᠢᠨ ᠬᠠᠮᠲᠤ | ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠨ᠎ᠠ᠃ | ᠪᠥᠬᠦ ᠣᠷᠣᠨ ᠤ ᠰᠤᠷᠭᠠᠭᠤᠯᠢ ᠶᠢᠨ ᠬᠠᠷᠢᠶ᠎ᠠ ᠪᠠᠨ ᠵᠢᠩᠬᠢᠨᠢ ᠪᠠᠷ ᠳᠠᠩᠰᠠᠯᠠᠭᠤᠯᠤᠭᠰᠠᠨ ᠪᠤᠢ ᠪᠦᠬᠦᠢ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠤᠭᠴᠢ ᠠᠴᠠ ᠰᠤᠷᠤᠯᠭ᠎ᠠ ᠶᠢᠨ ᠰᠤᠯᠠ ᠵᠠᠷᠤᠳᠠᠯ ᠬᠤᠷᠢᠶᠠᠬᠤ ᠦᠭᠡᠢ ᠮᠥᠷᠲᠡᠭᠡᠨ ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ | ᠬᠠᠩᠭᠠᠨ᠎ᠠ᠃ | ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠪᠠᠷᠢᠮᠵᠢᠶ᠎ᠠ ᠪᠣᠯ ᠰᠣᠷᠣᠭᠴᠢ ᠪᠣᠯᠭᠠᠨ ᠳᠤ ᠵᠢᠯ ᠪᠦᠷᠢ 2000 ᠲᠥᠭᠦᠷᠢᠭ ᠪᠣᠯᠣᠨ᠎ᠠ᠃ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠠᠷᠠᠳ ᠠᠴᠠ ᠡᠷᠭᠢᠯᠡᠭᠰᠡᠨ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢᠨ ᠨᠥᠬᠦᠴᠡᠯ ᠳᠤ ᠨᠡᠶᠢᠴᠡᠭᠰᠡᠨ | ᠰᠣᠷᠣᠭᠴᠢ ᠳᠤ ᠥᠪᠡᠷᠲᠡᠭᠡᠨ ᠵᠠᠰᠠᠬᠤ ᠣᠷᠣᠨ ᠠᠴᠠ ᠠᠳᠠᠯᠢ ᠪᠠᠷᠢᠮᠵᠢᠶ᠎ᠠ ᠪᠠᠷ ᠲᠡᠳᠬᠦᠮᠵᠢ ᠦᠵᠡᠭᠦᠯᠵᠦ᠂ ᠬᠤᠷᠢᠶᠠᠬᠤ ᠰᠤᠷᠤᠯᠭ᠎ᠠ ᠶᠢᠨ ᠰᠤᠯᠠ ᠵᠠᠷᠤᠳᠠᠯ ᠨᠢ | ᠲᠡᠳᠬᠦᠮᠵᠢ ᠶᠢᠨ ᠪᠠᠷᠢᠮᠵᠢᠶ᠎ᠠ ᠠᠴᠠ ᠳᠡᠭᠡᠭᠦᠷ ᠪᠠᠶᠢᠪᠠᠯ᠂ ᠰᠤᠷᠭᠠᠭᠤᠯᠢ ᠨᠢ ᠲᠣᠭᠲᠠᠭᠠᠯ ᠶᠣᠰᠣᠭᠠᠷ ᠰᠤᠷᠤᠭᠴᠢᠳ ᠠᠴᠠ ᠵᠥᠷᠢᠶᠡᠲᠦ ᠲᠣᠭᠠᠨ ᠤ ᠬᠡᠰᠡᠭ ᠢ ᠨᠢ | ᠦᠷᠭᠦᠯᠵᠢᠯᠡᠨ ᠬᠤᠷᠢᠶᠠᠵᠤ ᠪᠣᠯᠣᠨ᠎ᠠ᠃ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠳᠤ ᠬᠡᠷᠡᠭᠰᠡᠬᠦ ᠵᠠᠷᠤᠳᠠᠯ ᠳᠤ᠂ ᠤᠯᠤᠰ ᠠᠴᠠ ᠲᠣᠭᠲᠠᠭᠠᠭᠰᠠᠨ ᠬᠡᠰᠡᠭ ᠲᠤ | ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠦᠨ᠂ ᠲᠥᠪ ᠪᠠ ᠣᠷᠣᠨ ᠨᠤᠲᠤᠭ 8᠄ 2 ᠤᠨ ᠬᠠᠷᠢᠴᠠᠯ ᠢᠶᠠᠷ ᠬᠤᠪᠢᠳᠠᠨ ᠡᠭᠦᠷᠭᠡᠯᠡᠵᠦ᠂ ᠣᠷᠣᠨ ᠨᠤᠲᠤᠭ ᠤᠨ | ᠬᠤᠪᠢᠳᠠᠨ ᠡᠭᠦᠷᠭᠡᠯᠡᠬᠦ 20% ᠶᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ | ᠰᠤᠷᠭᠠᠭᠤᠯᠢ ᠶᠢᠨ ᠰᠣᠷᠣᠭᠴᠢ ᠶᠢᠨ ᠬᠡᠷᠡᠭᠰᠡᠬᠦ ᠵᠠᠷᠤᠳᠠᠯ ᠢ ᠴᠥᠮ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠵᠦ᠂ | ᠪᠤᠰᠤᠳ ᠰᠣᠷᠣᠭᠴᠢᠣᠨ ᠤᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠢᠶᠠᠷ ᠥᠪᠡᠷᠲᠡᠭᠡᠨ | ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ | ᠬᠠᠷᠢᠴᠠᠯ ᠶᠣᠰᠣᠭᠠᠷ ᠬᠤᠪᠢᠳᠠᠨ ᠡᠭᠦᠷᠭᠡᠯᠡᠨ᠎ᠡ᠃ | ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠬᠤ ᠪᠠᠷᠢᠮᠵᠢᠶ᠎ᠠ ᠪᠣᠯ ᠥᠨᠳᠥᠷ ᠳᠤᠮᠳᠠᠳᠤ ᠶᠢᠨ ᠨᠢᠭᠡᠳᠦᠭᠡᠷ ᠣᠨ᠂ ᠥᠨᠳᠥᠷ ᠳᠤᠮᠳᠠᠳᠤ ᠶᠢᠨ | ᠬᠤᠶᠠᠳᠤᠭᠠᠷ ᠣᠨ ᠤ ᠰᠣᠷᠣᠭᠴᠢ ᠪᠣᠯᠭᠠᠨ ᠳᠤ ᠵᠢᠯ ᠪᠦᠷᠢ 550 ᠲᠥᠭᠦᠷᠢᠭ᠂ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠰᠣᠷᠣᠭᠴᠢ ᠪᠣᠯᠭᠠᠨ ᠳᠤ ᠵᠢᠯ | ᠪᠦᠷᠢ 100 ᠲᠥᠭᠦᠷᠢᠭ ᠪᠣᠯᠣᠨ᠎ᠠ᠃ ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠬᠤ ᠳᠤ ᠬᠡᠷᠡᠭᠰᠡᠬᠦ ᠵᠠᠷᠤᠳᠠᠯ ᠳᠠᠬᠢ᠂ ᠥᠪᠡᠷᠲᠡᠭᠡᠨ ᠵᠠᠰᠠᠬᠤ | ᠣᠷᠣᠨ ᠤ ᠰᠢᠭᠤᠳ ᠬᠠᠷᠢᠶ᠎ᠠ ᠰᠤᠷᠭᠠᠭᠤᠯᠢ ᠶᠢᠨ ᠰᠣᠷᠣᠭᠴᠢ᠂ ᠤᠤᠯ ᠨᠢ ᠮᠣᠩᠭᠤᠯ ᠬᠡᠯᠡ ᠪᠠᠷ ᠬᠢᠴᠢᠶᠡᠯᠯᠡᠵᠦ ᠪᠠᠶᠢᠭᠰᠠᠨ ᠪᠠ ᠰᠣᠯᠣᠩᠭᠤᠰ ᠬᠡᠯᠡ ᠪᠠᠷ ᠬᠢᠴᠢᠶᠡᠯᠯᠡᠵᠦ | ᠪᠠᠶᠢᠭᠰᠠᠨ ᠰᠣᠷᠣᠭᠴᠢ ᠶᠢᠨ ᠬᠡᠷᠡᠭᠰᠡᠬᠦ ᠵᠠᠷᠤᠳᠠᠯ ᠢ ᠴᠥᠮ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠵᠦ᠂ ᠪᠤᠰᠤᠳ | ᠰᠣᠷᠣᠭᠴᠢᠣᠨ ᠤᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠢᠶᠠᠷ ᠥᠪᠡᠷᠲᠡᠭᠡᠨ ᠵᠠᠰᠠᠬᠤ | ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠬᠠᠷᠢᠴᠠᠯ | ᠶᠣᠰᠣᠭᠠᠷ ᠬᠤᠪᠢᠳᠠᠨ ᠡᠭᠦᠷᠭᠡᠯᠡᠨ᠎ᠡ᠃ | 2. ᠤᠯᠤᠰ ᠤᠨ ᠰᠤᠷᠤᠯᠭ᠎ᠠ ᠶᠢᠨ ᠲᠡᠳᠬᠦᠪᠦᠷᠢ ᠮᠥᠩᠭᠦ᠃ | ᠪᠥᠬᠦ ᠣᠷᠣᠨ ᠤ ᠰᠤᠷᠭᠠᠭᠤᠯᠢ ᠶᠢᠨ ᠬᠠᠷᠢᠶ᠎ᠠ ᠪᠠᠨ ᠵᠢᠩᠬᠢᠨᠢ ᠪᠠᠷ ᠳᠠᠩᠰᠠᠯᠠᠭᠤᠯᠤᠭᠰᠠᠨ ᠪᠤᠢ ᠪᠦᠬᠦᠢ ᠡᠩ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠳᠤ ᠪᠠᠶᠢᠭ᠎ᠠ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠣᠷᠣᠨᠨᠴᠢ ᠳᠤ ᠬᠠᠨᠳᠤᠭᠤᠯᠵᠤ ᠤᠯᠤᠰ ᠤᠨ ᠰᠤᠷᠤᠯᠭ᠎ᠠ ᠶᠢᠨ ᠲᠡᠳᠬᠦᠪᠦᠷᠢ | ᠮᠥᠩᠭᠦᠨ ᠤ ᠳᠦᠷᠢᠮ ᠪᠠᠶᠢᠭᠤᠯᠵᠤ᠂ ᠮᠥᠩᠭᠦ ᠪᠠᠷ ᠲᠤᠰᠠᠯᠠᠬᠤ ᠶᠢᠨ ᠳᠤᠮᠳᠠᠴᠢ ᠪᠠᠷᠢᠮᠵᠢᠶ᠎ᠠ ᠨᠢ ᠰᠣᠷᠣᠭᠴᠢ ᠪᠣᠯᠭᠠᠨ ᠳᠤ ᠵᠢᠯ ᠪᠦᠷᠢ 2000 ᠲᠥᠭᠦᠷᠢᠭ᠂ ᠪᠣᠳᠠᠲᠠᠢ | ᠪᠠᠷᠢᠮᠵᠢᠶ᠎ᠠ ᠶᠢ ᠡᠯ᠎ᠡ ᠭᠠᠵᠠᠷ ᠣᠷᠣᠨ ᠨᠢ ᠪᠣᠳᠠᠲᠠᠢ ᠲᠠᠢ ᠪᠠᠨ ᠤᠶᠠᠯᠳᠤᠭᠤᠯᠵᠤ 1000 ᠲᠥᠭᠦᠷᠢᠭ — 3000 ᠲᠥᠭᠦᠷᠢᠭ ᠤᠨ ᠬᠡᠪᠴᠢᠶᠡᠨ ᠳᠤ ᠲᠣᠭᠲᠠᠭᠠᠵᠤ᠂ | 2 — 3 ᠲᠠᠰ ᠬᠤᠪᠢᠶᠠᠵᠤ ᠪᠣᠯᠣᠨ᠎ᠠ᠃ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠣᠷᠣᠭᠴᠢ ᠶᠢ ᠥᠪᠡᠷᠲᠡᠭᠡᠨ ᠵᠠᠰᠠᠬᠤ ᠣᠷᠣᠨ ᠰᠤᠷᠭᠠᠭᠤᠯᠢ ᠳᠤ | ᠪᠠᠶᠢᠭ᠎ᠠ ᠰᠤᠷᠤᠨᠨᠴᠢ ᠶᠢᠨ 30% ᠪᠠᠷ ᠲᠥᠰᠥᠭᠡᠯᠡᠨ ᠪᠤᠳᠤᠵᠤ᠂ ᠡᠯ᠎ᠡ ᠠᠶᠢᠮᠠᠭ ᠬᠤᠲᠠ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠬᠤᠰᠢᠭᠤ ᠰᠢᠶᠠᠨ ︵ᠬᠤᠲᠠ᠂ | ᠲᠣᠭᠤᠷᠢᠭ︶ ᠢᠶᠠᠷ᠂ ᠰᠤᠷᠭᠠᠭᠤᠯᠢ ᠪᠠᠷ ᠲᠥᠰᠥᠭᠡᠯᠡᠨ ᠪᠣᠳᠣᠨ᠎ᠡ᠃ ᠬᠡᠷᠡᠭᠰᠡᠬᠦ ᠵᠠᠷᠤᠳᠠᠯ ᠢ ᠲᠥᠪ ᠪᠠ ᠣᠷᠣᠨ ᠨᠤᠲᠤᠭ 8᠄ 2 ᠤᠨ ᠬᠠᠷᠢᠴᠠᠯ ᠢᠶᠠᠷ ᠬᠤᠪᠢᠳᠠᠨ | ᠡᠭᠦᠷᠭᠡᠯᠡᠵᠦ᠂ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 20% ᠶᠢᠨ ᠬᠡᠰᠡᠭ ᠪᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠤᠷᠭᠠᠭᠤᠯᠢ ᠶᠢᠨ | ᠰᠣᠷᠣᠭᠴᠢ ᠶᠢᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠵᠦ᠂ ᠪᠤᠰᠤᠳ ᠰᠤᠷᠭᠠᠭᠤᠯᠢ ᠶᠢᠨ | ᠰᠣᠷᠣᠭᠴᠢᠣᠨ ᠤᠨ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠢᠶᠠᠷ ᠥᠪᠡᠷᠲᠡᠭᠡᠨ ᠵᠠᠰᠠᠬᠤ | ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠬᠠᠷᠢᠴᠠᠯ ᠢᠶᠠᠷ | ᠬᠤᠪᠢᠳᠠᠨ ᠡᠭᠦᠷᠭᠡᠯᠡᠨ᠎ᠡ᠃ | ︵ᠬᠤᠶᠠᠷ︶ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠃ | 1. ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠨᠨᠴᠢ ᠶᠢᠨ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠶᠢᠨ ᠬᠠᠮᠲᠤ ᠰᠦᠢᠳᠬᠡᠯ | ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠨ᠎ᠠ᠃ | ᠪᠥᠬᠦ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠰᠤᠷᠭᠠᠭᠤᠯᠢ ᠪᠠᠭᠲᠠᠨ᠎ᠠ᠂ ᠳᠣᠷᠣᠭᠰᠢ ᠠᠳᠠᠯᠢ︶ ᠶᠢᠨ | ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠲᠠᠢ ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶ᠎ᠠ ᠲᠠᠢ ᠰᠤᠷᠭᠠᠭᠤᠯᠢ ᠳᠤ ᠪᠠᠶᠢᠭ᠎ᠠ | ᠰᠣᠷᠣᠭᠴᠢ ᠠᠴᠠ ᠰᠤᠷᠤᠯᠭ᠎ᠠ ᠶᠢᠨ ᠰᠦᠢᠳᠬᠡᠯ ᠬᠤᠷᠢᠶᠠᠬᠤ ᠦᠭᠡᠢ ᠮᠥᠷᠲᠡᠭᠡᠨ ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠨ᠎ᠠ᠃ | ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠪᠠᠷᠢᠮᠵᠢᠶ᠎ᠠ ᠪᠣᠯ ᠰᠣᠷᠣᠭᠴᠢ ᠪᠣᠯᠭᠠᠨ ᠳᠤ ᠵᠢᠯ ᠪᠦᠷᠢ 2000 ᠲᠥᠭᠦᠷᠢᠭ ᠪᠣᠯᠣᠨ᠎ᠠ᠃ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠠᠷᠠᠳ ᠠᠴᠠ ᠡᠷᠭᠢᠯᠡᠭᠰᠡᠨ ᠰᠤᠷᠭᠠᠭᠤᠯᠢ ᠪᠣᠯᠣᠨ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠢᠶᠠᠷ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠠᠷᠠᠳ ᠠᠴᠠ | ᠡᠷᠭᠢᠯᠡᠭᠰᠡᠨ ᠮᠡᠷᠭᠡᠵᠢᠯ ᠤᠨ ᠠᠵᠢᠯᠴᠢᠨ ᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢᠨ | ᠨᠥᠬᠦᠴᠡᠯ ᠳᠤ ᠨᠡᠶᠢᠴᠡᠭᠰᠡᠨ ᠰᠣᠷᠣᠭᠴᠢᠣᠨ ᠲᠤ ᠥᠪᠡᠷᠲᠡᠭᠡᠨ ᠵᠠᠰᠠᠬᠤ ᠣᠷᠣᠨ ᠠᠴᠠ ᠠᠳᠠᠯᠢ ᠪᠠᠷᠢᠮᠵᠢᠶ᠎ᠠ ᠪᠠᠷ ᠲᠡᠳᠬᠦᠮᠵᠢ ᠦᠵᠡᠭᠦᠯᠵᠦ᠂ ᠰᠤᠷᠤᠯᠭ᠎ᠠ ᠶᠢᠨ | ᠰᠦᠢᠳᠬᠡᠯ ᠨᠢ ᠲᠡᠳᠬᠦᠮᠵᠢ ᠶᠢᠨ ᠪᠠᠷᠢᠮᠵᠢᠶ᠎ᠠ ᠠᠴᠠ ᠳᠡᠭᠡᠭᠦᠷ ᠪᠠᠶᠢᠪᠠᠯ᠂ ᠰᠤᠷᠭᠠᠭᠤᠯᠢ ᠨᠢ ᠲᠣᠭᠲᠠᠭᠠᠯ ᠶᠣᠰᠣᠭᠠᠷ ᠰᠤᠷᠤᠨᠨᠴᠢ ᠠᠴᠠ ᠵᠥᠷᠢᠶᠡᠲᠦ ᠲᠣᠭᠠᠨ ᠤ | ᠬᠡᠰᠡᠭ ᠢ ᠨᠢ ᠦᠷᠭᠦᠯᠵᠢᠯᠡᠨ ᠬᠤᠷᠢᠶᠠᠵᠤ ᠪᠣᠯᠣᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠤᠨᠴᠠᠭᠠᠢ ᠲᠥᠷᠥᠯ ᠤᠨ ᠲᠤᠰᠬᠠᠢ ᠮᠡᠷᠭᠡᠵᠢᠯ ᠤᠨ | ᠰᠣᠷᠣᠭᠴᠢ ᠶᠢᠨ ᠰᠤᠷᠤᠯᠭ᠎ᠠ ᠶᠢᠨ ᠰᠦᠢᠳᠬᠡᠯ ᠤᠨ ᠪᠠᠷᠢᠮᠵᠢᠶ᠎ᠠ ᠶᠢᠨ ᠥᠪᠡᠷᠲᠡᠭᠡᠨ ᠵᠠᠰᠠᠬᠤ ᠣᠷᠣᠨ ᠤ ᠰᠦᠢᠳᠬᠡᠯ ᠥᠯᠥ ᠬᠤᠷᠢᠶᠠᠬᠤ ᠪᠠᠷᠢᠮᠵᠢᠶ᠎ᠠ ᠠᠴᠠ ᠳᠡᠭᠡᠭᠦᠷ | ᠭᠠᠷᠤᠭᠰᠠᠨ ᠬᠡᠰᠡᠭ ᠢ ᠨᠢ ᠬᠤᠪᠢ ᠬᠥᠮᠥᠨ ᠦᠪᠡᠰᠦᠪᠡᠨ ᠡᠭᠦᠷᠭᠡᠯᠡᠬᠦ ᠬᠡᠷᠡᠭᠲᠡᠢ᠃ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠳᠤ ᠬᠡᠷᠡᠭᠰᠡᠬᠦ ᠵᠠᠷᠤᠳᠠᠯ ᠳᠤ᠂ | ᠤᠯᠤᠰ ᠠᠴᠠ ᠲᠣᠭᠲᠠᠭᠠᠭᠰᠠᠨ ᠬᠡᠰᠡᠭ ᠲᠤ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠲᠥᠪ ᠬᠢᠭᠡᠳ ᠣᠷᠣᠨ ᠨᠤᠲᠤᠭ 8᠄ 2 ᠤᠨ ᠬᠠᠷᠢᠴᠠᠯ ᠢᠶᠠᠷ | ᠬᠤᠪᠢᠳᠠᠨ ᠡᠭᠦᠷᠭᠡᠯᠡᠵᠦ᠂ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 20% ᠶᠢᠨ ᠬᠡᠰᠡᠭ ᠵᠢᠴᠢ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠳᠤᠮᠳᠠ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠᠷ᠂ | ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠤᠷᠭᠠᠭᠤᠯᠢ ᠶᠢᠨ ᠰᠣᠷᠣᠭᠴᠢ ᠶᠢᠨ ᠬᠡᠷᠡᠭᠰᠡᠬᠦ ᠵᠠᠷᠤᠳᠠᠯ ᠢ ᠴᠥᠮ ᠥᠪᠡᠷᠲᠡᠭᠡᠨ ᠵᠠᠰᠠᠬᠤ ᠣᠷᠣᠨ ᠤ ᠲᠣᠰ | ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠵᠦ᠂ ᠪᠤᠰᠤᠳ ᠰᠤᠷᠭᠠᠭᠤᠯᠢ ᠶᠢᠨ ᠰᠣᠷᠣᠭᠴᠢᠣᠨ ᠤ ᠬᠡᠷᠡᠭᠰᠡᠬᠦ ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠢᠶᠠᠷ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ | ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠬᠠᠷᠢᠴᠠᠯ ᠢᠶᠠᠷ ᠬᠤᠪᠢᠳᠠᠨ ᠡᠭᠦᠷᠭᠡᠯᠡᠨ᠎ᠡ᠃ | ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠬᠤ ᠪᠠᠷᠢᠮᠵᠢᠶ᠎ᠠ ᠪᠣᠯ ᠨᠢᠭᠡ ᠬᠤᠶᠠᠳᠤᠭᠠᠷ ᠣᠨ ᠤ ᠰᠣᠷᠣᠭᠴᠢ ᠪᠣᠯᠭᠠᠨ ᠳᠤ ᠵᠢᠯ ᠪᠦᠷᠢ 550 | ᠲᠥᠭᠦᠷᠢᠭ᠂ ᠭᠤᠷᠪᠠᠳᠤᠭᠠᠷ ᠣᠨ ᠤ ᠰᠣᠷᠣᠭᠴᠢ ᠪᠣᠯᠭᠠᠨ ᠳᠤ ᠵᠢᠯ ᠪᠦᠷᠢ 100 ᠲᠥᠭᠦᠷᠢᠭ ᠪᠣᠯᠣᠨ᠎ᠠ᠃ ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ | ᠬᠠᠩᠭᠠᠬᠤ ᠳᠤ ᠬᠡᠷᠡᠭᠰᠡᠬᠦ ᠵᠠᠷᠤᠳᠠᠯ ᠳᠤ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠤᠷᠭᠠᠭᠤᠯᠢ ᠶᠢᠨ ᠰᠤᠷᠤᠨᠨᠴᠢ ᠶᠢᠨ ᠬᠡᠷᠡᠭᠰᠡᠬᠦ ᠵᠠᠷᠤᠳᠠᠯ ᠢ ᠴᠥᠮ | ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠵᠦ᠂ ᠪᠤᠰᠤᠳ ᠰᠣᠷᠣᠭᠴᠢᠣᠨ ᠤᠨ ᠬᠡᠷᠡᠭᠰᠡᠬᠦ ᠵᠠᠷᠤᠳᠠᠯ ᠢ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠢᠶᠠᠷ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ | ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠬᠠᠷᠢᠴᠠᠯ ᠢᠶᠠᠷ ᠬᠤᠪᠢᠳᠠᠨ ᠡᠭᠦᠷᠭᠡᠯᠡᠨ᠎ᠡ᠃ | 2. ᠤᠯᠤᠰ ᠤᠨ ᠰᠤᠷᠤᠯᠭ᠎ᠠ ᠶᠢᠨ ᠬᠦᠬᠢᠭᠦᠯᠬᠦ ᠮᠥᠩᠭᠦ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠠᠬᠢ ᠰᠣᠷᠣᠭᠴᠢ ᠶᠢᠨ ᠰᠤᠷᠤᠯᠭ᠎ᠠ ᠶᠢᠨ ᠬᠢᠷᠢ | ᠪᠦᠲᠦᠮᠵᠢ᠂ ᠮᠡᠷᠭᠡᠵᠢᠯ ᠴᠢᠳᠠᠪᠤᠷᠢ ᠶᠢᠨ ᠢᠯᠡᠷᠡᠯ ᠵᠡᠷᠭᠡ ᠲᠠᠯ᠎ᠠ ᠳᠤ ᠣᠨᠴᠠ ᠰᠢᠯᠢᠳᠡᠭ ᠪᠠᠶᠢᠭ᠎ᠠ ᠰᠤᠷᠤᠨᠨᠴᠢ ᠶᠢ ᠱᠠᠩᠨᠠᠨ ᠬᠥᠬᠢᠭᠦᠯᠵᠦ᠂ ᠱᠠᠩᠨᠠᠨ ᠬᠥᠬᠢᠭᠦᠯᠬᠦ ᠪᠠᠷᠢᠮᠵᠢᠶ᠎ᠠ | ᠪᠣᠯ ᠰᠣᠷᠣᠭᠴᠢ ᠪᠣᠯᠭᠠᠨ ᠳᠤ ᠵᠢᠯ ᠪᠦᠷᠢ 6000 ᠲᠥᠭᠦᠷᠢᠭ᠂ ᠬᠡᠷᠡᠭᠰᠡᠬᠦ ᠵᠠᠷᠤᠳᠠᠯ ᠢ ᠲᠥᠪ ᠤᠨ ᠡᠳ᠋ ᠤᠨ ᠵᠠᠰᠠᠭ ᠠᠴᠠ ᠳᠠᠭᠠᠭᠠᠨ ᠡᠭᠦᠷᠭᠡᠯᠡᠨ᠎ᠡ᠃ | 3. ᠤᠯᠤᠰ ᠤᠨ ᠰᠤᠷᠤᠯᠭ᠎ᠠ ᠶᠢᠨ ᠲᠡᠳᠬᠦᠪᠦᠷᠢ ᠮᠥᠩᠭᠦ᠃ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠲᠠᠢ ᠰᠤᠷᠭᠠᠨ ᠬᠥᠮᠦᠵᠢᠯ ᠤᠨ | ᠵᠢᠩᠬᠢᠨᠢ ᠰᠤᠷᠭᠠᠭᠤᠯᠢ ᠶᠢᠨ ᠬᠠᠷᠢᠶ᠎ᠠ ᠲᠠᠢ ᠨᠢᠭᠡ ᠬᠤᠶᠠᠳᠤᠭᠠᠷ ᠣᠨ ᠤ ᠪᠣᠶ ᠪᠦᠬᠦᠢ ᠲᠠᠷᠢᠶᠠᠯᠠᠬᠤ ᠮᠠᠯᠵᠢᠬᠤ ᠣᠷᠣᠨ ︵ᠰᠢᠶᠠᠨ ᠪᠠᠯᠭᠠᠰᠤ ᠪᠠᠭᠲᠠᠨ᠎ᠠ︶ ᠤ | ᠰᠤᠷᠭᠠᠭᠤᠯᠢ ᠳᠤ ᠪᠠᠶᠢᠭ᠎ᠠ ᠰᠣᠷᠣᠭᠴᠢ ᠵᠢᠴᠢ ᠬᠤᠲᠠ ᠶᠢᠨ ᠲᠠᠷᠢᠶᠠᠯᠠᠩ ᠳᠤ ᠬᠤᠯᠪᠣᠭᠳᠠᠬᠤ ᠲᠤᠰᠬᠠᠢ ᠮᠡᠷᠭᠡᠵᠢᠯ ᠤᠨ ᠰᠣᠷᠣᠭᠴᠢ ᠪᠠ ᠲᠠᠷᠢᠶᠠᠯᠠᠩ ᠳᠤ ᠦᠯᠦ | ᠬᠤᠯᠪᠣᠭᠳᠠᠬᠤ ᠲᠤᠰᠬᠠᠢ ᠮᠡᠷᠭᠡᠵᠢᠯ ᠤᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠨᠨᠴᠢ ᠳᠤ ᠬᠠᠨᠳᠤᠭᠤᠯᠵᠤ ᠤᠯᠤᠰ ᠤᠨ ᠰᠤᠷᠤᠯᠭ᠎ᠠ ᠶᠢᠨ | ᠲᠡᠳᠬᠦᠪᠦᠷᠢ ᠮᠥᠩᠭᠦᠨ ᠤ ᠳᠦᠷᠢᠮ ᠢ ᠪᠠᠶᠢᠭᠤᠯᠵᠤ᠂ ᠮᠥᠩᠭᠦ ᠪᠠᠷ ᠲᠤᠰᠠᠯᠠᠬᠤ ᠪᠠᠷᠢᠮᠵᠢᠶ᠎ᠠ ᠪᠣᠯ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠲᠠᠢ | ᠰᠤᠷᠭᠠᠨ ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶ᠎ᠠ ᠲᠠᠢ᠂ ᠨᠢᠭᠡ ᠬᠤᠶᠠᠳᠤᠭᠠᠷ ᠣᠨ ᠤ ᠲᠠᠷᠢᠶᠠᠯᠠᠩ ᠳᠤ ᠬᠤᠯᠪᠣᠭᠳᠠᠬᠤ ᠲᠤᠰᠬᠠᠢ ᠮᠡᠷᠭᠡᠵᠢᠯ ᠪᠠ | ᠲᠠᠷᠢᠶᠠᠯᠠᠩ ᠳᠤ ᠦᠯᠦ ᠬᠤᠯᠪᠣᠭᠳᠠᠬᠤ ᠲᠤᠰᠬᠠᠢ ᠮᠡᠷᠭᠡᠵᠢᠯ ᠤᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠣᠷᠣᠭᠴᠢ ᠵᠢᠴᠢ ᠶᠡᠭᠡ ᠬᠢᠩᠭᠠᠨ ᠳᠠᠪᠠᠭᠠᠨ ᠤ | ᠡᠮᠦᠨ᠎ᠡ ᠬᠤᠷᠮᠣᠢ ᠶᠢᠨ ᠠᠭᠤᠯᠠᠷᠬᠠᠭ ᠣᠷᠣᠨ ︵ᠷᠠᠰᠢᠶᠠᠨ ᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ | ᠬᠤᠰᠢᠭᠤ᠂ ᠵᠠᠯᠠᠶᠢᠳ ᠬᠤᠰᠢᠭᠤ᠂ ᠲᠦᠴᠢᠦᠸᠠᠨ ᠰᠢᠶᠠᠨ︶᠂ ᠶᠠᠨ ᠱᠠᠨ — ᠲᠠᠢ ᠬᠠᠩ ᠱᠠᠨ ᠠᠭᠤᠯᠠᠷᠬᠠᠭ ᠣᠷᠣᠨ ︵ᠬᠤᠸᠠᠳᠧ ᠰᠢᠶᠠᠨ᠂ ᠱᠠᠩᠳᠤ ᠰᠢᠶᠠᠨ᠂ | ᠰᠢᠩᠾᠧ ᠰᠢᠶᠠᠨ︶ ᠤ ᠲᠠᠷᠢᠶᠠᠯᠠᠬᠤ ᠮᠠᠯᠵᠢᠬᠤ ᠣᠷᠣᠨ ︵ᠰᠢᠶᠠᠨ ᠤ ᠬᠤᠲᠠ ᠶᠢ ᠪᠠᠭᠲᠠᠭᠠᠬᠤ ᠦᠭᠡᠢ︶ ᠤ ᠰᠣᠷᠣᠭᠴᠢ ᠪᠣᠯᠭᠠᠨ ᠳᠤ ᠵᠢᠯ ᠪᠦᠷᠢ 2000 ᠲᠥᠭᠦᠷᠢᠭ᠂ | ᠪᠤᠰᠤᠳ ᠰᠣᠷᠣᠭᠴᠢ ᠳᠤ ᠬᠥᠮᠥᠨ ᠪᠣᠯᠭᠠᠨ ᠳᠤ ᠵᠢᠯ ᠪᠦᠷᠢ 1500 ᠲᠥᠭᠦᠷᠢᠭ ᠪᠣᠯᠣᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ | ᠤᠯᠤᠰ ᠤᠨ ᠰᠤᠷᠤᠯᠭ᠎ᠠ ᠶᠢᠨ ᠲᠡᠳᠬᠦᠪᠦᠷᠢ ᠮᠥᠩᠭᠦᠨ ᠤ ᠤᠯᠤᠰ ᠠᠴᠠ ᠲᠣᠭᠲᠠᠭᠠᠭᠰᠠᠨ ᠬᠡᠰᠡᠭ ᠲᠤ ᠤᠯᠤᠰ ᠤᠨ ᠰᠠᠭᠤᠷᠢ ᠪᠠᠷᠢᠮᠵᠢᠶ᠎ᠠ ᠶᠢ ᠬᠡᠷᠡᠭᠵᠢᠭᠦᠯᠵᠦ᠂ ᠬᠡᠷᠡᠭᠰᠡᠬᠦ | ᠵᠠᠷᠤᠳᠠᠯ ᠢ ᠲᠥᠪ ᠪᠠ ᠣᠷᠣᠨ ᠨᠤᠲᠤᠭ 8᠄ 2 ᠤᠨ ᠬᠠᠷᠢᠴᠠᠯ ᠢᠶᠠᠷ ᠬᠤᠪᠢᠳᠠᠨ ᠡᠭᠦᠷᠭᠡᠯᠡᠵᠦ᠂ ᠣᠷᠣᠨ ᠨᠤᠲᠤᠭ ᠤᠨ ᠬᠤᠪᠢᠳᠠᠨ ᠡᠭᠦᠷᠭᠡᠯᠡᠬᠦ 20% ᠶᠢᠨ ᠬᠡᠰᠡᠭ | ᠵᠢᠴᠢ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠤᠯᠤᠰ ᠤᠨ ᠰᠤᠷᠤᠯᠭ᠎ᠠ ᠶᠢᠨ | ᠲᠡᠳᠬᠦᠪᠦᠷᠢ ᠮᠥᠩᠭᠦᠨ ᠤ ᠲᠥᠷᠥ ᠶᠢᠨ ᠪᠣᠳᠣᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠤᠷᠭᠠᠭᠤᠯᠢ ᠶᠢᠨ ᠰᠣᠷᠣᠭᠴᠢ ᠶᠢᠨ ᠬᠡᠷᠡᠭᠰᠡᠬᠦ | ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠵᠦ᠂ ᠪᠤᠰᠤᠳ ᠰᠤᠷᠭᠠᠭᠤᠯᠢ ᠶᠢᠨ ᠰᠣᠷᠣᠭᠴᠢᠣᠨ ᠤᠨ ᠬᠡᠷᠡᠭᠰᠡᠬᠦ | ᠵᠠᠷᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠢᠶᠠᠷ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ | ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠬᠠᠷᠢᠴᠠᠯ ᠢᠶᠠᠷ ᠬᠤᠪᠢᠳᠠᠨ ᠡᠭᠦᠷᠭᠡᠯᠡᠨ᠎ᠡ᠃ | 4. ᠪᠠᠶᠢᠷᠢ ᠳᠤ ᠰᠠᠭᠤᠭ᠎ᠠ ᠰᠤᠷᠤᠨᠨᠴᠢ ᠳᠤ ᠬᠤᠨᠤᠭ ᠤᠨ ᠵᠠᠷᠤᠳᠠᠯ ᠤᠨ ᠲᠡᠳᠬᠦᠮᠵᠢ ᠦᠭᠭᠦ᠃ | ᠪᠥᠬᠦ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠰᠤᠷᠤᠯᠭ᠎ᠠ ᠶᠢᠨ ᠨᠠᠮᠲᠠᠷ ᠲᠠᠢ ᠰᠤᠷᠭᠠᠨ | ᠬᠥᠮᠦᠵᠢᠯ ᠤᠨ ᠵᠢᠩᠬᠢᠨᠢ ᠰᠤᠷᠭᠠᠭᠤᠯᠢ ᠶᠢᠨ ᠬᠠᠷᠢᠶ᠎ᠠ ᠲᠠᠢ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠣᠨ ᠤ ᠪᠠᠶᠢᠷᠢ ᠳᠤ ᠰᠠᠭᠤᠭ᠎ᠠ ᠰᠣᠷᠣᠭᠴᠢ ︵ᠠᠵᠢᠯᠯᠠᠵᠤ | ᠰᠤᠷᠤᠯᠴᠠᠬᠤ ᠶᠢᠨ ᠰᠣᠯᠪᠢᠴᠠᠬᠤ ᠶᠢ ᠬᠡᠷᠡᠭᠵᠢᠭᠦᠯᠦᠭᠰᠡᠨ ᠰᠣᠷᠣᠭᠴᠢ ᠪᠠᠭᠲᠠᠬᠤ ᠦᠭᠡᠢ︶ ᠳᠤ ᠬᠤᠨᠤᠭ ᠤᠨ ᠵᠠᠷᠤᠳᠠᠯ ᠤᠨ ᠲᠡᠳᠬᠦᠮᠵᠢ ᠥᠭᠴᠦ᠂ ᠲᠡᠳᠬᠦᠮᠵᠢ ᠶᠢᠨ | ᠪᠠᠷᠢᠮᠵᠢᠶ᠎ᠠ ᠪᠣᠯ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠠᠬᠢ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ | ᠪᠣᠯᠭᠠᠨ ᠳᠤ ᠵᠢᠯ ᠪᠦᠷᠢ 800 ᠲᠥᠭᠦᠷᠢᠭ︔ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠪᠣᠯᠭᠠᠨ ᠳᠤ ᠵᠢᠯ ᠪᠦᠷᠢ 500 ᠲᠥᠭᠦᠷᠢᠭ | ᠪᠣᠯᠣᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠪᠠᠶᠢᠷᠢ ᠳᠤ ᠰᠠᠭᠤᠬᠤ ᠰᠣᠷᠣᠭᠴᠢ ᠳᠤ ᠣᠯᠭᠤᠬᠤ ᠬᠤᠨᠤᠭ ᠤᠨ ᠵᠠᠷᠤᠳᠠᠯ ᠤᠨ | ᠲᠡᠳᠬᠦᠮᠵᠢ ᠶᠢᠨ ᠪᠡᠯᠡ ᠮᠥᠩᠭᠦ ᠶᠢ ᠴᠥᠮ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠳᠠᠭᠠᠭᠠᠨ ᠡᠭᠦᠷᠭᠡᠯᠡᠨ᠎ᠡ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠨᠢ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠡᠯ᠎ᠡ | ᠱᠠᠲᠤᠨ ᠤ ᠡᠳ᠋ ᠤᠨ ᠵᠠᠰᠠᠭ᠂ ᠰᠤᠷᠭᠠᠨ ᠬᠥᠮᠦᠵᠢᠯ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠨᠢᠭᠲᠠ | ᠬᠠᠮᠵᠢᠯᠴᠠᠨ᠂ ᠲᠥᠷᠥ ᠶᠢᠨ ᠪᠣᠳᠣᠯᠭ᠎ᠠ ᠶᠢᠨ ᠤᠷᠤᠭᠰᠢᠲᠠᠢ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ | ︵ᠬᠤᠶᠠᠷ︶ ᠰᠦᠢᠳᠬᠡᠯ ᠬᠤᠷᠢᠶᠠᠬᠤ ᠠᠵᠢᠯᠯᠠᠭ᠎ᠠ ᠶᠢ ᠵᠢᠷᠤᠮᠵᠢᠭᠤᠯᠵᠤ᠂ ᠰᠠᠭᠤᠷᠢ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠠᠯᠪᠠᠨ ᠠᠴᠠ ᠡᠷᠭᠢᠯᠡᠭᠰᠡᠨ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠨᠤᠭᠤᠳ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠦᠭᠰᠡᠨ ᠠᠴᠠ ᠪᠣᠯᠵᠤ ᠪᠤᠰᠤᠳ ᠰᠦᠢᠳᠬᠡᠯ | ᠬᠤᠷᠢᠶᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠪᠤᠶᠤ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠲᠥᠷᠥᠯ ᠵᠦᠢᠯ ᠭᠠᠷᠭᠠᠵᠤ ᠪᠣᠯᠬᠤ ᠦᠭᠡᠢ᠃ ᠡᠯ᠎ᠡ ᠭᠠᠵᠠᠷ ᠣᠷᠣᠨ ᠨᠢ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠭᠢᠯᠡᠭᠰᠡᠨ ᠰᠤᠷᠭᠠᠨ ᠬᠥᠮᠦᠵᠢᠯ ᠢ ᠠᠬᠢᠭᠤᠯᠬᠤ ᠬᠠᠤᠯᠢ︾ ᠵᠢᠴᠢ ᠬᠡᠷᠡᠭᠵᠢᠭᠦᠯᠬᠦ | ᠳᠦᠷᠢᠮ ᠤᠨ ᠱᠠᠭᠠᠷᠳᠠᠯᠭ᠎ᠠ ᠶᠣᠰᠣᠭᠠᠷ᠂ ᠠᠷᠠᠳ ᠠᠴᠠ ᠡᠷᠭᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠤ ᠬᠤᠷᠢᠶᠠᠬᠤ ᠡᠯ᠎ᠡ ᠵᠦᠢᠯ ᠤᠨ | ᠰᠦᠢᠳᠬᠡᠯ ᠳᠠᠬᠢ ᠬᠠᠮᠢᠶᠠᠷᠤᠯᠲᠠ ᠪᠠᠨ ᠤᠯᠠᠮ ᠨᠢᠭᠡ ᠠᠯᠬᠤᠮ ᠵᠢᠷᠤᠮᠵᠢᠭᠤᠯᠬᠤ ᠬᠡᠷᠡᠭᠲᠡᠢ᠃ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠳᠠᠬᠢ ᠰᠤᠷᠭᠠᠭᠤᠯᠢ ᠶᠢᠨ ᠰᠣᠷᠣᠭᠴᠢ ᠶᠢᠨ ᠰᠤᠷᠭᠠᠭᠤᠯᠢ ᠶᠢᠨ | ᠬᠠᠷᠢᠶ᠎ᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠰᠣᠷᠣᠭᠴᠢ ᠶᠢᠨ ᠰᠤᠷᠭᠠᠭᠤᠯᠢ ᠶᠢᠨ ᠬᠠᠷᠢᠶ᠎ᠠ ᠶᠢᠨ ᠮᠡᠳᠡᠭᠡ ᠵᠠᠩᠭᠢ ᠪᠠ ᠮᠥᠩᠭᠦ ᠪᠠᠷ ᠲᠤᠰᠠᠯᠠᠬᠤ ᠮᠡᠳᠡᠭᠡ | ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ︽ᠰᠤᠷᠭᠠᠭᠤᠯᠢ ᠶᠢᠨ ᠳᠠᠪᠬᠤᠷ ᠬᠠᠷᠢᠶ᠎ᠠ︾ ᠲᠠᠢ ᠪᠠᠶᠢᠬᠤ ᠦᠵᠡᠭᠳᠡᠯ ᠢ | ᠡᠷᠡᠰ ᠬᠤᠷᠢᠭᠯᠠᠵᠤ᠂ ᠰᠣᠷᠣᠭᠴᠢᠣᠨ ᠤᠨ ᠦᠨᠳᠦᠰᠦᠨ ᠮᠡᠳᠡᠭᠡ ᠵᠠᠩᠭᠢ ᠶᠢᠨ ᠪᠦᠷᠢᠨ ᠪᠦᠲᠦᠨ ᠪᠠ ᠣᠨᠣᠪᠴᠢᠲᠠᠶ ᠪᠠᠶᠢᠬᠤ ᠶᠢ ᠪᠠᠲᠤᠯᠠᠬᠤ ᠬᠡᠷᠡᠭᠲᠡᠢ᠃ ᠠᠷᠠᠳ ᠤᠨ | ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠵᠡᠮᠳᠡᠭᠴᠦᠳ ᠤᠨ ᠬᠤᠯᠪᠣᠭᠠᠲᠤ ᠬᠤᠷᠠᠯ᠂ ᠠᠵᠢᠯᠴᠢᠨ ᠤ ᠡᠪᠯᠡᠯ ᠵᠡᠷᠭᠡ ᠰᠠᠯᠠᠭ᠎ᠠ ᠮᠥᠴᠢᠷ ᠯᠦᠭᠡ | ᠬᠠᠮᠢᠶ᠎ᠠ ᠪᠦᠬᠦᠢ ᠲᠤᠭ᠎ᠠ ᠪᠠᠷᠢᠮᠲᠠ ᠶᠢ ᠵᠠᠯᠭᠠᠭᠤᠯᠬᠤ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ | ︵ᠭᠤᠷᠪᠠ︶ ᠵᠠᠷᠤᠳᠠᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠪᠡᠯᠡ ᠮᠥᠩᠭᠦᠨ ᠤ ᠬᠠᠮᠢᠶᠠᠷᠤᠯᠲᠠ ᠪᠠᠨ ᠴᠢᠩᠭᠠᠷᠠᠭᠤᠯᠬᠤ ᠬᠡᠷᠡᠭᠲᠡᠢ᠃ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠥᠪ᠂ ᠥᠪᠡᠷᠲᠡᠭᠡᠨ ᠵᠠᠰᠠᠬᠤ ᠣᠷᠣᠨ ᠤ ᠲᠡᠳᠬᠦᠮᠵᠢ ᠶᠢᠨ ᠪᠡᠯᠡ ᠮᠥᠩᠭᠦ ᠪᠠ ᠣᠷᠣᠨ | ᠨᠤᠲᠤᠭ ᠤᠨ ᠳᠠᠭᠠᠭᠠᠨ ᠡᠭᠦᠷᠭᠡᠯᠡᠪᠡᠰᠦ ᠵᠣᠬᠢᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠶᠢᠨ ᠬᠠᠮᠲᠤ᠂ ᠴᠠᠭ ᠲᠤᠬᠠᠢ ᠳᠤ ᠨᠢ ᠲᠤᠭ᠎ᠠ ᠶᠣᠰᠣᠭᠠᠷ | ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ | ᠪᠡᠯᠡ ᠮᠥᠩᠭᠦᠨ ᠤ ᠲᠥᠰᠥᠪ ᠤᠨ ᠬᠠᠮᠢᠶᠠᠷᠤᠯᠲᠠ ᠪᠠᠨ ᠴᠢᠩᠭᠠᠳᠬᠠᠵᠤ᠂ ᠲᠥᠰᠥᠪ ᠢ ᠨᠠᠷᠢᠯᠢᠬᠵᠢᠭᠤᠨ ᠨᠠᠶᠢᠷᠠᠭᠤᠯᠤᠨ ᠵᠣᠬᠢᠶᠠᠵᠤ᠂ ᠲᠥᠰᠥᠪ ᠤᠨ | ᠬᠡᠷᠡᠭᠵᠢᠭᠦᠯᠦᠯᠲᠡ ᠶᠢ ᠴᠢᠩᠳᠠᠯᠠᠵᠤ᠂ ᠲᠥᠰᠥᠪ ᠲᠤ ᠬᠢᠨᠠᠯᠲᠠ ᠲᠠᠯᠪᠢᠬᠤ ᠪᠠᠨ ᠴᠢᠩᠭᠠᠷᠠᠭᠤᠯᠬᠤ ᠬᠡᠷᠡᠭᠲᠡᠢ᠃ ᠰᠤᠷᠭᠠᠭᠤᠯᠢ ᠶᠢᠨ ᠡᠳ᠋ ᠤᠨ ᠶᠠᠪᠤᠳᠠᠯ ᠤᠨ ᠡᠳ᠋ | ᠬᠥᠷᠥᠩᠭᠡ ᠶᠢᠨ ᠬᠠᠮᠢᠶᠠᠷᠤᠯᠲᠠ ᠵᠡᠷᠭᠡ ᠰᠠᠭᠤᠷᠢᠯᠠᠬᠤ ᠴᠢᠨᠠᠷᠲᠠᠢ ᠠᠵᠢᠯ ᠢᠶᠠᠨ ᠴᠢᠩᠭᠠᠳᠬᠠᠵᠤ᠂ ᠨᠢᠭᠲᠠᠯᠠᠨ ᠪᠤᠳᠤᠵᠦ ᠲᠣᠭᠠᠴᠠᠭ᠎ᠠ ᠬᠢᠬᠦ ᠪᠠᠨ ᠵᠢᠷᠤᠮᠵᠢᠭᠤᠯᠤᠨ᠂ | ᠲᠣᠭᠲᠠᠭᠠᠭᠰᠠᠨ ᠬᠡᠪᠴᠢᠶ᠎ᠡ ᠪᠠ ᠪᠠᠷᠢᠮᠵᠢᠶ᠎ᠠ ᠶᠢ ᠴᠢᠩᠭ᠎ᠠ ᠵᠢᠷᠤᠮᠯᠠᠨ ᠵᠠᠷᠤᠯᠭ᠎ᠠ ᠵᠠᠷᠤᠴᠠᠭᠤᠯᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ | ᠰᠣᠷᠣᠭᠴᠢ ᠶᠢ ᠮᠥᠩᠭᠦ ᠪᠠᠷ ᠲᠤᠰᠠᠯᠠᠬᠤ ᠡᠯ᠎ᠡ ᠵᠦᠢᠯ ᠤᠨ ᠪᠡᠯᠡ ᠮᠥᠩᠭᠦᠨ ᠤ ᠬᠡᠷᠡᠭᠯᠡᠯᠲᠡ ᠶᠢᠨ ᠠᠮᠤᠷ ᠲᠦᠪᠰᠢᠨ᠂ ᠵᠢᠷᠤᠮᠵᠢᠯ ᠲᠠᠢ ᠪᠥᠭᠡᠳ ᠪᠦᠲᠦᠮᠵᠢᠲᠡᠶ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ︵ᠳᠥᠷᠪᠡ︶ ᠮᠡᠳᠡᠭᠡ ᠵᠠᠩᠭᠢ ᠶᠢ ᠢᠯᠡ ᠪᠣᠯᠭᠠᠬᠤ ᠶᠢ ᠠᠬᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠷᠠᠭᠤᠯᠬᠤ ᠬᠡᠷᠡᠭᠲᠡᠢ᠃ ᠡᠯ᠎ᠡ ᠭᠠᠵᠠᠷ | ᠣᠷᠣᠨ ᠨᠢ ᠬᠢᠨᠠᠯᠲᠠ ᠲᠠᠯᠪᠢᠵᠤ ᠪᠠᠶᠢᠴᠠᠭᠠᠬᠤ ᠪᠠ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢᠶᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠲᠣᠭᠲᠠᠭᠠᠯ ᠶᠣᠰᠣᠭᠠᠷ ᠨᠡᠶᠢᠲᠡᠯᠡᠬᠦ ᠶᠢᠨ ᠬᠠᠮᠲᠤ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ᠃ ᠰᠣᠷᠣᠭᠴᠢ ᠶᠢᠨ | ᠲᠤᠭ᠎ᠠ ᠶᠢ ᠬᠤᠳᠠᠯ ᠢᠶᠠᠷ ᠮᠡᠳᠡᠭᠦᠯᠭᠦ᠂ ᠲᠡᠳᠬᠦᠮᠵᠢ ᠶᠢᠨ ᠪᠡᠯᠡ ᠮᠥᠩᠭᠦ ᠶᠢ ᠮᠡᠬᠡᠯᠡᠨ ᠠᠪᠬᠤ ᠵᠡᠷᠭᠡ ᠦᠢᠯᠡ ᠠᠵᠢᠯᠯᠠᠭ᠎ᠠ ᠶᠢ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠲᠥᠰᠥᠪ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠨᠠᠨ ᠪᠠᠶᠢᠴᠠᠭᠠᠬᠤ ᠬᠠᠤᠯᠢ︾ ︽ᠡᠳ᠋ ᠤᠨ ᠵᠠᠰᠠᠭ ᠤᠨ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠨ ᠲᠣᠷᠭᠠᠬᠤ ᠳᠦᠷᠢᠮ︾ ᠵᠡᠷᠭᠡ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ | ᠲᠣᠭᠲᠠᠭᠠᠯ ᠤᠨ ᠲᠣᠭᠲᠠᠭᠠᠯ ᠢᠶᠠᠷ ᠴᠢᠩᠭ᠎ᠠ ᠰᠢᠢᠳᠪᠦᠷᠢᠯᠡᠬᠦ ᠶᠢᠨ ᠬᠠᠮᠲᠤ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠥᠮᠥᠰ ᠠᠴᠠ ᠬᠠᠷᠢᠭᠤᠴᠠᠯᠭ᠎ᠠ | ᠨᠡᠬᠡᠮᠵᠢᠯᠡᠬᠦ ᠬᠡᠷᠡᠭᠲᠡᠢ᠃ ᠡᠯ᠎ᠡ ᠱᠠᠲᠤᠨ ᠤ ᠬᠢᠨᠠᠨ ᠪᠤᠳᠤᠬᠤ ᠰᠠᠯᠠᠭ᠎ᠠ ᠮᠥᠴᠢᠷ ᠨᠢ ᠲᠡᠳᠬᠦᠮᠵᠢ ᠶᠢᠨ ᠪᠡᠯᠡ ᠮᠥᠩᠭᠦ ᠶᠢ ᠲᠤᠰᠬᠠᠢ ᠵᠦᠢᠯ ᠢᠶᠠᠷ ᠬᠢᠨᠠᠨ ᠪᠤᠳᠤᠬᠤ ᠪᠠ | ᠣᠨ ᠤ ᠬᠢᠨᠠᠨ ᠪᠤᠳᠤᠬᠤ ᠠᠵᠢᠯ ᠢᠶᠠᠨ ᠬᠢᠨᠠᠮᠠᠭᠠᠢ ᠰᠠᠶᠢᠲᠤᠷ ᠬᠢᠵᠦ᠂ ᠪᠡᠯᠡ ᠮᠥᠩᠭᠦ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠬᠡᠷᠡᠭᠲᠡᠢ᠃ | ︵ᠲᠠᠪᠤ︶ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠰᠠᠶᠢᠨ ᠰᠠᠶᠢᠬᠠᠨ ᠠᠭᠤᠷ ᠠᠮᠢᠰᠬᠤᠯ ᠢ ᠪᠦᠷᠢᠯᠳᠦᠭᠦᠯᠬᠦ ᠬᠡᠷᠡᠭᠲᠡᠢ᠃ ᠡᠯ᠎ᠡ ᠭᠠᠵᠠᠷ | ᠣᠷᠣᠨ᠂ ᠡᠯ᠎ᠡ ᠰᠤᠷᠭᠠᠭᠤᠯᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ | ᠬᠥᠮᠦᠵᠢᠯ ᠤᠨ ᠰᠤᠷᠤᠨᠨᠴᠢ ᠶᠢ ᠮᠥᠩᠭᠦ ᠪᠠᠷ ᠲᠤᠰᠠᠯᠠᠬᠤ ᠲᠥᠷᠥ ᠶᠢᠨ ᠪᠣᠳᠣᠯᠭ᠎ᠠ ᠶᠢ ᠤᠬᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ | ᠵᠦᠢᠯ ᠤᠨ ᠤᠬᠠᠭᠤᠯᠭ᠎ᠠ ᠶᠢᠨ ᠵᠠᠭᠤᠴᠢᠯᠠᠭᠤᠷ ᠢ ᠥᠷᠭᠡᠨ ᠢᠶᠠᠷ ᠠᠰᠢᠭᠯᠠᠨ᠂ ᠣᠯᠠᠨ ᠵᠦᠢᠯ ᠤᠨ ᠠᠷᠭ᠎ᠠ ᠮᠠᠶ᠋ᠢᠭ ᠢᠶᠠᠷ ᠨᠡᠶᠢᠭᠡᠮ ᠳᠤ ᠭᠦᠨᠵᠡᠭᠡᠢ ᠤᠬᠠᠭᠤᠯᠵᠤ᠂ ᠨᠠᠮ ᠪᠠ | ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠥᠮᠥᠨ ᠪᠦᠬᠦᠨ ᠳᠤ ᠮᠡᠳᠡᠭᠦᠯᠵᠦ᠂ ᠬᠥᠮᠥᠰ ᠤᠨ ᠰᠡᠳᠬᠢᠯ ᠳᠤ | ᠬᠠᠳᠠᠩᠰᠢᠭᠤᠯᠤᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠲᠣᠰ ᠮᠡᠳᠡᠭᠳᠡᠯ ᠢ 2022 ᠣᠨ ᠤ ᠨᠠᠮᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠵᠦ ᠬᠡᠷᠡᠭᠵᠢᠭᠦᠯᠦᠨ᠎ᠡ᠃ ᠤᠤᠯ ᠳᠤ ᠪᠠᠨ | ᠬᠡᠷᠡᠭᠵᠢᠭᠦᠯᠵᠦ ᠪᠠᠶᠢᠭᠰᠠᠨ ︽ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠪᠣᠯᠣᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠱᠠᠲᠤᠨ ᠳᠠᠬᠢ ᠮᠣᠩᠭᠤᠯ ᠬᠡᠯᠡ ︵ᠰᠣᠯᠣᠩᠭᠤᠰ ᠬᠡᠯᠡ︶ ᠪᠠᠷ ᠬᠢᠴᠢᠶᠡᠯᠯᠡᠵᠦ ᠪᠠᠶᠢᠭ᠎ᠠ ᠰᠤᠷᠤᠨᠨᠴᠢ ᠶᠢᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ | ᠰᠤᠷᠤᠭᠴᠢᠳ ᠲᠤ ︿ᠬᠤᠶᠠᠷ ᠢ ᠬᠡᠯᠲᠦᠷᠢᠭᠦᠯᠬᠦ﹀ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠬᠠᠢ ᠰᠠᠨᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠤᠯᠠᠮᠵᠢᠯᠠᠨ ᠶᠠᠪᠤᠭᠤᠯᠬᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2011﹈ 23 ᠳ᠋ᠤᠭᠠᠷ | ᠲᠣᠭᠠᠲᠤ︶᠂ ︽ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠨ ᠬᠥᠮᠦᠵᠢᠯ ᠤᠨ ︿ᠬᠤᠶᠠᠷ ᠢ ᠬᠡᠯᠲᠦᠷᠢᠭᠦᠯᠬᠦ﹀ ᠲᠥᠷᠥ ᠶᠢᠨ ᠪᠣᠳᠣᠯᠭ᠎ᠠ ᠶᠢᠨ | ᠬᠤᠯᠪᠣᠭᠳᠠᠯ ᠪᠦᠬᠦᠢ ᠵᠦᠢᠯᠡᠰ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2012﹈ 147 ᠳ᠋ᠤᠭᠠᠷ ᠲᠣᠭᠠᠲᠤ︶ ᠢ ᠬᠠᠮᠲᠤ ᠳᠤ ᠨᠢ | ᠬᠦᠴᠦᠨ ᠦᠭᠡᠢ ᠪᠣᠯᠭᠠᠨ᠎ᠠ᠃ | | 2022 ᠣᠨ ᠤ 8 ᠳ᠋ᠤᠭᠠᠷ ᠰᠠᠷ᠎ᠠ ᠶᠢᠨ 1 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | ᠬᠠᠭᠤᠯᠤᠨ ᠢᠯᠡᠭᠡᠬᠦ ᠨᠢ᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ | ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠩᠭᠤ ᠬᠤᠷᠢᠶᠠᠨ ᠤ ᠠᠯᠪᠠᠨ ᠲᠢᠩᠬᠢᠮ᠂ ᠤᠯᠤᠰ ᠲᠦᠷᠦ ᠶᠢᠨ ᠵᠥᠪᠯᠡᠯᠭᠡᠨ ᠤ ᠠᠯᠪᠠᠨ ᠲᠢᠩᠬᠢᠮ᠂ | ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ | ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | 2022 ᠣᠨ ᠤ 8 ᠳ᠋ᠤᠭᠠᠷ ᠰᠠᠷ᠎ᠠ ᠶᠢᠨ 1 ᠤ ᠡᠳᠦᠷ ᠳᠠᠷᠤᠮᠠᠯᠯᠠᠨ ᠲᠠᠷᠬᠠᠭᠠᠪᠠ | | | |